ᠡᠨᠡ ᠵᠢᠯ ᠠᠴᠠ ᠨᠠᠭᠠᠰᠢ᠂ ᠪᠦᠬᠦ ᠠᠶᠢᠮᠠᠭ ᠤᠨ ᠡᠯ᠎ᠡ ᠱᠠᠲᠤᠨ ᠤ ᠠᠵᠢᠯ ᠣᠯᠭᠤᠯᠲᠠ ᠶᠢᠨ ᠰᠠᠯᠠᠭ᠎ᠠ ᠮᠥᠴᠢᠷ | ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠦᠰᠦᠪᠯᠡᠬᠦ | ᠠᠵᠢᠯᠯᠠᠭ᠎ᠠ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠲᠠᠢ ᠨᠢᠭᠲᠠ ᠤᠶᠠᠯᠳᠤᠭᠤᠯᠤᠨ᠂ ᠪᠥᠬᠦ ᠠᠶᠢᠮᠠᠭ ᠤᠨ | ᠭᠤᠣᠯᠳᠠᠯᠭ᠎ᠠ ᠲᠠᠢ ᠲᠥᠷᠥᠯ ᠵᠦᠢᠯ᠂ ᠴᠢᠬᠤᠯᠠ ᠶᠡᠭᠡ ᠲᠥᠷᠥᠯ ᠵᠦᠢᠯ ᠤᠨ ᠠᠵᠢᠯᠴᠢᠨ ᠬᠡᠷᠡᠭᠯᠡᠬᠦ ᠬᠡᠷᠡᠭᠴᠡᠭᠡ | ᠱᠠᠭᠠᠷᠳᠠᠯᠭ᠎ᠠ ᠶᠢ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠡᠵᠡᠮᠰᠢᠵᠦ᠂ ᠡᠯ᠎ᠡ ᠲᠥᠷᠥᠯ ᠤᠨ | ᠭᠤᠣᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠨ᠂ | ᠠᠵᠢᠯ ᠣᠯᠭᠤᠯᠲᠠ ᠶᠢ ᠠᠬᠢᠭᠤᠯᠬᠤ ᠰᠢᠷᠢᠰ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠠᠵᠢᠯ | ᠤᠯᠭᠤᠯᠲᠠ ᠶᠢᠨ ᠦᠢᠯᠡᠴᠢᠯᠡᠭᠡ ᠬᠠᠨᠭ᠍ᠭᠠᠬᠤ ᠠᠵᠢᠯ ᠢ ᠰᠠᠶᠢᠳᠤᠷ ᠬᠢᠪᠡ᠃ | ᠰᠢᠯᠢ ᠶᠢᠨ ᠭᠤᠣᠯ ᠠᠶᠢᠮᠠᠭ ᠤᠨ 2025 ᠣᠨ ᠤ ᠬᠠᠪᠤᠷ ᠤᠨ ᠤᠯᠠᠷᠢᠯ ᠤᠨ ᠲᠣᠮᠣ ᠬᠡᠯᠪᠡᠷᠢ ᠶᠢᠨ ᠠᠵᠢᠯᠲᠠᠨ | ᠡᠯᠰᠡᠬᠦ ᠴᠤᠭᠯᠠᠭᠠᠨ ᠤ ᠲᠤᠬᠠᠢ ᠶᠢᠨ ᠲᠠᠯᠠᠪᠠᠶ ᠳᠤ 186 ᠠᠵᠤ ᠠᠬᠤᠶᠢᠯᠠᠯ 3000 ᠰᠢᠬᠠᠮ ᠠᠵᠢᠯ ᠤᠨ ᠪᠠᠶᠢᠷᠢ | ᠬᠠᠩᠭᠠᠬᠰᠠᠨ ᠪᠠᠶᠢᠨ᠎ᠠ᠃ ︽ᠠᠵᠢᠯᠲᠠᠨ ᠡᠯᠰᠡᠬᠦ ᠠᠵᠢᠯ ᠤᠨ ᠪᠠᠶᠢᠷᠢ ᠲᠦᠢᠯ ᠤᠨ ᠣᠯᠠᠨ ᠪᠠᠶᠢᠵᠦ᠂ ᠲᠡᠭᠦᠨ ᠤ | ᠳᠣᠲᠣᠷᠠᠬᠢ ᠮᠠᠰᠢ ᠣᠯᠠᠨ ᠠᠵᠢᠯ ᠤᠨ ᠪᠠᠶᠢᠷᠢ ᠨᠢ ᠮᠢᠨᠦ ᠬᠦᠰᠡᠯ ᠵᠤᠷᠢᠯᠲᠠ ᠲᠠᠢ ᠨᠡᠶᠢᠴᠡᠵᠦ ᠪᠠᠶᠢᠨ᠎ᠠ᠂ ᠪᠢ ᠲᠤᠰ | ᠤᠳᠠᠭ᠎ᠠ ᠬᠤᠯᠪᠤᠬᠳᠠᠯ ᠪᠦᠬᠦᠢ ᠠᠵᠦ ᠠᠬᠤᠶᠢᠯᠠᠯ ᠳᠤ ᠦᠪᠡᠷ ᠤᠨ ᠢᠶᠠᠨ ᠲᠣᠪᠴᠢ ᠨᠠᠮᠲᠠᠷ ᠢ 3 ᠬᠤᠪᠢ | ᠲᠠᠪᠰᠢᠬᠦᠯᠵᠠᠢ᠂ ᠮᠦᠷᠦᠭᠡᠳᠴᠦ ᠪᠠᠭ᠋ᠠᠷᠬᠠᠳᠠᠭ ᠠᠵᠤ ᠠᠬᠤᠶᠢᠯᠠᠯ ᠳᠠᠭᠠᠨ ᠬᠦᠷᠴᠦ ᠠᠵᠢᠯᠯᠠᠬᠤ ᠶᠢ ᠬᠦᠰᠡᠵᠦ ᠪᠠᠶᠢᠨ᠎ᠠ︾ | ᠭᠡᠵᠦ ᠶᠡᠭᠡ ᠰᠤᠷᠭᠠᠭᠤᠯᠢ ᠪᠠᠨ ᠰᠠᠶ᠋ᠢᠬᠠᠨ ᠲᠡᠭᠦᠰᠭᠡᠭᠰᠡᠨ ᠤᠶᠤᠲᠠᠨ ᠯᠢᠦ ᠵᠢᠶᠠ ᠬᠡᠯᠡᠪᠡ᠃ | ᠠᠵᠢᠯ ᠡᠷᠢᠭᠰᠡᠳ ᠤᠨ ᠠᠵᠢᠯ ᠣᠯᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ ᠪᠥᠬᠦ | ᠠᠶᠢᠮᠠᠭ ᠤᠨ ᠡᠯ᠎ᠡ ᠱᠠᠲᠤᠨ ᠤ ᠠᠵᠢᠯ ᠣᠯᠭᠤᠯᠲᠠ ᠶᠢᠨ ᠰᠠᠯᠠᠭ᠎ᠠ ᠮᠥᠴᠢᠷ ᠤᠳ ᠠᠵᠢᠯ ᠢᠶᠠᠨ ᠡᠬᠢᠯᠡᠬᠦᠯᠵᠦ | ᠦᠢᠯᠡᠳᠪᠦᠷᠢᠯᠡᠯ ᠢᠶᠠᠨ ᠰᠡᠷᠭᠦᠭᠡᠬᠦ᠂ ᠮᠠᠯᠴᠢᠨ ᠲᠠᠷᠢᠶᠠᠴᠢᠨ ᠤ ᠠᠵᠢᠯ ᠤᠨ ᠪᠠᠶᠢᠷᠢ ᠳᠠᠭᠠᠨ ᠪᠤᠴᠠᠬᠤ ᠵᠠᠩᠭᠢᠯᠠᠭ᠎ᠠ ᠶᠢᠨ | ᠬᠤᠭᠤᠴᠠᠭ᠎ᠠ ᠶᠢ ᠵᠠᠪᠳᠤᠨ ᠠᠳᠬᠤᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠵᠢᠯᠲᠠᠨ ᠡᠯᠰᠡᠬᠦ | ᠴᠤᠭᠯᠠᠭᠠᠨ ᠢ ᠣᠯᠠᠨ ᠤᠳᠠᠭ᠎ᠠ ᠡᠷᠭᠢᠯᠡᠠ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠭᠠᠳᠠᠬᠰᠢ ᠭᠠᠷᠴᠦ | ᠬᠦᠯᠦᠰᠦᠨ ᠠᠵᠢᠯ ᠬᠢᠭᠰᠡᠳ᠂ ᠴᠡᠷᠢᠭ ᠤᠨ ᠠᠯᠪᠠ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠦᠮᠦᠰ ᠲᠤ | ᠬᠠᠨᠳᠤᠭᠤᠯᠤᠨ ᠨᠠᠷᠢᠯᠢᠭ ᠤᠨᠤᠪᠴᠢᠲᠠᠢ ᠠᠵᠢᠯ ᠣᠯᠭᠤᠯᠲᠠ ᠶᠢᠨ ᠦᠢᠯᠡᠴᠢᠯᠡᠭᠡ ᠬᠠᠩᠭᠠᠪᠠ᠃ ᠣᠳᠤᠬᠠᠨ ᠪᠣᠯᠲᠠᠯ᠎ᠠ᠂ | ᠪᠥᠬᠦ ᠠᠶᠢᠮᠠᠭ ᠤᠨ ᠬᠢᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠵᠢᠯᠲᠠᠨ ᠡᠯᠰᠡᠬᠦ ᠠᠵᠢᠯᠯᠠᠭ᠎ᠠ ᠶᠢ | 56 ᠲᠠᠯᠠᠪᠤᠷ ᠤᠳᠠᠭ᠎ᠠ ᠵᠣᠬᠢᠶᠠᠨ ᠪᠠᠶᠢᠭᠤᠯᠵᠤ᠂ 1200 ᠬᠥᠮᠥᠨ ᠠᠵᠢᠯ ᠣᠯᠬᠤ ᠰᠠᠨᠠᠮᠵᠢ ᠲᠤᠬᠲᠠᠪᠠ᠃ | ᠠᠵᠢᠯᠲᠠᠨ ᠡᠯᠰᠡᠬᠦ ᠠᠵᠢᠯᠯᠠᠭ᠎ᠠ ᠶᠢ ᠲᠥᠪᠯᠡᠷᠡᠭᠦᠯᠦᠨ ᠵᠣᠬᠢᠶᠠᠨ ᠪᠠᠶᠢᠭᠤᠯᠵᠤ᠂ ᠬᠥᠳᠡᠯᠮᠦᠷᠢᠴᠢᠳ ᠤᠨ ᠠᠵᠢᠯ | ᠣᠯᠭᠤᠯᠲᠠ ᠶᠢ ᠲᠣᠭᠲᠠᠭᠤᠨ ᠪᠠᠶᠢᠯᠭᠠᠬᠤ ᠪᠠ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠶᠢ | ᠪᠠᠲᠤᠯᠠᠬᠤ ᠶᠢᠨ ᠬᠠᠮᠲᠦ ᠮᠠᠨ ᠤ ᠠᠶᠢᠮᠠᠭ ᠠᠵᠤ ᠠᠬᠤᠶᠢᠯᠠᠯ ᠳᠤ ᠭᠦᠨᠵᠡᠭᠡᠶᠢᠷᠡᠨ ᠠᠵᠢᠯ ᠤᠨ ᠪᠠᠶᠢᠷᠢ ᠶᠢᠨ | ᠬᠡᠷᠡᠭᠴᠡᠭᠡ ᠶᠢ ᠣᠶᠢᠯᠠᠭᠠᠵᠤ᠂ ︽ᠠᠵᠢᠯ ᠪᠠᠶᠢᠭᠠᠳ ᠬᠢᠬᠦ ᠬᠥᠮᠥᠨ ᠦᠭᠡᠢ︾ ᠠᠵᠢᠯ ᠤᠨ ᠪᠠᠶᠢᠷᠢ ᠶᠢᠨ ᠲᠣᠳᠣᠷᠬᠠᠢ | ᠬᠠᠭᠤᠳᠠᠰᠤ᠂ ︽ᠬᠦᠮᠦᠨ ᠪᠠᠶᠢᠭᠠᠳ ᠬᠢᠬᠦ ᠠᠵᠢᠯ ᠦᠭᠡᠢ︾ ᠠᠵᠢᠯᠲᠠᠨ ᠤ ᠲᠣᠳᠣᠷᠬᠠᠢ ᠬᠠᠭᠤᠳᠠᠰᠤ ᠪᠠ ︽ᠨᠢᠭᠡᠳ | ᠨᠢᠭᠡ ᠪᠠᠷ ᠦᠢᠯᠡᠴᠢᠯᠡᠬᠦ︾ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠦᠢᠯᠡᠴᠢᠯᠡᠭᠡᠨ ᠤ ᠲᠤᠰᠬᠠᠢ ᠲᠤᠰᠢᠶᠠᠯᠲᠠᠨ ᠤ ᠲᠣᠳᠣᠷᠬᠠᠢ ᠬᠠᠭᠤᠳᠠᠰᠤ ᠶᠢ ᠪᠦᠲᠦᠮᠵᠢᠲᠡᠶ ᠪᠠᠶᠢᠭᠤᠯᠵᠠᠢ᠃ ᠵᠢᠯ ᠤᠨ | ᠡᠬᠢᠨ ᠠᠴᠠ ᠨᠠᠭᠠᠰᠢ᠂ ᠪᠥᠬᠦ ᠠᠶᠢᠮᠠᠭ ᠤᠨ ᠡᠯ᠎ᠡ ᠱᠠᠲᠤᠨ ᠤ ᠠᠵᠢᠯ ᠣᠯᠭᠤᠯᠲᠠ ᠶᠢᠨ ᠰᠠᠯᠠᠭ᠎ᠠ ᠮᠥᠴᠢᠷ ᠤᠳ | ᠲᠤᠬᠠᠢ ᠶᠢᠨ ᠭᠠᠵᠠᠷ ᠲᠤᠨᠢ ᠬᠦᠨᠵᠡᠭᠡᠶᠢᠷᠡᠬᠦ᠂ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠯᠲᠠ ᠬᠢᠬᠦ ᠵᠡᠷᠭᠡ | ᠬᠡᠯᠪᠡᠷᠢ ᠪᠠᠷ ᠳᠠᠮᠵᠢᠭᠤᠯᠤᠨ᠂ ᠲᠠᠷᠢᠶᠠᠯᠠᠩ ᠮᠠᠯ ᠠᠵᠤ ᠠᠬᠤᠢ ᠣᠶ ᠰᠢᠭᠤᠢ ᠤᠰᠤ᠂ ᠠᠭᠤᠷᠬᠠᠢ ᠮᠠᠯᠲᠠᠬᠤ ᠲᠡᠮᠦᠷᠯᠢᠭ | ᠪᠤᠯᠪᠠᠰᠤᠷᠠᠭᠤᠯᠬᠤ᠂ ᠰᠣᠶᠣᠯ ᠵᠢᠭᠤᠯᠴᠢᠯᠠᠯ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡ᠂ ᠰᠠᠩ ᠬᠥᠮᠥᠷᠭᠡ ᠶᠢᠨ | ᠪᠠᠷᠠᠭᠠᠨ ᠤ ᠭᠦᠢᠯᠭᠡᠭᠡ ᠵᠡᠷᠭᠡ 1521 ᠠᠵᠤ ᠠᠬᠤᠶᠢᠯᠠᠯ ᠳᠤ ᠠᠵᠢᠯᠴᠢᠨ ᠬᠡᠷᠡᠭᠯᠡᠬᠦ ᠪᠠᠶᠢᠳᠠᠯ ᠤᠨ ᠲᠤᠬᠠᠢ | ᠪᠠᠶᠢᠴᠠᠭᠠᠯᠲᠠ ᠬᠢᠵᠦ᠂ ᠨᠡᠶᠢᠲᠡ 50286 ᠠᠵᠢᠯᠲᠠᠨ ᠠᠵᠢᠯᠴᠢᠨ ᠤ ᠪᠠᠶᠢᠳᠠᠯ ᠢ ᠤᠶᠢᠯᠠᠭᠠᠨ᠂ 2025 ᠣᠨ ᠤ | ᠠᠵᠢᠯᠴᠢᠨ ᠬᠡᠷᠡᠭᠯᠡᠬᠦ ᠬᠡᠷᠡᠭᠴᠡᠭᠡ 19452 ᠬᠥᠮᠥᠨ ᠪᠠᠶᠢᠵᠦ᠂ ᠡᠯ᠎ᠡ ᠠᠵᠢᠯ ᠲᠥᠷᠥᠯ ᠡᠯ᠎ᠡ ᠬᠦᠷᠢᠶ᠎ᠠ ᠶᠢ | ᠦᠨᠳᠦᠰᠦᠨ ᠳᠡᠭᠡᠨ ᠪᠦᠬᠦᠨ ᠢ ᠬᠠᠮᠤᠷᠴᠠᠢ᠃ |