ᠪᠥᠬᠦ ᠠᠶᠢᠮᠠᠭ ᠤᠨ ᠨᠢᠭᠡᠲᠥᠮᠡᠯ ᠹᠷᠤᠨᠲ ᠤᠨ ᠬᠡᠯᠲᠡᠰ ᠤᠨ ᠲᠠᠷᠤᠭ᠎ᠠ ᠨᠠᠷ ᠤᠨ ᠬᠤᠷᠠᠯ ᠬᠤᠷᠠᠯᠲᠤᠪᠠ
ᠨᠡᠶᠢᠲᠡᠯᠡᠭᠰᠡᠨ ᠴᠠᠭ᠄
2025/3/19
     ᠣᠷᠴᠢᠮ᠂ ᠪᠥᠬᠦ ᠠᠶᠢᠮᠠᠭ ᠤᠨ ᠨᠢᠭᠡᠲᠥᠮᠡᠯ ᠹᠷᠤᠨᠲ ᠤᠨ ᠬᠡᠯᠲᠡᠰ ᠤᠨ ᠲᠠᠷᠤᠭ᠎ᠠ ᠨᠠᠷ ᠤᠨ ᠬᠤᠷᠠᠯ ᠰᠢᠯᠢ ᠶᠢᠨ ᠬᠤᠲᠠ ᠳᠤ ᠬᠤᠷᠠᠯᠲᠤᠵᠥ᠂ ᠬᠤᠷᠠᠯ ᠢᠶᠠᠷ 2024 ᠤᠨ ᠤ ᠠᠵᠢᠯ ᠢᠶᠠᠨ ᠳ᠋ᠥᠡᠭᠨᠡᠵᠥ᠂ 2025 ᠤᠨ ᠤ ᠭᠤᠤᠯᠲᠠᠯᠭ᠎ᠠ ᠲᠠᠢ ᠡᠬᠦᠷᠭᠡ ᠶᠢ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠬᠡᠰᠢᠬᠦᠨ᠂ ᠨᠢᠭᠡᠲᠥᠮᠡᠯ ᠹᠷᠤᠨᠲ ᠤᠨ ᠬᠡᠯᠲᠡᠰ ᠤᠨ ᠲᠠᠷᠤᠭ᠎ᠠ ᠵᠠᠩ ᠰᠢᠶᠥᠥ ᠵᠢᠶᠦ᠋ᠨ  ᠬᠤᠷᠠᠯ  ᠳᠤ  ᠤᠷᠤᠯᠴᠠᠭᠰᠠᠨ  ᠪᠥᠭᠡᠳ  ᠶᠠᠷᠢᠶ᠎ᠠ ᠲᠠᠯᠪᠢᠵᠠᠢ᠃      ᠬᠤᠷᠠᠯ ᠠᠴᠠ ᠴᠢᠬᠤᠯᠠᠴᠢᠯᠠᠬᠤ ᠳᠠᠭᠠᠨ᠂ ᠶᠡᠷᠥᠩᠭᠡᠢ ᠱᠥᠵᠢ ᠰᠢ ᠶᠢᠨ ᠫᠢᠡᠭ ᠤᠨ ᠰᠢᠨ᠎ᠠ ᠴᠠᠭ ᠥᠶ᠎ᠠ ᠶᠢᠨ ᠨᠠᠮ ᠤᠨ ᠨᠢᠭᠡᠲᠥᠮᠡᠯ ᠹᠷᠤᠨᠲ ᠤᠨ ᠬᠡᠯᠲᠡᠰ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠥᠵᠡᠯ ᠰᠠᠨᠠᠭ᠎ᠠ ᠪᠤᠯᠤᠨ ᠥᠪᠤᠷ ᠮᠤᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠥᠨᠵᠡᠭᠡᠢ ᠰᠤᠷᠤᠯᠴᠠᠨ ᠲᠤᠭᠤᠰᠢᠯᠠᠭᠤᠯᠵᠥ᠂ ᠪᠥᠬᠦ ᠤᠯᠤᠰ᠂ ᠪᠥᠬᠦ ᠤᠷᠤᠨ ᠤ ᠨᠢᠭᠡᠲᠥᠮᠡᠯ ᠹᠷᠤᠨᠲ ᠤᠨ ᠬᠡᠯᠲᠡᠰ ᠤᠨ ᠲᠠᠷᠤᠭ᠎ᠠ ᠨᠠᠷ ᠤᠨ ᠬᠤᠷᠠᠯ ᠤᠨ ᠵᠤᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠲᠠᠪᠤᠷᠢᠵᠢᠭᠤᠯᠵᠥ᠂ ᠨᠢᠭᠡᠲᠥᠮᠡᠯ ᠹᠷᠤᠨᠲ ᠤᠨ ᠬᠡᠯᠲᠡᠰ ᠤᠨ ᠠᠵᠢᠯ ᠤᠨ ᠪᠠᠶᠢᠲᠠᠯ ᠡᠬᠦᠷᠭᠡ ᠶᠢ ᠤᠨᠤᠪᠴᠢᠲᠠᠢ ᠡᠵᠡᠮᠰᠢᠵᠥ᠂ ︽ᠨᠢᠭᠡ ᠭᠤᠤᠯ ᠰᠢᠵᠢᠮ︾  ᠢ ᠲᠤᠭᠤᠰᠢᠯᠠᠭᠤᠯᠵᠥ᠂ ︽ᠭᠤᠷᠪᠠᠨ ᠪᠠᠷᠢᠮᠲᠠᠯᠠᠯ︾  ᠢ ᠴᠢᠩᠭᠠᠷᠠᠭᠤᠯᠵᠥ᠂ ︽ᠲᠥᠷᠪᠡᠨ ᠭᠤᠤᠯᠲᠠᠯᠭ᠎ᠠ︾ ᠳᠤ ᠲᠥᠪᠯᠡᠷᠡᠬᠦᠯᠵᠥ᠂ ︽ᠲᠠᠪᠤᠨ ᠬᠥᠴᠥᠯᠡᠴᠡ︾ ᠶᠢ ᠠᠬᠢᠭᠤᠯᠵᠥ᠂ ︽ᠲᠥᠷᠪᠡᠨ ᠰᠡᠳᠬᠢᠯ ᠤᠨ  ᠢᠨᠵᠧᠨᠧᠷᠢᠩ︾  ᠤᠨ ᠬᠡᠷᠡᠭᠵᠢᠬᠦᠯᠥᠯᠲᠠ ᠪᠠᠷ ᠬᠥᠲᠥᠯᠪᠤᠷᠢ ᠪᠤᠯᠭᠠᠵᠥ᠂ ︽ᠲᠠᠪᠤᠨ ᠴᠢᠲᠠᠪᠤᠷᠢ︾ ᠶᠢ ᠲᠡᠭᠡᠭᠰᠢᠯᠡᠬᠦᠯᠬᠦ ᠪᠠᠷ ᠵᠠᠩᠭᠢᠯᠠᠭ᠎ᠠ ᠪᠤᠯᠭᠠᠵᠥ᠂ ᠨᠢᠭᠡᠲᠥᠮᠡᠯ ᠹᠷᠤᠨᠲ ᠤᠨ ᠬᠥᠮᠥᠰ ᠤᠨ ᠰᠡᠳᠬᠢᠯ ᠢ ᠨᠢᠭᠲᠠᠷᠠᠭᠤᠯᠬᠤ᠂ ᠬᠥᠴᠥᠨ ᠴᠢᠲᠠᠯ ᠢ ᠲᠥᠪᠯᠡᠷᠡᠬᠦᠯᠬᠦ ᠥᠢᠯᠡᠲᠥᠯ ᠢ ᠨᠡᠩ ᠰᠠᠶᠢᠲᠤᠷ ᠪᠠᠲᠠᠷᠠᠭᠤᠯᠵᠥ᠂ ︽ᠬᠤᠶᠠᠷ ᠶᠡᠭᠡ ᠶᠠᠪᠤᠲᠠᠯ︾ ᠢ ᠰᠠᠶᠢᠲᠤᠷ ᠬᠢᠬᠦ᠂ ︽ᠵᠢᠷᠭᠤᠭᠠᠨ  ᠢᠨᠵᠧᠨᠧᠷᠢᠩ︾  ᠢ ᠬᠡᠷᠡᠭᠵᠢᠬᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠬᠦᠯᠬᠦ ᠪᠤᠯᠤᠨ ᠤᠲᠤᠬᠢᠴᠢᠯᠠᠭᠰᠠᠨ ᠰᠢᠯᠢ ᠶᠢᠨ ᠭᠤᠤᠯ ᠤᠨ ᠪᠥᠲᠥᠭᠡᠨ ᠪᠠᠶᠢᠭᠤᠯᠤᠯᠲᠠ ᠳᠤ ᠨᠢᠭᠡᠲᠥᠮᠡᠯ ᠹᠷᠤᠨᠲ ᠤᠨ ᠬᠥᠴᠥᠨ ᠴᠢᠲᠠᠯ ᠢ ᠡᠷᠬᠦᠬᠦ ᠬᠡᠷᠡᠭᠲᠡᠢ ᠬᠡᠪᠡ᠃      ᠬᠤᠷᠠᠯ ᠲᠡᠭᠡᠷ᠎ᠠ᠂ ᠰᠥᠨᠢᠳ ᠵᠡᠬᠦᠨ ᠬᠤᠰᠢᠭᠤ᠂ ᠬᠥᠪᠡᠭᠡᠲᠥ ᠰᠢᠷ᠎ᠠ ᠬᠤᠰᠢᠭᠤ᠂ ᠲᠠᠶᠢᠹᠤᠰᠧ ᠬᠤᠰᠢᠭᠤ᠂ ᠠᠶᠢᠮᠠᠭ ᠤᠨ ᠬᠥᠭᠵᠢᠬᠦᠯᠥᠯᠲᠠ ᠪᠠ ᠥᠭᠡᠷᠡᠴᠢᠯᠡᠯᠲᠡ ᠶᠢᠨ ᠵᠥᠪᠯᠡᠯ᠂ ᠠᠶᠢᠮᠠᠭ ᠤᠨ ᠲᠤᠲᠤᠭᠠᠲᠤ ᠶᠢ ᠬᠠᠮᠠᠭᠠᠯᠠᠬᠤ ᠲᠤᠪᠴᠢᠶ᠎ᠠ ᠨᠡᠶᠢᠲᠡᠯᠢᠭ ᠲᠤᠷᠰᠢᠯᠭ᠎ᠠ ᠰᠤᠯᠢᠯᠴᠠᠬᠤ ᠶᠠᠷᠢᠶ᠎ᠠ ᠳᠠᠯᠪᠢᠵᠡᠢ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号