ᠵᠠᠰᠠᠭ ᠤᠨ ᠣᠷᠳᠣᠨ ᠤ ᠠᠵᠢᠯ ᠤᠨ ᠢᠯᠡᠳᠭᠡᠯ | | | — 2025 ᠣᠨ ᠤ 3 ᠰᠠᠷ᠎ᠠ ᠶᠢᠨ 5 ᠤ ᠡᠳᠦᠷ ᠠᠷᠪᠠᠨ ᠲᠦᠷᠪᠡᠳᠦᠬᠡᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠲᠡᠭᠡᠷ᠎ᠠ | | | | | | | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ | | ᠳᠦᠯᠦᠭᠡᠯᠡᠭᠴᠢᠳ ᠡ᠄ | ᠤᠳᠤ ᠪᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠶᠡᠭᠡ ᠬᠤᠷᠠᠯ ᠳᠤ ᠵᠠᠰᠠᠭ ᠤᠨ ᠣᠷᠳᠣᠨ ᠤ | ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠ ᠤᠤ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠴᠦ ᠰᠠᠨᠠᠯ ᠢᠶᠠᠨ ᠳᠤᠷᠠᠳᠬᠤ ᠪᠣᠯᠪᠠ ᠤᠤ᠃ | ᠨᠢᠭᠡ᠂ 2024 ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠳᠤ᠂ ᠮᠠᠨ ᠤ ᠤᠯᠤᠰ ᠤᠨ ᠬᠥᠭᠵᠢᠯᠲᠡ ᠶᠢᠨ ᠶᠠᠪᠤᠴᠠ ᠮᠠᠰᠢ ᠶᠡᠷᠦ ᠪᠤᠰᠤ ᠶᠢᠨ ᠶᠤᠮ᠃ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ ᠢᠯᠠᠯᠲᠠ ᠲᠠᠢ ᠪᠠᠷ | ᠬᠤᠷᠠᠯᠳᠤᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠪᠠᠶᠢᠷᠢᠯᠠᠭᠤᠯᠤᠯᠲᠠ ᠬᠢᠪᠡ᠃ ᠪᠢᠳᠡ ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠦᠪᠡᠳᠡᠭᠰᠢ ᠶᠡᠭᠡ ᠪᠠᠷ ᠪᠡᠯᠭᠡᠯᠡᠵᠦ᠂ ᠪᠦᠬᠦ | ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠡᠭᠡ ᠤᠯᠤᠰ ᠢᠶᠠᠨ ᠬᠠᠶᠢᠷᠠᠯᠠᠬᠤ ᠤᠷᠬᠢᠯᠦᠮ᠎ᠠ ᠬᠠᠯᠠᠭᠤᠨ | ᠰᠡᠳᠭᠢᠯᠭᠡ ᠪᠠ ᠲᠡᠮᠡᠴᠡᠯ ᠤᠨ ᠵᠣᠷᠢᠭ ᠰᠠᠨᠠᠭ᠎ᠠ ᠶᠢ ᠲᠦᠢᠯ ᠤᠨ ᠶᠡᠭᠡ ᠪᠠᠷ ᠬᠥᠭᠵᠢᠭᠡᠪᠡ᠃ ᠨᠢᠭᠡ ᠵᠢᠯ ᠤᠨ ᠲᠤᠷᠰᠢ᠂ | ᠭᠠᠳᠠᠭᠠᠳᠤ ᠳᠠᠷᠤᠯᠲᠠ ᠶᠡᠬᠡᠰᠴᠦ ᠳᠣᠲᠣᠭᠠᠳᠤ ᠶᠢᠨ ᠬᠦᠴᠢᠷᠳᠡᠯ ᠨᠡᠮᠡᠭᠳᠡᠭᠰᠡᠨ ᠲᠥᠪᠡᠭ ᠪᠤᠳᠤᠯᠢᠶᠠᠨᠲᠠᠢ ᠬᠦᠨᠳᠦ ᠬᠡᠴᠡᠭᠦᠦ | ᠪᠠᠶᠢᠳᠠᠯ ᠤᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠬᠠᠳᠠᠭᠤᠵᠢᠨ ᠲᠡᠮᠡᠴᠡᠵᠤ᠂ | ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠠᠵᠤ ᠠᠬᠤᠶ ᠶᠢᠨ ᠠᠵᠢᠯᠯᠠᠭᠠᠨ ᠶᠡᠷᠦᠩᠬᠡᠶ ᠳᠡᠭᠡᠨ ᠲᠣᠭᠲᠠᠭᠤᠨ ᠶᠠᠪᠤᠭᠳᠠᠵᠤ᠂ | ᠲᠣᠭᠲᠠᠭᠤᠨ ᠤ ᠳᠤᠮᠳᠠ ᠠᠬᠢᠯᠳᠠ ᠲᠠᠢ ᠪᠤᠯᠵᠤ᠂ ᠪᠦᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ | ᠭᠤᠤᠯ ᠬᠠᠷᠠᠯᠲᠠ ᠡᠭᠦᠷᠭᠡ ᠶᠢ ᠤᠷᠤᠭᠰᠢᠲᠠᠶ ᠪᠡᠶᠡᠯᠡᠬᠦᠯᠦᠨ᠂ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ | ᠠᠬᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠯᠠᠪᠳᠠᠭᠤᠨ ᠬᠥᠭᠵᠢᠬᠦᠯᠵᠦ᠂ ᠮᠠᠨ ᠤ ᠤᠯᠤᠰ ᠤᠨ ᠠᠵᠤ | ᠠᠬᠤᠶ ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠳᠠᠲᠤ ᠬᠦᠴᠦᠨ᠂ ᠤᠯᠤᠰ ᠤᠨ ᠶᠡᠷᠦᠩᠬᠡᠶ | ᠬᠦᠴᠦᠨ ᠦᠷᠭᠦᠯᠵᠢᠯᠡᠨ ᠴᠢᠩᠭᠠᠷᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠯᠠᠪᠳᠠᠭᠤᠨ ᠪᠠᠳᠤ ᠰᠢᠨ᠎ᠠ | ᠠᠯᠬᠤᠮ ᠢ ᠠᠯᠬᠤᠭᠠᠳ᠂ ᠪᠢᠳᠡᠨ ᠤ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠨᠡᠶᠢᠭᠡᠮ ᠵᠢᠷᠤᠮᠲᠤ ᠣᠳᠣᠬᠢᠴᠢᠯᠠᠭᠰᠠᠨ | ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠡᠷᠡᠰ ᠵᠤᠷᠢᠭ ᠪᠠ ᠢᠲᠡᠭᠡᠯ ᠵᠣᠷᠢᠭ ᠢ ᠨᠡᠩ ᠢᠯᠡᠬᠦᠦ ᠪᠠᠲᠤᠳᠬᠠᠪᠠ᠃ | ︽ᠲᠣᠭᠲᠠᠭᠤᠨ︾ ᠪᠠᠶᠢᠳᠠᠯ ᠪᠠᠬᠢᠵᠢᠨ ᠦᠷᠭᠦᠯᠵᠢᠯᠡᠪᠡ᠃ ᠭᠤᠣᠯ ᠢᠯᠡᠷᠡᠯ ᠨᠢ ᠬᠡᠪᠡᠯ᠂ ᠠᠵᠤ ᠠᠬᠤᠢ ᠶᠢᠨ | ᠬᠡᠪᠴᠢᠶ᠎ᠡ ᠶᠢ ᠯᠠᠪᠳᠠᠭᠤᠨ ᠢᠶᠠᠷ ᠥᠷᠭᠡᠳᠭᠡᠵᠤ᠂ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠬᠦ ᠥᠷᠲᠡᠭ | 134.9 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ 5% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ | ᠳᠡᠯᠡᠬᠡᠶ ᠶᠢᠨ ᠭᠤᠤᠯ ᠪᠤᠯᠬᠤ ᠠᠵᠤ ᠠᠬᠤᠶ ᠶᠢᠨ ᠴᠣᠭᠴᠠ ᠶᠢᠨ ᠡᠮᠦᠨ᠎ᠠ ᠡᠩᠨᠡᠭᠡᠨ ᠳᠤ ᠣᠷᠣᠵᠤ᠂ ᠳᠡᠯᠡᠬᠡᠢ ᠶᠢᠨ ᠠᠵᠤ | ᠠᠬᠤᠶ ᠶᠢᠨ ᠨᠡᠮᠡᠭᠳᠡᠯ ᠳᠤ ᠦᠵᠡᠭᠦᠯᠬᠦ ᠬᠤᠪᠢ ᠨᠡᠮᠡᠷᠢ ᠶᠢᠨ ᠨᠤᠷᠮ᠎ᠠ ᠶᠢ 30% ᠣᠷᠴᠢᠮ ᠳᠤ ᠪᠠᠳᠤᠯᠠᠪᠠ᠃ ᠠᠵᠢᠯ | ᠣᠯᠭᠤᠯᠲᠠ᠂ ᠪᠠᠷᠠᠭᠠᠨ ᠤ ᠦᠨ᠎ᠡ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠬᠤᠲᠠ ᠪᠠᠯᠭᠠᠰᠤᠨ ᠳᠤ ᠠᠵᠢᠯ ᠤᠯᠤᠭᠰᠠᠨ | ᠬᠦᠮᠦᠨ 1256 ᠲᠦᠮᠨ ᠰᠢᠨ᠎ᠡ ᠪᠠᠷ ᠨᠡᠮᠡᠭᠳᠡᠵᠤ᠂ ᠬᠤᠲᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠣᠷᠮ᠎ᠠ | ᠳᠤᠮᠳᠠᠴᠢ ᠪᠠᠷ 5.1% ᠪᠣᠯᠵᠤ᠂ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ 0.2% ᠢᠶᠠᠷ ᠥᠰᠪᠡ᠃ ᠤᠯᠤᠰ ᠤᠨ | ᠬᠤᠭᠤᠷᠤᠨᠳᠤᠬᠢ ᠣᠷᠣᠯᠭ᠎ᠠ ᠵᠠᠷᠤᠯᠭ᠎ᠠ ᠦᠨᠳᠦᠰᠦᠨ ᠳᠡᠭᠡᠨ ᠲᠡᠩᠴᠡᠭᠦᠷᠢᠲᠡᠶ ᠪᠠᠶᠢᠵᠤ᠂ ᠭᠠᠳᠠᠭᠠᠳᠤ ᠠᠷᠠᠯᠵᠢᠶᠠᠨ ᠤ | ᠬᠡᠪᠴᠢᠶ᠎ᠡ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠤᠯᠠᠨ ᠤᠯᠤᠰ ᠤᠨ ᠵᠠᠬ᠎ᠠ ᠳᠡᠯᠭᠡᠭᠦᠷ ᠲᠠᠬᠢ ᠬᠤᠪᠢᠳᠠᠴᠡ | ᠲᠣᠭᠲᠠᠭᠤᠨ ᠪᠠᠶᠢᠬᠤ ᠶᠢᠨ ᠵᠡᠷᠭᠡ ᠳᠤ ᠳᠡᠭᠡᠭᠰᠢᠯᠡᠵᠦ᠂ ᠭᠠᠳᠠᠭᠠᠳᠤ ᠭᠤᠪᠢᠭᠤᠯᠭ᠎ᠠ ᠶᠢᠨ ᠨᠥᠭᠡᠴᠡ 3.2 ᠲᠦᠮᠡᠨ | ᠳ᠋ᠦᠩᠰᠢᠭᠤᠷ ᠳ᠋ᠣᠯᠯᠠᠷ ᠢ ᠳᠠᠪᠠᠪᠠ᠃ ᠠᠷᠠᠳ ᠤᠨ ᠠᠮᠢᠳᠤᠷᠠᠯ ᠤᠨ ᠪᠠᠲᠤᠯᠠᠭ᠎ᠠ ᠪᠡᠳᠦ ᠪᠠᠬᠢ ᠪᠠᠶᠢᠵᠤ᠂ ᠰᠠᠭᠤᠭᠠᠯᠢ | ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 5.1% ᠪᠠᠷ ᠪᠣᠳᠠᠲᠠᠶ ᠨᠡᠮᠡᠭᠳᠡᠵᠦ᠂ ᠶᠠᠳᠠᠭᠤ ᠠᠴᠠ | ᠠᠩᠭᠢᠵᠢᠷᠠᠭᠤᠯᠬᠤ ᠪᠡᠷᠭᠡ ᠰᠡᠳᠦᠪ ᠢ ᠰᠢᠢᠳᠪᠤᠷᠢᠯᠡᠭᠰᠡᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠬᠦᠯᠦᠨ ᠥᠷᠭᠡᠳᠭᠡᠵᠤ᠂ | ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠨᠠᠰᠤᠵᠢᠯ ᠤᠨ ᠠᠰᠠᠷᠠᠮᠵᠢ᠂ ᠦᠨᠳᠦᠰᠦᠨ ᠡᠮᠨᠡᠯᠭᠡ᠂ ᠨᠡᠶᠢᠭᠡᠮ ᠤᠨ | ᠠᠪᠤᠷᠠᠨ ᠲᠤᠰᠠᠯᠠᠯᠳᠠ ᠵᠡᠷᠭᠡ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠪᠠ᠃ ᠭᠤᠤᠯᠳᠠᠯᠭ᠎ᠠ ᠲᠠᠢ ᠬᠦᠷᠢᠶᠡᠨ ᠳᠠᠬᠢ ᠠᠶᠤᠯ | ᠲᠦᠭᠰᠢᠭᠦᠷᠢ ᠶᠢ ᠠᠷᠢᠯᠭᠠᠬᠤ ᠠᠵᠢᠯ ᠡᠮᠬᠢ ᠵᠢᠷᠤᠮ ᠲᠠᠢ ᠪᠥᠭᠡᠳ ᠪᠦᠲᠦᠮᠵᠢᠲᠡᠶ ᠪᠠᠶᠢᠵᠤ᠂ ᠨᠡᠶᠢᠭᠡᠮ ᠤᠨ ᠶᠡᠭᠡ ᠲᠠᠯ᠎ᠠ ᠶᠢᠨ | ᠲᠣᠭᠲᠠᠭᠤᠨ ᠪᠠᠶᠢᠳᠠᠯ ᠢ ᠪᠠᠲᠤᠯᠠᠪᠠ᠃ | ︽ᠤᠷᠤᠭᠰᠢᠯᠠᠬᠤ︾ ᠠᠯᠬᠤᠭ᠎ᠠ ᠢᠳᠡᠷᠭᠡᠭ ᠪᠠᠳᠤ ᠪᠠᠶᠢᠨ᠎ᠠ᠃ ᠭᠤᠣᠯ ᠢᠯᠡᠷᠡᠯ ᠨᠢ ᠬᠡᠪᠡᠯ᠂ ᠠᠵᠤ ᠦᠢᠯᠡᠰ ᠤᠨ ᠳᠡᠰ | ᠳᠠᠪᠰᠢᠯᠲᠠ ᠰᠢᠨ᠎ᠡ ᠠᠬᠢᠯᠲᠠ ᠲᠠᠢ ᠪᠣᠯᠵᠤ᠂ ᠠᠮᠤ ᠪᠤᠳᠠᠭᠠᠨ ᠤ ᠤᠨᠠᠯᠲᠠ ᠠᠩᠬ᠎ᠠ ᠤᠳᠠᠭ᠎ᠠ 1.4 ᠲᠦᠮᠡᠨ ᠳ᠋ᠦᠩᠰᠢᠭᠤᠷ | ᠵᠢᠩ ᠤᠨ ᠰᠢᠨ᠎ᠡ ᠳᠡᠭᠲᠡᠷ ᠲᠤ ᠭᠠᠷᠴᠤ᠂ ᠮᠦ ᠪᠦᠷᠢ ᠶᠢᠨ ᠤᠨᠠᠯᠲᠠ 10.1 ᠵᠢᠩ ᠳᠡᠭᠡᠭᠰᠢᠯᠡᠪᠡ︔ ᠳᠡᠭᠡᠳᠦ ᠮᠡᠷᠭᠡᠵᠢᠯ ᠤᠨ | ᠦᠢᠯᠡᠳᠬᠦ ᠦᠢᠯᠡᠰ᠂ ᠲᠣᠨᠣᠭᠯᠠᠯ ᠦᠢᠯᠡᠳᠬᠦ ᠦᠢᠯᠡᠰ ᠤᠨ ᠨᠡᠮᠡᠭᠳᠡᠯ ᠥᠷᠲᠡᠭ ᠲᠣᠰ ᠲᠣᠰ 8.9%᠂ 7.7% ᠪᠠᠷ | ᠨᠡᠮᠡᠭᠳᠡᠵᠦ᠂ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡᠨ ᠤ ᠵᠢᠯ ᠤᠨ ᠭᠠᠷᠤᠯᠲᠠ 1300 ᠲᠦᠮᠡ ᠶᠢ | ᠳᠠᠪᠠᠪᠠ︔ ᠮᠡᠳᠡᠭᠡ ᠵᠠᠩᠭᠢ ᠳᠠᠮᠵᠢᠭᠤᠯᠬᠤ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ | ᠦᠢᠯᠡᠰ᠂ ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠲᠣᠰ | ᠲᠣᠰ 10.9%᠂ 10.4% ᠪᠠᠷ ᠨᠡᠮᠡᠭᠳᠡᠪᠡ᠃ ᠰᠢᠨ᠎ᠡ ᠶᠢ ᠡᠭᠦᠳᠬᠦ ᠴᠢᠳᠠᠪᠤᠷᠢ ᠰᠢᠨ᠎ᠡ ᠳᠡᠭᠡᠭᠰᠢᠯᠡᠯᠲᠡ ᠲᠠᠢ ᠪᠣᠯᠵᠤ᠂ | ᠬᠤᠷᠠᠮᠠᠯ ᠴᠠᠬᠢᠯᠭᠠᠨ ᠬᠡᠯᠬᠢᠶ᠎ᠡ᠂ ᠵᠤᠬᠢᠶᠠᠮᠠᠯ ᠤᠶᠤᠯᠢᠭ᠂ ᠺᠸᠠᠨ᠋ᠲ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ | ᠬᠦᠷᠢᠶᠡᠨ ᠳᠤ ᠰᠢᠨ᠎ᠡ ᠦᠷ᠎ᠡ ᠪᠦᠲᠦᠭᠡᠯ ᠣᠯᠪᠠ︔ ︽ᠴᠠᠩ ᠧ ᠵᠢᠷᠭᠤᠳᠤᠭᠠᠷ︾ ᠬᠥᠮᠦᠨ ᠲᠥᠷᠥᠯᠬᠢᠲᠡᠨ ᠤ ᠠᠩᠬ᠎ᠠ | ᠤᠳᠠᠭ᠎ᠠ ᠰᠠᠷᠠᠨ ᠪᠥᠮᠪᠥᠷᠴᠡᠭ ᠤᠨ ᠠᠷᠤ ᠲᠠᠯ᠎ᠠ ᠠᠴᠠ ᠦᠯᠢᠭᠡᠷ ᠠᠪᠴᠤ ᠪᠤᠴᠠᠵᠤ ᠢᠷᠡᠬᠦ ᠶᠢ ᠪᠡᠶᠡᠯᠡᠭᠦᠯᠦᠨ᠂ ︽ᠬᠦᠰᠡᠯ | ᠡᠷᠡᠮᠡᠯᠵᠡᠯ︾ ᠨᠡᠷᠡᠮᠵᠢᠲᠦ ᠶᠡᠭᠡ ᠲᠠᠯᠠᠢ ᠳᠤ ᠥᠷᠥᠮᠳᠡᠨ ᠬᠠᠶᠢᠬᠤ ᠣᠩᠭᠤᠴᠠ ᠶᠢ ᠪᠠᠶᠢᠭᠤᠯᠤᠨ ᠪᠦᠳᠦᠬᠡᠬᠡᠳ ᠵᠢᠭᠰᠠᠭᠠᠯ ᠳᠤ | ᠣᠷᠣᠭᠤᠯᠪᠠ︔ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠲᠤᠬᠢᠷᠠᠭᠰᠠᠨ ᠲᠤᠭ᠎ᠠ 11.2% ᠢᠶᠠᠷ ᠨᠡᠮᠡᠭᠳᠡᠪᠡ᠃ ᠠᠮᠢ | ᠠᠬᠤᠢ ᠶᠢᠨ ᠣᠷᠴᠢᠨ ᠨᠦᠬᠦᠴᠡᠯ ᠤᠨ ᠶᠠᠰᠤ ᠴᠢᠨᠠᠷ ᠰᠢᠨ᠎ᠡ ᠰᠠᠶᠢᠵᠢᠷᠠᠯᠲᠠ ᠲᠠᠢ ᠪᠣᠯᠵᠤ᠂ ᠲᠤᠰᠬᠠᠶ ᠣᠷᠣᠨ ᠤ ᠲᠠᠰ ᠵᠢᠴᠢ | ᠲᠡᠭᠦᠨ ᠠᠴᠠ ᠳᠡᠭᠡᠭᠰᠢᠬᠢ ᠬᠤᠲᠠ ᠶᠢᠨ ᠵᠢᠵᠢᠭ ᠮᠥᠬᠦᠯᠢᠭᠲᠦ ᠪᠣᠳᠠᠰ ︵PM2.5︶ ᠤᠨ ᠳᠤᠮᠳᠠᠴᠢ ᠥᠳᠭᠡᠴᠡ 2. | 7% ᠪᠠᠷ ᠪᠠᠭᠤᠷᠠᠵᠤ᠂ ᠴᠠᠪᠡᠷ ᠠᠭᠠᠷᠳᠤ ᠡᠳᠦᠷ ᠤᠨ ᠲᠤᠭ᠎ᠠ ᠶᠢᠨ ᠬᠠᠷᠢᠴᠠᠯ 87.2% ᠪᠣᠯᠤᠨ ᠳᠡᠭᠡᠭᠰᠢᠯᠡᠵᠦ᠂ | ᠭᠠᠵᠠᠷ ᠤᠨ ᠭᠠᠳᠠᠷᠭᠤ ᠶᠢᠨ ᠤᠰᠤᠨ ᠤ ᠴᠢᠨᠡᠷ ᠰᠢᠯᠢᠳᠡᠭ ᠰᠠᠶᠢᠨ ᠤᠰᠤᠨ ᠤ ᠣᠭᠲᠣᠯᠤᠭᠠᠰᠤ ᠶᠢᠨ ᠬᠠᠷᠢᠴᠠᠯ ᠢ 90.4% | ᠪᠣᠯᠲᠠᠯ᠎ᠠ ᠳᠡᠭᠡᠭᠰᠢᠯᠡᠭᠦᠯᠪᠠ︔ ᠨᠢᠭᠡᠴᠢ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠬᠦ ᠦᠷᠲᠡᠭ ᠤᠨ | ᠡᠨᠧᠷᠭᠢ ᠶᠢᠨ ᠬᠤᠷᠣᠭᠳᠠᠭᠤᠯᠤᠯ ᠤᠨ ᠪᠠᠭᠤᠷᠠᠯᠲᠠ ᠶᠢᠨ ᠬᠡᠮᠵᠢᠶ᠎ᠡ 3% ᠶᠢ ᠲᠠᠪᠠᠪᠠ︔ ᠳᠠᠬᠢᠨ ᠡᠭᠦᠰᠴᠦ ᠪᠣᠯᠬᠤ | ᠡᠨᠧᠷᠭᠢ ᠶᠢᠨ ᠰᠤᠷᠪᠤᠯᠵᠢ ᠶᠢᠨ ᠰᠢᠨ᠎ᠠ ᠪᠠᠷ ᠨᠡᠮᠡᠭᠳᠡᠭᠰᠡᠨ ᠮᠠᠰᠢᠨ ᠴᠤᠭᠴᠠᠯᠠᠪᠤᠷᠢ ᠶᠢᠨ ᠬᠡᠪᠴᠢᠶ᠎ᠠ 3.7 ᠳ᠋ᠦᠩᠰᠢᠭᠤᠷ | ᠺᠢᠯᠣᠸᠠᠲ ᠲᠤ ᠬᠦᠷᠪᠡ᠃ ᠥᠭᠡᠷᠡᠴᠢᠯᠡᠯᠲᠡ ᠨᠡᠭᠡᠭᠡᠯᠲᠡ ᠰᠢᠨ᠎ᠡ ᠰᠢᠪᠲᠤᠯᠤᠯᠲᠠ ᠲᠠᠢ ᠪᠣᠯᠵᠤ᠂ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠥᠬᠦᠳᠡ ᠬᠤᠷᠠᠯ ᠤᠨ | ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠯᠠᠪᠳᠠᠭᠤᠨ ᠪᠠᠲᠤᠲᠠᠶ ᠪᠦᠬᠡᠳ ᠬᠦᠴᠦᠲᠡᠶ ᠨᠠᠶᠢᠳᠠᠪᠤᠷᠢᠵᠢᠭᠤᠯᠵᠤ᠂ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠪᠦᠬᠦ ᠤᠯᠤᠰ ᠤᠨ ᠨᠢᠭᠡᠳᠦᠯᠲᠡᠶ ᠲᠤᠮᠤ ᠵᠠᠬ᠎ᠠ | ᠳᠡᠯᠭᠡᠭᠦᠷ ᠢ ᠪᠠᠶᠢᠭᠤᠯᠬᠤ᠂ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠭᠤᠵᠤ ᠠᠮᠠᠷᠠᠬᠤ ᠨᠠᠰᠤ ᠶᠢ ᠠᠭᠠᠵᠢᠮ ᠢᠶᠠᠷ | ᠱᠠᠳᠤᠯᠠᠨ ᠬᠤᠶᠢᠰᠢᠯᠠᠭᠤᠯᠬᠤ ᠵᠡᠷᠭᠡ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠵᠠᠯᠭᠠᠭ᠎ᠠ ᠵᠠᠯᠭᠠᠭ᠎ᠠ ᠪᠠᠷ | ᠬᠡᠷᠡᠭᠵᠢᠭᠦᠯᠪᠡ︔ ᠦᠢᠯᠡᠳᠬᠦ ᠦᠢᠯᠡᠰ ᠤᠨ ᠬᠦᠷᠢᠶᠡᠨ ᠳᠠᠬᠢ ᠭᠠᠳᠠᠭᠠᠳᠤ ᠪᠡᠯᠡ ᠶᠢᠨ ᠵᠠᠬ᠎ᠠ ᠳᠡᠯᠬᠡᠬᠦᠷ ᠲᠤ ᠣᠷᠣᠬᠤ | ᠵᠥᠪᠰᠢᠶᠡᠷᠡᠯ ᠤᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠪᠦᠬᠦᠨ ᠢ ᠬᠦᠴᠦᠨ ᠦᠭᠡᠢ ᠪᠣᠯᠭᠠᠵᠤ᠂ ︽ᠨᠢᠭᠡ ᠪᠦᠰᠡ ᠨᠢᠭᠡ ᠵᠠᠮ︾ | ᠢ ᠬᠠᠮᠲᠤ ᠪᠠᠷ ᠪᠠᠶᠢᠭᠤᠯᠬᠤ ᠠᠷᠠᠯᠵᠢᠶ᠎ᠠ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠶᠢ ᠲᠠᠰᠤᠷᠠᠯᠳᠠ ᠦᠭᠡᠢ | ᠪᠠᠭᠳᠠᠭᠠᠮᠵᠢ ᠶᠢ ᠨᠢ ᠥᠷᠭᠡᠳᠭᠡᠨ ᠲᠡᠰ ᠳᠡᠪᠰᠢᠭᠦᠯᠪᠡ᠃ | ᠥᠩᠭᠡᠷᠡᠭᠰᠡᠨ ᠨᠢᠭᠡ ᠵᠢᠯ ᠢ ᠡᠷᠭᠢᠴᠡᠭᠦᠯᠪᠡᠯ᠂ ᠠᠮᠵᠢᠯᠲᠠ ᠪᠦᠲᠦᠮᠵᠢ ᠶᠢ ᠬᠢᠯᠪᠠᠷ ᠪᠤᠰᠤ ᠪᠠᠷ ᠣᠯᠤᠭᠰᠠᠨ ᠶᠤᠮ᠃ | ᠭᠠᠳᠠᠭᠠᠳᠤ ᠣᠷᠴᠢᠨ ᠨᠦᠬᠦᠴᠡᠯ ᠤᠨ ᠬᠤᠪᠢᠷᠠᠯᠲᠠ ᠠᠴᠠ ᠪᠣᠯᠤᠭᠰᠠᠨ ᠠᠰᠢᠭ ᠦᠭᠡᠢ ᠨᠥᠯᠥᠭᠡ ᠦᠷᠭᠦᠯᠵᠢᠯᠡᠨ | ᠭᠦᠨᠵᠡᠭᠡᠶᠢᠷᠡᠵᠦ᠂ ᠤᠯᠤᠰ ᠤᠨ ᠳᠣᠲᠣᠭᠠᠳᠤ ᠶᠢᠨ ᠤᠷᠲᠤ ᠬᠤᠭᠤᠴᠠᠭ᠎ᠠ ᠪᠠᠷ ᠬᠤᠷᠠᠮᠳᠤᠭᠰᠠᠨ ᠵᠠᠷᠢᠮ ᠭᠦᠨ | ᠳᠠᠪᠬᠤᠷᠭ᠎ᠠ ᠶᠢᠨ ᠪᠦᠲᠦᠴᠡ ᠶᠢᠨ ᠴᠢᠨᠠᠷᠲᠠᠶ ᠵᠥᠷᠢᠴᠡᠯ ᠲᠥᠪᠯᠡᠷᠡᠩᠭᠦᠢ ᠢᠯᠡᠷᠡᠵᠦ᠂ ᠳᠣᠲᠣᠭᠠᠳᠤ ᠬᠡᠷᠡᠭᠴᠡᠭᠡ ᠮᠠᠭᠤᠳᠠᠭᠰᠠᠨ᠂ | ᠵᠢᠱᠢᠯᠲᠡ ᠪᠠᠭᠤᠷᠠᠶ ᠪᠣᠯᠤᠭᠰᠠᠨ ᠵᠡᠷᠭᠡ ᠠᠰᠠᠭᠤᠳᠠᠯ ᠰᠣᠯᠪᠢᠴᠠᠨ ᠳᠠᠪᠬᠤᠴᠠᠵᠤ᠂ ᠬᠡᠰᠡᠭ ᠭᠠᠵᠠᠷ ᠣᠷᠣᠨ ᠳᠤ ᠦᠶᠡᠷ | ᠤᠰᠤᠲᠤᠯ ᠵᠡᠷᠭᠡ ᠪᠠᠶᠢᠭᠠᠯᠢ ᠶᠢᠨ ᠭᠠᠮᠰᠢᠭ ᠣᠯᠠᠨᠲᠠ ᠭᠠᠷᠴᠤ᠂ ᠠᠵᠤ ᠠᠬᠤᠶ ᠨᠡᠶᠢᠭᠡᠮ ᠤᠨ ᠲᠣᠭᠲᠠᠭᠤᠨ ᠠᠵᠢᠯᠯᠠᠭᠠᠨ ᠢ | ᠪᠠᠲᠤᠯᠠᠬᠤ ᠳᠤ ᠬᠦᠴᠢᠷᠳᠡᠯ ᠶᠡᠬᠡᠰᠪᠡ᠃ ᠣᠯᠠᠨ ᠳᠠᠪᠬᠤᠷ ᠬᠦᠴᠢᠷ ᠪᠡᠷᠬᠡᠰᠢᠶᠡᠯ ᠪᠠ ᠰᠢᠯᠭᠠᠯᠳᠠ ᠶᠢᠨ ᠡᠮᠦᠨ᠎ᠡ᠂ ᠪᠢᠳᠡ | ᠬᠠᠳᠠᠭᠠᠯᠠᠯᠳᠠ ᠲᠥᠷᠥ ᠶᠢᠨ ᠪᠣᠳᠣᠯᠭ᠎ᠠ ᠶᠢ ᠬᠦᠴᠦᠯᠡᠨ ᠬᠡᠷᠡᠭᠵᠢᠭᠦᠯᠵᠦ᠂ ᠬᠤᠷᠸ᠎ᠠ ᠲᠤᠬᠢᠷᠠᠭᠤᠯᠤᠯ ᠡᠵᠡᠮᠳᠡᠯ ᠢ ᠴᠠᠭ ᠲᠤᠨᠢ | ᠲᠤᠬᠢᠷᠠᠭᠤᠯᠤᠨ ᠰᠢᠯᠢᠳᠡᠭᠵᠢᠭᠦᠯᠵᠦ᠂ ᠢᠳᠡᠪᠬᠢᠲᠡᠶ ᠪᠥᠭᠡᠳ ᠪᠦᠲᠦᠮᠵᠢᠲᠡᠶ ᠪᠠᠷ ᠠᠷᠭᠠᠴᠠᠪᠠ᠃ ᠣᠨᠴᠠᠭᠠᠶᠢᠯᠠᠨ 9 ᠰᠠᠷ᠎ᠠ ᠶᠢᠨ | 26 ᠤ ᠡᠳᠦᠷ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠬᠤᠷᠠᠯ ᠠᠴᠠ ᠡᠷᠡᠰ ᠰᠢᠭᠤᠷᠬᠠᠶ ᠪᠠᠷ | ᠪᠠᠶᠢᠷᠢᠯᠠᠭᠤᠯᠤᠭᠰᠠᠨ ᠬᠠᠮ ᠨᠡᠮᠡᠭᠳᠡᠯ ᠲᠥᠷᠥ ᠶᠢᠨ ᠪᠣᠳᠣᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ | ᠠᠬᠤᠢ ᠶᠢᠨ ᠢᠯᠡᠳᠲᠡ ᠡᠷᠬᠢᠵᠦ ᠰᠠᠶᠢᠵᠢᠷᠠᠬᠤ ᠶᠢ ᠠᠬᠢᠭᠤᠯᠵᠤ᠂ ᠨᠡᠶᠢᠭᠡᠮ ᠨᠡᠶᠢᠲᠡ ᠶᠢᠨ ᠢᠲᠡᠭᠡᠯ ᠵᠣᠷᠢᠭ ᠢ ᠪᠦᠲᠦᠮᠵᠢᠲᠡᠶ | ᠬᠦᠪᠴᠢᠯᠡᠭᠰᠡᠨ ᠢᠶᠠᠷ᠂ ᠪᠦᠬᠦ ᠵᠢᠯ ᠤᠨ ᠬᠠᠷᠠᠯᠲᠠ ᠪᠠᠨ ᠪᠡᠶᠡᠯᠡᠭᠦᠯᠬᠦ ᠶᠢ ᠠᠬᠢᠭᠤᠯᠤᠭᠰᠠᠨ ᠮᠥᠷᠲᠡᠭᠡᠨ ᠡᠨᠡ ᠵᠢᠯ ᠤᠨ | ᠬᠥᠭᠵᠢᠯᠲᠡ ᠳᠤ ᠴᠤ ᠰᠠᠶᠢᠨ ᠰᠠᠭᠤᠷᠢ ᠶᠢ ᠲᠠᠯᠪᠢᠵᠤ ᠥᠭᠪᠡ᠃ ᠡᠨᠡ ᠶᠠᠪᠤᠴᠠ ᠳᠤ᠂ ᠪᠢᠳᠡ ᠠᠵᠤ ᠠᠬᠤᠶ ᠶᠢᠨ ᠠᠵᠢᠯ ᠤᠨ | ᠵᠢᠮ᠎ᠡ ᠶᠣᠰᠣᠴᠢ ᠴᠢᠨᠠᠷ ᠤᠨ ᠲᠤᠬᠠᠶ ᠲᠠᠨᠢᠯᠲᠠ ᠪᠠᠨ ᠭᠦᠨᠵᠡᠭᠡᠶᠢᠷᠡᠭᠦᠯᠵᠦ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ | ᠨᠢᠭᠡᠳᠦᠯᠲᠡᠶ ᠤᠳᠤᠷᠢᠳᠤᠯᠭ᠎ᠠ ᠪᠣᠯ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠶᠢᠨ ᠦᠨᠳᠦᠰᠦᠨ ᠪᠠᠲᠤᠯᠠᠭ᠎ᠠ ᠮᠥᠨ᠂ | ᠡᠷᠬᠡᠪᠰᠢ ᠪᠦᠲᠦᠮᠵᠢᠲᠡᠶ ᠵᠠᠬ᠎ᠠ ᠳᠡᠯᠭᠡᠭᠦᠷ ᠪᠠ ᠴᠢᠷᠮᠠᠶᠢᠯᠳᠠ ᠲᠠᠢ ᠵᠠᠰᠠᠭ ᠤᠨ ᠣᠷᠳᠣᠨ᠂ ᠶᠡᠷᠦᠩᠬᠡᠶ ᠬᠠᠩᠭᠠᠯᠭ᠎ᠠ ᠪᠠ | ᠶᠡᠷᠦᠩᠬᠡᠶ ᠬᠡᠷᠡᠭᠴᠡᠭᠡ᠂ ᠰᠢᠨ᠎ᠡ ᠬᠥᠳᠡᠯᠭᠡᠭᠴᠢ ᠡᠨᠧᠷᠭᠢ ᠶᠢ ᠪᠤᠶᠢᠵᠢᠭᠤᠯᠬᠤ ᠪᠠ ᠬᠠᠭᠤᠴᠢᠨ ᠬᠥᠳᠡᠯᠭᠡᠭᠴᠢ ᠡᠨᠧᠷᠭᠢ ᠶᠢ | ᠰᠢᠨᠡᠳᠭᠡᠬᠦ᠂ ᠨᠡᠮᠡᠭᠳᠡᠯ ᠢ ᠰᠢᠯᠢᠳᠡᠭᠵᠢᠭᠦᠯᠬᠦ ᠪᠠ ᠬᠠᠳᠠᠭᠠᠯᠠᠯᠲᠠ ᠶᠢ ᠠᠮᠢᠳᠤᠯᠢᠬ ᠪᠤᠯᠭᠠᠬᠤ᠂ ᠶᠠᠰᠤ ᠴᠢᠨᠠᠷ ᠢ ᠳᠡᠭᠡᠭᠰᠢᠯᠡᠭᠦᠯᠬᠦ | ᠪᠠ ᠶᠡᠷᠦᠩᠬᠡᠶ ᠬᠡᠮᠵᠢᠶ᠎ᠡ ᠶᠢ ᠪᠤᠵᠠᠭᠠᠶᠢᠷᠠᠭᠤᠯᠬᠤ ᠶᠢᠨ ᠬᠠᠷᠢᠴᠠᠭ᠎ᠠ ᠶᠢ ᠰᠠᠶᠢᠲᠤᠷ ᠨᠢᠬᠡᠳᠦᠯᠳᠡᠢ ᠲᠥᠯᠥᠪᠯᠡᠬᠦ ᠬᠡᠷᠡᠭᠲᠡᠶ ᠭᠡᠳᠡᠭ ᠢ | ᠤᠯᠠᠮ ᠨᠢᠭᠡ ᠠᠯᠬᠤᠮ ᠲᠠᠨᠢᠵᠤ ᠣᠯᠪᠠ᠃ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ | ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠯᠤᠰ ᠲᠠᠶᠠᠭᠠᠷ ᠢᠶᠠᠨ ᠬᠦᠴᠦ ᠪᠠᠨ ᠲᠥᠪᠯᠡᠷᠡᠭᠦᠯᠦᠨ ᠪᠡᠷᠭᠡ | ᠰᠡᠳᠦᠪ ᠢ ᠰᠢᠢᠳᠪᠤᠷᠢᠯᠡᠪᠡᠯ᠂ ᠮᠠᠨ ᠤ ᠤᠯᠤᠰ ᠤᠨ ᠬᠥᠭᠵᠢᠯᠲᠡ ᠳᠤ ᠳᠠᠪᠠᠵᠤ ᠴᠢᠳᠠᠰᠢ ᠦᠭᠡᠢ ᠪᠡᠷᠬᠡ ᠪᠣᠭᠤᠮᠲᠠ ᠭᠡᠵᠦ | ᠦᠭᠡᠢ ᠶᠤᠮ ᠭᠡᠳᠡᠭ ᠢ ᠦᠢᠯᠡᠳᠦᠯᠬᠡ ᠳᠠᠬᠢᠨᠳᠠ ᠬᠡᠷᠡᠴᠢᠯᠡᠪᠡ᠃ | ᠨᠢᠭᠡ ᠵᠢᠯ ᠤᠨ ᠲᠤᠷᠰᠢ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠢ ᠶᠢᠨ ᠫᠢᠩ | ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠲᠠᠯ᠎ᠠ | ᠪᠦᠬᠦ ᠶᠠᠪᠤᠴᠠ ᠳᠤ ᠲᠤᠭᠤᠰᠢᠯᠠᠭᠤᠯᠤᠨ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ | ᠶᠣᠰᠣᠭᠠᠷ᠂ ᠭᠤᠤᠯᠳᠠᠭᠤ ᠳᠣᠤᠷᠠᠬᠢ ᠠᠵᠢᠯ ᠤᠳ ᠢ ᠬᠢᠪᠡ᠃ | ᠨᠢᠭᠡ ᠳᠤ ᠴᠠᠭ ᠪᠤᠯᠤᠨ ᠪᠠᠶᠢᠳᠠᠯ ᠳᠤ ᠲᠤᠬᠢᠷᠠᠭᠤᠯᠤᠨ ᠬᠤᠷᠸ᠎ᠠ ᠲᠤᠬᠢᠷᠠᠭᠤᠯᠤᠯ ᠡᠵᠡᠮᠳᠡᠯ ᠢ ᠴᠢᠩᠭᠠᠳᠬᠠᠬᠤ ᠪᠠ ᠡᠨᠡ | ᠲᠠᠯ᠎ᠠ ᠪᠠᠷ ᠰᠢᠨ᠎ᠡ ᠶᠢ ᠡᠭᠦᠳᠴᠦ᠂ ᠠᠵᠤ ᠠᠬᠤᠶ ᠶᠢᠨ ᠰᠡᠷᠬᠦᠵᠤ ᠰᠠᠶᠢᠵᠢᠷᠠᠬᠤ ᠶᠢ ᠠᠬᠢᠭᠤᠯᠪᠠ᠃ ᠨᠢᠳᠤᠨᠤᠨ ᠤ ᠨᠢᠭᠡᠳᠦᠭᠡᠷ | ᠤᠯᠠᠷᠢᠯ ᠤᠨ ᠠᠵᠤ ᠠᠬᠤᠶ ᠰᠠᠶᠢᠨ ᠡᠬᠢᠯᠡᠯᠲᠡ ᠲᠠᠢ ᠪᠠᠶᠢᠬᠰᠠᠨ ᠪᠣᠯᠪᠠᠴᠤ᠂ ᠤᠯᠤᠰ ᠤᠨ ᠳᠣᠲᠣᠭᠠᠳᠤ ᠭᠠᠳᠠᠭᠠᠳᠤ ᠶᠢᠨ | ᠣᠯᠠᠨ ᠲᠠᠯ᠎ᠠ ᠶᠢᠨ ᠬᠦᠴᠦᠨ ᠵᠦᠢᠯ ᠤᠨ ᠨᠥᠯᠥᠭᠡ ᠠᠴᠠ ᠪᠤᠯᠵᠤ᠂ ᠬᠤᠶᠠᠳᠤᠭᠠᠷ ᠤᠯᠠᠷᠢᠯ ᠳᠤ ᠤᠷᠤᠭᠰᠠᠨ ᠤ ᠳᠠᠷᠠᠭ᠎ᠠ | ᠭᠤᠤᠯ ᠭᠤᠤᠯ ᠭᠦᠢᠴᠡᠳᠭᠡᠯ ᠲᠤᠭ᠎ᠠ ᠦᠷᠭᠦᠯᠵᠢᠯᠡᠨ ᠲᠤᠷᠤᠭᠰᠢᠯᠠᠵᠤ᠂ ᠪᠠᠭᠤᠷᠠᠬᠤ ᠳᠠᠷᠤᠯᠲᠠ ᠶᠡᠬᠡᠰᠪᠠ᠃ ᠪᠢᠳᠡ ᠦᠶᠡᠯᠡᠯ | ᠦᠭᠰᠦᠬᠦᠯᠦᠨ ᠲᠣᠬᠢᠷᠠᠭᠤᠯᠤᠯᠲᠠ ᠬᠢᠬᠦ ᠪᠠᠨ ᠴᠢᠩᠭᠠᠳᠬᠠᠵᠤ᠂ ᠳᠣᠪᠤᠶᠢᠮ᠎ᠠ ᠠᠰᠠᠭᠤᠳᠠᠯ ᠤᠳ ᠲᠤ ᠠᠩᠬᠠᠷᠤᠯ | ᠲᠦᠪᠯᠡᠷᠡᠬᠦᠯᠦᠨ ᠬᠠᠨᠳᠤᠯᠭᠠᠲᠤ ᠴᠢᠨᠠᠷᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠤ᠂ ᠬᠠᠳᠠᠭᠠᠯᠠᠯᠲᠠ ᠪᠣᠯᠤᠨ ᠨᠡᠮᠡᠭᠳᠡᠯ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠬᠡᠷᠡᠭᠴᠡᠭᠡ ᠶᠢᠨ ᠨᠡᠯᠢᠶᠡᠳ ᠲᠦᠷᠭᠡᠨ ᠡᠷᠬᠢᠵᠦ | ᠰᠠᠶᠢᠵᠢᠷᠠᠬᠤ ᠶᠢ ᠠᠬᠢᠭᠤᠯᠤᠨ᠂ ᠦᠢᠯᠡᠳᠪᠦᠷᠢᠯᠡᠯ ᠤᠨ ᠨᠡᠮᠡᠭᠳᠡᠯ ᠲᠦᠷᠭᠡᠳᠴᠦ᠂ ᠵᠠᠬ᠎ᠠ ᠳᠡᠯᠭᠡᠭᠦᠷ ᠤᠨ ᠵᠢᠱᠢᠯᠲᠡ ᠢᠯᠡᠳᠲᠡ | ᠰᠠᠶᠢᠵᠢᠷᠠᠵᠤ᠂ ᠪᠦᠬᠦ ᠵᠢᠯ ᠤᠨ ᠠᠵᠤ ᠠᠬᠤᠶ ᠶᠢᠨ ᠠᠵᠢᠯᠯᠠᠭᠠᠨ ᠳᠤ ᠡᠮᠦᠨᠡᠬᠢ ᠬᠤᠭᠤᠴᠠᠭᠠᠨ ᠳᠤ ᠰᠠᠶᠢᠨ᠂ ᠳᠤᠮᠳᠠ | ᠬᠤᠭᠤᠴᠠᠭᠠᠨ ᠳᠤ ᠠᠨᠠᠢ᠂ ᠰᠡᠭᠦᠯ ᠤᠨ ᠬᠤᠭᠤᠴᠠᠭᠠᠨ ᠳᠤ ᠰᠡᠷᠬᠦᠭᠰᠡᠨ ᠪᠠᠶᠢᠳᠠᠯ ᠢᠯᠡᠷᠡᠪᠡ᠃ ᠡᠳ᠋ ᠤᠨ ᠵᠠᠰᠠᠭ | ᠵᠣᠭᠤᠰᠣᠨ ᠤ ᠲᠥᠷᠥ ᠶᠢᠨ ᠪᠣᠳᠣᠯᠭ᠎ᠠ ᠶᠢ ᠬᠦᠴᠦᠲᠡᠶ ᠬᠡᠷᠡᠭᠵᠢᠭᠦᠯᠵᠦ᠂ ᠵᠠᠷᠤᠯᠭ᠎ᠠ ᠶᠢᠨ ᠬᠡᠪᠴᠢᠶ᠎ᠡ ᠶᠢ ᠥᠷᠭᠡᠳᠭᠡᠨ᠂ | ᠭᠤᠤᠯᠳᠠᠯᠭ᠎ᠠ ᠲᠠᠢ ᠬᠦᠷᠢᠶᠡᠨ ᠤ ᠡᠳ᠋ ᠤᠨ ᠬᠦᠴᠦᠨ ᠤ ᠪᠠᠲᠤᠯᠠᠭ᠎ᠠ ᠶᠢ ᠴᠢᠩᠭᠠᠳᠬᠠᠵᠤ᠂ ᠬᠠᠳᠠᠭᠠᠯᠠᠮᠵᠢ ᠶᠢᠨ ᠪᠡᠯᠡᠳᠭᠡᠯ | ᠮᠥᠩᠭᠦ ᠶᠢᠨ ᠨᠤᠷᠮ᠎ᠠ ᠪᠠ ᠲᠦᠷᠦ ᠶᠢᠨ ᠪᠤᠳᠤᠯᠭ᠎ᠠ ᠶᠢᠨ ᠴᠢᠨᠠᠷᠳᠠᠢ ᠬᠦᠤ ᠮᠦᠡᠭᠬᠦ ᠶᠢᠨ ᠨᠤᠷᠮ᠎ᠠ ᠶᠢ ᠬᠤᠶᠠᠷ ᠤᠳᠠᠭ᠎ᠠ | ᠪᠠᠭᠤᠷᠠᠭᠤᠯᠵᠤ᠂ ᠨᠡᠶᠢᠭᠡᠮ ᠤᠨ ᠪᠡᠯᠡ ᠲᠤᠬᠢᠷᠠᠭᠤᠯᠭ᠎ᠠ ᠶᠢᠨ ᠥᠪᠡᠷ ᠤᠨ ᠦᠷᠲᠡᠭ ᠢ ᠤᠯᠠᠮ ᠨᠢᠭᠡ ᠠᠯᠬᠤᠮ ᠪᠠᠭᠤᠷᠠᠭᠤᠯᠪᠠ᠃ | ᠪᠦᠲᠦᠮᠵᠢᠲᠡᠶ ᠬᠡᠷᠡᠭᠴᠡᠭᠡ ᠶᠢ ᠥᠷᠭᠡᠳᠭᠡᠬᠦ ᠶᠢᠨ ᠲᠣᠭᠤᠷᠢᠨ ᠳᠤ ︽ᠨᠢᠭᠡ ᠴᠢᠬᠤᠯᠠ ᠨᠢᠬᠡ ᠭᠤᠤᠯᠳᠠᠯᠭ᠎ᠠ︾ ᠶᠢᠨ | ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ︽ᠰᠢᠨᠡᠳᠭᠡᠬᠦ ᠪᠡ ᠰᠤᠯᠢᠬᠤ︾ ᠠᠵᠢᠯ ᠢ ᠬᠦᠴᠦᠯᠡᠨ | ᠳᠡᠮᠵᠢᠵᠦ᠂ ᠪᠡᠯᠡᠳᠭᠡᠮᠵᠢ ᠬᠤᠳᠠᠯᠳᠤᠨ ᠠᠪᠬᠤ ᠪᠡᠯᠡ ᠣᠷᠣᠭᠤᠯᠤᠯᠲᠠ 15.7% ᠪᠠᠷ ᠨᠡᠮᠡᠭᠳᠡᠵᠤ᠂ ᠭᠡᠷ ᠤᠨ ᠴᠠᠬᠢᠯᠭᠠᠨ | ᠬᠡᠷᠡᠭᠰᠡᠯ ᠤᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 12.3% ᠪᠠᠷ ᠨᠡᠮᠡᠭᠳᠡᠪᠡ᠃ ᠭᠡᠷ ᠪᠠᠶᠢᠰᠢᠩ | ᠭᠠᠵᠠᠷ ᠰᠢᠷᠤᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠯᠳᠠ ᠶᠢ ᠵᠣᠭᠰᠣᠭᠠᠵᠤ ᠲᠣᠭᠲᠠᠭᠤᠨ ᠪᠠᠶᠢᠳᠠᠯ ᠳᠤ | ᠤᠷᠤᠭᠤᠯᠬᠤ ᠶᠢ ᠠᠬᠢᠭᠤᠯᠵᠤ᠂ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠦᠩᠬᠦ ᠶᠢᠨ ᠨᠤᠷᠮ᠎ᠠ ᠪᠠ ᠠᠩᠬ᠎ᠠ | ᠲᠤᠰᠢᠶᠠᠬᠤ ᠬᠠᠷᠢᠴᠠᠯ ᠢ ᠪᠠᠭᠤᠷᠠᠭᠤᠯᠤᠭᠰᠠᠨ ᠢᠶᠠᠷ᠂ ᠰᠠᠭᠤᠭᠠᠯᠢ ᠠᠷᠠᠳ ᠤᠨ ᠬᠠᠳᠠᠭᠠᠯᠠᠯᠳᠠ ᠣᠷᠣᠨ ᠰᠠᠭᠤᠴᠠ ᠶᠢᠨ | ᠵᠢᠭᠡᠯᠡᠯᠭᠡ ᠶᠢᠨ ᠬᠦᠤ ᠮᠥᠩᠭᠦ ᠶᠢᠨ ᠵᠢᠯ ᠤᠨ ᠵᠠᠷᠤᠯᠭ᠎ᠠ ᠶᠢ ᠪᠠᠷᠤᠭ 1500 ᠳ᠋ᠦᠩᠰᠢᠭᠤᠷ ᠲᠥᠭᠦᠷᠢᠭ ᠪᠠᠭᠠᠰᠬᠠᠵᠤ᠂ | ᠠᠷᠠᠯᠵᠢᠶᠠᠯᠠᠬᠤ ᠭᠤᠭᠴᠤᠭ᠎ᠠ ᠶᠢᠨ ᠭᠠᠶᠢᠯᠢ ᠰᠦᠢᠳᠭᠡᠯ ᠤᠨ ᠲᠦᠪᠰᠢᠨ ᠢ ᠳᠣᠷᠣᠭᠰᠢᠯᠠᠭᠤᠯᠵᠤ᠂ ᠬᠡᠷ ᠪᠠᠶᠢᠰᠢᠩ ᠢ ᠪᠠᠳᠤᠳᠠᠢ | ᠲᠤᠰᠢᠶᠠᠬᠤ ᠠᠵᠢᠯ ᠢ ᠯᠠᠪᠳᠠᠭᠤᠨ ᠪᠠᠲᠤ ᠠᠬᠢᠭᠤᠯᠪᠠ᠃ ᠬᠥᠷᠥᠩᠭᠡ ᠶᠢᠨ ᠵᠠᠬ᠎ᠠ ᠳᠡᠯᠭᠡᠭᠦᠷ ᠢ ᠢᠳᠡᠪᠬᠢᠲᠡᠢ | ᠲᠣᠭᠲᠠᠪᠤᠷᠢᠵᠢᠭᠤᠯᠵᠤ᠂ ᠰᠠᠭᠤᠷᠢ ᠴᠢᠨᠠᠷᠲᠠᠶ ᠳᠦᠷᠢᠮ ᠢ ᠲᠦᠷᠭᠡᠯᠡᠨ ᠲᠡᠭᠦᠯᠳᠡᠷᠵᠢᠭᠦᠯᠵᠦ᠂ ᠬᠠᠷᠢᠯᠴᠠᠨ ᠰᠣᠯᠢᠬᠤ ᠳᠤ | ᠲᠦᠬᠦᠮ ᠦᠵᠡᠭᠦᠯᠬᠦ ︵SFISF︶᠂ ᠰᠲ᠋ᠤᠺ ᠢᠶᠠᠨ ᠡᠭᠡᠭᠦᠯᠦᠨ ᠬᠤᠳᠠᠯᠳᠤᠨ ᠠᠪᠴᠤ ᠬᠤᠪᠢ ᠪᠠᠨ ᠨᠡᠮᠡᠵᠦ ᠡᠵᠡᠮᠰᠢᠬᠦ ᠳᠤ | ᠲᠠᠬᠢᠨ ᠵᠢᠭᠡᠯᠡᠯᠭᠡ ᠲᠠᠯᠪᠢᠬᠤ ᠵᠡᠷᠭᠡ ᠪᠠᠭᠠᠵᠢ ᠶᠢ ᠡᠭᠦᠳᠦᠨ ᠪᠠᠶᠢᠭᠤᠯᠵᠤ᠂ ᠵᠠᠬ᠎ᠠ ᠳᠡᠯᠭᠡᠭᠦᠷ ᠤᠨ ᠬᠥᠭᠵᠢᠶᠡᠨᠲᠤ ᠬᠡᠮᠵᠢᠶ᠎ᠡ ᠶᠢ | ᠳᠡᠭᠡᠭᠰᠢᠯᠡᠭᠦᠯᠪᠡ᠃ ᠨᠢᠭᠡ ᠯᠡ ᠤᠳᠠᠭ᠎ᠠ ᠳᠡᠭᠡᠷ᠎ᠡ ᠣᠷᠣᠨ ᠨᠤᠲᠤᠭ ᠤᠨ ᠲᠤᠰᠬᠠᠶ ᠵᠦᠢᠯ ᠤᠨ ᠥᠷᠢ ᠥᠭᠴᠡᠭᠡ ᠶᠢᠨ | ᠬᠢᠵᠠᠭᠠᠷ ᠲᠤᠭ᠎ᠠ ᠶᠢ 6 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠬᠦᠯᠤᠨ ᠬᠠᠳᠠᠭᠠᠯᠠᠯᠳᠠ ᠳᠠᠯᠳᠠ ᠥᠷᠢ ᠥᠭᠴᠡᠭᠡ ᠶᠢ | ᠰᠣᠯᠢᠪᠠ᠃ ᠣᠷᠣᠨ ᠨᠤᠲᠤᠭ ᠤᠨ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠬᠢᠵᠦ | ᠲᠦᠭᠰᠢᠬᠦᠷᠢ ᠶᠢ ᠠᠷᠢᠯᠭᠠᠬᠤ ᠶᠢ ᠯᠠᠪᠳᠠᠭᠤᠨ ᠳᠤᠬᠢᠳᠠᠢ ᠠᠬᠢᠭᠤᠯᠪᠠ᠃ | ᠬᠤᠶᠠᠷ ᠲᠤ ᠡᠷᠡᠰ ᠭᠤᠶᠢᠪᠢᠰᠢ ᠦᠭᠡᠢ ᠪᠠᠷ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠤᠨ ᠨᠡᠭᠡᠭᠡᠯᠲᠡ ᠶᠢ | ᠥᠷᠭᠡᠳᠭᠡᠵᠦ᠂ ᠬᠥᠭᠵᠢᠯᠲᠡ ᠶᠢᠨ ᠳᠣᠲᠣᠭᠠᠳᠤ ᠬᠥᠳᠡᠯᠭᠡᠭᠴᠢ ᠬᠦᠴᠦᠨ ᠢ ᠴᠢᠩᠭᠠᠳᠬᠠᠪᠠ᠃ ᠪᠦᠬᠦ ᠤᠯᠤᠰ ᠤᠨ | ᠨᠢᠭᠡᠳᠦᠯᠲᠡᠶ ᠵᠠᠬ᠎ᠠ ᠳᠡᠯᠭᠡᠭᠦᠷ ᠢ ᠬᠠᠷᠰᠢᠯᠠᠬᠤ ᠲᠤᠬᠳᠠᠭᠠᠯ ᠪᠤᠯᠤᠨ ᠬᠢᠳᠠᠯ ᠢ ᠴᠡᠪᠡᠷᠯᠡᠨ ᠲᠢᠭᠯᠡᠬᠦ ᠪᠠ ᠬᠥᠴᠤᠨ ᠦᠭᠡᠢ | ᠪᠤᠯᠭᠠᠵᠤ᠂ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠳᠦᠷᠢᠮ ᠢ ᠲᠣᠭᠲᠠᠭᠠᠨ ᠬᠡᠷᠡᠭᠵᠢᠭᠦᠯᠵᠦ᠂ ᠣᠷᠣᠨ | ᠨᠤᠲᠤᠭ ᠤᠨ ᠬᠤᠳᠠᠯᠳᠤᠭᠠᠴᠢᠨ ᠤᠷᠢᠵᠤ ᠪᠡᠯᠡ ᠲᠠᠲᠠᠬᠤ ᠶᠢ ᠵᠢᠷᠤᠮᠵᠢᠭᠤᠯᠬᠤ ᠠᠷᠭ᠎ᠠ ᠬᠡᠮᠵᠢᠶ᠎ᠡ ᠶᠢ ᠨᠡᠶᠢᠲᠡᠯᠡᠪᠡ᠃ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯ ᠤᠨ | ᠠᠵᠤ ᠠᠬᠤᠶ ᠶᠢᠨ ᠪᠠᠶᠢᠷᠢᠯᠠᠭᠤᠯᠤᠯᠳᠠ ᠶᠢ ᠦᠷᠭᠦᠯᠵᠢᠯᠡᠨ ᠰᠢᠯᠢᠳᠡᠭᠵᠢᠭᠦᠯᠪᠠ᠃ ᠠᠷᠠᠳ ᠠᠴᠠ ᠡᠵᠡᠩᠨᠡᠭᠰᠡᠨ ᠠᠵᠤ ᠠᠬᠤᠶ ᠶᠢ | ᠠᠬᠢᠭᠤᠯᠬᠤ ᠬᠠᠤᠯᠢ ᠶᠢᠨ ᠲᠥᠰᠦᠯ ᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠳᠤ ᠳᠡᠪᠰᠢᠭᠦᠯᠦᠨ ᠬᠢᠨᠠᠨ ᠶᠠᠷᠢᠯᠴᠠᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶ ᠶᠢᠨ | ᠬᠥᠭᠵᠢᠯᠲᠡ ᠶᠢᠨ ᠣᠷᠴᠢᠨ ᠨᠥᠬᠦᠴᠡᠯ ᠢ ᠰᠠᠶᠢᠵᠢᠷᠠᠭᠤᠯᠪᠠ᠃ ᠭᠠᠳᠠᠭᠠᠳᠤ ᠠᠷᠠᠯᠵᠢᠶᠠᠨ ᠤ ᠰᠢᠨ᠎ᠡ ᠨᠡᠮᠡᠭᠳᠡᠯ ᠤᠨ ᠴᠡᠭ ᠢ | ᠢᠳᠡᠪᠬᠢᠲᠡᠶ ᠥᠷᠭᠡᠳᠭᠡᠵᠦ᠂ ᠭᠠᠳᠠᠭᠠᠳᠤ ᠤᠷᠤᠭᠤᠯᠤᠯᠲᠠ ᠭᠠᠳᠠᠭᠠᠳᠤ ᠭᠠᠷᠭᠠᠯᠲᠠ ᠶᠢᠨ ᠪᠦᠲᠦᠴᠡ ᠶᠢ ᠲᠠᠰᠤᠷᠠᠯᠳᠠ ᠦᠭᠡᠢ | ᠰᠢᠯᠢᠳᠡᠭᠵᠢᠭᠦᠯᠦᠭᠰᠡᠨ ᠢᠶᠠᠷ᠂ ᠠᠵᠤ ᠠᠬᠤᠶ ᠶᠢᠨ ᠨᠡᠮᠡᠭᠳᠡᠯ ᠳᠤ ᠦᠵᠡᠭᠦᠯᠬᠦ ᠭᠠᠳᠠᠭᠠᠳᠤ ᠠᠷᠠᠯᠵᠢᠶᠠᠨ ᠤ ᠭᠠᠳᠠᠭᠠᠳᠤ | ᠭᠠᠷᠭᠠᠯᠲᠠ ᠶᠢᠨ ᠬᠤᠪᠢ ᠨᠡᠮᠡᠷᠢ ᠨᠡᠮᠡᠭᠳᠡᠪᠡ᠃ ᠬᠢᠯᠢ ᠠᠯᠤᠰᠯᠠᠭᠰᠠᠨ ᠦᠢᠯᠡᠴᠢᠯᠡᠭᠡᠨ ᠤ ᠠᠷᠠᠯᠵᠢᠶ᠎ᠠ ᠶᠢᠨ ᠨᠠᠵᠠᠭᠠᠶ ᠲᠠᠯ᠎ᠠ ᠶᠢᠨ | ᠲᠣᠳᠣᠷᠬᠠᠶ ᠬᠠᠭᠤᠳᠠᠰᠤ ᠶᠢ ᠪᠦᠬᠦ ᠲᠠᠯ᠎ᠠ ᠪᠠᠷ ᠬᠡᠷᠡᠭᠵᠢᠭᠦᠯᠪᠠ᠃ ᠥᠷᠲᠡᠭ ᠨᠡᠮᠡᠭᠳᠡᠯ ᠤᠨ ᠴᠠᠬᠢᠯᠭᠠᠨ ᠬᠤᠯᠪᠣᠭ᠎ᠠ᠂ ᠠᠮᠢᠳᠤ | ᠪᠣᠳᠠᠰ ᠤᠨ ᠮᠡᠷᠭᠡᠵᠢᠯ᠂ ᠲᠤᠰᠠᠭᠠᠷ ᠪᠡᠯᠡᠳᠦ ᠡᠮᠨᠡᠯᠭᠡ ᠶᠢᠨ ᠬᠤᠷᠢᠶ᠎ᠠ ᠶᠢᠨ ᠨᠡᠭᠡᠭᠡᠯᠳᠡ ᠬᠢᠬᠦ ᠲᠤᠷᠰᠢᠯᠳᠠ ᠶᠢ ᠥᠷᠨᠢᠭᠦᠯᠪᠠ᠃ | ᠭᠠᠭᠴᠠ ᠲᠠᠯ᠎ᠠ ᠠᠴᠠ ᠨᠡᠭᠡᠭᠡᠯᠲᠡ ᠬᠢᠬᠦ ᠡᠷᠴᠢᠮ ᠢᠶᠠᠨ ᠴᠢᠩᠭᠠᠷᠠᠭᠤᠯᠵᠤ᠂ ᠳᠤᠮᠳᠠᠳᠤ ᠤᠯᠤᠰ ᠯᠤᠭ᠎ᠠ ᠭᠠᠳᠠᠭᠠᠳᠤ | ᠬᠠᠷᠢᠯᠴᠠᠭ᠎ᠠ ᠪᠠᠶᠢᠭᠤᠯᠤᠭᠰᠠᠨ ᠭᠦᠭᠵᠢᠯᠲᠡ ᠪᠠᠷ ᠬᠠᠮᠤᠭ ᠤᠨ ᠳᠣᠷᠦᠶ ᠤᠯᠤᠰ ᠤᠳ ᠤᠨ ᠦᠢᠯᠡᠳᠬᠦᠨ ᠳᠤ ᠪᠦᠬᠦ ᠲᠠᠯ᠎ᠠ ᠪᠠᠷ | ᠪᠣᠭᠤᠮᠲᠠ ᠶᠢᠨ ᠭᠠᠶᠢᠯᠢ ᠥᠯᠥ ᠬᠤᠷᠢᠶᠠᠬᠤ ᠬᠠᠷᠠᠭᠠᠯᠵᠠᠯ ᠦᠵᠡᠭᠦᠯᠪᠠ᠃ ᠭᠠᠭᠴᠠ ᠲᠠᠯ᠎ᠠ ᠠᠴᠠ ᠸᠢᠰᠠ ᠦᠯᠤ ᠲᠠᠮᠠᠭᠠᠯᠠᠬᠤ | ᠤᠯᠤᠰ ᠤᠨ ᠬᠡᠪᠴᠢᠶ᠎ᠡ ᠶᠢ ᠥᠷᠭᠡᠳᠭᠡᠵᠦ᠂ ᠬᠢᠯᠢ ᠪᠠᠷ ᠥᠩᠭᠡᠷᠡᠬᠦ ᠳᠤ ᠸᠢᠰᠠ ᠦᠯᠤ ᠲᠠᠮᠠᠭᠠᠯᠠᠬᠤ ᠬᠢᠯᠢ ᠶᠢᠨ ᠳᠣᠲᠣᠷ᠎ᠠ | ᠰᠠᠭᠠᠲᠠᠬᠤ ᠴᠠᠭ ᠢ 240 ᠴᠠᠭ ᠪᠣᠯᠭᠠᠨ ᠤᠷᠲᠤᠳᠬᠠᠬᠰᠠᠨ ᠢᠶᠠᠷ᠂ ᠬᠢᠯᠢ ᠳᠤ ᠣᠷᠣᠬᠤ ᠵᠢᠭᠤᠯᠴᠢᠯᠠᠯ ᠦᠷᠭᠦᠯᠵᠢᠯᠡᠨ | ᠰᠠᠶᠢᠵᠢᠷᠠᠪᠠ᠃ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠠᠶᠢᠭᠤᠯᠬᠤ ᠠᠵᠢᠯ ᠢᠯᠡᠳᠲᠡ ᠦᠷ᠎ᠡ | ᠪᠦᠲᠦᠮᠵᠢ ᠣᠯᠵᠤ᠂ ᠨᠢᠭᠡ ᠪᠦᠯᠦᠭ ᠴᠢᠬᠤᠯᠠ ᠶᠡᠭᠡ ᠢᠨᠵᠧᠨᠧᠷᠢᠩ᠂ ᠠᠷᠠᠳ ᠤᠨ ᠠᠮᠢᠳᠤᠷᠠᠯ ᠤᠨ ᠲᠦᠰᠦᠯ ᠢ | ᠯᠠᠪᠳᠠᠭᠤᠨ ᠢᠶᠠᠷ ᠬᠡᠷᠡᠭᠵᠢᠭᠦᠯᠪᠡ᠃ | ᠭᠤᠷᠪᠠ ᠳᠤ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠶᠢ ᠶᠡᠭᠡ ᠪᠠᠷ ᠠᠬᠢᠭᠤᠯᠵᠤ᠂ ᠠᠵᠤ | ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠠᠬᠢᠭᠤᠯᠪᠠ᠃ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠤᠯᠤᠰ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠴᠢᠬᠤᠯᠠ ᠶᠡᠭᠡ ᠲᠤᠰᠬᠠᠶ ᠲᠦᠰᠦᠯ ᠢ ᠪᠦᠬᠦ ᠲᠠᠯ᠎ᠠ ᠪᠠᠷ ᠡᠬᠢᠯᠡᠭᠦᠯᠦᠨ ᠬᠡᠷᠡᠭᠵᠢᠭᠦᠯᠵᠦ᠂ ᠴᠢᠬᠤᠯᠠ | ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠲᠦᠷᠭᠡᠯᠡᠨ | ᠲᠡᠭᠦᠯᠳᠡᠷᠵᠢᠭᠦᠯᠵᠦ᠂ ᠰᠢᠨ᠎ᠡ ᠶᠢ ᠡᠭᠦᠳᠬᠦ ᠣᠷᠦ᠋ᠢᠯᠠᠭᠰᠠᠨ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠪᠠ᠃ ᠠᠵᠤ | ᠦᠢᠯᠡᠳᠪᠦᠷᠢ ᠶᠢᠨ ᠠᠵᠤ ᠠᠬᠤᠶ ᠶᠢᠨ ᠠᠵᠢᠯᠯᠠᠭᠠᠨ ᠢ ᠲᠣᠭᠲᠠᠪᠤᠷᠢᠵᠢᠭᠤᠯᠵᠤ᠂ ᠦᠢᠯᠡᠳᠬᠦ ᠦᠢᠯᠡᠰ ᠤᠨ ᠮᠡᠷᠭᠡᠵᠢᠯ ᠤᠨ | ᠥᠭᠡᠷᠡᠴᠢᠯᠡᠯᠲᠡ ᠬᠢᠵᠦ ᠲᠡᠰ ᠳᠡᠪᠰᠢᠬᠦᠯᠬᠦ ᠶᠢ ᠠᠬᠢᠭᠤᠯᠵᠤ᠂ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠶᠢ 9. | 2% ᠢᠶᠠᠷ ᠨᠡᠮᠡᠭᠳᠡᠭᠦᠯᠪᠡ᠃ ᠨᠢᠭᠡ ᠪᠦᠯᠦᠭ ᠤᠯᠤᠰ ᠤᠨ ᠲᠡᠰ ᠤᠨ ᠲᠡᠷᠢᠭᠦᠨ ᠤ ᠦᠢᠯᠡᠳᠬᠦ ᠦᠢᠯᠡᠰ ᠤᠨ ᠪᠦᠬᠡᠬᠡᠨᠡᠷᠡᠯ ᠢ | ᠰᠢᠨ᠎ᠡ ᠪᠠᠷ ᠪᠤᠶᠢᠵᠢᠭᠤᠯᠵᠤ᠂ ᠬᠤᠳᠠᠯᠳᠤᠭᠠᠨ ᠤ ᠰᠠᠨᠰᠠᠷ ᠤᠨ ᠠᠶᠠᠯᠠᠯ᠂ ᠳᠣᠬᠢᠭᠤᠷ ᠲᠤᠯᠤᠭᠠᠨ ᠤᠳᠤ ᠶᠢᠨ ᠰᠢᠰᠲ᠋ᠧᠮ ᠤᠨ | ᠬᠡᠷᠡᠭᠯᠡᠭᠡ᠂ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠯᠲᠠ ᠵᠡᠷᠭᠡ ᠰᠢᠨ᠎ᠡ ᠪᠠᠷ ᠬᠥᠭᠵᠢᠭᠰᠡᠨ ᠠᠵᠤ ᠦᠢᠯᠡᠰ ᠦᠳᠲᠡᠷ | ᠲᠦᠷᠭᠡᠨ ᠬᠥᠭᠵᠢᠪᠡ᠃ ᠣᠷᠴᠢᠨ ᠠᠬᠤᠶ ᠶᠢᠨ ᠬᠠᠮᠠᠭᠠᠯᠠᠯᠲᠠ᠂ ᠠᠮᠤᠷ ᠲᠦᠪᠰᠢᠨ ᠵᠡᠷᠭᠡ ᠠᠯᠪᠠᠳᠠᠯᠭ᠎ᠠ ᠶᠢᠨ ᠴᠢᠨᠠᠷᠲᠠᠶ | ᠤᠯᠤᠰ ᠤᠨ ᠪᠠᠷᠢᠮᠵᠢᠶ᠎ᠠ ᠶᠢ ᠲᠣᠭᠲᠠᠭᠠᠬᠰᠠᠨ ᠪᠠ ᠵᠠᠰᠠᠨ ᠲᠤᠭᠳᠠᠭᠠᠪᠠ᠃ ᠳ᠋ᠢᠵᠢᠲ᠋ᠠᠯ ᠳᠤᠮᠳᠠᠳᠤ ᠤᠯᠤᠰ ᠤᠨ ᠪᠦᠳᠦᠭᠡᠨ | ᠪᠠᠶᠢᠭᠤᠯᠤᠯᠲᠠ ᠶᠢ ᠲᠦᠷᠭᠡᠳᠭᠡᠵᠦ᠂ ᠳ᠋ᠢᠵᠢᠲ᠋ᠠᠯ ᠠᠵᠤ ᠠᠬᠤᠶ ᠶᠢᠨ ᠭᠤᠤᠯᠯᠠᠬᠤ ᠠᠵᠤ ᠦᠢᠯᠡᠰ ᠤᠨ ᠨᠡᠮᠡᠭᠳᠡᠯ ᠦᠷᠳᠡᠭ ᠤᠨ | ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠬᠦ ᠦᠷᠳᠡᠭ ᠲᠤ ᠡᠵᠡᠯᠡᠬᠦ ᠬᠤᠪᠢ ᠶᠢᠨ ᠵᠢᠩ 10% ᠣᠷᠴᠢᠮ ᠳᠤ | ᠬᠦᠷᠪᠠ᠃ | ᠲᠦᠷᠪᠡ ᠳᠤ ᠬᠤᠳᠠ ᠬᠥᠳᠡᠭᠡ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠨᠢᠭᠡᠳᠦᠯᠲᠡᠶ ᠲᠥᠯᠥᠪᠯᠡᠵᠦ᠂ | ᠠᠵᠤ ᠠᠬᠤᠶ ᠶᠢᠨ ᠪᠠᠶᠢᠷᠢᠯᠠᠭᠤᠯᠤᠯᠳᠠ ᠶᠢ ᠰᠢᠯᠢᠳᠡᠭᠵᠢᠭᠦᠯᠪᠠ᠃ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ | ᠪᠠᠶᠢᠯᠳᠤᠬᠤ ᠪᠤᠳᠤᠯᠭ᠎ᠠ ᠶᠢᠨ ᠲᠠᠪᠤᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠨᠡᠶᠢᠲᠡᠯᠡᠨ ᠬᠡᠷᠡᠭᠵᠢᠭᠦᠯᠵᠦ᠂ ᠬᠤᠲᠠ ᠶᠢᠨ | ᠰᠢᠨᠡᠴᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ | ᠪᠠᠯᠭᠠᠰᠤᠵᠢᠯᠲᠠ ᠶᠢᠨ ᠨᠤᠷᠮ᠎ᠠ ᠶᠢ 67% ᠪᠣᠯᠲᠠᠯ᠎ᠠ ᠳᠡᠭᠡᠭᠰᠢᠯᠡᠭᠦᠯᠪᠠ᠃ ᠲᠠᠷᠢᠶᠠᠯᠠᠩ ᠤᠨ ᠰᠠᠭᠤᠷᠢ ᠶᠢ ᠴᠥᠬᠦᠷᠡᠰᠢ ᠦᠭᠡᠢ | ᠪᠠᠲᠤᠵᠢᠭᠤᠯᠵᠤ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠ ᠶᠡᠷᠦᠩᠬᠡᠶᠢᠯᠡᠭᠰᠡᠨ ᠦᠢᠯᠡᠳᠪᠦᠷᠢᠯᠡᠯ ᠤᠨ | ᠴᠢᠳᠠᠪᠤᠷᠢ ᠶᠢ ᠯᠠᠪᠳᠠᠭᠤᠨ ᠢᠶᠠᠷ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ | ᠠᠵᠢᠯ ᠰᠢᠨ᠎ᠡ ᠦᠷ᠎ᠡ ᠪᠦᠲᠦᠮᠵᠢ ᠤᠯᠪᠠ᠃ ᠣᠷᠣᠨ ᠪᠦᠰᠡ ᠶᠢᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠨᠤᠭᠤᠳ ᠢ | ᠨᠡᠶᠢᠲᠡᠯᠡᠨ᠂ ᠣᠷᠣᠨ ᠪᠦᠰᠡ ᠶᠢᠨ ᠴᠢᠬᠤᠯᠠ ᠶᠡᠭᠡ ᠲᠦᠰᠦᠯ ᠤᠳ ᠢ ᠬᠡᠷᠡᠭᠵᠢᠭᠦᠯᠵᠦ᠂ ᠪᠡᠶᠡᠴᠢ ᠴᠣᠭᠴᠠ ᠶᠢᠨ ᠴᠢᠳᠠᠮᠵᠢᠳᠤ | ᠣᠷᠣᠨ ᠤ ᠲᠦᠷᠢᠮ ᠲᠥᠷᠦ ᠶᠢᠨ ᠪᠣᠳᠣᠯᠭ᠎ᠠ ᠶᠢ ᠪᠥᠷᠢᠨᠰᠢᠭᠦᠯᠵᠦ᠂ ᠣᠷᠣᠨ ᠪᠦᠰᠡ ᠶᠢ ᠠᠭᠤᠰᠤᠯᠴᠠᠭᠤᠯᠤᠨ ᠬᠥᠭᠵᠢᠬᠦᠯᠬᠦ | ᠠᠵᠢᠯ ᠰᠢᠨ᠎ᠡ ᠠᠬᠢᠯᠲᠠ ᠲᠠᠢ ᠪᠣᠯᠪᠠ᠃ | ᠲᠠᠪᠤ ᠳᠤ ᠨᠡᠶᠢᠭᠡᠮ ᠤᠨ ᠦᠢᠯᠡᠰ ᠢ ᠢᠳᠡᠪᠬᠢᠲᠡᠶ ᠬᠥᠭᠵᠢᠭᠦᠯᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ | ᠨᠡᠮᠡᠭᠳᠡᠭᠦᠯᠪᠡ᠃ ᠴᠢᠨᠠᠷ ᠰᠠᠶᠢᠲᠠᠶ ᠪᠦᠭᠡᠳ ᠭᠦᠢᠴᠡᠳ ᠠᠵᠢᠯ ᠣᠯᠭᠤᠯᠲᠠ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠨᠡᠶᠢᠲᠡᠯᠡᠵᠦ᠂ ᠠᠵᠤ ᠠᠬᠤᠶᠢᠯᠠᠯ ᠤᠨ ᠠᠵᠢᠯ ᠣᠯᠭᠤᠬᠤ ᠶᠢ ᠳᠡᠮᠵᠢᠬᠦ ᠪᠠᠨ ᠴᠢᠩᠭᠠᠳᠬᠠᠵᠤ᠂ ᠶᠡᠭᠡ ᠳᠡᠭᠡᠳᠦ | ᠰᠤᠷᠭᠠᠭᠤᠯᠢ ᠲᠡᠭᠦᠰᠦᠭᠰᠡᠨ ᠰᠤᠷᠤᠭᠴᠢ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ᠂ ᠬᠥᠯᠥᠰᠥᠨ ᠠᠵᠢᠯᠴᠢᠨ ᠵᠡᠷᠭᠡ | ᠭᠤᠤᠯᠳᠠᠯᠭ᠎ᠠ ᠲᠠᠢ ᠬᠠᠮᠲᠤᠯᠢᠭ ᠤᠨ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠪᠠᠲᠤᠯᠠᠪᠠ᠃ ᠰᠤᠷᠭᠠᠨ | ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠪᠠ᠃ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠱᠠᠲᠤᠨ ᠳᠠᠬᠢ ᠭᠡᠷ ᠪᠦᠯᠢ ᠶᠢᠨ ᠠᠮᠢᠳᠤᠷᠠᠯ ᠨᠢ ᠬᠦᠴᠢᠷᠳᠡᠯ ᠲᠠᠢ ᠰᠤᠷᠤᠭᠴᠢᠳ ᠤᠨ ᠠᠮᠢᠳᠤᠷᠠᠯ ᠤᠨ | ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠪᠠ᠃ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠪᠠ ᠰᠤᠷᠤᠯᠭ᠎ᠠ ᠶᠢᠨ | ᠲᠡᠳᠬᠦᠮᠵᠢ ᠶᠢᠨ ᠮᠥᠩᠭᠦ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠬᠡᠪᠴᠢᠶ᠎ᠡ ᠶᠢ ᠨᠢ ᠥᠷᠭᠡᠳᠭᠡᠵᠦ᠂ ᠰᠤᠷᠤᠯᠭ᠎ᠠ ᠶᠢᠨ | ᠲᠡᠳᠬᠦᠮᠵᠢ ᠶᠢᠨ ᠵᠢᠭᠡᠯᠡᠯᠭᠡ ᠶᠢᠨ ᠮᠥᠩᠭᠦ ᠶᠢ ᠥᠰᠭᠡᠵᠦ ᠬᠦᠦ ᠮᠥᠩᠭᠦ ᠶᠢ ᠨᠢ ᠪᠠᠭᠤᠷᠠᠭᠤᠯᠤᠨ᠂ ᠰᠤᠷᠤᠭᠴᠢᠳ ᠲᠤ 3400 | ᠭᠠᠷᠤᠶ ᠲᠦᠮᠡᠡ ᠬᠦᠮᠦᠨ ᠤᠳᠠᠭ᠎ᠠ ᠠᠰᠢᠭ ᠬᠦᠷᠲᠡᠭᠡᠪᠡ᠃ ︽ᠬᠤᠶᠠᠷ ᠢ ᠬᠥᠡᠭᠭᠡᠷᠡᠭᠦᠯᠭᠦ︾ ᠦᠷ᠎ᠡ ᠪᠦᠲᠦᠭᠡᠯ ᠢ | ᠪᠠᠬᠢᠵᠢᠭᠦᠯᠵᠦ᠂ ᠰᠠᠭᠤᠷᠢ ᠰᠤᠷᠭᠠᠨ ᠬᠥᠮᠦᠵᠢᠯ ᠤᠨ ᠠᠮᠢ ᠠᠬᠤᠢ ᠶᠢ ᠦᠷᠭᠦᠯᠵᠢᠯᠡᠨ ᠰᠢᠯᠢᠳᠡᠭᠵᠢᠭᠦᠯᠪᠠ᠃ ᠡᠮᠴᠢᠯᠡᠭᠡᠨ ᠤ | ᠪᠠᠶᠢᠭᠤᠯᠤᠮᠵᠢ ᠶᠢᠨ ᠪᠠᠶᠢᠴᠠᠭᠠᠭᠰᠠᠨ ᠪᠠ ᠰᠢᠯᠭᠠᠨ ᠪᠠᠶᠢᠴᠠᠭᠠᠭᠰᠠᠨ ᠦᠷ᠎ᠡ ᠳ᠋ᠦᠩ ᠢ ᠬᠠᠷᠢᠯᠴᠠᠨ ᠮᠡᠳᠡᠷᠡᠬᠦ ᠶᠢ ᠠᠬᠢᠭᠤᠯᠵᠤ᠂ | ᠦᠨᠳᠦᠰᠦᠨ ᠱᠠᠲᠤᠨ ᠤ ᠤᠵᠢᠭ ᠡᠪᠡᠳᠴᠢᠨ᠂ ᠪᠠᠶᠢᠩᠭᠤ ᠲᠣᠬᠢᠶᠠᠯᠳᠤᠳᠠᠭ ᠡᠪᠡᠳᠴᠢᠨ ᠳᠤ ᠬᠡᠷᠡᠭᠯᠡᠬᠦ ᠡᠮ ᠤᠨ ᠲᠥᠷᠥᠯ | ᠵᠦᠢᠯ ᠢ ᠥᠷᠭᠡᠳᠭᠡᠪᠠ᠃ ᠭᠤᠤᠯᠳᠠᠯᠭ᠎ᠠ ᠲᠠᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠯᠠᠪᠳᠠᠭᠤᠨ | ᠪᠠᠲᠤᠲᠠᠶ ᠰᠠᠶᠢᠲᠤᠷ ᠬᠢᠪᠡ᠃ ᠠᠵᠢᠯᠲᠠᠨ ᠠᠵᠢᠯᠴᠢᠨ ᠤ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ | ᠡᠷᠦᠬᠡ ᠶᠢᠨ ᠬᠠᠷᠢᠯᠴᠠᠨ ᠲᠤᠰᠠᠯᠠᠯᠴᠠᠬᠤ ᠬᠡᠪᠴᠢᠶ᠎ᠡ ᠶᠢ ᠥᠷᠭᠡᠳᠭᠡᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠪᠠ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠦᠨᠳᠦᠰᠦᠨ | ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠳᠡᠭᠡᠭᠰᠢᠯᠡᠭᠦᠯᠪᠡ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠤᠭᠤᠷᠤᠯᠴᠤᠳ ᠤᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ | ᠲᠦᠷᠦ ᠶᠢᠨ ᠪᠤᠳᠤᠯᠭ᠎ᠠ ᠶᠢ ᠲᠣᠭᠲᠠᠭᠠᠪᠠ᠃ ᠵᠡᠮᠳᠡᠭᠴᠦᠳ ᠤᠨ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠪᠠ᠃ | ᠠᠰᠠᠷᠠᠨ ᠬᠠᠷᠠᠭᠠᠯᠵᠠᠬᠤ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠪᠠ᠃ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠪᠠᠷᠢᠮᠵᠢᠶ᠎ᠠ ᠶᠢ ᠲᠣᠭᠲᠠᠭᠠᠬᠤ ᠪᠠ ᠲᠣᠬᠢᠷᠠᠭᠤᠯᠬᠤ ᠲᠣᠭᠲᠠᠴᠠ ᠶᠢ ᠪᠦᠷᠢᠨᠰᠢᠬᠦᠯᠵᠤ᠂ ᠠᠪᠤᠷᠠᠨ ᠲᠤᠰᠠᠯᠠᠬᠤ ᠡᠲᠡᠭᠡᠳ ᠤᠨ | ᠬᠦᠷᠢᠶ᠎ᠡ ᠬᠡᠪᠴᠢᠶ᠎ᠡ ᠶᠢ ᠥᠷᠭᠡᠳᠭᠡᠪᠠ᠃ ᠬᠦᠴᠢᠷᠳᠡᠯ ᠲᠠᠢ ᠤᠯᠠᠨ ᠲᠦᠮᠡᠨ ᠳᠤ ᠨᠢᠭᠡ ᠤᠳᠠᠭ᠎ᠠ ᠶᠢᠨ ᠴᠢᠨᠠᠷᠲᠠᠶ | ᠠᠮᠢᠳᠤᠷᠠᠯ ᠤᠨ ᠨᠥᠬᠦᠪᠥᠷᠢ ᠣᠯᠭᠤᠵᠤ᠂ 1100 ᠭᠠᠷᠤᠶ ᠲᠦᠮᠡᠨ ᠬᠥᠮᠦᠨ ᠳᠤ ᠠᠰᠢᠭ ᠬᠦᠷᠲᠡᠭᠡᠪᠡ᠃ ᠪᠦᠬᠦ ᠤᠯᠤᠰ ᠤᠨ | ᠴᠠᠭᠠᠨ ᠰᠠᠷ᠎ᠠ ᠵᠢᠴᠢ ᠳᠤᠷᠠᠰᠬᠠᠯ ᠤᠨ ᠡᠳᠦᠷ ᠤᠨ ᠴᠢᠯᠥᠭᠡ ᠲᠠᠯᠪᠢᠬᠤ ᠠᠷᠭ᠎ᠠ ᠶᠢ ᠲᠡᠭᠦᠯᠳᠡᠷᠵᠢᠬᠦᠯᠪᠡ᠃ ᠰᠣᠶᠣᠯ ᠤᠨ | ᠦᠢᠯᠡᠰ ᠪᠠ ᠰᠣᠶᠣᠯ ᠤᠨ ᠠᠵᠤ ᠦᠢᠯᠡᠰ ᠢ ᠴᠡᠴᠡᠭᠯᠡᠭᠦᠯᠦᠨ ᠬᠥᠭᠵᠢᠭᠦᠯᠵᠦ᠂ ᠰᠣᠶᠣᠯ ᠪᠠ ᠵᠢᠭᠤᠯᠴᠢᠯᠠᠯ ᠤᠨ ᠵᠠᠬ᠎ᠠ | ᠳᠡᠯᠭᠡᠭᠦᠷ ᠢ ᠦᠷᠭᠦᠯᠵᠢᠯᠡᠨ ᠬᠥᠭᠵᠢᠶᠡᠨᠲᠡᠶ ᠪᠣᠯᠭᠠᠪᠠ᠃ ᠵᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ | ᠤᠯᠠᠷᠢᠯ ᠤᠨ ᠪᠡᠶ᠎ᠠ ᠶᠢᠨ ᠲᠠᠮᠢᠷ ᠤᠨ ᠴᠤᠭᠯᠠᠭᠠᠨ ᠢ ᠯᠠᠪᠳᠠᠭᠤᠨ ᠪᠠᠲᠤᠲᠠᠢ ᠪᠡᠯᠡᠳᠭᠡᠵᠦ᠂ ᠠᠷᠪᠠᠨ ᠬᠤᠶᠠᠳᠤᠭᠠᠷ | ᠬᠤᠭᠤᠴᠠᠭᠠᠨ ᠤ ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ | ᠴᠤᠭᠯᠠᠭᠠᠨ ᠢ ᠠᠮᠵᠢᠯᠲᠠ ᠲᠠᠢ ᠡᠷᠬᠢᠯᠡᠵᠤ᠂ ᠮᠠᠨ ᠤ ᠤᠯᠤᠰ ᠤᠨ ᠲᠠᠮᠢᠷᠴᠢᠳ ᠫᠠᠷᠢᠰ ᠤᠨ ᠣᠯᠢᠮᠫᠢᠺ ᠤᠨ ᠪᠡᠶ᠎ᠡ ᠶᠢᠨ | ᠲᠠᠮᠢᠷ ᠤᠨ ᠴᠤᠭᠯᠠᠭᠠᠨ ᠳᠤ ᠬᠢᠯᠢ ᠶᠢᠨ ᠭᠠᠳᠠᠨᠠᠬᠢ ᠤᠷᠤᠯᠳᠤᠭᠠᠨ ᠳᠤ ᠣᠷᠣᠯᠴᠠᠭᠰᠠᠨ ᠬᠠᠮᠤᠭ ᠤᠨ ᠰᠠᠶᠢᠨ ᠬᠢᠷᠢ | ᠪᠦᠲᠦᠮᠵᠢ ᠶᠢ ᠤᠯᠪᠠ᠃ | ᠵᠢᠷᠭᠤᠭ᠎ᠠ ᠳᠤ ᠠᠮᠢ ᠠᠬᠤᠢ ᠶᠢᠨ ᠣᠷᠴᠢᠨ ᠨᠦᠬᠦᠴᠡᠯ ᠤᠨ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠤ᠂ | ᠨᠤᠭᠤᠭᠠᠨ ᠪᠦᠬᠡᠳ ᠨᠡᠭᠦᠷᠡᠰᠦᠲᠥ᠋ᠷᠥᠭᠴᠢ ᠪᠠᠭᠠᠳᠠᠢ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠪᠡ᠃ ᠠᠮᠢ ᠠᠬᠤᠢ ᠶᠢᠨ | ᠣᠷᠴᠢᠨ ᠨᠦᠬᠦᠴᠡᠯ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠭᠤᠣᠯ ᠪᠣᠯᠬᠤ ᠪᠣᠬᠢᠷᠳᠤᠭᠤᠯᠬᠤ ᠪᠣᠳᠠᠰ | ᠭᠠᠳᠠᠭᠰᠢᠯᠠᠭᠤᠯᠬᠤ ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠪᠡ᠃ ᠴᠢᠬᠤᠯᠠ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ | ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠭᠦᠨᠵᠡᠭᠡᠶᠢᠷᠡᠬᠦᠯᠦᠨ ᠬᠡᠷᠡᠭᠵᠢᠭᠦᠯᠵᠦ᠂ ᠴᠦᠯᠵᠢᠭᠰᠡᠨ᠂ | ᠡᠯᠡᠰᠦᠵᠢᠭᠰᠡᠨ ᠭᠠᠵᠠᠷ ᠰᠢᠷᠣᠶ ᠶᠢᠨ ᠲᠠᠯᠠᠪᠠᠢ ᠦᠷᠭᠦᠯᠵᠢᠯᠡᠨ ︽ᠬᠤᠶᠠᠷ ᠪᠠᠭᠠᠰᠬᠠᠯᠲᠠ︾ ᠶᠢ ᠪᠡᠶᠡᠯᠡᠭᠦᠯᠪᠡ᠃ ᠠᠮᠢᠳᠣ | ᠪᠣᠳᠠᠰ ᠤᠨ ᠣᠯᠠᠨ ᠶᠠᠩᠵᠣᠳᠣ ᠴᠢᠨᠠᠷ ᠢ ᠬᠠᠮᠠᠭᠠᠯᠠᠬᠤ ᠠᠵᠢᠯ ᠢᠳᠡᠪᠬᠢᠳᠡᠢ ᠦᠷ᠎ᠡ ᠪᠦᠳᠦᠮᠵᠢ ᠣᠯᠵᠣ᠂ ᠶᠡᠭᠡ ᠬᠡᠮᠵᠢᠶᠡᠨ ᠤ | ᠬᠤᠪᠣᠷ ᠴᠣᠬᠠᠭ ᠣᠰᠠᠳᠬᠤ ᠠᠶᠣᠯ ᠲᠠᠢ ᠪᠠᠶᠢᠭ᠎ᠠ ᠬᠡᠭᠡᠷ᠎ᠡ ᠶᠢᠨ ᠠᠮᠢᠳᠠᠨ ᠣᠷᠭᠤᠮᠠᠯ ᠤᠨ ᠳᠦᠷᠰᠦ ᠰᠦᠷᠦᠭ | ᠳᠣᠭᠳᠠᠭᠤᠨ ᠢᠶᠠᠷ ᠨᠡᠮᠡᠭᠳᠡᠪᠡ᠃ ᠭᠤᠤᠯᠳᠠᠯᠭ᠎ᠠ ᠲᠠᠢ ᠠᠵᠢᠯ ᠲᠥᠷᠥᠯ ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠳᠠ ᠶᠢ ᠪᠠᠭᠤᠷᠠᠭᠤᠯᠬᠤ ᠥᠭᠡᠷᠡᠴᠢᠯᠡᠯᠲᠡ ᠶᠢ ᠠᠬᠢᠭᠤᠯᠵᠤ᠂ ᠰᠢᠨ᠎ᠡ ᠡᠨᠧᠷᠭᠢ ᠶᠢᠨ ᠰᠤᠷᠪᠤᠯᠵᠢ ᠶᠢ ᠨᠡᠭᠡᠭᠡᠨ | ᠠᠰᠢᠭᠯᠠᠬᠤ ᠶᠢ ᠠᠬᠢᠭᠤᠯᠵᠤ᠂ ᠴᠢᠯᠠᠭᠤᠵᠢᠮᠠᠯ ᠪᠤᠰᠤ ᠡᠨᠧᠷᠭᠢ ᠶᠢᠨ ᠰᠤᠷᠪᠤᠯᠵᠢ ᠶᠢᠨ ᠴᠠᠬᠢᠯᠭᠠᠨ ᠭᠠᠷᠭᠠᠬᠤ ᠬᠡᠮᠵᠢᠶ᠎ᠡ ᠶᠢᠨ | ᠶᠡᠷᠦᠩᠬᠡᠶ ᠴᠠᠬᠢᠯᠭᠠᠨ ᠭᠠᠷᠭᠠᠬᠤ ᠬᠡᠮᠵᠢᠶᠡᠨ ᠳᠤ ᠡᠵᠡᠯᠡᠬᠦ ᠬᠤᠪᠢ ᠶᠢᠨ ᠵᠢᠩ ᠢ 40% ᠳᠤ ᠤᠢᠢᠷᠠᠳᠤᠭᠤᠯᠪᠠ᠃ ᠪᠦᠬᠦ | ᠤᠯᠤᠰ ᠤᠨ ᠬᠦᠯᠡᠮᠵᠢ ᠶᠢᠨ ᠬᠡᠢ ᠪᠡᠶᠡᠲᠦ ᠭᠠᠳᠠᠭᠰᠢᠯᠠᠭᠤᠯᠬᠤ ᠬᠡᠮᠵᠢᠶ᠎ᠡ ᠶᠢ ᠰᠠᠶᠢᠨ ᠳᠤᠷ᠎ᠠ ᠠᠴᠠ ᠪᠠᠨ ᠪᠠᠭᠠᠰᠬᠠᠬᠤ | ᠠᠷᠠᠯᠵᠢᠶᠠᠨ ᠤ ᠵᠠᠬ᠎ᠠ ᠳᠡᠯᠭᠡᠭᠦᠷ ᠢ ᠡᠬᠢᠯᠡᠭᠦᠯᠪᠡ᠃ ᠪᠦᠬᠦ ᠤᠯᠤᠰ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ | ᠠᠷᠠᠯᠵᠢᠶ᠎ᠠ ᠨᠡᠩ ᠬᠥᠭᠵᠢᠶᠡᠨᠲᠡᠶ ᠪᠣᠯᠪᠠ᠃ | ᠲᠤᠯᠤᠭ᠎ᠠ ᠳᠤ ᠵᠠᠰᠠᠭ ᠤᠨ ᠣᠷᠳᠣᠨ ᠤ ᠪᠠᠶᠢᠭᠤᠯᠤᠯᠲᠠ ᠪᠠ ᠵᠠᠰᠠᠯᠲᠠ ᠶᠢᠨ ᠰᠢᠨ᠎ᠡ ᠶᠢ ᠡᠭᠦᠳᠬᠦ ᠶᠢ ᠴᠢᠩᠭᠠᠳᠬᠠᠵᠤ᠂ | ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠪᠠᠲᠤᠯᠠᠪᠠ᠃ ᠨᠠᠮ ᠤᠨ ᠲᠥᠪ ᠬᠤᠷᠢᠶ᠎ᠠ ᠶᠢᠨ ᠨᠠᠮ ᠢ ᠪᠦᠬᠦ | ᠲᠠᠯ᠎ᠠ ᠪᠠᠷ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ | ᠲᠥᠪ ᠬᠤᠷᠢᠶ᠎ᠠ ᠶᠢᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠬᠡᠯᠪᠡᠷᠢ ᠶᠢᠨ ᠦᠵᠡᠯ᠂ ᠨᠣᠶᠠᠨᠴᠢ | ᠰᠣᠷᠳᠠᠯ ᠢ ᠶᠡᠭᠡ ᠪᠠᠷ ᠴᠡᠭᠴᠡᠯᠡᠨ ᠵᠠᠰᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠤᠯᠠᠨ | ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠢ ᠭᠦᠨᠵᠡᠭᠡᠶ ᠵᠠᠰᠠᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ | ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠢᠷᠠᠯ ᠢ ᠡᠰᠡᠷᠭᠦᠴᠡᠬᠦ ᠲᠡᠮᠡᠴᠡᠯ ᠢ ᠦᠷᠭᠦᠯᠵᠢᠯᠡᠨ ᠴᠢᠩᠭᠠᠳᠬᠠᠪᠠ᠃ ᠬᠠᠤᠯᠢ | ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠶᠢᠷᠡᠬᠦᠯᠦᠨ ᠠᠬᠢᠭᠤᠯᠪᠡ᠃ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ 19 ᠬᠤᠪᠢ ᠬᠠᠤᠯᠢ ᠴᠠᠭᠠᠵᠠ ᠶᠢᠨ ᠰᠠᠨᠠᠯ | ᠵᠥᠪᠯᠡᠯᠭᠡ ᠶᠢ ᠬᠢᠨᠠᠨ ᠶᠠᠷᠢᠯᠴᠠᠭᠤᠯᠬᠤ ᠪᠠᠷ ᠳᠡᠪᠰᠢᠭᠦᠯᠵᠦ᠂ 28 ᠬᠤᠪᠢ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ | ᠲᠣᠭᠲᠠᠭᠠᠭᠰᠠᠨ ᠪᠤᠶᠤ ᠵᠠᠰᠠᠨ ᠲᠤᠭᠲᠠᠭᠠᠪᠠ᠃ ᠤᠬᠠᠮᠰᠠᠷ ᠠᠴᠠ ᠪᠠᠨ ᠬᠠᠤᠯᠢ ᠶᠣᠰᠣᠭᠠᠷ ᠬᠢᠨᠠᠯᠲᠠ ᠶᠢ ᠬᠦᠯᠢᠶᠡᠪᠡ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠬᠢᠨᠠᠮᠠᠭᠠᠶ ᠰᠢᠢᠳᠪᠦᠷᠢᠯᠡᠪᠡ᠃ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠤ | ᠪᠠᠶᠢᠴᠠᠭᠠᠯᠲᠠ ᠶᠢ ᠵᠢᠷᠤᠮᠵᠢᠭᠤᠯᠪᠠ᠃ ︽ᠥᠨᠳᠥᠷ ᠪᠦᠲᠦᠮᠵᠢᠲᠡᠶ ᠪᠠᠷ ᠨᠢᠭᠡ ᠤᠴᠢᠷ ᠶᠠᠪᠤᠳᠠᠯ ᠢ ᠪᠦᠲᠦᠭᠡᠬᠦ︾ ᠬᠤᠶᠠᠷ | ᠪᠦᠯᠦᠭ ᠭᠤᠤᠯᠳᠠᠯᠭ᠎ᠠ ᠲᠠᠢ ᠵᠦᠢᠯᠡᠰ ᠤᠨ ᠲᠣᠲᠣᠷᠬᠠᠢ ᠬᠠᠭᠤᠳᠠᠰᠤ ᠶᠢ ᠨᠡᠶᠢᠲᠡᠯᠡᠵᠦ᠂ ᠰᠦᠯᠵᠢᠶᠡᠨ ᠳᠡᠭᠡᠷᠡᠬᠢ ᠪᠠ | ᠰᠦᠯᠵᠢᠶᠡᠨ ᠭᠠᠳᠠᠨᠠᠬᠢ ᠦᠢᠯᠡᠴᠢᠯᠡᠭᠡᠨ ᠤ ᠴᠢᠳᠠᠪᠤᠷᠢ ᠶᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠶᠢ ᠠᠬᠢᠭᠤᠯᠪᠠ᠃ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠡᠷᠦᠩᠬᠡᠶᠢᠯᠡᠭᠰᠡᠨ ᠰᠢᠪᠠᠳᠠᠨ ᠪᠠᠶᠢᠴᠠᠭᠠᠯᠲᠠ ᠶᠢ ᠥᠷᠨᠢᠭᠦᠯᠪᠡ᠃ ᠨᠡᠶᠢᠭᠡᠮ ᠤᠨ | ᠵᠠᠰᠠᠯᠲᠠ ᠶᠢᠨ ᠲᠠᠯ᠎ᠠ ᠪᠠᠷ ᠰᠢᠨ᠎ᠡ ᠶᠢ ᠡᠭᠦᠳᠴᠦ ᠲᠡᠭᠦᠯᠳᠡᠷᠵᠢᠭᠦᠯᠪᠡ᠃ ᠵᠥᠷᠢᠴᠡᠯ ᠵᠠᠭᠤᠷᠠᠯᠳᠤᠭᠠᠨ ᠢ ᠰᠠᠮᠨᠠᠨ ᠪᠠᠶᠢᠴᠠᠭᠠᠵᠤ | ᠰᠢᠢᠳᠪᠦᠷᠢᠯᠡᠬᠦ ᠠᠵᠢᠯ ᠢ ᠴᠢᠩᠭᠠᠳᠬᠠᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠠᠤᠯᠢ ᠪᠠᠷ ᠵᠠᠰᠠᠬᠤ ᠶᠢ ᠠᠬᠢᠭᠤᠯᠪᠠ᠃ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠠ ᠠᠶᠤᠯ ᠥᠬᠡᠶ ᠦᠢᠯᠡᠳᠪᠦᠷᠢᠯᠡᠯ ᠢ ᠴᠢᠩᠭᠠᠷᠠᠭᠤᠯᠵᠤ᠂ ᠰᠢᠲᠠᠮᠠᠬᠠᠶ ᠬᠡᠶ᠂ | ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠡᠷᠭᠡ ᠶᠢᠨ ᠠᠮᠤᠷ ᠲᠦᠪᠰᠢᠨ ᠤ ᠳᠠᠯᠳᠠ ᠬᠡᠮ ᠢ ᠪᠥᠬᠦ ᠬᠡᠯᠬᠢᠶᠡᠨ ᠳᠤᠨᠢ | ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠶᠢ ᠥᠷᠨᠢᠭᠦᠯᠪᠡ᠃ ᠦᠶᠡᠷ ᠤᠰᠤᠲᠤᠯ᠂ ᠲᠠᠶᠢᠹᠧᠩ ᠰᠠᠯᠬᠢ᠂ ᠭᠠᠵᠠᠷ | ᠬᠥᠳᠡᠯᠦᠯᠲᠡ ᠵᠡᠷᠭᠡ ᠪᠠᠶᠢᠭᠠᠯᠢ ᠶᠢᠨ ᠭᠠᠮᠰᠢᠭ ᠢ ᠪᠦᠲᠦᠮᠵᠢᠲᠡᠶ ᠰᠡᠷᠭᠡᠶᠢᠯᠡᠨ ᠠᠷᠭᠠᠴᠠᠪᠡ᠃ ᠤᠯᠤᠰ ᠤᠨ ᠠᠮᠤᠷ ᠲᠦᠪᠰᠢᠨ ᠤ | ᠰᠢᠰᠲ᠋ᠧᠮ ᠢ ᠲᠡᠭᠦᠯᠳᠡᠷᠵᠢᠭᠦᠯᠪᠡ᠃ ᠬᠡᠲᠦᠷᠡᠮᠡᠬᠡᠶ ᠬᠡᠷᠡᠭ ᠪᠠ ᠬᠡᠳᠦᠷᠡᠮᠡᠬᠡᠢ ᠬᠡᠷᠡᠭ ᠶᠠᠪᠤᠳᠠᠯ ᠭᠠᠷᠬᠤ ᠶᠢ ᠴᠢᠩᠭ᠎ᠠ ᠰᠡᠷᠭᠡᠶᠢᠯᠡᠵᠦ | ᠬᠠᠷ᠎ᠠ ᠬᠤᠤᠷᠳᠠᠢ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠭᠡᠵᠦ᠂ ᠠᠷᠠᠳ ᠣᠯᠠᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠪᠥᠬᠦ ᠬᠦᠴᠦᠨ ᠢᠶᠠᠷ ᠢᠶᠠᠨ ᠪᠠᠲᠤᠯᠠᠪᠠ᠃ | ᠥᠩᠭᠡᠷᠡᠭᠰᠡᠨ ᠨᠢᠭᠡ ᠵᠢᠯ ᠳᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠲᠤᠮᠤ ᠤᠯᠤᠰ ᠤᠨ ᠭᠠᠳᠠᠭᠠᠳᠤ | ᠬᠠᠷᠢᠯᠴᠠᠭ᠎ᠠ ᠰᠢᠨ᠎ᠡ ᠪᠠᠶᠢᠳᠠᠯ ᠢ ᠡᠬᠦᠳᠦᠨ ᠨᠡᠬᠡᠬᠡᠪᠡ᠃ ᠲᠡᠷᠢᠭᠦᠯᠡᠭᠴᠢ ᠰᠢ ᠶᠢᠨ ᠫᠢᠩ ᠵᠡᠷᠭᠡ ᠨᠠᠮ ᠪᠠ ᠲᠦᠷᠦ ᠶᠢᠨ | ᠤᠳᠤᠷᠢᠳᠬᠤ ᠬᠥᠮᠦᠰ ᠤᠯᠠᠨ ᠤᠯᠤᠰ ᠲᠤ ᠠᠶᠢᠯᠴᠢᠯᠠᠵᠤ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠲᠦᠷᠦᠭᠦᠴᠦᠳ ᠤᠨ ᠬᠤᠷᠠᠯᠳᠤᠭᠠᠨ᠂ BRICS ᠤᠯᠤᠰ ᠤᠳ ᠤᠨ ᠤᠳᠤᠷᠢᠳᠬᠤ ᠬᠥᠮᠦᠰ ᠤᠨ | ᠠᠭᠤᠯᠵᠠᠯᠲᠠ᠂ ᠠᠽᠢᠶ᠎ᠠ ᠨᠤᠮᠤᠬᠠᠨ ᠳᠠᠯᠠᠢ ᠶᠢᠨ ᠤᠷᠤᠨ ᠤ ᠠᠵᠤ ᠠᠬᠤᠢ ᠶᠢᠨ ᠬᠠᠮᠳᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠤᠳᠤᠷᠢᠳᠬᠤ ᠬᠥᠮᠦᠰ ᠤᠨ ᠠᠯᠪᠠᠨ ᠶᠣᠰᠣᠨ ᠤ ᠪᠤᠰᠤ ᠬᠤᠷᠠᠯᠳᠤᠭᠠᠨ᠂ ᠬᠤᠷᠢᠨ ᠤᠯᠤᠰ ᠤᠨ | ᠪᠦᠯᠦᠭᠯᠡᠯ ᠤᠨ ᠤᠳᠤᠷᠢᠳᠬᠤ ᠬᠥᠮᠦᠰ ᠤᠨ ᠲᠦᠷᠦᠭᠦᠴᠦᠳ ᠤᠨ ᠬᠤᠷᠠᠯᠳᠤᠭᠠᠨ᠂ ᠵᠡᠬᠦᠨ ᠠᠽᠢᠶ᠎ᠠ ᠶᠢᠨ ᠬᠠᠮᠳᠤᠷᠠᠯᠴᠠᠭᠠᠨ ᠤ | ᠤᠳᠤᠷᠢᠳᠬᠤ ᠬᠦᠮᠦᠰ ᠤᠨ ᠰᠢᠷᠢᠰ ᠬᠤᠷᠠᠯᠳᠤᠭᠠᠨ ᠵᠡᠷᠭᠡ ᠤᠯᠠᠨ ᠲᠠᠯᠠᠲᠤ ᠬᠤᠶᠠᠷ ᠲᠠᠯᠠᠳᠤ ᠴᠢᠬᠤᠯᠠ ᠶᠡᠭᠡ | ᠠᠵᠢᠯᠯᠠᠭ᠎ᠠ ᠳᠤ ᠣᠷᠣᠯᠴᠠᠪᠠ᠃ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠯᠴᠠᠭᠠᠨ ᠤ ᠲᠠᠪᠴᠠᠩ ᠤᠨ | ᠪᠡᠭᠡᠵᠢᠩ ᠳᠠᠬᠢ ᠲᠦᠷᠦᠭᠦᠴᠦᠳ ᠤᠨ ᠬᠤᠷᠠᠯᠳᠤᠭᠠᠨ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ | ᠨᠡᠶᠢᠲᠡᠯᠡᠭᠳᠡᠭᠰᠡᠨ 70 ᠵᠢᠯ ᠤᠨ ᠣᠶ ᠶᠢ ᠳᠤᠷᠠᠰᠬᠠᠬᠤ ᠶᠡᠭᠡ ᠬᠤᠷᠠᠯ᠂ ᠳᠤᠮᠳᠠᠳᠤ ᠠᠷᠠᠪ ᠤᠨ ᠬᠠᠮᠲᠤᠷᠠᠯᠴᠠᠭᠠᠨ ᠤ | ᠶᠠᠷᠢᠯᠴᠠᠭᠠᠨ ᠤ ᠲᠠᠪᠴᠠᠩ ᠤᠨ ᠰᠠᠶᠢᠳ ᠤᠨ ᠲᠠᠰ ᠤᠨ ᠬᠤᠷᠠᠯᠳᠤᠭᠠᠨ ᠵᠡᠷᠭᠡ ᠴᠢᠬᠤᠯᠠ ᠶᠡᠭᠡ ᠡᠵᠡᠨ ᠲᠠᠯᠠᠪᠤᠷ ᠤᠨ | ᠭᠠᠳᠠᠭᠠᠳᠤ ᠬᠠᠷᠢᠯᠴᠠᠭᠠᠨ ᠤ ᠠᠵᠢᠯᠯᠠᠭ᠎ᠠ ᠶᠢ ᠠᠮᠵᠢᠯᠲᠠ ᠲᠠᠢ ᠡᠷᠬᠢᠯᠡᠪᠡ᠃ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠪᠦᠬᠦ ᠪᠥᠮᠪᠥᠷᠴᠡᠭ ᠤᠨ ᠬᠠᠨᠢᠲᠠᠨ ᠤ ᠬᠠᠷᠢᠴᠠᠭ᠎ᠠ ᠶᠢ | ᠪᠠᠬᠢᠵᠢᠭᠦᠯᠦᠨ ᠥᠷᠭᠡᠳᠭᠡᠵᠦ᠂ ᠵᠢᠩᠬᠢᠨᠢ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠪᠦᠬᠦ ᠪᠥᠮᠪᠥᠷᠴᠡᠭ ᠤᠨ ᠴᠢᠨᠠᠷᠲᠠᠶ | ᠰᠢᠯᠭᠠᠯᠲᠠ ᠶᠢ ᠠᠷᠭᠠᠴᠠᠬᠤ ᠪᠤᠯᠤᠨ ᠤᠯᠠᠨ ᠤᠯᠤᠰ ᠤᠨ ᠪᠠ ᠭᠠᠵᠠᠷ ᠣᠷᠣᠨ ᠤ ᠬᠠᠯᠠᠭᠤᠨ ᠴᠡᠭ ᠤᠨ ᠠᠰᠠᠭᠤᠳᠠᠯ ᠢ | ᠰᠢᠢᠳᠪᠦᠷᠢᠯᠡᠬᠦ ᠳᠤᠮᠳᠠ ᠢᠳᠡᠪᠬᠢᠲᠡᠶ ᠪᠦᠬᠡᠳ ᠪᠦᠲᠦᠭᠡᠯᠴᠢ ᠴᠢᠨᠠᠷᠲᠠᠶ ᠦᠢᠯᠡᠳᠦᠯ ᠪᠠᠳᠠᠷᠠᠭᠤᠯᠪᠠ᠃ ᠳᠤᠮᠳᠠᠳᠤ ᠤᠯᠤᠰ | ᠳᠡᠯᠡᠬᠡᠶ ᠶᠢᠨ ᠡᠩᠭᠡ ᠲᠠᠶᠢᠪᠤᠩ ᠪᠠ ᠬᠥᠭᠵᠢᠯᠲᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ | ᠥᠩᠭᠡᠷᠡᠭᠰᠡᠨ ᠨᠢᠭᠡ ᠵᠢᠯ ᠳᠤ ᠣᠯᠤᠭᠰᠠᠨ ᠠᠮᠵᠢᠯᠲᠠ ᠪᠦᠲᠦᠮᠵᠢ ᠶᠢᠨ ᠦᠨᠳᠦᠰᠦᠨ ᠰᠢᠯᠲᠠᠭᠠᠨ ᠨᠢ ᠶᠡᠷᠦᠩᠬᠡᠢ ᠱᠦᠵᠢ | ᠰᠢ ᠶᠢᠨ ᠫᠢᠩ ᠤᠨ ᠠᠶᠠᠯᠠᠯ ᠵᠠᠮᠴᠢᠯᠠᠨ ᠴᠢᠭᠯᠡᠯ ᠢ ᠡᠵᠡᠮᠳᠡᠭᠰᠡᠨ ᠳᠤ ᠪᠤᠢ᠂ ᠰᠢ ᠶᠢᠨ ᠫᠢᠩ ᠤᠨ ᠰᠢᠨ᠎ᠡ ᠴᠠᠭ ᠥᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ | ᠵᠢᠯᠤᠭᠤᠳᠤᠯᠭ᠎ᠠ ᠳᠤ ᠪᠤᠢ᠂ ᠲᠡᠷᠡ ᠨᠢ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ | ᠪᠠᠲᠤ ᠴᠢᠩᠭ᠎ᠠ ᠤᠳᠤᠷᠢᠳᠤᠭᠰᠠᠨ ᠤ ᠦᠷ᠎ᠡ ᠳ᠋ᠦᠩ ᠮᠥᠨ᠂ ᠪᠦᠬᠦ ᠨᠠᠮ ᠪᠦᠬᠦ ᠴᠡᠷᠢᠭ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠪᠢ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠡᠯ᠎ᠡ | ᠠᠷᠠᠳᠴᠢᠯᠠᠭᠰᠠᠨ ᠨᠠᠮ ᠪᠦᠯᠦᠭ᠂ ᠡᠯ᠎ᠡ ᠠᠷᠠᠳ ᠤᠨ ᠪᠦᠯᠬᠦᠮ ᠪᠣᠯᠤᠨ ᠡᠯ᠎ᠡ ᠡᠲᠡᠭᠡᠳ ᠤᠨ ᠬᠥᠮᠦᠰ ᠲᠤ ᠴᠢᠩ | ᠰᠡᠳᠭᠢᠯ ᠤᠨ ᠲᠠᠯᠠᠷᠬᠠᠯ ᠢᠶᠠᠨ ᠳᠡᠪᠰᠢᠭᠦᠯᠥᠶᠡ︕ ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠦ | ᠨᠡᠷ᠂ ᠣᠣᠮᠧᠨ ᠤ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠦ ᠨᠡᠷ᠂ ᠲᠠᠶᠢᠸᠠᠨ ᠤ ᠠᠬ᠎ᠠ ᠳᠡᠭᠦᠦ ᠨᠡᠷ ᠪᠠ | ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠡᠷ ᠲᠤ ᠴᠢᠩ ᠰᠡᠳᠭᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠳᠤᠮᠳᠠᠳᠤ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠬᠠᠯᠠᠮᠵᠢᠯᠠᠨ ᠳᠠᠮᠵᠢᠵᠤ ᠪᠠᠶᠢᠭ᠎ᠠ ᠡᠯ᠎ᠡ ᠤᠯᠤᠰ ᠤᠨ | ᠵᠠᠰᠠᠭ ᠤᠨ ᠣᠷᠳᠣᠨ᠂ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠣᠯᠤᠨ ᠡᠯ᠎ᠡ ᠤᠯᠤᠰ ᠤᠨ ᠨᠠᠶᠢᠵᠠ ᠨᠠᠷ ᠲᠤ ᠴᠢᠩ | ᠰᠡᠳᠭᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠨᠤᠲᠠᠯᠠᠬᠤ ᠶᠢᠨ ᠵᠡᠷᠭᠡ ᠳᠤ᠂ ᠪᠢᠳᠡ ᠪᠠᠰᠠ ᠲᠤᠯᠭᠠᠷᠠᠵᠤ ᠪᠠᠶᠢᠭ᠎ᠠ ᠠᠰᠠᠭᠤᠳᠠᠯ ᠪᠠ ᠰᠢᠯᠭᠠᠯᠲᠠ ᠶᠢ | ᠰᠡᠷᠭᠡᠭ ᠢᠶᠠᠷ ᠣᠯᠵᠤ ᠬᠠᠷᠠᠪᠠ᠃ ᠳᠡᠯᠡᠬᠡᠶ ᠶᠢᠨ ᠪᠠᠶᠢᠳᠠᠯ ᠠᠴᠠ ᠦᠵᠡᠪᠡᠯ᠂ ᠳᠡᠯᠡᠬᠡᠶ ᠶᠢᠨ ᠵᠠᠭᠤᠨ ᠵᠢᠯ ᠤᠨ ᠬᠤᠪᠢᠰᠤᠯᠲᠠ | ᠲᠦᠷᠭᠡᠨ ᠢᠶᠠᠷ ᠤᠯᠠᠷᠢᠨ ᠬᠤᠪᠢᠷᠠᠵᠤ᠂ ᠭᠠᠳᠠᠭᠠᠳᠤ ᠣᠷᠴᠢᠨ ᠨᠥᠬᠦᠴᠡᠯ ᠨᠡᠩ ᠲᠦᠪᠡᠭ ᠪᠤᠳᠤᠯᠢᠶᠠᠨᠲᠠᠶ ᠬᠦᠨᠳᠦ ᠬᠡᠴᠡᠭᠦᠦ | ᠪᠤᠯᠵᠤ ᠪᠠᠶᠢᠬᠤ ᠨᠢ ᠮᠠᠨ ᠤ ᠤᠯᠤᠰ ᠤᠨ ᠠᠷᠠᠯᠵᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠬᠦᠷᠢᠶᠡᠨ ᠳᠤ ᠨᠡᠩ | ᠶᠡᠭᠡ ᠲᠠᠭᠠᠷᠢᠯᠳᠠ ᠤᠴᠠᠷᠠᠭᠤᠯᠵᠤ ᠮᠡᠳᠡᠨ᠎ᠡ᠃ ᠳᠡᠯᠡᠬᠡᠶ ᠶᠢᠨ ᠠᠵᠤ ᠠᠬᠤᠢ ᠶᠢᠨ ᠨᠡᠮᠡᠭᠳᠡᠯ ᠤᠨ ᠬᠥᠳᠡᠯᠭᠡᠭᠴᠢ ᠡᠨᠧᠷᠭᠢ | ᠭᠦᠢᠴᠡᠳ ᠪᠤᠰᠤ ᠪᠠᠶᠢᠵᠤ᠂ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠰᠢᠷᠦᠭᠦᠰᠦᠨ᠂ ᠣᠯᠠᠨ ᠲᠠᠯᠠᠲᠤ | ᠠᠷᠠᠯᠵᠢᠶᠠᠨ ᠤ ᠪᠠᠶᠢᠭᠤᠯᠤᠯ ᠬᠠᠷᠰᠢ ᠰᠠᠭᠠᠳ ᠲᠤ ᠤᠴᠠᠷᠠᠵᠤ᠂ ᠪᠣᠭᠤᠮᠲᠠ ᠶᠢᠨ ᠭᠠᠶᠢᠯᠢ ᠶᠢᠨ ᠬᠤᠷᠢᠭ᠎ᠠ ᠰᠠᠭᠠᠳ ᠨᠡᠮᠡᠭᠳᠡᠵᠦ | ᠪᠠᠶᠢᠬᠤ ᠨᠢ ᠪᠦᠬᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠠᠶᠢᠳᠠᠯ ᠳᠤ | ᠳᠠᠭᠠᠷᠢᠯᠲᠠ ᠤᠴᠠᠷᠠᠭᠤᠯᠵᠤ᠂ ᠣᠯᠠᠨ ᠤᠯᠤᠰ ᠤᠨ ᠠᠵᠤ ᠠᠬᠤᠶ ᠶᠢᠨ ᠣᠷᠴᠢᠯ ᠳᠤ ᠬᠠᠷᠰᠢ ᠰᠠᠭᠠᠳ ᠤᠴᠠᠷᠠᠭᠤᠯᠵᠤ | ᠪᠠᠶᠢᠨ᠎ᠠ᠃ ᠭᠠᠵᠠᠷ ᠣᠷᠣᠨ ᠤ ᠤᠯᠤᠰ ᠲᠥᠷᠥ ᠶᠢᠨ ᠪᠠᠴᠢᠮ ᠬᠦᠴᠦᠨ ᠵᠦᠢᠯ ᠮᠥᠨ ᠬᠦ ᠨᠡᠯᠢᠶᠡᠳ ᠣᠯᠠᠨ ᠤᠷᠤᠰᠢᠵᠤ | ᠪᠠᠶᠢᠬᠤ ᠨᠢ ᠪᠦᠬᠦ ᠪᠥᠮᠪᠥᠷᠴᠡᠭ ᠤᠨ ᠵᠠᠬ᠎ᠠ ᠳᠡᠯᠭᠡᠭᠦᠷ ᠤᠨ ᠵᠢᠱᠢᠯᠲᠡ ᠪᠣᠯᠤᠨ ᠪᠡᠯᠡ ᠣᠷᠣᠭᠤᠯᠤᠯᠲᠠ ᠶᠢᠨ ᠢᠲᠡᠭᠡᠯ ᠵᠤᠷᠢᠭ ᠢ | ᠨᠥᠯᠥᠭᠡᠯᠡᠵᠦ᠂ ᠤᠯᠠᠨ ᠤᠯᠤᠰ ᠤᠨ ᠵᠠᠬ᠎ᠠ ᠳᠡᠯᠭᠡᠭᠦᠷ ᠤᠨ ᠬᠡᠯᠪᠡᠯᠵᠡᠯ ᠤᠨ ᠠᠶᠤᠯ ᠲᠦᠭᠰᠢᠭᠦᠷᠢ ᠶᠢ ᠨᠡᠮᠡᠭᠳᠡᠬᠦᠯᠵᠦ ᠪᠠᠶᠢᠨ᠎ᠠ᠃ | ᠤᠯᠤᠰ ᠤᠨ ᠳᠣᠲᠣᠭᠠᠳᠤ ᠶᠢᠨ ᠪᠠᠶᠢᠳᠠᠯ ᠠᠴᠠ ᠦᠵᠡᠪᠡᠯ᠂ ᠠᠵᠤ ᠠᠬᠤᠶ ᠶᠢᠨ ᠰᠡᠷᠭᠦᠨ ᠰᠠᠶᠢᠵᠢᠷᠠᠬᠤ ᠰᠠᠭᠤᠷᠢ ᠪᠠᠰᠠ | ᠲᠣᠭᠲᠠᠭᠤᠨ ᠪᠢᠰᠢ᠂ ᠪᠦᠲᠦᠮᠵᠢᠲᠡᠶ ᠬᠡᠷᠡᠭᠴᠡᠭᠡ ᠬᠦᠷᠦᠯᠴᠡᠬᠦ ᠦᠭᠡᠢ ᠪᠠᠶᠢᠵᠤ᠂ ᠢᠯᠠᠩᠭᠤᠶ᠎ᠠ ᠬᠡᠷᠡᠭᠯᠡᠭᠡ ᠠᠨᠠᠢ ᠪᠠᠶᠢᠨ᠎ᠠ᠃ | ᠬᠡᠰᠡᠭ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠬᠦᠴᠢᠷᠳᠡᠯ ᠲᠠᠢ ᠪᠠᠶᠢᠵᠤ᠂ ᠠᠵᠤ ᠠᠬᠤᠶᠢᠯᠠᠯ ᠤᠨ | ᠠᠪᠴᠠᠭᠠᠨ ᠤ ᠵᠤᠭᠤᠰ ᠢ ᠥᠷᠢᠲᠦᠬᠦ ᠠᠰᠠᠭᠤᠳᠠᠯ ᠮᠥᠨ ᠬᠦ ᠨᠡᠯᠢᠶᠡᠳ ᠲᠣᠪᠤᠶᠢᠮ᠎ᠠ ᠪᠠᠶᠢᠨ᠎ᠠ᠃ ᠣᠯᠠᠨ ᠲᠦᠮᠡᠨ ᠤ ᠠᠵᠢᠯ | ᠣᠯᠵᠤ ᠣᠷᠣᠯᠭ᠎ᠠ ᠪᠠᠨ ᠨᠡᠮᠡᠭᠳᠡᠭᠦᠯᠬᠦ ᠳᠤ ᠳᠠᠷᠤᠯᠲᠠ ᠲᠤᠯᠭᠠᠷᠠᠵᠤ ᠪᠠᠶᠢᠨ᠎ᠠ᠃ ᠠᠷᠠᠳ ᠤᠨ ᠠᠮᠢᠳᠤᠷᠠᠯ ᠤᠨ ᠬᠦᠷᠢᠶᠡᠨ ᠳᠤ | ᠳᠤᠲᠠᠭᠤᠳᠠᠯ ᠣᠷᠣᠰᠢᠵᠤ ᠪᠠᠶᠢᠨ᠎ᠠ᠃ ᠵᠠᠷᠢᠮ ᠣᠷᠣᠨ ᠨᠤᠳᠤᠭ ᠤᠨ ᠦᠨᠳᠦᠰᠦᠨ ᠱᠠᠲᠤᠨ ᠤ ᠡᠳ᠋ ᠤᠨ ᠵᠠᠰᠠᠭ | ᠬᠦᠴᠢᠷᠳᠡᠯ ᠲᠠᠢ ᠪᠠᠶᠢᠨ᠎ᠠ᠃ ᠨᠡᠶᠢᠭᠡᠮ ᠤᠨ ᠵᠥᠷᠢᠴᠡᠯ ᠢ ᠠᠷᠢᠯᠭᠠᠬᠤ ᠪᠠ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ | ᠪᠠᠰᠠ ᠴᠢᠩᠭᠠᠳᠬᠠᠬᠤ ᠴᠢᠬᠤᠯᠠᠲᠠᠶ ᠪᠠᠶᠢᠨ᠎ᠠ᠃ ᠵᠠᠰᠠᠭ ᠤᠨ ᠣᠷᠳᠣᠨ ᠤ ᠦᠢᠯᠡᠳᠦᠯ ᠴᠢᠳᠠᠪᠤᠷᠢ ᠪᠠ ᠬᠠᠤᠯᠢ ᠶᠣᠰᠣᠭᠠᠷ | ᠵᠠᠰᠠᠭ ᠶᠠᠪᠤᠭᠤᠯᠬᠤ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ ᠵᠠᠷᠢᠮ ᠠᠵᠢᠯ ᠤᠨ ᠵᠣᠬᠢᠴᠠᠭᠤᠯᠭ᠎ᠠ | ᠬᠠᠮᠵᠢᠯᠴᠠᠭ᠎ᠠ ᠬᠦᠷᠦᠯᠴᠡᠬᠦ ᠦᠭᠡᠢ ᠪᠠᠶᠢᠵᠤ᠂ ᠵᠠᠷᠢᠮ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠤᠳᠠᠭᠠᠪᠲᠤᠷ | ᠪᠠᠶᠢᠵᠤ᠂ ᠦᠷ᠎ᠡ ᠪᠦᠲᠦᠮᠵᠢ ᠨᠢ ᠵᠢᠱᠢᠯᠲᠡ ᠳᠤ ᠬᠦᠷᠬᠦ ᠦᠭᠡᠢ ᠪᠠᠶᠢᠨ᠎ᠠ᠃ ᠵᠠᠷᠢᠮ ᠰᠠᠯᠠᠭ᠎ᠠ ᠮᠥᠴᠢᠷ ᠤᠨ ᠦᠢᠯᠡᠴᠢᠯᠡᠭᠡᠨ ᠤ | ᠤᠬᠠᠮᠰᠠᠷ ᠨᠢ ᠴᠢᠩᠭ᠎ᠠ ᠪᠢᠰᠢ᠂ ᠬᠡᠷᠡᠭ ᠡᠷᠬᠢᠯᠡᠬᠦ ᠦᠷ᠎ᠡ ᠪᠦᠲᠦᠮᠵᠢ ᠨᠢ ᠥᠨᠳᠥᠷ ᠪᠢᠰᠢ ᠪᠠᠶᠢᠨ᠎ᠠ᠃ ᠵᠠᠷᠢᠮ ᠺᠠᠳ᠋ᠷ | ᠳᠤᠷ᠎ᠠ ᠪᠠᠷ ᠢᠶᠠᠨ ᠦᠢᠯᠡᠳᠴᠦ᠂ ᠡᠰᠡ ᠦᠢᠯᠡᠳᠴᠦ᠂ ᠦᠢᠯᠡᠳᠬᠦᠢ ᠳᠤᠷ ᠴᠢᠳᠠᠮᠠᠭᠠᠢ ᠪᠤᠰᠤ ᠪᠠᠶᠢᠵᠤ᠂ ᠵᠠᠷᠢᠮ ᠬᠦᠷᠢᠶ᠎ᠡ ᠪᠠ | ᠣᠷᠣᠨ ᠨᠤᠲᠤᠭ ᠲᠤ ᠢᠯᠵᠢᠷᠠᠯ ᠤᠨ ᠠᠰᠠᠭᠤᠳᠠᠯ ᠮᠥᠨ ᠯᠡ ᠤᠯᠠᠨ ᠭᠠᠷᠴᠤ ᠪᠠᠶᠢᠨ᠎ᠠ᠃ ᠪᠢᠳᠡ ᠬᠦᠴᠢᠷᠳᠡᠯ ᠪᠠ | ᠠᠰᠠᠭᠤᠳᠠᠯ ᠳᠤ ᠵᠥᠪ ᠢᠶᠠᠷ ᠬᠠᠨᠳᠤᠬᠤ ᠬᠡᠷᠡᠭᠳᠠᠢ ᠮᠥᠷᠲᠡᠭᠡᠨ ᠨᠡᠩ ᠴᠤ ᠬᠥᠭᠵᠢᠯᠲᠡ ᠶᠢᠨ ᠢᠲᠡᠭᠡᠯ ᠵᠣᠷᠢᠭ ᠢᠶᠠᠨ | ᠪᠠᠲᠤᠳᠬᠠᠬᠤ ᠬᠡᠷᠡᠭᠲᠡᠶ᠃ ᠮᠠᠨ ᠤ ᠤᠯᠤᠰ ᠢᠯᠡᠳᠲᠡ ᠪᠠᠶᠢᠭᠤᠯᠤᠯ ᠤᠨ ᠳᠠᠪᠠᠭᠤᠯᠢᠭ ᠲᠠᠢ᠂ ᠬᠡᠳᠦ ᠶᠡᠭᠡ ᠬᠡᠪᠴᠢᠶᠡᠨ ᠤ | ᠵᠠᠬ᠎ᠠ ᠳᠡᠯᠭᠡᠭᠦᠷ᠂ ᠪᠦᠷᠢᠨ ᠲᠦᠬᠦᠷ ᠠᠵᠤ ᠦᠢᠯᠡᠰ ᠤᠨ ᠰᠢᠰᠲ᠋ᠧᠮ᠂ ᠡᠯᠪᠡᠭ ᠳᠡᠯᠪᠡᠭ ᠬᠥᠮᠦᠨ ᠤ ᠬᠦᠴᠦᠨ | ᠴᠢᠳᠠᠪᠤᠷᠢᠲᠠᠨ ᠤ ᠡᠬᠢ ᠪᠠᠶᠠᠯᠢᠭ ᠵᠡᠷᠭᠡ ᠣᠯᠠᠨ ᠠᠷᠪᠢᠨ ᠳᠠᠪᠠᠭᠤᠯᠢᠭ ᠨᠥᠬᠦᠴᠡᠯ ᠲᠠᠢ᠂ ᠠᠯᠤᠰ ᠬᠡᠳᠦ ᠶᠢᠨ | ᠲᠥᠯᠥᠪᠵᠢᠭᠦᠯᠭᠡ᠂ ᠰᠢᠨᠵᠢᠯᠡᠬᠦ ᠤᠬᠠᠭᠠᠨᠴᠢ ᠲᠣᠬᠢᠷᠠᠭᠤᠯᠤᠯ ᠡᠵᠡᠮᠳᠡᠯ᠂ ᠳᠡᠭᠡᠳᠦ ᠳᠤᠤᠷᠠᠳᠤ ᠱᠠᠲᠤ ᠪᠠᠷ ᠢᠶᠠᠨ | ᠬᠠᠮᠵᠢᠯᠴᠠᠭᠰᠠᠨ ᠪᠦᠲᠦᠮᠵᠢᠲᠡᠶ ᠵᠠᠰᠠᠯᠲᠠ ᠶᠢᠨ ᠲᠣᠭᠲᠠᠴᠠ ᠲᠠᠢ᠂ ᠬᠡᠷᠡᠭᠴᠡᠭᠡ ᠶᠢ ᠳᠡᠰ ᠳᠡᠪᠰᠢᠬᠦᠯᠬᠦ᠂ ᠪᠦᠲᠦᠴᠡ ᠶᠢ | ᠰᠢᠯᠢᠳᠡᠭᠵᠢᠬᠦᠯᠬᠦ᠂ ᠬᠥᠳᠡᠯᠭᠡᠭᠴᠢ ᠡᠨᠧᠷᠭᠢ ᠶᠢ ᠰᠣᠯᠢᠬᠤ ᠥᠷᠭᠡᠨ ᠠᠭᠤᠳᠠᠮ ᠨᠡᠮᠡᠭᠳᠡᠯ ᠣᠷᠣᠨ ᠵᠠᠶ ᠲᠠᠢ ᠪᠠᠶᠢᠵᠤ᠂ ᠠᠵᠤ | ᠠᠬᠤᠢ ᠶᠢᠨ ᠤᠷᠳᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠬᠠᠨᠳᠤᠰᠢ ᠬᠤᠪᠢᠷᠠᠭᠰᠠᠨ ᠦᠭᠡᠢ ᠪᠥᠭᠡᠳ ᠬᠤᠪᠢᠷᠠᠬᠤ | ᠴᠤ ᠦᠭᠡᠢ ᠶᠤᠮ᠂ ᠮᠠᠨ ᠤ ᠤᠯᠤᠰ ᠤᠨ ᠠᠵᠤ ᠠᠬᠤᠢ ᠶᠢᠨ ᠠᠶᠠᠯᠠᠯ ᠤᠨ ᠣᠩᠭᠤᠴᠠ ᠰᠠᠯᠬᠢ ᠳᠠᠪᠠᠯᠭᠠᠨ ᠢ ᠵᠦᠰᠦᠵᠦ᠂ | ᠯᠠᠪᠳᠠᠭᠤᠨ ᠢᠶᠠᠷ ᠬᠤᠯᠠ ᠠᠶᠠᠯᠠᠬᠤ ᠨᠢ ᠯᠠᠪᠲᠠᠢ ᠶᠤᠮ︕ | ᠬᠤᠶᠠᠷ᠂ 2025 ᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠱᠠᠭᠠᠷᠳᠠᠯᠭ᠎ᠠ ᠪᠠ ᠲᠦᠷᠦ ᠶᠢᠨ | ᠪᠤᠳᠤᠯᠭ᠎ᠠ ᠶᠢᠨ ᠬᠠᠨᠳᠤᠰᠢ | ᠡᠨᠡ ᠵᠢᠯ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠴᠦᠰ ᠤᠨ ᠵᠢᠯ ᠪᠣᠯᠤᠨ᠎ᠠ᠃ | ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ | ᠬᠤᠷᠢᠶ᠎ᠠ ᠶᠢᠨ ᠪᠠᠳᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠥᠬᠦᠳᠡ ᠬᠤᠷᠠᠯ᠂ | ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠲᠦᠪ ᠤᠨ ᠠᠵᠣ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠣᠯᠳᠠ ᠶᠣᠰᠣᠭᠠᠷ᠂ ᠲᠤᠬᠲᠠᠭᠤᠨ ᠪᠠᠶᠢᠯᠭᠠᠬᠤ ᠶᠢᠨ | ᠵᠡᠷᠭᠡ ᠳᠤ ᠣᠷᠣᠭᠰᠢᠯᠠᠭᠤᠯᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ | ᠪᠠᠶᠢᠷᠢᠰᠢᠯ ᠢ ᠲᠦᠷᠭᠡᠯᠡᠨ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠂ ᠥᠨᠳᠥᠷ ᠲᠦᠪᠰᠢᠨ ᠪᠦᠬᠦᠢ | ᠭᠠᠳᠠᠭᠠᠳᠤ ᠨᠡᠭᠡᠭᠡᠯᠲᠡ ᠶᠢ ᠥᠷᠭᠡᠳᠭᠡᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠂ | ᠬᠥᠭᠵᠢᠯᠲᠡ ᠪᠣᠯᠤᠨ ᠠᠮᠤᠷ ᠲᠦᠪᠰᠢᠨ ᠢ ᠨᠡᠩ ᠰᠠᠶᠢᠨ ᠨᠢᠭᠡᠳᠦᠯᠲᠡᠶ ᠲᠥᠯᠥᠪᠯᠡᠵᠦ᠂ ᠨᠡᠩ ᠢᠳᠡᠪᠬᠢᠲᠡᠶ ᠪᠦᠬᠡᠳ | ᠪᠦᠳᠦᠮᠵᠢᠳᠠᠢ ᠬᠤᠷᠸ᠎ᠠ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ | ᠥᠷᠭᠡᠳᠭᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ | ᠡᠭᠦᠳᠬᠦ ᠶᠢ ᠠᠭᠤᠰᠤᠯᠴᠠᠭᠤᠯᠤᠨ ᠬᠥᠭᠵᠢᠬᠦᠯᠬᠦ ᠶᠢ ᠠᠬᠢᠭᠤᠯᠵᠤ᠂ ᠲᠠᠸᠠᠷ ᠤᠨ ᠪᠠᠶᠢᠰᠢᠩ ᠤᠨ ᠵᠠᠬ᠎ᠠ ᠳᠡᠯᠭᠡᠭᠦᠷ ᠰᠲ᠋ᠣᠺ ᠤᠨ | ᠵᠠᠬ᠎ᠠ ᠳᠡᠯᠭᠡᠭᠦᠷ ᠢ ᠲᠣᠭᠲᠠᠪᠤᠷᠢᠵᠢᠭᠤᠯᠤᠨ᠂ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠪᠠ ᠭᠠᠳᠠᠨᠠᠬᠢ ᠶᠢᠨ | ᠳᠠᠭᠠᠷᠢᠯᠲᠠ ᠶᠢ ᠰᠡᠷᠭᠡᠶᠢᠯᠡᠨ ᠠᠷᠢᠯᠭᠠᠵᠤ᠂ ᠵᠢᠱᠢᠯᠲᠡ ᠶᠢ ᠲᠣᠭᠲᠠᠪᠤᠷᠢᠵᠢᠭᠤᠯᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ | ᠠᠵᠤ ᠠᠬᠤᠢ ᠶᠢᠨ ᠦᠷᠭᠦᠯᠵᠢᠯᠡᠨ ᠰᠡᠷᠭᠦᠨ ᠰᠠᠶᠢᠵᠢᠷᠠᠬᠤ ᠶᠢ ᠠᠬᠢᠭᠤᠯᠤᠨ᠂ ᠠᠷᠠᠳ ᠲᠦᠮᠡᠨ ᠤ ᠠᠮᠢᠳᠤᠷᠠᠯ ᠤᠨ | ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠪᠠᠲᠤᠯᠠᠵᠤ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠵᠦ᠂ | ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠬᠦ ᠳᠤ ᠪᠠᠲᠤ | ᠪᠠᠬᠢ ᠰᠠᠭᠤᠷᠢ ᠶᠢ ᠲᠠᠯᠪᠢᠵᠤ ᠥᠭᠭᠦ ᠬᠡᠷᠡᠭᠲᠡᠢ᠃ | ᠡᠨᠡ ᠵᠢᠯ ᠤᠨ ᠬᠥᠭᠵᠢᠯᠲᠡ ᠶᠢᠨ ᠭᠤᠤᠯ ᠭᠤᠤᠯ ᠵᠢᠱᠢᠭᠰᠡᠨ ᠬᠠᠷᠠᠯᠲᠠ ᠭᠡᠪᠡᠯ᠄ ᠤᠯᠤᠰ ᠤᠨ ᠳᠣᠲᠣᠭᠠᠳᠤ ᠶᠢᠨ | ᠦᠢᠯᠡᠳᠪᠦᠷᠢᠯᠡᠯ ᠤᠨ ᠪᠦᠬᠦ ᠦᠷᠲᠡᠭ ᠢ 5% ᠣᠷᠴᠢᠮ ᠢᠶᠠᠷ ᠨᠡᠮᠡᠭᠳᠡᠭᠦᠯᠦᠨ᠎ᠡ︔ ᠬᠤᠳᠠ ᠪᠠᠯᠭᠠᠰᠤᠨ ᠤ ᠪᠠᠶᠢᠴᠠᠭᠠᠭᠰᠠᠨ | ᠠᠵᠢᠯ ᠠᠯᠳᠠᠯᠲᠠ ᠶᠢᠨ ᠨᠤᠷᠮ᠎ᠠ ᠶᠢ 5.5% ᠣᠷᠴᠢᠮ ᠪᠠᠶᠢᠯᠭᠠᠵᠤ᠂ ᠬᠤᠳᠠ ᠪᠠᠯᠭᠠᠰᠤᠨ ᠳᠤ ᠠᠵᠢᠯ ᠤᠯᠤᠭᠰᠠᠨ ᠬᠦᠮᠦᠨ ᠢ | 1200 ᠲᠦᠮᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ︔ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ | ᠥᠰᠥᠯᠲᠡ ᠶᠢᠨ ᠬᠡᠮᠵᠢᠶ᠎ᠡ ᠶᠢ 2% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠪᠣᠯᠤᠨ | ᠠᠵᠤ ᠠᠬᠤᠢ ᠶᠢᠨ ᠨᠡᠮᠡᠭᠳᠡᠯ ᠢ ᠵᠢᠭᠳᠡ ᠪᠠᠶᠢᠯᠭᠠᠨ᠎ᠠ︔ ᠤᠯᠤᠰ ᠤᠨ ᠬᠤᠭᠤᠷᠣᠨᠳᠣᠬᠢ ᠣᠷᠣᠯᠭ᠎ᠠ ᠵᠠᠷᠤᠯᠭ᠎ᠠ ᠶᠢ | ᠦᠨᠳᠦᠰᠦᠨ ᠳᠡᠭᠡᠨ ᠲᠡᠩᠴᠡᠭᠦᠷᠢᠲᠡᠶ ᠪᠠᠶᠢᠯᠭᠠᠨ᠎ᠠ︔ ᠠᠮᠤ ᠪᠤᠳᠠᠭᠠᠨ ᠤ ᠤᠨᠠᠯᠲᠠ ᠶᠢ 1.4 ᠲᠦᠮᠡᠨ ᠳ᠋ᠦᠩᠰᠢᠭᠤᠷ ᠵᠢᠩ | ᠣᠷᠴᠢᠮ ᠪᠠᠶᠢᠯᠭᠠᠨ᠎ᠠ︔ ᠨᠢᠭᠡᠴᠢ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠬᠦ ᠦᠷᠲᠡᠭ ᠤᠨ ᠡᠨᠧᠷᠭᠢ ᠶᠢᠨ | ᠬᠤᠷᠣᠭᠳᠠᠭᠤᠯᠤᠯ ᠢ 3% ᠣᠷᠴᠢᠮ ᠢᠶᠠᠷ ᠪᠠᠭᠤᠷᠠᠭᠤᠯᠵᠤ᠂ ᠠᠮᠢ ᠠᠬᠤᠶ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ | ᠦᠷᠭᠦᠯᠵᠢᠯᠡᠨ ᠰᠠᠶᠢᠵᠢᠷᠠᠭᠤᠯᠤᠨ᠎ᠠ᠃ | ᠳᠡᠭᠡᠷ᠎ᠡ ᠳᠤᠷᠠᠳᠤᠭᠰᠠᠨ ᠵᠢᠱᠢᠭᠰᠡᠨ ᠬᠠᠷᠠᠯᠲᠠ ᠶᠢ ᠳᠤᠷᠠᠳᠬᠤ ᠳᠠᠭᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ | ᠪᠠᠶᠢᠳᠠᠯ ᠪᠣᠯᠤᠨ ᠡᠯ᠎ᠡ ᠲᠠᠯ᠎ᠠ ᠶᠢᠨ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠬᠡᠷᠡᠭᠴᠡᠭᠡ ᠪᠣᠯᠤᠨ ᠪᠣᠯᠤᠯᠴᠠᠭ᠎ᠠ ᠶᠢ | ᠬᠠᠮᠲᠤ ᠳᠤᠨᠢ ᠬᠠᠷᠠᠭᠠᠯᠵᠠᠭᠰᠠᠨ ᠶᠤᠮ᠃ ᠠᠵᠤ ᠠᠬᠤᠢ ᠶᠢᠨ ᠨᠡᠮᠡᠭᠳᠡᠯ ᠤᠨ ᠵᠢᠱᠢᠭᠰᠡᠨ ᠬᠠᠷᠠᠯᠲᠠ ᠶᠢ 5% ᠣᠷᠴᠢᠮ | ᠪᠠᠶᠢᠯᠭᠠᠬᠤ ᠨᠢ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ ᠶᠢᠨ ᠬᠡᠷᠡᠭᠴᠡᠭᠡ ᠪᠣᠯᠬᠤ ᠮᠥᠷᠲᠡᠭᠡᠨ ᠪᠠᠰᠠ ᠠᠵᠤ ᠠᠬᠤᠶ ᠶᠢᠨ ᠨᠡᠮᠡᠭᠳᠡᠯ ᠤᠨ ᠳᠠᠯᠳᠠ | ᠬᠦᠴᠦᠨ ᠪᠠ ᠠᠰᠢᠭᠲᠠᠶ ᠨᠥᠬᠦᠴᠡᠯ ᠤᠨ ᠲᠤᠯᠭᠠᠭᠤᠷᠢᠯᠠᠯ ᠲᠠᠢ ᠪᠠᠶᠢᠵᠤ᠂ ᠲᠡᠷᠡᠴᠢᠯᠡᠨ ᠤᠷᠳᠤᠪᠲᠤᠷ ᠬᠤᠭᠤᠴᠠᠭᠠᠨ ᠤ | ᠬᠥᠭᠵᠢᠯᠲᠡ ᠶᠢᠨ ᠬᠠᠷᠠᠯᠲᠠ ᠲᠠᠢ ᠵᠣᠯᠭᠠᠯᠳᠤᠭᠤᠯᠵᠤ᠂ ᠬᠦᠴᠢᠷ ᠢ ᠰᠦᠷᠦᠨ ᠤᠷᠤᠭᠰᠢᠯᠠᠵᠤ ᠬᠦᠴᠦᠯᠡᠨ ᠴᠢᠷᠮᠠᠶᠢᠬᠤ ᠢᠯᠡ | ᠲᠣᠳᠣ ᠤᠳᠤᠷᠢᠳᠤᠮᠵᠢ ᠶᠢ ᠲᠤᠪᠤᠶᠢᠯᠭᠠᠭᠰᠠᠨ ᠶᠤᠮ᠃ ᠬᠤᠲᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ | ᠨᠣᠷᠮ᠎ᠠ ᠢ 5.5% ᠣᠷᠴᠢᠮ ᠪᠠᠶᠢᠯᠭᠠᠬᠤ ᠨᠢ ᠠᠵᠢᠯ ᠣᠯᠭᠤᠯᠲᠠ ᠶᠢᠨ ᠶᠡᠷᠦᠩᠬᠡᠶ ᠬᠡᠮᠵᠢᠶ᠎ᠡ ᠪᠠ ᠪᠦᠲᠦᠴᠡ ᠶᠢᠨ ᠴᠢᠨᠠᠷᠲᠠᠶ | ᠵᠥᠷᠢᠴᠡᠯ ᠨᠠᠩ ᠲᠣᠪᠤᠶᠢᠮ᠎ᠠ ᠪᠠᠶᠢᠬᠤ ᠠᠬᠤᠶ ᠪᠠᠶᠢᠳᠠᠯ ᠳᠣᠤᠷ᠎ᠠ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠡᠷᠴᠢᠮ ᠢ | ᠴᠢᠩᠭᠠᠷᠠᠭᠤᠯᠬᠤ ᠱᠠᠭᠠᠷᠳᠠᠯᠭ᠎ᠠ ᠶᠢ ᠢᠯᠡᠷᠡᠭᠦᠯᠦᠭᠰᠡᠨ ᠶᠤᠮ᠃ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ | ᠥᠰᠥᠯᠲᠡ ᠶᠢᠨ ᠬᠡᠮᠵᠢᠶ᠎ᠡ ᠶᠢ 2% ᠣᠷᠴᠢᠮ ᠪᠠᠶᠢᠯᠭᠠᠬᠤ ᠶᠢᠨ ᠵᠣᠷᠢᠯᠭ᠎ᠠ ᠨᠢ ᠡᠯ᠎ᠡ ᠵᠦᠢᠯ ᠤᠨ ᠲᠥᠷᠥ ᠶᠢᠨ ᠪᠣᠳᠣᠯᠭ᠎ᠠ ᠪᠠ | ᠥᠭᠡᠷᠡᠴᠢᠯᠡᠯᠲᠡ ᠶᠢᠨ ᠬᠠᠮᠲᠤ ᠶᠢᠨ ᠦᠢᠯᠡᠳᠦᠯ ᠢᠶᠠᠷ ᠳᠠᠮᠵᠢᠭᠤᠯᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠶᠢ | ᠰᠠᠶᠢᠵᠢᠷᠠᠭᠤᠯᠵᠤ᠂ ᠦᠨ᠎ᠡ ᠬᠠᠩᠰᠢ ᠶᠢᠨ ᠶᠡᠷᠦᠩᠬᠡᠶ ᠲᠦᠪᠰᠢᠨ ᠢ ᠵᠦᠢ ᠵᠤᠬᠢᠰᠲᠠᠢ ᠤᠷᠤᠨ ᠵᠠᠢ ᠳᠤ ᠪᠠᠶᠢᠯᠭᠠᠬᠤ ᠶᠢᠨ | ᠲᠦᠯᠦᠭᠡ ᠶᠤᠮ᠃ ᠡᠳᠡᠭᠡᠷ ᠬᠠᠷᠠᠯᠲᠠ ᠶᠢ ᠪᠡᠶᠡᠯᠡᠭᠦᠯᠬᠦ ᠳᠤ ᠮᠠᠰᠢ ᠬᠢᠯᠪᠡᠷ ᠪᠤᠰᠤ ᠶᠤᠮ᠂ ᠡᠷᠬᠡᠪᠰᠢ ᠰᠢᠷᠭᠠᠭᠤ | ᠬᠠᠲᠠᠭᠤᠵᠢᠯᠲᠠᠶ ᠴᠢᠷᠮᠠᠶᠢᠯᠭ᠎ᠠ ᠭᠠᠷᠭᠠᠬᠤ ᠬᠡᠷᠡᠭᠲᠡᠶ᠃ | ᠪᠢᠳᠡ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠪᠠ ᠤᠷᠤᠭᠰᠢᠯᠠᠭᠤᠯᠬᠤ ᠪᠠᠷ ᠲᠣᠭᠲᠠᠭᠤᠨ | ᠪᠠᠶᠢᠯᠭᠠᠬᠤ ᠶᠢ ᠠᠬᠢᠭᠤᠯᠬᠤ᠂ ᠲᠥᠪ ᠶᠣᠰᠣ ᠶᠢ ᠰᠠᠬᠢᠨ ᠰᠢᠨ᠎ᠡ ᠶᠢ ᠡᠭᠦᠳᠬᠦ ᠪᠠ ᠤᠷᠢᠳ ᠢᠶᠠᠷ ᠰᠢᠨ᠎ᠡ ᠶᠢ ᠪᠠᠶᠢᠭᠤᠯᠵᠤ | ᠳᠠᠷᠠᠭ᠎ᠠ ᠨᠢ ᠬᠠᠭᠤᠴᠢᠨ ᠢ ᠨᠢ ᠡᠪᠳᠡᠬᠦ᠂ ᠰᠢᠰᠲ᠋ᠧᠮᠵᠢᠭᠦᠯᠦᠨ ᠬᠤᠷᠠᠭᠤᠯᠬᠤ ᠪᠠ ᠬᠠᠮᠲᠤᠷᠠᠨ ᠬᠠᠮᠵᠢᠯᠴᠠᠬᠤ ᠶᠢ ᠪᠠᠷᠢᠮᠲᠠᠯᠠᠵᠤ᠂ | ᠲᠦᠷᠦ ᠶᠢᠨ ᠪᠤᠳᠤᠯᠭ᠎ᠠ ᠶᠢᠨ ᠪᠠᠭᠠᠵᠢ ᠶᠢᠨ ᠬᠠᠶᠢᠷᠴᠠᠭ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠠᠶᠢᠳᠠᠯ ᠤᠨ | ᠬᠤᠪᠢᠷᠠᠯᠲᠠ ᠶᠢ ᠦᠨᠳᠦᠰᠦᠯᠡᠨ ᠲᠦᠷᠦ ᠶᠢᠨ ᠪᠤᠳᠤᠯᠭ᠎ᠠ ᠶᠢ ᠬᠥᠳᠡᠯᠦᠩᠭᠦᠢ ᠪᠠᠷ ᠲᠣᠬᠢᠷᠠᠭᠤᠯᠵᠤ᠂ ᠬᠤᠷᠸ᠎ᠠ ᠲᠤᠬᠢᠷᠠᠭᠤᠯᠤᠯ | ᠡᠵᠡᠮᠳᠡᠯ ᠤᠨ ᠪᠠᠷᠠᠯᠠᠬᠢᠯᠠᠯᠳᠤ ᠴᠢᠨᠠᠷ᠂ ᠬᠠᠨᠳᠤᠯᠭᠠᠲᠤ ᠴᠢᠨᠠᠷ᠂ ᠪᠦᠳᠦᠮᠵᠢᠳᠦ ᠴᠢᠨᠠᠷ ᠢ ᠳᠡᠭᠡᠭᠰᠢᠯᠡᠭᠦᠯᠦᠨ᠎ᠡ᠃ ᠬᠠᠷᠠᠯᠲᠠ ᠪᠠᠷ | ᠬᠥᠲᠥᠯᠥᠨ ᠳᠠᠭᠠᠭᠤᠯᠬᠤ ᠶᠢ ᠴᠢᠬᠤᠯᠠᠴᠢᠯᠠᠵᠤ᠂ ᠲᠥᠷᠥ ᠶᠢᠨ ᠪᠣᠳᠣᠯᠭ᠎ᠠ ᠶᠢᠨ ᠬᠠᠨᠳᠤᠰᠢ ᠶᠢ ᠡᠵᠡᠮᠳᠡᠨ᠂ ᠴᠠᠭ ᠲᠣᠬᠢᠶᠠᠯ | ᠪᠠ ᠡᠷᠴᠢᠮ ᠢ ᠡᠷᠬᠢᠮᠯᠡᠵᠦ᠂ ᠰᠢᠰᠲ᠋ᠧᠮᠲᠦ ᠰᠡᠳᠭᠢᠬᠦᠢ ᠶᠢ ᠴᠢᠩᠭᠠᠳᠬᠠᠵᠤ᠂ ᠬᠤᠷᠸ᠎ᠠ ᠲᠦᠷᠦ ᠶᠢᠨ ᠪᠤᠳᠤᠯᠭ᠎ᠠ ᠶᠢ | ᠬᠡᠷᠡᠭᠵᠢᠭᠦᠯᠬᠦ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ | ᠡᠳ᠋ ᠤᠨ ᠵᠠᠰᠠᠭ ᠤᠨ ᠨᠡᠩ ᠢᠳᠡᠪᠬᠢᠲᠡᠶ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠨ᠎ᠡ᠃ ᠣᠷᠣᠯᠭ᠎ᠠ᠂ ᠵᠢᠭᠡᠯᠡᠯᠭᠡ ᠶᠢᠨ | ᠲᠡᠮᠳᠡᠭᠲᠦ ᠵᠡᠷᠭᠡ ᠡᠯ᠎ᠡ ᠲᠥᠷᠥᠯ ᠤᠨ ᠡᠳ᠋ ᠤᠨ ᠵᠠᠰᠠᠭ ᠤᠨ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ | ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠦᠷᠭᠦᠯᠵᠢᠯᠡᠨ ᠬᠦᠴᠦᠯᠡᠵᠦ᠂ ᠨᠠᠩ ᠢᠯᠡᠭᠦᠦ ᠬᠦᠴᠦᠲᠠᠢ ᠪᠤᠯᠬᠤ ᠶᠢ | ᠦᠨᠡᠨ ᠬᠦ ᠪᠠᠲᠤᠯᠠᠨ᠎ᠠ᠃ ᠡᠨᠡ ᠵᠢᠯ ᠤᠨ ᠤᠯᠠᠭᠠᠨ ᠲᠤᠭ᠎ᠠ ᠶᠢᠨ ᠨᠣᠷᠮ᠎ᠠ ᠶᠢ 4% ᠣᠷᠴᠢᠮ ᠢᠶᠠᠷ ᠲᠣᠬᠢᠷᠠᠭᠤᠯᠵᠤ᠂ | ᠲᠦᠷᠦᠭᠦᠦ ᠵᠢᠯ ᠤᠨ ᠬᠢ ᠠᠴᠠ 1 ᠵᠠᠭᠤᠨ ᠤ ᠨᠢᠭᠡᠴᠢ ᠳᠡᠭᠡᠭᠰᠢᠯᠡᠭᠦᠯᠵᠦ᠂ ᠤᠯᠠᠭᠠᠨ ᠲᠤᠭ᠎ᠠ ᠶᠢᠨ ᠬᠡᠪᠴᠢᠶ᠎ᠡ ᠶᠢ 5.66 | ᠲᠦᠮᠡᠨ ᠳ᠋ᠦᠩᠰᠢᠭᠤᠷ ᠲᠥᠭᠦᠷᠢᠭ ᠪᠠᠶᠢᠯᠭᠠᠵᠤ᠂ ᠲᠦᠷᠦᠭᠦᠦ ᠵᠢᠯ ᠤᠨ ᠬᠢ ᠠᠴᠠ 1.6 ᠲᠦᠮᠡᠨ ᠳ᠋ᠦᠩᠰᠢᠭᠤᠷ ᠲᠥᠭᠦᠷᠢᠭ | ᠨᠡᠮᠡᠭᠳᠡᠭᠦᠯᠬᠦ ᠪᠠᠷ ᠪᠠᠶᠢᠨ᠎ᠠ᠃ ᠡᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ ᠬᠡᠪᠴᠢᠶ᠎ᠡ ᠶᠢ 29.7 ᠲᠦᠮᠡᠨ | ᠳ᠋ᠦᠩᠰᠢᠭᠤᠷ ᠲᠥᠭᠦᠷᠢᠭ ᠪᠠᠶᠢᠯᠭᠠᠵᠤ᠂ ᠲᠦᠷᠦᠭᠦᠦ ᠵᠢᠯ ᠤᠨ ᠬᠢ ᠠᠴᠠ 1.2 ᠲᠦᠮᠡᠨ ᠳ᠋ᠦᠩᠰᠢᠭᠤᠷ ᠲᠥᠭᠦᠷᠢᠭ | ᠨᠡᠮᠡᠭᠳᠡᠭᠦᠯᠦᠨ᠎ᠠ᠃ ᠬᠡᠲᠦ ᠤᠷᠳᠤ ᠬᠤᠭᠤᠴᠠᠭᠠᠨ ᠤ ᠣᠨᠴᠠᠭᠠᠶ ᠤᠯᠤᠰ ᠤᠨ ᠵᠢᠭᠡᠯᠡᠯᠭᠡ ᠶᠢ 1.3 ᠲᠦᠮᠡᠨ ᠳ᠋ᠦᠩᠰᠢᠭᠤᠷ | ᠲᠥᠭᠦᠷᠢᠭ ᠲᠠᠷᠬᠠᠭᠠᠵᠦ᠂ ᠲᠦᠷᠦᠭᠦᠦ ᠵᠢᠯ ᠤᠨ ᠬᠢ ᠠᠴᠠ 3000 ᠳ᠋ᠦᠩᠰᠢᠭᠤᠷ ᠲᠥᠭᠦᠷᠢᠭ ᠨᠡᠮᠡᠭᠳᠡᠭᠦᠯᠬᠦ ᠪᠠᠷ ᠪᠠᠶᠢᠨ᠎ᠠ᠃ | ᠣᠨᠴᠠᠭᠠᠶ ᠤᠯᠤᠰ ᠤᠨ ᠵᠢᠭᠡᠯᠡᠯᠭᠡ ᠶᠢ 5000 ᠳ᠋ᠦᠩᠰᠢᠭᠤᠷ ᠲᠥᠭᠦᠷᠢᠭ ᠲᠠᠷᠬᠠᠭᠠᠵᠦ᠂ ᠤᠯᠤᠰ ᠤᠨ ᠥᠮᠴᠢᠯᠡᠯ ᠤᠨ ᠲᠤᠮᠤ | ᠬᠡᠯᠪᠡᠷᠢ ᠶᠢᠨ ᠬᠤᠳᠠᠯᠳᠤᠭᠠᠨ ᠤ ᠪᠠᠩᠬᠢ ᠶᠢᠨ ᠬᠦᠷᠦᠩᠭᠡ ᠪᠠᠨ ᠨᠥᠬᠦᠪᠥᠷᠢᠯᠡᠬᠦ ᠶᠢ ᠲᠡᠮᠵᠢᠬᠦ ᠪᠠᠷ ᠪᠠᠶᠢᠨ᠎ᠠ᠃ ᠣᠷᠣᠨ | ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ 4.4 ᠲᠦᠮᠡᠨ ᠳ᠋ᠦᠩᠰᠢᠭᠤᠷ | ᠲᠥᠭᠦᠷᠢᠭ ᠲᠣᠬᠢᠷᠠᠭᠤᠯᠵᠤ᠂ ᠲᠦᠷᠦᠭᠦᠦ ᠵᠢᠯ ᠤᠨ ᠬᠢ ᠠᠴᠠ 5000 ᠳ᠋ᠦᠩᠰᠢᠭᠤᠷ ᠲᠥᠭᠦᠷᠢᠭ ᠨᠡᠮᠡᠭᠳᠡᠭᠦᠯᠵᠦ᠂ ᠪᠡᠯᠡ | ᠣᠷᠣᠭᠤᠯᠵᠤ ᠪᠦᠲᠦᠭᠡᠨ ᠪᠠᠶᠢᠭᠤᠯᠬᠤ᠂ ᠭᠠᠵᠠᠷ ᠰᠢᠷᠣᠶ ᠬᠤᠳᠠᠯᠳᠤᠨ ᠠᠪᠴᠤ ᠨᠥᠭᠡᠴᠡᠯᠡᠬᠦ ᠪᠠ ᠬᠠᠳᠠᠭᠠᠯᠠᠯᠲᠠ ᠲᠠᠸᠠᠷ ᠤᠨ | ᠭᠡᠷ ᠪᠠᠶᠢᠰᠢᠩ ᠢ ᠬᠤᠳᠠᠯᠳᠤᠨ ᠠᠪᠬᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢᠲᠦᠵᠦ ᠪᠠᠶᠢᠭ᠎ᠠ ᠠᠵᠤ | ᠠᠬᠤᠶᠢᠯᠠᠯ ᠤᠨ ᠠᠪᠴᠠᠭᠠᠨ ᠤ ᠵᠤᠭᠤᠰ ᠢ ᠰᠢᠢᠳᠪᠦᠷᠢᠯᠡᠬᠦ ᠵᠡᠷᠭᠡ ᠳᠤ ᠭᠤᠤᠯᠳᠠᠯᠭ᠎ᠠ ᠲᠠᠢ ᠬᠡᠷᠡᠭᠯᠡᠬᠦ ᠪᠠᠷ ᠪᠠᠶᠢᠨ᠎ᠡ᠃ ᠡᠨᠡ ᠵᠢᠯ | ᠵᠠᠰᠠᠭ ᠤᠨ ᠣᠷᠳᠣᠨ ᠤ ᠥᠷᠢ ᠦᠭᠴᠡᠭᠡ ᠶᠢᠨ ᠶᠡᠷᠦᠩᠬᠡᠶ ᠬᠡᠪᠴᠢᠶ᠎ᠡ ᠶᠢ ᠨᠡᠶᠢᠲᠡ 11.86 ᠲᠦᠮᠡᠨ ᠳ᠋ᠦᠩᠰᠢᠭᠤᠷ | ᠲᠥᠭᠦᠷᠢᠭ ᠰᠢᠨ᠎ᠡ ᠪᠠᠷ ᠨᠡᠮᠡᠭᠳᠡᠭᠦᠯᠵᠦ᠂ ᠲᠦᠷᠦᠭᠦᠦ ᠵᠢᠯ ᠤᠨ ᠬᠢ ᠠᠴᠠ 2.9 ᠲᠦᠮᠡᠨ ᠳ᠋ᠦᠩᠰᠢᠭᠤᠷ ᠲᠥᠭᠦᠷᠢᠭ | ᠨᠡᠮᠡᠭᠳᠡᠭᠦᠯᠦᠨ᠂ ᠡᠳ᠋ ᠤᠨ ᠵᠠᠰᠠᠭ ᠤᠨ ᠵᠠᠷᠤᠯᠭ᠎ᠠ ᠶᠢᠨ ᠡᠷᠴᠢᠮ ᠢ ᠢᠯᠡᠳᠲᠡ ᠴᠢᠩᠭᠠᠷᠠᠭᠤᠯᠤᠨ᠎ᠠ᠃ ᠡᠯ᠎ᠡ ᠵᠦᠢᠯ ᠤᠨ ᠪᠡᠯᠡ | ᠮᠥᠩᠭᠦ ᠶᠢ ᠳᠣᠷᠣᠭᠰᠢ ᠪᠠᠭᠤᠯᠭᠠᠵᠤ ᠰᠠᠯᠭᠠᠨ ᠥᠭᠬᠦ ᠶᠢ ᠲᠦᠷᠭᠡᠳᠭᠡᠵᠦ᠂ ᠠᠯᠢ ᠲᠦᠷᠭᠡᠨ ᠢᠶᠠᠷ ᠪᠣᠳᠠᠲᠠᠶ ᠵᠠᠷᠤᠯᠭ᠎ᠠ | ᠪᠣᠯᠭᠠᠵᠤ ᠪᠦᠷᠢᠯᠳᠦᠭᠦᠯᠦᠨ᠎ᠡ᠃ ᠵᠠᠷᠤᠯᠭ᠎ᠠ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ᠂ ᠬᠡᠷᠡᠭᠯᠡᠭᠡ ᠶᠢ ᠠᠬᠢᠭᠤᠯᠬᠤ᠂ ᠰᠡᠯᠭᠦᠬᠦ ᠬᠦᠴᠦᠨ ᠢ ᠨᠡᠮᠡᠭᠳᠡᠭᠦᠯᠬᠦ ᠶᠢ ᠨᠡᠩ | ᠴᠢᠬᠤᠯᠠᠴᠢᠯᠠᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠦᠨᠡᠨ ᠬᠦ ᠳᠡᠭᠡᠭᠰᠢᠯᠡᠭᠦᠯᠦᠨ᠎ᠡ᠃ ᠲᠥᠪ ᠤᠨ | ᠡᠳ᠋ ᠤᠨ ᠵᠠᠰᠠᠭ ᠠᠴᠠ ᠣᠷᠣᠨ ᠨᠤᠲᠤᠭ ᠲᠤ ᠡ᠊ᠩ ᠤᠨ ᠴᠢᠨᠠᠷᠲᠠᠶ ᠰᠢᠯᠵᠢᠭᠦᠯᠦᠨ ᠥᠭᠬᠦ ᠡᠷᠴᠢᠮ ᠢᠶᠠᠨ ᠴᠢᠩᠭᠠᠷᠠᠭᠤᠯᠵᠤ᠂ | ᠬᠦᠴᠢᠷᠳᠡᠯ ᠲᠠᠢ ᠭᠠᠵᠠᠷ ᠣᠷᠣᠨ ᠪᠠ ᠬᠥᠭᠵᠢᠯᠲᠡ ᠪᠠᠷᠤᠭᠲᠠᠢ ᠭᠠᠵᠠᠷ ᠣᠷᠣᠨ ᠲᠡᠶᠢᠰᠢ ᠬᠡᠯᠪᠠᠶᠢᠯᠭᠡᠨ᠎ᠡ᠃ ᠱᠠᠲᠤ ᠬᠤᠪᠢᠶᠠᠨ | ᠪᠠᠲᠤᠯᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ︽ᠭᠤᠷᠪᠠ ᠶᠢ ᠪᠠᠲᠤᠯᠠᠭ᠎ᠠ ᠲᠠᠢ | ᠪᠠᠶᠢᠯᠭᠠᠬᠤ︾ ᠬᠢᠵᠠᠭᠠᠷ ᠱᠤᠭᠤᠮ ᠢ ᠪᠠᠲᠤ ᠴᠤᠭᠴᠠᠯᠠᠵᠤ ᠪᠠᠲᠤ ᠰᠠᠬᠢᠨ᠎ᠠ᠃ ᠵᠠᠰᠠᠭ ᠤᠨ ᠣᠷᠳᠣᠨ ᠠᠷᠪᠢᠯᠠᠵᠤ | ᠠᠮᠢᠳᠤᠷᠠᠬᠤ ᠶᠢ ᠪᠠᠷᠢᠮᠲᠠᠯᠠᠵᠤ᠂ ᠡᠳ᠋ ᠤᠨ ᠵᠠᠰᠠᠭ ᠤᠨ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢ ᠠᠬᠢᠭᠤᠯᠵᠤ᠂ ᠡᠳ᠋ ᠤᠨ | ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠨ᠂ ᠱᠠᠯᠢᠨ ᠪᠦᠷᠢᠯᠭᠡᠬᠦ ᠶᠢ ᠴᠢᠩᠭ᠎ᠠ ᠴᠠᠭᠠᠵᠠᠯᠠᠵᠤ᠂ ᠨᠡᠩ ᠤᠯᠠᠨ | ᠪᠡᠯᠡ ᠮᠥᠩᠭᠦ ᠶᠢ ᠰᠤᠯᠠᠯᠠᠨ ᠭᠠᠷᠭᠠᠵᠤ ᠬᠥᠭᠵᠢᠯᠲᠡ ᠶᠢᠨ ᠬᠡᠷᠡᠭᠴᠡᠭᠡ᠂ ᠠᠷᠠᠳ ᠤᠨ ᠠᠮᠢᠳᠤᠷᠠᠯ ᠤᠨ ᠬᠦᠰᠡᠯ ᠡᠷᠡᠮᠡᠯᠵᠡᠯ ᠳᠤ | ᠨᠡᠶᠢᠴᠡᠬᠦᠯᠵᠦ ᠬᠡᠷᠡᠭᠯᠡᠨ᠎ᠡ᠃ | ᠵᠣᠬᠢᠰᠲᠠᠶ ᠠᠭᠤᠵᠢᠭᠤ ᠪᠠᠶᠢᠯᠭᠠᠬᠤ ᠵᠣᠭᠤᠰᠣᠨ ᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠨ᠎ᠡ᠃ ᠵᠣᠭᠤᠰᠣᠨ ᠤ | ᠲᠥᠷᠥ ᠶᠢᠨ ᠪᠣᠳᠣᠯᠭ᠎ᠠ ᠶᠢᠨ ᠪᠠᠭᠠᠵᠢ ᠶᠢᠨ ᠶᠡᠷᠦᠩᠬᠡᠶ ᠬᠡᠮᠵᠢᠶ᠎ᠡ ᠪᠣᠯᠤᠨ ᠪᠦᠲᠦᠴᠡ ᠶᠢᠨ ᠳᠠᠪᠬᠤᠷ ᠴᠢᠳᠠᠮᠵᠢ ᠶᠢ ᠰᠠᠶᠢᠲᠤᠷ | ᠪᠠᠳᠠᠷᠠᠭᠤᠯᠵᠤ᠂ ᠬᠠᠳᠠᠭᠠᠯᠠᠮᠵᠢ ᠶᠢᠨ ᠪᠡᠯᠡᠳᠭᠡᠯ ᠮᠦᠡᠭᠭᠦ ᠶᠢᠨ ᠨᠤᠷᠮ᠎ᠠ ᠪᠠ ᠬᠦᠦ ᠮᠥᠩᠭᠦ ᠶᠢᠨ ᠨᠤᠷᠮ᠎ᠠ ᠶᠢ ᠴᠠᠭ ᠲᠤᠨᠢ | ᠲᠣᠬᠢᠷᠠᠭᠤᠯᠤᠨ ᠪᠠᠭᠤᠷᠠᠭᠤᠯᠵᠤ᠂ ᠭᠦᠢᠯᠭᠡᠭᠡᠨ ᠤ ᠴᠢᠨᠠᠷ ᠢᠶᠠᠷ ᠭᠦᠢᠴᠡᠳ ᠪᠠᠶᠢᠬᠤ ᠶᠢ ᠪᠠᠲᠤᠯᠠᠵᠤ᠂ ᠨᠡᠶᠢᠭᠡᠮ ᠤᠨ ᠪᠠᠯᠠ | ᠲᠣᠬᠢᠷᠠᠭᠤᠯᠭ᠎ᠠ ᠶᠢᠨ ᠬᠡᠪᠴᠢᠶ᠎ᠡ᠂ ᠵᠣᠭᠤᠰᠣᠨ ᠤ ᠬᠠᠩᠭᠠᠯᠭ᠎ᠠ ᠶᠢᠨ ᠬᠡᠮᠵᠢᠶ᠎ᠡ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ᠂ | ᠦᠨ᠎ᠡ ᠬᠠᠩᠰᠢ ᠶᠢᠨ ᠶᠡᠷᠦᠩᠬᠡᠶ ᠬᠡᠮᠵᠢᠶ᠎ᠡ ᠶᠢᠨ ᠵᠢᠱᠢᠭᠰᠡᠨ ᠬᠠᠷᠠᠯᠲᠠ ᠯᠤᠭ᠎ᠠ ᠵᠣᠬᠢᠴᠠᠯᠳᠤᠭᠤᠯᠤᠨ᠎ᠠ᠃ ᠪᠦᠲᠦᠴᠡ ᠶᠢᠨ | ᠴᠢᠨᠠᠷᠲᠠᠶ ᠵᠣᠭᠤᠰᠣᠨ ᠤ ᠲᠥᠷᠥ ᠶᠢᠨ ᠪᠣᠳᠣᠯᠭ᠎ᠠ ᠶᠢᠨ ᠪᠠᠭᠠᠵᠢ ᠶᠢ ᠰᠢᠯᠢᠳᠡᠭᠵᠢᠭᠦᠯᠬᠦ ᠪᠠ ᠡᠨᠡ ᠲᠠᠯ᠎ᠠ ᠪᠠᠷ ᠰᠢᠨ᠎ᠡ ᠶᠢ | ᠡᠭᠦᠳᠴᠦ᠂ ᠲᠠᠸᠠᠷ ᠤᠨ ᠪᠠᠶᠢᠰᠢᠩ ᠤᠨ ᠵᠠᠬ᠎ᠠ ᠳᠡᠯᠭᠡᠭᠦᠷ ᠰᠲ᠋ᠤᠺ ᠤᠨ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠨᠠᠩ | ᠶᠡᠭᠡ ᠡᠷᠴᠢᠮ ᠢᠶᠠᠷ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠨᠤᠭᠤᠭᠠᠨ | ᠬᠥᠭᠵᠢᠯᠲᠡ᠂ ᠬᠡᠷᠡᠭᠯᠡᠭᠡ ᠶᠢ ᠬᠥᠭᠵᠢᠭᠡᠬᠦ ᠵᠢᠴᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠵᠢᠵᠢᠭ ᠪᠢᠴᠢᠯ ᠠᠵᠤ | ᠠᠬᠤᠶᠢᠯᠠᠯ ᠵᠡᠷᠭᠡ ᠳᠤ ᠦᠵᠡᠭᠦᠯᠬᠦ ᠳᠡᠮᠵᠢᠯᠭᠡ ᠪᠠᠨ ᠴᠢᠩᠭᠠᠷᠠᠭᠤᠯᠤᠨ᠎ᠠ᠃ ᠵᠣᠭᠤᠰᠣᠨ ᠤ ᠲᠥᠷᠥ ᠶᠢᠨ ᠪᠣᠳᠣᠯᠭ᠎ᠠ ᠶᠢᠨ | ᠳᠠᠮᠵᠢᠭᠤᠯᠬᠤ ᠠᠷᠭ᠎ᠠ ᠵᠠᠮ ᠢ ᠤᠯᠠᠮ ᠨᠢᠭᠡ ᠠᠯᠬᠤᠮ ᠨᠡᠪᠲᠡᠷᠡᠭᠦᠯᠵᠦ᠂ ᠬᠦᠦ ᠮᠥᠩᠭᠦ ᠶᠢᠨ ᠨᠣᠷᠮ᠎ᠠ ᠶᠢᠨ ᠪᠦᠷᠢᠯᠳᠦᠬᠦ ᠪᠠ | ᠳᠠᠮᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠡᠬᠡ ᠮᠥᠩᠭᠦ ᠶᠢ ᠨᠢ ᠪᠤᠴᠠᠭᠠᠯᠭᠠᠬᠤ ᠦᠭᠡᠢ ᠪᠠᠷ ᠵᠢᠭᠡᠯᠡᠯᠭᠡ ᠶᠢ | ᠦᠷᠭᠦᠯᠵᠢᠯᠡᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠪᠠᠯᠠ ᠲᠣᠬᠢᠷᠠᠭᠤᠯᠭ᠎ᠠ ᠶᠢᠨ ᠢᠲᠡᠭᠡᠮᠵᠢ ᠶᠢ | ᠨᠡᠮᠡᠭᠳᠡᠭᠦᠯᠬᠦ ᠪᠠ ᠲᠦᠭᠰᠢᠭᠦᠷᠢ ᠶᠢ ᠬᠤᠪᠢᠶᠠᠨ ᠡᠭᠦᠷᠭᠡᠯᠡᠬᠦ ᠵᠡᠷᠭᠡ ᠳᠡᠮᠵᠢᠯᠭᠡ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠎ᠠ᠃ | ᠨᠡᠶᠢᠭᠡᠮ ᠤᠨ ᠶᠡᠷᠦᠩᠬᠡᠶᠢᠯᠡᠭᠰᠡᠨ ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠪᠠᠭᠤᠷᠠᠭᠤᠯᠬᠤ ᠶᠢ ᠠᠬᠢᠭᠤᠯᠵᠤ᠂ | ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠦᠷᠲᠡᠵᠦ ᠪᠤᠯᠬᠤ ᠴᠢᠨᠠᠷ ᠪᠠ ᠲᠥᠬᠦᠮ ᠳᠦᠳᠡ ᠶᠢᠨ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠠᠷᠠᠳ ᠤᠨ ᠵᠣᠭᠤᠰᠣᠨ ᠤ ᠭᠤᠪᠢᠭᠤᠯᠭ᠎ᠠ ᠶᠢᠨ ᠨᠤᠷᠮ᠎ᠠ ᠶᠢᠨ ᠵᠦᠢ ᠵᠣᠬᠢᠰᠲᠠᠶ ᠪᠥᠭᠡᠳ | ᠲᠡᠩᠴᠡᠭᠦᠷᠢᠲᠡᠶ ᠲᠦᠪᠰᠢᠨ ᠳᠡᠭᠡᠷ᠎ᠡ ᠦᠨᠳᠦᠰᠦᠨ ᠳᠡᠭᠡᠨ ᠲᠣᠭᠲᠠᠪᠤᠷᠢᠳᠠᠢ ᠪᠠᠶᠢᠬᠤ ᠶᠢ ᠪᠠᠲᠤᠯᠠᠨ᠎ᠠ᠃ ᠲᠥᠪ ᠪᠠᠩᠬᠢ ᠶᠢᠨ | ᠬᠤᠷᠸ᠎ᠠ ᠲᠠᠯ᠎ᠠ ᠪᠠᠷ ᠬᠢᠨᠠᠭᠤᠷ ᠪᠣᠯᠭᠤᠮᠵᠢᠲᠠᠶ ᠬᠠᠮᠢᠶᠠᠷᠬᠤ ᠪᠠ ᠮᠥᠩᠭᠦᠨ ᠭᠦᠢᠯᠭᠡᠭᠡ ᠶᠢ ᠲᠣᠭᠲᠠᠭᠤᠨ ᠪᠠᠶᠢᠯᠭᠠᠬᠤ | ᠴᠢᠳᠠᠮᠵᠢ ᠶᠢ ᠥᠷᠭᠡᠳᠭᠡᠵᠦ᠂ ᠮᠥᠩᠭᠦᠨ ᠭᠦᠢᠯᠭᠡᠭᠡᠨ ᠤ ᠪᠠᠭᠠᠵᠢ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠮᠥᠩᠭᠦᠨ | ᠭᠦᠢᠯᠭᠡᠭᠡᠨ ᠤ ᠵᠠᠬ᠎ᠠ ᠳᠡᠯᠭᠡᠭᠦᠷ ᠤᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ | ᠬᠤᠷᠸ᠎ᠠ ᠲᠥᠷᠥ ᠶᠢᠨ ᠪᠣᠳᠣᠯᠭ᠎ᠠ ᠶᠢᠨ ᠠᠷᠠᠳ ᠤᠨ ᠠᠮᠢᠳᠤᠷᠠᠯ ᠢᠶᠠᠷ ᠤᠳᠤᠷᠢᠳᠤᠮᠵᠢ ᠪᠤᠯᠭᠠᠬᠤ ᠶᠢ ᠴᠢᠩᠭᠠᠳᠬᠠᠨ᠎ᠠ᠃ | ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠵᠤ ᠠᠬᠤᠶ ᠶᠢᠨ ᠲᠥᠷᠥ ᠶᠢᠨ ᠪᠣᠳᠣᠯᠭ᠎ᠠ ᠶᠢᠨ ᠬᠦᠴᠦᠯᠡᠬᠦ | ᠴᠡᠭ ᠢ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠬᠡᠷᠡᠭᠯᠡᠭᠡ ᠶᠢ ᠠᠬᠢᠭᠤᠯᠬᠤ ᠳᠡᠶᠢᠰᠢ ᠨᠡᠩ ᠢᠯᠡᠭᠦᠦ ᠰᠢᠯᠵᠢᠬᠦᠯᠵᠦ᠂ | ᠬᠡᠷᠡᠭᠯᠡᠭᠡ ᠪᠠᠷ ᠠᠵᠤ ᠠᠬᠤᠶ ᠶᠢᠨ ᠤᠷᠴᠢᠯ ᠢ ᠬᠦᠭᠵᠢᠭᠡᠨ ᠰᠢᠯᠤᠭᠤᠳᠬᠠᠵᠤ᠂ ᠬᠡᠷᠡᠭᠯᠡᠭᠡ ᠶᠢᠨ ᠳᠡᠰ ᠳᠡᠪᠰᠢᠯᠲᠡ ᠪᠠᠷ ᠠᠵᠤ | ᠦᠢᠯᠡᠰ ᠤᠨ ᠳᠡᠰ ᠳᠡᠪᠰᠢᠯᠲᠡ ᠶᠢ ᠬᠥᠲᠥᠯᠥᠨ ᠳᠠᠭᠠᠭᠤᠯᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ | ᠳᠤᠮᠳᠠ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠪᠤᠢ ᠪᠣᠯᠭᠠᠨ᠎ᠠ᠃ ᠨᠠᠩ ᠣᠯᠠᠨ ᠪᠡᠯᠡ ᠮᠥᠩᠭᠦ ᠡᠬᠢ ᠪᠠᠶᠠᠯᠢᠭ ᠤᠨ | ︽ᠬᠥᠮᠦᠨ ᠳᠤ ᠪᠡᠯᠡ ᠣᠷᠣᠭᠤᠯᠬᠤ︾ ᠪᠠ ᠠᠷᠠᠳ ᠤᠨ ᠠᠮᠢᠳᠤᠷᠠᠯ ᠳᠤ ᠦᠢᠯᠡᠴᠢᠯᠡᠬᠦ ᠶᠢ ᠠᠬᠢᠭᠤᠯᠵᠤ᠂ ᠠᠵᠢᠯ | ᠣᠯᠭᠤᠯᠲᠠ ᠶᠢ ᠥᠷᠭᠡᠳᠭᠡᠬᠦ᠂ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠦᠨ ᠳᠠᠷᠤᠭᠠᠰᠤ ᠶᠢ ᠬᠥᠩᠭᠡᠷᠡᠭᠦᠯᠬᠦ ᠶᠢ | ᠠᠬᠢᠭᠤᠯᠬᠤ᠂ ᠬᠡᠷᠡᠭᠯᠡᠭᠡ ᠶᠢᠨ ᠤᠷᠮᠠᠰᠢᠭᠤᠯᠤᠯ ᠢ ᠴᠢᠩᠭᠠᠳᠬᠠᠬᠤ ᠶᠢ ᠳᠡᠮᠵᠢᠵᠦ᠂ ᠠᠵᠤ ᠠᠬᠤᠶ ᠶᠢᠨ ᠬᠥᠭᠵᠢᠯᠲᠡ ᠪᠠ | ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢᠨ ᠰᠠᠶᠢᠨ ᠣᠷᠴᠢᠯ ᠢ ᠪᠤᠢ ᠪᠣᠯᠭᠠᠨ᠎ᠠ᠃ | ᠬᠠᠮ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠵᠢᠬᠦᠯᠦᠨ᠎ᠡ᠃ ᠡᠳ᠋ ᠤᠨ ᠵᠠᠰᠠᠭ᠂ ᠵᠣᠭᠤᠰ᠂ ᠠᠵᠢᠯ ᠣᠯᠭᠤᠯᠲᠠ᠂ | ᠠᠵᠤ ᠦᠢᠯᠡᠰ᠂ ᠣᠷᠣᠨ ᠪᠦᠰᠡ᠂ ᠠᠷᠠᠯᠵᠢᠶ᠎ᠠ᠂ ᠣᠷᠴᠢᠨ ᠠᠬᠤᠢ ᠶᠢᠨ ᠬᠠᠮᠠᠭᠠᠯᠠᠯᠲᠠ᠂ ᠬᠢᠨᠠᠯᠲᠠ ᠬᠠᠮᠢᠶᠠᠷᠤᠯᠲᠠ ᠵᠡᠷᠭᠡ | ᠲᠥᠷᠥ ᠶᠢᠨ ᠪᠣᠳᠣᠯᠭ᠎ᠠ ᠶᠢᠨ ᠬᠠᠮᠵᠢᠯᠴᠠᠭ᠎ᠠ ᠵᠢᠴᠢ ᠥᠭᠡᠷᠡᠴᠢᠯᠡᠯᠲᠡ ᠨᠡᠭᠡᠭᠡᠯᠲᠡ ᠶᠢᠨ ᠠᠷᠭ᠎ᠠ ᠬᠡᠮᠵᠢᠶ᠎ᠡ ᠯᠦᠭᠡ ᠶᠢᠨ | ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠨᠡᠶᠢᠯᠡᠯ ᠬᠦᠴᠦᠨ ᠢ ᠴᠢᠩᠭᠠᠷᠠᠭᠤᠯᠦᠨᠡ᠃ | ᠬᠤᠷᠸ᠎ᠠ ᠲᠥᠷᠥ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ ᠦᠨᠡᠯᠡᠨ ᠵᠢᠱᠢᠬᠦ ᠠᠵᠢᠯ ᠤᠨ ᠲᠣᠭᠲᠠᠴᠠ ᠶᠢ | ᠪᠦᠷᠢᠨᠰᠢᠭᠦᠯᠬᠦ ᠪᠠ ᠰᠠᠶᠢᠲᠤᠷ ᠬᠡᠷᠡᠭᠯᠡᠵᠦ᠂ ᠠᠵᠤ ᠠᠬᠤᠶ ᠶᠢᠨ ᠲᠥᠷᠥ ᠶᠢᠨ ᠪᠣᠳᠣᠯᠭ᠎ᠠ ᠪᠣᠯᠤᠨ ᠠᠵᠤ ᠠᠬᠤᠶ ᠶᠢᠨ ᠪᠤᠰᠤ | ᠲᠥᠷᠥ ᠶᠢᠨ ᠪᠣᠳᠣᠯᠭ᠎ᠠ ᠶᠢ ᠨᠢᠭᠡᠳᠦᠯᠲᠦ ᠴᠢᠨᠠᠷ ᠤᠨ ᠦᠨᠡᠯᠡᠨ ᠵᠢᠱᠢᠯᠲᠡ ᠳᠤ ᠨᠢᠭᠡᠳᠦᠯᠲᠡᠶ ᠣᠷᠣᠭᠤᠯᠵᠤ᠂ ᠲᠥᠷᠥ ᠶᠢᠨ | ᠪᠣᠳᠣᠯᠭ᠎ᠠ ᠶᠢ ᠲᠣᠭᠲᠠᠭᠠᠬᠤ ᠪᠠ ᠬᠡᠷᠡᠭᠵᠢᠭᠦᠯᠬᠦ ᠪᠦᠬᠦ ᠶᠠᠪᠤᠴᠠ ᠶᠢ ᠨᠢᠭᠡᠳᠦᠯᠲᠡᠶ ᠲᠥᠯᠥᠪᠯᠡᠵᠦ᠂ ᠲᠥᠷᠥ ᠶᠢᠨ | ᠪᠣᠳᠣᠯᠭ᠎ᠠ ᠶᠢᠨ ᠬᠠᠷᠠᠯᠲᠠ᠂ ᠪᠠᠭᠠᠵᠢ᠂ ᠴᠠᠭ ᠲᠣᠬᠢᠶᠠᠯ᠂ ᠡᠷᠴᠢᠮ᠂ ᠠᠶᠢᠵᠠᠮ ᠤᠨ ᠵᠣᠬᠢᠴᠠᠯᠳᠤᠬᠤ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠲᠥᠷᠥ ᠶᠢᠨ ᠪᠣᠳᠣᠯᠭ᠎ᠠ ᠨᠡᠶᠢᠲᠡᠯᠡᠨ ᠬᠡᠷᠡᠭᠵᠢᠭᠦᠯᠬᠦ ᠳᠡᠭᠡᠨ ᠡᠷᠲᠡᠯᠡᠭᠦᠯᠵᠦ ᠪᠣᠯᠬᠤ ᠶᠢ ᠨᠢ ᠡᠷᠲᠡᠯᠡᠭᠦᠯᠦᠨ | ᠡᠷᠲᠡᠯᠡᠭᠦᠯᠬᠦ ᠠᠴᠠ ᠪᠢᠰᠢ ᠣᠷᠦ᠋ᠢᠲᠠᠭᠤᠯᠬᠤ ᠦᠭᠡᠢ ᠪᠠᠶᠢᠵᠤ᠂ ᠡᠯ᠎ᠡ ᠵᠦᠢᠯ ᠤᠨ ᠮᠠᠭᠠᠳ ᠪᠤᠰᠤ ᠴᠢᠨᠠᠷ ᠯᠤᠭ᠎ᠠ ᠤᠷᠤᠯᠳᠤᠨ | ᠴᠠᠭ ᠢ ᠠᠮᠵᠢᠵᠤ᠂ ᠵᠦᠪ ᠭᠡᠵᠦ ᠦᠵᠡᠭᠰᠡᠨ ᠢᠶᠠᠨ ᠨᠢᠭᠡ ᠯᠡ ᠳᠡᠬᠡᠷ᠎ᠡ ᠭᠦᠢᠴᠡᠳ ᠬᠠᠩᠭᠠᠯᠳᠠᠳᠠᠢ ᠳᠤᠭᠳᠠᠭᠠᠨ | ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠳᠡᠭᠡᠳᠦ | ᠳᠣᠣᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ᠂ ᠬᠥᠨᠳᠡᠯᠡᠨ ᠢᠶᠠᠷ ᠬᠠᠮᠵᠢᠯᠴᠠᠬᠤ ᠪᠠᠨ ᠴᠢᠩᠭᠠᠳᠬᠠᠵᠤ᠂ | ᠲᠥᠷᠥ ᠶᠢᠨ ᠪᠣᠳᠣᠯᠭ᠎ᠠ ᠶᠢᠨ ︽ᠡᠬᠢᠨ ᠤ ᠨᠢᠭᠡ ᠺᠢᠯᠣᠮᠧᠲ᠋ᠧᠷ︾ ᠠᠴᠠ ︽ᠡᠴᠦᠰ ᠤᠨ ᠨᠢᠭᠡ ᠺᠢᠯᠣᠮᠧᠲ᠋ᠧᠷ︾ ᠬᠦᠷᠲᠡᠯ᠎ᠡ | ᠵᠣᠯᠭᠠᠯᠳᠤᠨ ᠰᠠᠭᠠᠳ ᠦᠭᠡᠢ ᠨᠡᠪᠲᠡᠷᠡᠬᠦ ᠶᠢ ᠠᠬᠢᠭᠤᠯᠤᠨ᠎ᠠ᠃ ᠵᠠᠬ᠎ᠠ ᠳᠡᠯᠭᠡᠭᠦᠷ ᠤᠨ ᠲᠠᠭᠤᠨ ᠢ ᠰᠣᠨᠣᠰᠬᠤ ᠶᠢ | ᠴᠢᠬᠤᠯᠠᠴᠢᠯᠠᠵᠤ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠ ᠵᠢᠱᠢᠯᠲᠡ ᠪᠠᠷ ᠬᠥᠲᠥᠯᠦᠨ ᠵᠢᠯᠣᠭᠤᠳᠬᠤ ᠶᠢ | ᠬᠠᠮᠵᠢᠯᠴᠠᠭᠤᠯᠤᠨ ᠠᠬᠢᠭᠤᠯᠵᠤ᠂ ᠢᠳᠡᠪᠬᠢᠲᠡᠶ ᠨᠡᠶᠢᠭᠡᠮ ᠤᠨ ᠵᠢᠱᠢᠯᠲᠡ ᠶᠢ ᠪᠣᠶ ᠪᠣᠯᠭᠠᠨ᠎ᠠ᠃ | ᠡᠨᠡ ᠵᠢᠯ ᠤᠨ ᠬᠠᠷᠠᠯᠲᠠ ᠡᠭᠦᠷᠭᠡ ᠶᠢ ᠰᠠᠶᠢᠲᠤᠷ ᠪᠡᠶᠡᠯᠡᠭᠦᠯᠬᠦ ᠳᠤ᠂ ᠡᠷᠬᠡᠪᠰᠢ ᠰᠢ ᠶᠢᠨ ᠫᠢᠩ ᠤᠨ ᠠᠵᠤ ᠠᠬᠤᠢ ᠶᠢᠨ | ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠴᠢᠨᠠᠷ ᠰᠠᠶᠢᠲᠠᠶ ᠬᠥᠭᠵᠢᠭᠦᠯᠬᠦ ᠡᠨᠡ ᠬᠦ ᠲᠡᠷᠢᠭᠦᠨ ᠴᠢᠬᠤᠯᠠ | ᠡᠭᠦᠷᠭᠡ ᠶᠢ ᠴᠢᠩᠭ᠎ᠠ ᠠᠳᠬᠤᠵᠤ᠂ ᠶᠠᠰᠤ ᠴᠢᠨᠠᠷ ᠢᠶᠠᠷ ᠢᠯᠠᠬᠤ ᠪᠠ ᠬᠡᠪᠴᠢᠶᠡᠵᠢᠭᠦᠯᠬᠦ ᠦᠢᠯᠡᠳᠦᠯ ᠢ ᠪᠠᠳᠠᠷᠠᠭᠤᠯᠬᠤ ᠶᠢ | ᠨᠢᠭᠡᠳᠦᠭᠦᠯᠬᠦ ᠶᠢ ᠪᠠᠷᠢᠮᠲᠠᠯᠠᠵᠤ᠂ ᠶᠠᠰᠤ ᠴᠢᠨᠠᠷ ᠤᠨ ᠪᠦᠲᠦᠮᠵᠢᠲᠡᠶ ᠳᠡᠭᠡᠭᠰᠢᠯᠡᠯᠲᠡ ᠪᠠ ᠲᠤᠭ᠎ᠠ ᠬᠡᠮᠵᠢᠶᠡᠨ ᠤ ᠵᠦᠶ ᠵᠣᠬᠢᠰᠲᠠᠶ | ᠨᠡᠮᠡᠭᠳᠡᠯ ᠢ ᠪᠡᠶᠡᠯᠡᠭᠦᠯᠦᠨ᠎ᠡ᠃ ᠳᠣᠲᠣᠭᠠᠳᠤ ᠬᠡᠷᠡᠭᠴᠡᠭᠡ ᠶᠢ ᠥᠷᠭᠡᠳᠭᠡᠬᠦ ᠪᠠᠶᠢᠯᠳᠤᠬᠤ ᠪᠣᠳᠣᠯᠭ᠎ᠠ ᠶᠢ ᠡᠷᠡᠰ ᠬᠡᠷᠡᠭᠵᠢᠭᠦᠯᠵᠦ᠂ | ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠨᠡᠭᠡᠭᠡᠯᠳᠠ ᠶᠢ ᠥᠷᠭᠡᠳᠭᠡᠬᠦ | ᠳᠤᠮᠳᠠ ᠤᠯᠠᠨ ᠤᠯᠤᠰ ᠤᠨ ᠬᠠᠮᠲᠤᠷᠠᠯᠴᠠᠭᠠᠨ ᠤ ᠣᠷᠣᠨ ᠵᠠᠢ ᠶᠢ ᠥᠷᠭᠡᠳᠭᠡᠵᠦ᠂ ᠤᠯᠤᠰ ᠤᠨ ᠳᠣᠲᠣᠭᠠᠳᠤ | ᠭᠠᠳᠠᠭᠠᠳᠤ ᠶᠢᠨ ᠬᠤᠣᠰ ᠣᠷᠴᠢᠯ ᠤᠨ ᠨᠡᠩ ᠥᠨᠳᠥᠷ ᠲᠦᠪᠰᠢᠨ ᠳᠡᠭᠡᠷ᠎ᠡ ᠬᠠᠷᠢᠯᠴᠠᠨ ᠠᠬᠢᠭᠤᠯᠬᠤ᠂ ᠰᠠᠶᠢᠨ | ᠦᠢᠯᠡᠳᠦᠯᠴᠡᠬᠦ ᠶᠢ ᠪᠡᠶᠡᠯᠡᠭᠦᠯᠦᠨ᠎ᠡ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠬᠡᠷᠡᠭᠯᠡᠭᠡᠨ ᠤ ᠬᠠᠩᠭᠠᠯᠭ᠎ᠠ ᠶᠢᠨ ᠪᠦᠲᠦᠴᠡ ᠶᠢᠨ ᠴᠢᠨᠠᠷᠲᠠᠢ ᠵᠥᠷᠢᠴᠡᠯ ᠢ ᠬᠦᠴᠦᠯᠡᠨ | ᠰᠢᠢᠳᠪᠦᠷᠢᠯᠡᠵᠦ᠂ ᠴᠢᠨᠠᠷ ᠰᠠᠶᠢᠲᠠᠢ ᠬᠠᠩᠭᠠᠯᠭ᠎ᠠ ᠪᠠᠷ ᠬᠡᠷᠡᠭᠴᠡᠭᠡ ᠶᠢ ᠬᠦᠳᠦᠯᠥᠨ ᠳᠠᠭᠠᠭᠤᠯᠬᠤ ᠪᠠ ᠬᠡᠷᠡᠭᠴᠡᠭᠡ ᠶᠢ | ᠡᠭᠦᠳᠬᠦ ᠶᠢ ᠨᠡᠩ ᠴᠢᠬᠤᠯᠠᠴᠢᠯᠠᠨ᠎ᠠ᠃ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ | ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠳᠠᠶᠢᠴᠢᠯᠠᠬᠤ ᠶᠢ ᠪᠠᠷᠢᠮᠲᠠᠯᠠᠵᠤ᠂ ᠨᠡᠶᠢᠭᠡᠮ ᠳᠠᠶᠠᠭᠠᠷ ᠤᠨ ᠰᠢᠨ᠎ᠡ ᠶᠢ ᠡᠭᠦᠳᠬᠦ ᠪᠠ | ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠨ᠎ᠡ᠃ | ᠭᠤᠷᠪᠠ᠂ 2025 ᠣᠨ ᠤ ᠵᠠᠰᠠᠭ ᠤᠨ ᠣᠷᠳᠣᠨ ᠤ ᠠᠵᠢᠯ ᠤᠨ ᠡᠭᠦᠷᠭᠡ | ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠭᠦᠷᠭᠡ ᠮᠠᠰᠢ ᠨᠦᠰᠡᠷ ᠬᠦᠨᠳᠦ ᠪᠠᠶᠢᠨ᠎ᠠ᠃ ᠪᠢᠳᠡ | ᠭᠤᠤᠯᠳᠠᠯᠭ᠎ᠠ ᠶᠢ ᠲᠤᠪᠤᠶᠢᠯᠭᠠᠨ᠂ ᠵᠠᠩᠭᠢᠯᠠᠭ᠎ᠠ ᠶᠢ ᠡᠵᠡᠮᠳᠡᠵᠦ᠂ ᠳᠣᠤᠷᠠᠬᠢ ᠬᠡᠳᠦᠨ ᠲᠠᠯ᠎ᠠ ᠶᠢᠨ ᠠᠵᠢᠯ ᠢ ᠴᠢᠬᠤᠯᠠᠴᠢᠯᠠᠨ | ᠰᠠᠶᠢᠲᠤᠷ ᠠᠳᠬᠤᠬᠤ ᠬᠡᠷᠡᠭᠲᠡᠶ᠃ | ︵ᠨᠢᠭᠡ︶ ᠬᠡᠷᠡᠭᠯᠡᠭᠡ ᠶᠢ ᠶᠡᠭᠡ ᠪᠠᠷ ᠬᠥᠭᠵᠢᠭᠡᠵᠦ᠂ ᠪᠡᠯᠡ ᠣᠷᠣᠭᠤᠯᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠦᠨ᠂ | ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠪᠦᠬᠦ ᠲᠠᠯ᠎ᠠ ᠪᠠᠷ ᠥᠷᠭᠡᠳᠭᠡᠨ᠎ᠡ᠃ ᠬᠡᠷᠡᠭᠯᠡᠭᠡ ᠪᠠ ᠪᠡᠯᠡ | ᠣᠷᠣᠭᠤᠯᠤᠯᠲᠠ ᠶᠢᠨ ᠨᠠᠩ ᠰᠠᠶᠢᠨ ᠤᠶᠠᠯᠳᠤᠯ ᠢ ᠠᠬᠢᠭᠤᠯᠵᠤ᠂ ᠳᠣᠲᠣᠭᠠᠳᠤ ᠬᠡᠷᠡᠭᠴᠡᠭᠡ ᠢᠯᠠᠩᠭᠤᠶ᠎ᠠ ᠬᠡᠷᠡᠭᠯᠡᠭᠡ ᠶᠢᠨ | ᠳᠤᠲᠠᠭᠤᠳᠠᠯ ᠢ ᠲᠦᠷᠭᠡᠯᠡᠨ ᠨᠥᠬᠦᠪᠥᠷᠢᠯᠡᠵᠦ᠂ ᠳᠣᠲᠣᠭᠠᠳᠤ ᠬᠡᠷᠡᠭᠴᠡᠭᠡ ᠶᠢ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ | ᠭᠤᠣᠯ ᠬᠥᠳᠡᠯᠭᠡᠭᠴᠢ ᠬᠦᠴᠦᠨ ᠪᠠ ᠲᠣᠭᠲᠠᠪᠤᠷᠢᠵᠢᠭᠤᠯᠤᠭᠴᠢ ᠪᠣᠯᠭᠠᠨ᠎ᠠ᠃ | ᠬᠡᠷᠡᠭᠯᠡᠭᠡ ᠶᠢ ᠬᠥᠭᠵᠢᠭᠡᠬᠦ ᠲᠤᠰᠬᠠᠶ ᠠᠵᠢᠯᠯᠠᠭ᠎ᠠ ᠶᠢ ᠬᠡᠷᠡᠭᠵᠢᠭᠦᠯᠦᠨ᠎ᠡ᠃ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ᠂ | ᠴᠢᠨᠠᠷ ᠰᠠᠶᠢᠲᠠᠶ ᠬᠠᠩᠭᠠᠯᠭ᠎ᠠ ᠶᠢ ᠨᠡᠮᠡᠭᠳᠡᠭᠦᠯᠬᠦ᠂ ᠬᠡᠷᠡᠭᠯᠡᠭᠡᠨ ᠤ ᠣᠷᠴᠢᠨ ᠨᠦᠬᠦᠴᠡᠯ ᠢ ᠰᠠᠶᠢᠵᠢᠷᠠᠭᠤᠯᠬᠤ ᠲᠤᠰᠬᠠᠶ ᠠᠷᠭ᠎ᠠ | ᠬᠡᠮᠵᠢᠶ᠎ᠡ ᠶᠢ ᠳᠤᠭᠳᠠᠭᠠᠵᠤ᠂ ᠣᠯᠠᠨ ᠶᠠᠩᠵᠤᠴᠢᠯᠠᠭᠰᠠᠨ᠂ ᠵᠦᠷᠢᠶᠡᠵᠢᠭᠰᠡᠨ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠵᠤ | ᠬᠡᠷᠡᠭᠯᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠳᠡᠰ ᠳᠡᠪᠰᠢᠬᠦᠯᠬᠦ ᠶᠢ ᠠᠬᠢᠭᠤᠯᠤᠨ᠎ᠠ᠃ ᠰᠠᠭᠤᠭᠠᠯᠢ ᠠᠷᠠᠳ ᠤᠨ | ᠣᠷᠣᠯᠭ᠎ᠠ ᠶᠢᠨ ᠨᠡᠮᠡᠭᠳᠡᠯ ᠢ ᠣᠯᠠᠨ ᠠᠷᠭ᠎ᠠ ᠵᠠᠮ ᠢᠶᠠᠷ ᠠᠬᠢᠭᠤᠯᠵᠤ᠂ ᠳᠤᠮᠳᠠ ᠳᠣᠤᠷ᠎ᠠ ᠣᠷᠣᠯᠭ᠎ᠠ ᠲᠠᠢ ᠬᠠᠮᠲᠤᠯᠢᠭ ᠤᠨ | ᠣᠷᠣᠯᠭ᠎ᠠ ᠶᠢ ᠨᠡᠮᠡᠭᠳᠡᠭᠦᠯᠦᠨ ᠳᠠᠷᠤᠭᠠᠰᠤ ᠶᠢ ᠬᠥᠩᠭᠡᠷᠡᠭᠦᠯᠬᠦ ᠶᠢ ᠠᠬᠢᠭᠤᠯᠵᠤ᠂ ᠬᠥᠳᠡᠯᠮᠦᠷᠢᠴᠢᠳ ᠤᠨ ᠴᠠᠯᠢᠩ ᠤᠨ ᠬᠡᠪ ᠤᠨ | ᠦᠰᠦᠯᠲᠡ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠡᠲᠦ ᠤᠷᠳᠤ ᠬᠤᠭᠤᠴᠠᠭᠠᠨ ᠤ ᠣᠨᠴᠠᠭᠠᠶ ᠤᠯᠤᠰ ᠤᠨ | ᠵᠢᠭᠡᠯᠡᠯᠭᠡ ᠢ 3000 ᠳ᠋ᠦᠩᠰᠢᠭᠤᠷ ᠲᠥᠭᠦᠷᠢᠭ ᠲᠣᠬᠢᠷᠠᠭᠤᠯᠵᠤ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ | ᠰᠣᠯᠢᠬᠤ ᠶᠢ ᠳᠡᠮᠵᠢᠨ᠎ᠡ᠃ ᠣᠷᠣᠬᠤ ᠵᠥᠪᠰᠢᠶᠡᠷᠡᠯ ᠢ ᠠᠭᠤᠵᠢᠭᠤ ᠪᠤᠯᠭᠠᠬᠤ᠂ ᠬᠢᠵᠠᠭᠠᠷᠯᠠᠯ ᠢ ᠪᠠᠭᠠᠰᠬᠠᠬᠤ᠂ ᠬᠢᠨᠠᠯᠲᠠ | ᠬᠠᠮᠢᠶᠠᠷᠤᠯᠲᠠ ᠶᠢ ᠰᠢᠯᠢᠳᠡᠭᠵᠢᠭᠦᠯᠬᠦ ᠵᠡᠷᠭᠡ ᠲᠠᠯ᠎ᠠ ᠠᠴᠠ ᠭᠠᠷᠳᠠᠵᠤ᠂ ᠡᠷᠡᠭᠦᠯ ᠮᠡᠨᠳᠦ᠂ ᠨᠠᠰᠤᠵᠢᠯ ᠤᠨ ᠠᠰᠠᠷᠠᠮᠵᠢ᠂ | ᠵᠡᠮᠳᠡᠭᠴᠦᠳ ᠢ ᠳᠣᠰᠠᠯᠠᠬᠤ᠂ ᠬᠡᠦᠬᠡᠳ ᠰᠠᠭᠠᠲᠠᠭᠤᠯᠬᠤ᠂ ᠭᠡᠷ ᠠᠬᠤᠶ ᠵᠡᠷᠭᠡ ᠤᠯᠠᠨ ᠡᠰᠢᠴᠢᠯᠡᠭᠰᠡᠨ ᠦᠢᠯᠡᠴᠢᠯᠡᠭᠡᠨ ᠤ | ᠬᠠᠩᠭᠠᠯᠭ᠎ᠠ ᠶᠢ ᠥᠷᠭᠡᠳᠭᠡᠨ᠎ᠡ᠃ ᠬᠡᠷᠡᠭᠯᠡᠭᠡᠨ ᠤ ᠠᠬᠤᠢ ᠪᠠᠶᠢᠳᠠᠯ ᠤᠨ ᠰᠢᠨ᠎ᠡ ᠶᠢ ᠡᠭᠦᠳᠬᠦ ᠪᠠ ᠲᠡᠭᠦᠨ ᠢ ᠪᠠᠶᠠᠯᠢᠬᠵᠢᠭᠤᠯᠵᠤ | ᠳ᠋ᠢᠵᠢᠲ᠋ᠠᠯ᠂ ᠨᠤᠭᠤᠭᠠᠨ᠂ ᠤᠶᠤᠯᠢᠭ ᠵᠡᠷᠭᠡ ᠰᠢᠨ᠎ᠡ ᠬᠡᠯᠪᠡᠷᠢ ᠶᠢᠨ ᠬᠡᠷᠡᠭᠯᠡᠭᠡ ᠶᠢᠨ ᠬᠥᠭᠵᠢᠯᠲᠡ ᠶᠢ ᠲᠦᠷᠭᠡᠳᠭᠡᠨ᠎ᠡ᠃ | ᠠᠮᠠᠷᠠᠯᠲᠠ ᠶᠢᠨ ᠳᠦᠷᠢᠮ ᠢ ᠨᠠᠶᠢᠳᠠᠪᠤᠷᠢᠵᠢᠭᠤᠯᠤᠨ ᠰᠢᠯᠢᠳᠡᠭᠵᠢᠭᠦᠯᠵᠦ᠂ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ ᠵᠡᠷᠭᠡ | ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠤᠨ᠎ᠠ᠃ ᠭᠠᠶᠢᠯᠢ ᠬᠡᠯᠲᠦᠷᠢᠭᠦᠯᠬᠦ ᠳᠡᠯᠭᠡᠭᠦᠷ ᠤᠨ ᠲᠦᠷᠦ ᠶᠢᠨ ᠪᠤᠳᠤᠯᠭ᠎ᠠ ᠶᠢ | ᠲᠡᠭᠦᠯᠳᠡᠷᠵᠢᠭᠦᠯᠵᠦ᠂ ᠬᠢᠯᠢ ᠪᠠᠷ ᠣᠷᠣᠵᠤ ᠢᠷᠡᠨ ᠬᠡᠷᠡᠭᠯᠡᠭᠡ ᠬᠢᠬᠦ ᠶᠢ ᠥᠷᠭᠡᠳᠭᠡᠬᠦ ᠶᠢ ᠠᠬᠢᠭᠤᠯᠤᠨ᠎ᠠ᠃ ᠣᠯᠠᠨ ᠤᠯᠤᠰ ᠤᠨ | ᠬᠡᠷᠡᠭᠯᠡᠭᠡᠨ ᠤ ᠲᠥᠪ ᠬᠤᠲᠠ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠰᠢᠶᠠᠨ ᠤ ᠬᠡᠪᠴᠢᠶᠡᠨ ᠤ | ᠬᠤᠳᠠᠯᠳᠤᠭᠠᠨ ᠤ ᠰᠢᠰᠲ᠋ᠧᠮ ᠢ ᠪᠦᠷᠢᠨᠰᠢᠭᠦᠯᠦᠨ᠎ᠡ᠃ ᠪᠦᠬᠦ ᠰᠢᠰᠲ᠋ᠧᠮ ᠤᠨ ᠬᠡᠷᠡᠭᠯᠡᠭᠡᠨ ᠤ ᠲᠤᠭ᠎ᠠ ᠪᠦᠷᠢᠳᠭᠡᠯ ᠤᠨ | ᠳᠦᠷᠢᠮ ᠢ ᠲᠡᠭᠦᠯᠳᠡᠷᠵᠢᠭᠦᠯᠦᠨ᠎ᠡ᠃ ᠬᠡᠷᠡᠭᠯᠡᠭᠴᠢᠳ ᠤᠨ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠠᠮᠤᠷ | ᠲᠦᠪᠰᠢᠨ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠨᠥᠬᠦᠴᠡᠯ ᠢ ᠪᠤᠢ ᠪᠣᠯᠭᠠᠨ᠎ᠠ᠃ | ᠪᠦᠲᠦᠮᠵᠢᠲᠡᠶ ᠪᠡᠯᠡ ᠣᠷᠣᠭᠤᠯᠤᠯᠲᠠ ᠶᠢ ᠢᠳᠡᠪᠬᠢᠲᠡᠶ ᠥᠷᠭᠡᠳᠭᠡᠨ᠎ᠡ᠃ ᠤᠯᠤᠰ ᠤᠨ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠪᠠ ᠠᠷᠠᠳ ᠤᠨ ᠠᠮᠢᠳᠤᠷᠠᠯ ᠤᠨ ᠬᠡᠷᠡᠭᠴᠡᠭᠡ ᠲᠠᠢ ᠨᠢᠭᠲᠠ ᠤᠶᠠᠯᠳᠤᠭᠤᠯᠤᠨ᠂ ᠡᠯ᠎ᠡ ᠲᠥᠷᠥᠯ ᠤᠨ ᠵᠠᠰᠠᠭ ᠤᠨ | ᠣᠷᠳᠣᠨ ᠤ ᠪᠡᠯᠡ ᠣᠷᠣᠭᠤᠯᠤᠯᠲᠠ ᠶᠢᠨ ᠪᠠᠭᠠᠵᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠡᠳ᠋ ᠤᠨ ᠵᠠᠰᠠᠭ ᠪᠣᠯᠤᠨ | ᠮᠥᠩᠭᠦᠨ ᠭᠦᠢᠯᠭᠡᠭᠡ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠲᠥᠰᠦᠯ ᠤᠨ ᠨᠥᠭᠡᠴᠡ ᠪᠠ ᠡᠯᠧᠮᠧᠨ᠋ᠲ ᠤᠨ ᠪᠠᠲᠤᠯᠠᠭ᠎ᠠ ᠶᠢ | ᠴᠢᠩᠭᠠᠳᠬᠠᠵᠤ᠂ ᠨᠢᠭᠡ ᠪᠦᠯᠦᠭ ᠭᠤᠤᠯᠳᠠᠯᠭ᠎ᠠ ᠲᠠᠢ ᠲᠥᠰᠦᠯ ᠢ ᠲᠦᠷᠭᠡᠯᠡᠨ ᠬᠡᠷᠡᠭᠵᠢᠭᠦᠯᠵᠦ᠂ ᠠᠷᠪᠠᠨ ᠳᠥᠷᠪᠡᠳᠦᠭᠡᠷ | ᠲᠠᠪᠤᠨ ᠵᠢᠯ ᠤᠨ ᠲᠥᠯᠥᠪᠵᠢᠭᠦᠯᠭᠡ ᠶᠢᠨ ᠴᠢᠬᠤᠯᠠ ᠶᠡᠭᠡ ᠢᠨᠵᠧᠨᠧᠷᠢᠩ ᠢ ᠤᠷᠤᠭᠰᠢᠲᠠᠶ ᠳᠠᠭᠤᠰᠬᠠᠬᠤ ᠶᠢ ᠠᠬᠢᠭᠤᠯᠤᠨ᠎ᠠ᠃ | ᠲᠥᠰᠦᠯ ᠢ ᠦᠨᠡᠨ ᠬᠦ ᠣᠨᠣᠪᠴᠢᠲᠠᠶ ᠪᠦᠭᠡᠳ ᠰᠠᠶᠢᠲᠤᠷ ᠰᠣᠩᠭᠤᠵᠤ᠂ ᠪᠡᠯᠡ ᠮᠥᠩᠭᠦ ᠶᠢ ᠰᠠᠶᠢᠲᠤᠷ ᠬᠠᠮᠢᠶᠠᠷᠤᠨ ᠰᠠᠶᠢᠲᠤᠷ | ᠬᠡᠷᠡᠭᠯᠡᠵᠦ᠂ ᠪᠦᠲᠦᠭᠡᠨ ᠪᠠᠶᠢᠭᠤᠯᠵᠤ ᠪᠠᠶᠢᠭ᠎ᠠ ᠲᠥᠰᠦᠯ ᠤᠨ ᠪᠡᠯᠡ ᠮᠥᠩᠭᠦ ᠶᠢᠨ ᠬᠡᠷᠡᠭᠴᠡᠭᠡ ᠶᠢ ᠪᠠᠲᠤᠯᠠᠵᠤ᠂ ᠦᠷ᠎ᠡ ᠠᠰᠢᠭ | ᠳᠤᠤᠷ᠎ᠠ ᠪᠡᠯᠡ ᠤᠷᠤᠭᠤᠯᠤᠯᠲᠠ ᠪᠠ ᠦᠷ᠎ᠡ ᠠᠰᠢᠭ ᠦᠭᠡᠢ ᠪᠡᠯᠡ ᠣᠷᠣᠭᠤᠯᠤᠯᠲᠠ ᠶᠢ ᠡᠷᠡᠰ ᠰᠡᠷᠭᠡᠶᠢᠯᠡᠨ ᠬᠤᠷᠢᠭᠯᠠᠨ᠎ᠠ᠃ | ᠡᠨᠡ ᠵᠢᠯ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢ 7350 ᠳ᠋ᠦᠩᠰᠢᠭᠤᠷ ᠲᠥᠭᠦᠷᠢᠭ | ᠲᠣᠬᠢᠷᠠᠭᠤᠯᠬᠤ ᠪᠠᠷ ᠲᠥᠯᠥᠪᠯᠡᠵᠦ ᠪᠠᠶᠢᠨ᠎ᠠ᠃ ᠬᠡᠲᠦ ᠤᠷᠲᠤ ᠬᠤᠭᠤᠴᠠᠭᠠᠨ ᠤ ᠣᠨᠴᠠᠭᠠᠢ ᠤᠯᠤᠰ ᠤᠨ ᠵᠢᠭᠡᠯᠡᠯᠭᠡ ᠶᠢ | ᠰᠠᠶᠢᠲᠤᠷ ᠬᠡᠷᠡᠭᠯᠡᠵᠦ᠂ ᠬᠡᠲᠦ ᠤᠷᠲᠤ ᠬᠤᠭᠤᠴᠠᠭᠠᠨ ᠤ ᠵᠢᠭᠡᠯᠡᠯᠭᠡ ᠵᠡᠷᠭᠡ ᠢᠵᠢ ᠪᠦᠷᠢᠳᠦᠭᠦᠯᠬᠦ ᠪᠡᠯᠡ ᠲᠣᠬᠢᠷᠠᠭᠤᠯᠭ᠎ᠠ ᠶᠢ | ᠴᠢᠩᠭᠠᠳᠬᠠᠵᠤ᠂ ᠳᠡᠭᠡᠷ᠎ᠡ ᠠᠴᠠ ᠳᠣᠷᠣᠭᠰᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠴᠢᠩᠭᠠᠳᠬᠠᠵᠤ᠂ ︽ᠨᠢᠭᠡ | ᠴᠢᠬᠤᠯᠠ ᠨᠢᠭᠡ ᠭᠤᠤᠯᠳᠠᠯᠭ᠎ᠠ︾ ᠶᠢᠨ ᠪᠠᠶᠢᠭᠤᠯᠤᠯᠲᠠ ᠶᠢ ᠨᠡᠩ ᠶᠡᠭᠡ ᠡᠷᠴᠢᠮ ᠢᠶᠠᠷ ᠲᠡᠮᠵᠢᠨ᠎ᠠ᠃ ᠣᠷᠣᠨ ᠨᠤᠲᠤᠭ ᠤᠨ | ᠵᠠᠰᠠᠭ ᠤᠨ ᠣᠷᠳᠣᠨ ᠤ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠬᠠᠮᠢᠶᠠᠷᠤᠯᠲᠠ ᠶᠢᠨ ᠲᠣᠭᠲᠠᠴᠠ ᠶᠢ | ᠰᠢᠯᠢᠳᠡᠭᠵᠢᠭᠦᠯᠵᠦ᠂ ᠣᠷᠣᠭᠤᠯᠤᠯᠲᠠ ᠶᠢᠨ ᠬᠦᠷᠢᠶᠡᠨ ᠳᠤ ᠨᠠᠵᠠᠭᠠᠶ ᠲᠠᠯ᠎ᠠ ᠶᠢᠨ ᠲᠣᠳᠣᠷᠬᠠᠶ ᠬᠠᠭᠤᠳᠠᠰᠤ ᠶᠢᠨ ᠬᠠᠮᠢᠶᠠᠷᠤᠯᠲᠠ | ᠶᠠᠪᠤᠭᠤᠯᠬᠤ᠂ ᠲᠦᠰᠦᠯ ᠢ ᠬᠢᠨᠠᠨ ᠬᠠᠷᠭᠤᠭᠤᠯᠬᠤ ᠡᠷᠬᠡ ᠶᠢ ᠳᠣᠷᠣᠭᠰᠢ ᠪᠠᠭᠤᠯᠭᠠᠬᠤ ᠵᠡᠷᠭᠡ ᠠᠷᠭ᠎ᠠ ᠬᠡᠮᠵᠢᠶ᠎ᠡ ᠶᠢ ᠰᠠᠶᠢᠲᠤᠷ | ᠬᠡᠷᠡᠭᠵᠢᠭᠦᠯᠦᠨ᠎ᠡ᠃ ᠪᠡᠯᠡ ᠣᠷᠣᠭᠤᠯᠤᠯᠲᠠ ᠶᠢ ᠬᠢᠨᠠᠨ ᠵᠥᠪᠰᠢᠶᠡᠷᠡᠬᠦ ᠶᠠᠪᠤᠴᠠ ᠶᠢ ᠳᠥᠭᠦᠮᠴᠢᠯᠡᠵᠦ᠂ ᠰᠠᠯᠠᠭ᠎ᠠ ᠮᠥᠴᠢᠷ | ᠠᠯᠤᠰᠯᠠᠭᠰᠠᠨ ᠣᠷᠣᠨ ᠪᠦᠰᠡ ᠠᠯᠤᠰᠯᠠᠭᠰᠠᠨ ᠴᠢᠬᠤᠯᠠ ᠶᠡᠭᠡ ᠲᠦᠰᠦᠯ ᠢ ᠵᠣᠬᠢᠴᠠᠭᠤᠯᠤᠨ ᠠᠬᠢᠭᠤᠯᠬᠤ ᠲᠣᠭᠲᠠᠴᠠ ᠶᠢ | ᠪᠠᠶᠢᠭᠤᠯᠤᠨ ᠪᠦᠷᠢᠨᠰᠢᠭᠦᠯᠦᠨ᠎ᠡ᠃ ᠦᠢᠯᠡᠴᠢᠯᠡᠭᠡᠨ ᠤ ᠦᠢᠯᠡᠰ ᠤᠨ ᠪᠡᠯᠡ ᠣᠷᠣᠭᠤᠯᠤᠯᠲᠠ ᠶᠢᠨ ᠡᠷᠴᠢᠮ ᠢ | ᠴᠢᠩᠭᠠᠷᠠᠭᠤᠯᠦᠨᠡ᠃ ᠠᠷᠠᠳ ᠤᠨ ᠪᠡᠯᠡ ᠣᠷᠣᠭᠤᠯᠤᠯᠲᠠ ᠶᠢᠨ ᠬᠥᠭᠵᠢᠯᠲᠡ ᠶᠢ ᠳᠠᠮᠵᠢᠬᠦ ᠪᠠ ᠵᠣᠷᠢᠬᠵᠢᠭᠤᠯᠵᠤ᠂ ᠵᠠᠰᠠᠭ ᠤᠨ | ᠣᠷᠳᠣᠨ ᠪᠣᠯᠤᠨ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠰᠢᠨ᠎ᠡ ᠲᠣᠭᠲᠠᠴᠠ ᠶᠢ ᠵᠢᠷᠤᠮᠵᠢᠭᠤᠯᠤᠨ | ᠬᠡᠷᠡᠭᠵᠢᠭᠦᠯᠵᠦ᠂ ᠨᠡᠩ ᠤᠯᠠᠨ ᠠᠷᠠᠳ ᠤᠨ ᠬᠥᠷᠥᠩᠭᠡ ᠶᠢ ᠬᠥᠲᠥᠯᠥᠨ ᠵᠢᠯᠣᠭᠤᠳᠴᠤ ᠴᠢᠬᠤᠯᠠ ᠶᠡᠭᠡ ᠰᠠᠭᠤᠷᠢ | ᠲᠥᠬᠦᠭᠡᠷᠦᠮᠵᠢ᠂ ᠨᠡᠶᠢᠭᠡᠮ ᠠᠷᠠᠳ ᠤᠨ ᠠᠮᠢᠳᠤᠷᠠᠯ ᠵᠡᠷᠭᠡ ᠬᠦᠷᠢᠶᠡᠨ ᠤ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠤᠨ᠂ | ᠠᠷᠠᠳ ᠤᠨ ᠬᠥᠷᠥᠩᠭᠡ ᠶᠢ ᠨᠠᠩ ᠶᠡᠭᠡ ᠬᠥᠭᠵᠢᠯᠲᠡ ᠶᠢᠨ ᠣᠷᠣᠨ ᠵᠠᠶ ᠲᠠᠢ ᠪᠣᠯᠭᠠᠨ᠎ᠠ᠃ | ︵ᠬᠤᠶᠠᠷ︶ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠯᠡᠨ ᠪᠠᠶᠢᠭᠤᠯᠤᠨ᠎ᠠ᠃ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠭᠤᠰᠤᠯᠴᠠᠭᠤᠯᠤᠨ | ᠬᠥᠭᠵᠢᠭᠦᠯᠬᠦ ᠶᠢ ᠠᠬᠢᠭᠤᠯᠵᠤ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠶᠡᠭᠡ ᠪᠠᠷ ᠠᠬᠢᠭᠤᠯᠤᠨ᠂ ᠲᠡᠷᠢᠭᠦᠨ ᠤ | ᠦᠢᠯᠡᠳᠬᠦ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ | ᠢᠳᠡᠪᠬᠢᠲᠡᠶ ᠬᠥᠭᠵᠢᠭᠦᠯᠵᠦ᠂ ᠰᠢᠨ᠎ᠡ ᠬᠥᠳᠡᠯᠭᠡᠭᠴᠢ ᠡᠨᠧᠷᠭᠢ ᠶᠢᠨ ᠬᠤᠷᠠᠮᠳᠤᠨ ᠵᠤᠵᠠᠭᠠᠷᠠᠵᠤ ᠬᠦᠴᠦᠷᠬᠡᠭᠵᠢᠬᠦ ᠪᠠ | ᠤᠯᠠᠮᠵᠢᠯᠠᠯᠲᠤ ᠬᠥᠳᠡᠯᠭᠡᠭᠴᠢ ᠡᠨᠧᠷᠭᠢ ᠶᠢᠨ ᠰᠢᠨᠡᠳᠦᠨ ᠳᠡᠰ ᠳᠡᠪᠰᠢᠬᠦ ᠶᠢ ᠠᠬᠢᠭᠤᠯᠤᠨ᠎ᠠ᠃ | ᠰᠢᠨ᠎ᠡ ᠪᠠᠷ ᠬᠥᠭᠵᠢᠭᠰᠡᠨ ᠠᠵᠤ ᠦᠢᠯᠡᠰ᠂ ᠢᠷᠡᠭᠡᠳᠦᠶ ᠶᠢᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ | ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠠᠭᠤᠰᠤᠯᠴᠠᠵᠦ ᠪᠦᠭᠡᠭᠡᠨᠡᠷᠡᠨ | ᠬᠥᠭᠵᠢᠬᠦ ᠶᠢ ᠭᠦᠨᠵᠡᠭᠡᠶᠢᠷᠡᠬᠦᠯᠤᠨ ᠠᠬᠢᠭᠤᠯᠤᠨ᠎ᠠ᠃ ᠰᠢᠨ᠎ᠡ ᠮᠡᠷᠭᠡᠵᠢᠯ ᠰᠢᠨ᠎ᠡ ᠦᠢᠯᠡᠳᠬᠦᠨ ᠰᠢᠨ᠎ᠡ ᠠᠬᠤᠶ ᠪᠠᠶᠢᠳᠠᠯ ᠢ ᠶᠡᠭᠡ | ᠬᠡᠪᠴᠢᠶ᠎ᠡ ᠪᠠᠷ ᠬᠡᠷᠡᠭᠯᠡᠬᠦ ᠵᠢᠱᠢᠶ᠎ᠡ ᠦᠵᠡᠭᠦᠯᠬᠦ ᠠᠵᠢᠯᠯᠠᠭ᠎ᠠ ᠶᠢ ᠥᠷᠨᠢᠭᠦᠯᠵᠦ᠂ ᠬᠤᠳᠠᠯᠳᠤᠭᠠᠨ ᠤ ᠰᠠᠨᠰᠠᠷ ᠤᠨ ᠠᠶᠠᠯᠠᠯ᠂ | ᠳᠣᠤᠷ᠎ᠠ ᠠᠭᠠᠷ ᠤᠨ ᠠᠵᠤ ᠠᠬᠤᠶ᠂ ᠭᠦᠨ ᠳᠠᠯᠠᠢ ᠶᠢᠨ ᠰᠢᠨᠵᠢᠯᠡᠬᠦ ᠮᠡᠷᠭᠡᠵᠢᠯ ᠵᠡᠷᠭᠡ ᠰᠢᠨ᠎ᠡ ᠪᠠᠷ ᠬᠥᠭᠵᠢᠭᠰᠡᠨ ᠠᠵᠤ | ᠦᠢᠯᠡᠰ ᠤᠨ ᠠᠮᠤᠷ ᠲᠦᠪᠰᠢᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠢᠷᠡᠭᠡᠳᠦᠶ ᠶᠢᠨ ᠠᠵᠤ ᠦᠢᠯᠡᠰ ᠤᠨ | ᠣᠷᠣᠭᠤᠯᠤᠯᠲᠠ ᠶᠢᠨ ᠨᠡᠮᠡᠭᠳᠡᠯ ᠤᠨ ᠲᠣᠭᠲᠠᠴᠠ ᠶᠢ ᠪᠠᠶᠢᠭᠤᠯᠵᠤ᠂ ᠠᠮᠢᠳᠤ ᠪᠣᠳᠠᠰ ᠤᠨ ᠦᠢᠯᠡᠳᠬᠦ ᠦᠢᠯᠡᠰ᠂ ᠺᠸᠠᠨ᠋ᠲ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ EAI᠂ 6G ᠵᠡᠷᠭᠡ ᠢᠷᠡᠭᠡᠳᠦᠶ ᠶᠢᠨ ᠠᠵᠤ ᠦᠢᠯᠡᠰ ᠢ ᠪᠤᠶᠢᠵᠢᠭᠤᠯᠤᠨ᠎ᠠ᠃ | ᠲᠡᠷᠢᠭᠦᠨ ᠤ ᠦᠢᠯᠡᠳᠬᠦ ᠦᠢᠯᠡᠰ ᠪᠠ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ | ᠲᠤᠷᠰᠢᠯᠲᠠ ᠶᠢ ᠭᠦᠨᠵᠡᠭᠡᠶᠢᠷᠡᠭᠦᠯᠵᠦ᠂ ᠦᠢᠯᠡᠴᠢᠯᠡᠭᠡᠨ ᠤ ᠬᠡᠯᠪᠡᠷᠢ ᠶᠢᠨ ᠦᠢᠯᠡᠳᠬᠦ ᠦᠢᠯᠡᠰ ᠢ ᠲᠦᠷᠭᠡᠯᠡᠨ ᠬᠥᠭᠵᠢᠭᠦᠯᠦᠨ᠎ᠡ᠃ | ᠠᠵᠤ ᠦᠢᠯᠡᠰ ᠢ ᠨᠢᠭᠡᠳᠦᠯᠲᠡᠶ ᠲᠥᠯᠥᠪᠯᠡᠨ ᠪᠠᠶᠢᠷᠢᠯᠠᠭᠤᠯᠬᠤ ᠪᠠ ᠦᠢᠯᠡᠳᠪᠦᠷᠢᠯᠡᠬᠦ ᠴᠢᠳᠠᠪᠤᠷᠢ ᠶᠢ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠠᠵᠤ ᠦᠢᠯᠡᠰ ᠤᠨ ᠡᠮᠬᠢ ᠵᠢᠷᠤᠮ ᠲᠠᠢ ᠪᠠᠷ ᠬᠥᠭᠵᠢᠬᠦ ᠪᠠ ᠰᠠᠶᠢᠨ | ᠥᠷᠢᠰᠥᠯᠳᠦᠭᠡᠨ ᠢ ᠠᠬᠢᠭᠤᠯᠤᠨ᠎ᠠ᠃ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠤᠷᠤᠨ ᠤ ᠰᠢᠨ᠎ᠡ ᠶᠢ ᠡᠭᠦᠳᠤᠨ | ᠬᠥᠭᠵᠢᠬᠦ ᠶᠢ ᠲᠦᠷᠭᠡᠳᠭᠡᠨ᠎ᠡ᠃ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠢ ᠱᠠᠲᠤᠯᠠᠨ ᠪᠤᠶᠢᠵᠢᠭᠤᠯᠵᠤ᠂ | ᠲᠤᠰᠬᠠᠶ ᠨᠠᠷᠢᠯᠢᠬ ᠦᠪᠡᠷᠮᠢᠴᠠ ᠰᠢᠨ᠎ᠡ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠠᠬᠢᠭᠤᠯᠵᠤ᠂ | ᠠᠩᠬᠠᠨ ᠤ ᠡᠭᠦᠳᠦᠯᠲᠡ ᠶᠢᠨ ᠴᠢᠨᠠᠷᠲᠠᠢ ᠰᠠᠭᠤᠷᠢ ᠰᠠᠶᠢᠲᠠᠢ ᠠᠵᠤ ᠠᠬᠤᠶᠢᠯᠠᠯ᠂ ᠪᠠᠳᠠᠷᠠᠩᠭᠤᠢ ᠠᠵᠦ ᠠᠬᠤᠶᠢᠯᠠᠯ ᠤᠨ | ᠬᠥᠭᠵᠢᠯᠲᠡ ᠶᠢ ᠳᠡᠮᠵᠢᠵᠦ᠂ ᠨᠠᠩ ᠣᠯᠠᠨ ᠠᠵᠤ ᠠᠬᠤᠶᠢᠯᠠᠯ ᠢ ᠰᠢᠨ᠎ᠡ ᠬᠦᠷᠢᠶ᠎ᠡ ᠰᠢᠨ᠎ᠡ ᠤᠷᠤᠯᠳᠤᠭᠠᠨ ᠤ ᠵᠠᠮ ᠳᠤ ︽ | ᠬᠤᠷᠳᠤᠳᠬᠠᠯ︾ ᠲᠠᠢ ᠪᠤᠯᠭᠠᠨ᠎ᠠ᠃ | ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠬᠦ ᠶᠢ ᠠᠬᠢᠭᠤᠯᠤᠨ᠎ᠠ᠃ ᠦᠢᠯᠡᠳᠬᠦ ᠦᠢᠯᠡᠰ ᠤᠨ | ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠭᠡᠵᠦ᠂ ᠠᠵᠤ | ᠦᠢᠯᠡᠰ ᠤᠨ ᠰᠠᠭᠤᠷᠢ ᠶᠢ ᠳᠠᠬᠢᠨ ᠴᠤᠭᠴᠠᠯᠠᠬᠤ ᠪᠠ ᠴᠢᠬᠤᠯᠠ ᠶᠡᠭᠡ ᠮᠡᠷᠭᠡᠵᠢᠯ ᠤᠨ ᠲᠣᠨᠣᠭᠯᠠᠯ ᠤᠨ ᠪᠡᠷᠭᠡ ᠰᠡᠳᠥᠪ ᠢ | ᠰᠢᠢᠳᠪᠤᠷᠢᠯᠡᠬᠦ ᠶᠢ ᠴᠢᠩᠭᠠᠳᠬᠠᠨ᠎ᠠ᠃ ᠤᠯᠠᠮ ᠨᠢᠭᠡ ᠠᠯᠬᠤᠮ ᠬᠡᠪᠴᠢᠶ᠎ᠡ ᠶᠢ ᠥᠷᠭᠡᠳᠭᠡᠨ᠂ ᠪᠠᠷᠢᠮᠵᠢᠶ᠎ᠠ ᠶᠢ ᠪᠠᠭᠤᠷᠠᠭᠤᠯᠵᠤ᠂ | ᠦᠢᠯᠡᠳᠬᠦ ᠦᠢᠯᠡᠰ ᠤᠨ ᠴᠢᠬᠤᠯᠠ ᠶᠡᠭᠡ ᠮᠡᠷᠭᠡᠵᠢᠯ ᠤᠨ ᠦᠭᠡᠷᠡᠴᠢᠯᠡᠯᠲᠡ ᠬᠢᠵᠦ ᠳᠡᠰ ᠳᠡᠪᠰᠢᠬᠦᠯᠬᠦ ᠪᠠ ᠶᠡᠭᠡ ᠬᠡᠪᠴᠢᠶᠡᠨ ᠤ | ᠪᠡᠯᠡᠳᠭᠡᠮᠵᠢ ᠶᠢ ᠰᠢᠨᠡᠳᠭᠡᠬᠦ ᠢᠨᠵᠧᠨᠧᠷᠢᠩ ᠢ ᠭᠦᠨᠵᠡᠭᠡᠶᠢᠷᠡᠬᠦᠯᠤᠨ ᠬᠡᠷᠡᠭᠵᠢᠭᠦᠯᠦᠨ᠎ᠡ᠃ ᠦᠢᠯᠡᠳᠬᠦ ᠦᠢᠯᠡᠰ ᠤᠨ ᠬᠡᠯᠪᠡᠷᠢ ᠶᠢ | ᠳ᠋ᠢᠵᠢᠲ᠋ᠠᠯᠴᠢᠯᠠᠭᠰᠠᠨ ᠲᠡᠶᠢᠰᠢ ᠬᠤᠪᠢᠷᠠᠭᠤᠯᠬᠤ ᠶᠢ ᠲᠦᠷᠭᠡᠳᠭᠡᠵᠦ᠂ ᠠᠵᠢᠯ ᠲᠥᠷᠥᠯ ᠢ ᠣᠶᠢᠯᠠᠭᠠᠬᠤ ᠮᠥᠷᠲᠡᠭᠡᠨ | ᠳ᠋ᠢᠵᠢᠲ᠋ᠠᠯᠴᠢᠯᠠᠯᠳᠠ ᠶᠢ ᠦᠢᠯᠠᠭᠠᠬᠤ ᠦᠢᠯᠡᠴᠢᠯᠡᠭᠡᠨ ᠤ ᠬᠤᠳᠠᠯᠳᠤᠭᠠᠴᠢᠨ ᠢ ᠨᠢᠭᠡ ᠪᠦᠯᠦᠭ ᠪᠤᠶᠢᠵᠢᠭᠤᠯᠵᠤ᠂ ᠳᠤᠮᠳᠠ ᠵᠢᠵᠢᠭ | ᠠᠵᠤ ᠠᠬᠤᠶᠢᠯᠠᠯ ᠤᠨ ᠬᠡᠯᠪᠡᠷᠢ ᠪᠠᠨ ᠳ᠋ᠢᠵᠢᠲ᠋ᠠᠯᠴᠢᠯᠠᠭᠰᠠᠨ ᠲᠡᠶᠢᠰᠢ ᠬᠤᠪᠢᠷᠠᠭᠤᠯᠬᠤ ᠳᠤ ᠦᠵᠡᠭᠦᠯᠬᠦ ᠳᠡᠮᠵᠢᠯᠭᠡ ᠪᠠᠨ | ᠨᠡᠮᠡᠭᠳᠡᠭᠦᠯᠦᠨ᠎ᠡ᠃ ᠪᠠᠷᠢᠮᠵᠢᠶ᠎ᠠ ᠶᠢ ᠳᠡᠭᠡᠭᠰᠢᠯᠡᠬᠦᠯᠬᠦ ᠪᠠᠷ ᠤᠯᠠᠮᠵᠢᠯᠠᠯᠲᠤ ᠠᠵᠤ ᠦᠢᠯᠡᠰ ᠢ ᠰᠢᠯᠢᠳᠡᠭᠵᠢᠬᠦᠯᠤᠨ ᠳᠡᠰ | ᠳᠡᠪᠰᠢᠬᠦᠯᠬᠦ ᠶᠢ ᠬᠥᠲᠥᠯᠥᠨ ᠳᠠᠭᠠᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠦᠢᠯᠡᠳᠬᠦ ᠦᠢᠯᠡᠰ ᠤᠨ ︽ᠲᠥᠷᠥᠯ ᠵᠦᠢᠯ ᠢ | ᠨᠡᠮᠡᠭᠳᠡᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠨᠠᠷᠠᠲᠤ ᠲᠡᠮᠳᠡᠭ ᠢ ᠡᠭᠦᠳᠬᠦ︾ ᠠᠵᠢᠯ ᠢ ᠭᠦᠨᠵᠡᠭᠡᠶᠢᠷᠡᠬᠦᠯᠤᠨ ᠠᠬᠢᠭᠤᠯᠵᠤ | ᠪᠥᠬᠦ ᠲᠠᠯ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠨᠠᠷᠠᠲᠤ ᠪᠦᠳᠤᠭᠡᠭᠳᠡᠬᠦᠨ ᠰᠣᠳᠣᠨ ᠪᠦᠳᠤᠭᠡᠭᠳᠡᠬᠦᠨ | ᠰᠣᠩᠭᠤᠳᠠᠭ ᠠᠵᠤ ᠦᠢᠯᠡᠰ ᠢ ᠪᠣᠶ ᠪᠣᠯᠭᠠᠨ᠎ᠠ᠃ | ᠳ᠋ᠢᠵᠢᠲ᠋ᠠᠯ ᠠᠵᠤ ᠠᠬᠤᠢ ᠶᠢᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ︽ ᠵᠣᠬᠢᠶᠠᠮᠠᠯ | ᠣᠶᠤᠯᠢᠬ +︾ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠳ᠋ᠢᠵᠢᠲ᠋ᠠᠯ ᠮᠡᠷᠭᠡᠵᠢᠯ ᠢ ᠦᠢᠯᠡᠳᠬᠦ ᠳᠠᠪᠠᠭᠤᠯᠢᠭ᠂ ᠵᠠᠬ᠎ᠠ | ᠳᠡᠯᠭᠡᠭᠦᠷ ᠤᠨ ᠳᠠᠪᠠᠭᠤᠯᠢᠭ ᠯᠤᠭ᠎ᠠ ᠨᠠᠩ ᠰᠠᠶᠢᠲᠤᠷ ᠤᠶᠠᠯᠳᠤᠭᠤᠯᠵᠤ᠂ ᠲᠣᠮᠣ ᠵᠠᠭᠪᠤᠷ ᠢ ᠥᠷᠭᠡᠨ ᠢᠶᠠᠷ ᠬᠡᠷᠡᠭᠯᠡᠬᠦ ᠶᠢ | ᠳᠠᠮᠵᠢᠵᠤ᠂ ᠤᠶᠤᠨᠴᠢ ᠰᠦᠯᠵᠢᠶᠡᠨ ᠬᠤᠯᠪᠤᠯᠳᠤᠯᠲᠦ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡ᠂ | ᠵᠣᠬᠢᠶᠠᠮᠠᠯ ᠤᠶᠤᠯᠢᠬ ᠭᠠᠷ ᠤᠲᠠᠰᠤ ᠪᠠ ᠺᠣᠮᠫᠢᠦ᠋ᠲ᠋ᠧᠷ᠂ ᠤᠶᠤᠯᠢᠬ ᠮᠠᠰᠢᠨ ᠬᠥᠮᠦᠨ ᠵᠡᠷᠭᠡ ᠰᠢᠨ᠎ᠡ ᠨᠢᠭᠡ ᠦᠶ᠎ᠡ ᠶᠢᠨ | ᠤᠶᠤᠯᠢᠬ ᠦᠵᠤᠬᠦᠷ ᠵᠢᠴᠢ ᠤᠶᠤᠯᠢᠬ ᠦᠢᠯᠡᠳᠬᠦ ᠲᠣᠨᠣᠭᠯᠠᠯ ᠢ ᠶᠡᠭᠡ ᠪᠠᠷ ᠬᠥᠭᠵᠢᠭᠦᠯᠦᠨ᠎ᠡ᠃ 5G ᠶᠢ | ᠬᠡᠪᠴᠢᠶᠡᠵᠢᠭᠦᠯᠦᠨ ᠬᠡᠷᠡᠭᠯᠡᠬᠦ ᠶᠢ ᠥᠷᠭᠡᠳᠭᠡᠵᠦ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢᠨ ᠰᠢᠨ᠎ᠡ ᠶᠢ ᠡᠭᠦᠳᠤᠨ | ᠬᠥᠭᠵᠢᠬᠦ ᠶᠢ ᠲᠦᠷᠭᠡᠳᠭᠡᠵᠦ᠂ ᠪᠦᠬᠦ ᠤᠯᠤᠰ ᠤᠨ ᠪᠤᠳᠤᠬᠤ ᠬᠦᠴᠦᠨ ᠤ ᠡᠬᠢ ᠪᠠᠶᠠᠯᠢᠭ ᠤᠨ ᠪᠠᠶᠢᠷᠢᠯᠠᠭᠤᠯᠤᠯᠳᠡ ᠶᠢ | ᠰᠢᠯᠢᠳᠡᠭᠵᠢᠭᠦᠯᠵᠦ᠂ ᠳᠡᠯᠡᠬᠡᠶ ᠳᠡᠭᠡᠷ᠎ᠠ ᠥᠷᠢᠰᠥᠯᠳᠦᠬᠦ ᠬᠦᠴᠦᠨ ᠪᠦᠬᠦᠢ ᠳ᠋ᠢᠵᠢᠲ᠋ᠠᠯ ᠠᠵᠤ ᠦᠢᠯᠡᠰ ᠤᠨ ᠪᠥᠭᠡᠭᠡᠨᠡᠷᠡᠯ ᠢ ᠪᠤᠢ | ᠪᠣᠯᠭᠠᠨ᠎ᠠ᠃ ᠳ᠋ᠠᠶᠢᠲ᠋ᠠ ᠶᠢᠨ ᠰᠠᠭᠤᠷᠢ ᠳᠦᠷᠢᠮ ᠢ ᠲᠦᠷᠭᠡᠯᠡᠨ ᠲᠡᠭᠦᠯᠳᠡᠷᠵᠢᠭᠦᠯᠵᠦ᠂ ᠳ᠋ᠠᠶᠢᠲ᠋ᠠ ᠶᠢᠨ ᠡᠬᠢ ᠪᠠᠶᠠᠯᠢᠭ ᠢ ᠨᠡᠭᠡᠭᠡᠨ | ᠠᠰᠢᠭᠯᠠᠬᠤ ᠶᠢ ᠭᠦᠨᠵᠡᠭᠡᠶᠢᠷᠡᠭᠦᠯᠵᠦ᠂ ᠳ᠋ᠠᠶᠢᠲ᠋ᠠ ᠶᠢᠨ ᠬᠢᠯᠢ ᠠᠯᠤᠰᠯᠠᠨ ᠰᠢᠯᠵᠢᠬᠦ ᠶᠢ ᠠᠬᠢᠭᠤᠯᠬᠤ ᠪᠠ ᠵᠢᠷᠤᠮᠵᠢᠭᠤᠯᠤᠨ᠎ᠠ᠃ | ᠲᠠᠪᠴᠠᠩ ᠤᠨ ᠠᠵᠤ ᠠᠬᠤᠶ ᠶᠢᠨ ᠵᠢᠷᠤᠮᠵᠢᠭᠤᠨ ᠪᠦᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠲᠡᠭᠦᠨ ᠤ ᠰᠢᠨ᠎ᠡ ᠶᠢ | ᠡᠭᠦᠳᠬᠦ ᠶᠢ ᠠᠬᠢᠭᠤᠯᠬᠤ᠂ ᠬᠡᠷᠡᠭᠯᠡᠭᠡ ᠶᠢ ᠥᠷᠭᠡᠳᠭᠡᠬᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠵᠡᠷᠭᠡ | ᠲᠠᠯ᠎ᠠ ᠪᠠᠷ ᠬᠢ ᠢᠳᠡᠪᠬᠢ ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠎ᠠ᠃ | ︵ᠭᠤᠷᠪᠠ︶ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ | ᠭᠦᠨᠵᠡᠭᠡᠶᠢᠷᠡᠬᠦᠯᠤᠨ ᠬᠡᠷᠡᠭᠵᠢᠭᠦᠯᠵᠦ᠂ ᠤᠯᠤᠰ ᠤᠨ ᠰᠢᠨ᠎ᠡ ᠶᠢ ᠡᠭᠦᠳᠬᠦ ᠰᠢᠰᠲ᠋ᠧᠮ ᠤᠨ ᠪᠦᠬᠦᠯᠢ ᠴᠣᠭᠴᠠ ᠶᠢᠨ ᠦᠢᠯᠡᠳᠦᠯ | ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠨ᠎ᠡ ᠶᠢ ᠡᠭᠦᠳᠬᠦ ᠪᠠᠷ ᠬᠥᠭᠵᠢᠯᠲᠡ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ | ᠰᠤᠷᠭᠠᠨ ᠬᠥᠮᠦᠵᠢᠯ ᠢ ᠬᠥᠭᠵᠢᠬᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠴᠢᠳᠠᠪᠤᠷᠢᠲᠠᠨ | ᠬᠥᠮᠦᠵᠢᠭᠦᠯᠬᠦ ᠶᠢ ᠨᠢᠭᠡ ᠴᠤᠭᠴᠠᠵᠢᠭᠤᠯᠤᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠰᠠᠭᠤᠷᠢ ᠴᠢᠨᠠᠷᠲᠠᠶ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠲᠤᠯᠭᠠᠭᠤᠷᠢᠯᠠᠯ ᠢ ᠪᠠᠲᠤ ᠴᠣᠭᠴᠠᠯᠠᠨ᠎ᠠ᠃ | ᠴᠢᠨᠠᠷ ᠰᠠᠶᠢᠲᠠᠶ ᠰᠤᠷᠭᠠᠨ ᠬᠥᠮᠦᠵᠢᠯ ᠤᠨ ᠰᠢᠰᠲ᠋ᠧᠮ ᠢ ᠲᠦᠷᠭᠡᠯᠡᠨ ᠪᠠᠶᠢᠭᠤᠯᠤᠨ᠎ᠠ᠃ ᠰᠤᠷᠭᠠᠨ ᠬᠥᠮᠦᠵᠢᠯ ᠤᠨ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠲᠥᠯᠥᠪᠯᠡᠭᠡ ᠶᠢ ᠲᠣᠭᠲᠠᠭᠠᠨ | ᠬᠡᠷᠡᠭᠵᠢᠭᠦᠯᠦᠨ᠎ᠡ᠃ ᠰᠢᠨ᠎ᠡ ᠴᠠᠭ ᠦᠶ᠎ᠡ ᠶᠢᠨ ᠶᠣᠰᠣ ᠰᠤᠷᠲᠠᠬᠤᠨ ᠢ ᠪᠤᠢ ᠪᠤᠯᠭᠠᠵᠤ ᠬᠥᠮᠤᠨ ᠢ ᠬᠥᠮᠦᠵᠢᠭᠦᠯᠬᠦ | ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠵᠦ᠂ ᠶᠡᠭᠡ ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ | ᠰᠠᠨᠠᠭ᠎ᠠ ᠤᠯᠤᠰ ᠲᠥᠷᠦ ᠶᠢᠨ ᠬᠢᠴᠢᠶᠡᠯ ᠢ ᠨᠢᠭᠡ ᠴᠣᠭᠴᠠᠵᠢᠭᠤᠯᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ | ᠠᠬᠢᠭᠤᠯᠤᠨ᠎ᠠ᠃ ᠰᠠᠭᠤᠷᠢ ᠰᠤᠷᠭᠠᠨ ᠬᠦᠮᠦᠵᠢᠯ ᠤᠨ ᠰᠢᠯᠢᠳᠡᠭ ᠢ ᠨᠢ ᠥᠷᠭᠡᠳᠭᠡᠨ ᠴᠢᠨᠠᠷ ᠢ ᠨᠢ ᠳᠡᠭᠡᠭᠰᠢᠯᠡᠭᠦᠯᠬᠦ | ᠢᠨᠵᠧᠨᠧᠷᠢᠩ ᠢ ᠭᠦᠨᠵᠡᠭᠡᠶᠢᠷᠡᠬᠦᠯᠤᠨ ᠬᠡᠷᠡᠭᠵᠢᠭᠦᠯᠵᠦ᠂ ᠬᠥᠮᠦᠨ ᠠᠮᠠ ᠶᠢᠨ ᠬᠤᠪᠢᠷᠠᠯᠲᠠ ᠯᠤᠭ᠎ᠠ ᠵᠣᠬᠢᠴᠠᠭᠰᠠᠨ ᠡᠬᠢ | ᠪᠠᠶᠠᠯᠢᠭ ᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ ᠠᠯᠪᠠᠨ ᠵᠢᠷᠣᠮ ᠤᠨ ᠰᠣᠷᠭᠠᠨ | ᠬᠥᠮᠥᠵᠢᠯ ᠤᠨ ᠰᠣᠷᠭᠠᠭᠤᠯᠢ ᠶᠢᠨ ᠪᠠᠷᠢᠮᠵᠢᠶᠠᠵᠢᠭᠤᠯᠬᠤ ᠪᠠᠶᠢᠭᠤᠯᠣᠯᠳᠠ ᠶᠢ ᠴᠢᠩᠭᠠᠳᠬᠠᠵᠤ᠂ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠠᠬᠢᠭᠤᠯᠵᠤ᠂ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠤᠨ ᠰᠤᠷᠭᠠᠭᠤᠯᠢ ᠳᠤ ᠤᠷᠤᠬᠤ ᠤᠷᠤᠨ ᠲᠤᠭ᠎ᠠ ᠶᠢᠨ ᠬᠠᠩᠭᠠᠯᠭ᠎ᠠ ᠶᠢ | ᠥᠷᠭᠡᠳᠭᠡᠵᠦ᠂ ᠰᠢᠶᠠᠨ ᠤ ᠬᠡᠪᠴᠢᠶᠡᠨ ᠤ ᠦᠨᠳᠦᠷ ᠵᠡᠷᠭᠡ ᠶᠢᠨ ᠳᠣᠮᠳᠠᠳᠣ ᠰᠣᠷᠭᠠᠭᠤᠯᠢ ᠶᠢᠨ ᠶᠠᠰᠣ ᠴᠢᠨᠠᠷ ᠢ | ᠳᠡᠭᠡᠭᠰᠢᠯᠡᠭᠦᠯᠵᠦ᠂ ᠰᠤᠷᠭᠠᠭᠤᠯᠢ ᠳᠤ ᠤᠷᠤᠬᠤ ᠨᠠᠰᠤᠨ ᠠᠴᠠ ᠡᠮᠦᠨᠡᠬᠢ ᠰᠦᠢᠳᠭᠡᠯ ᠦᠯᠤ ᠬᠤᠷᠢᠶᠠᠬᠤ ᠰᠤᠷᠭᠠᠨ | ᠬᠦᠮᠦᠵᠢᠯ ᠢ ᠠᠯᠬᠤᠮ ᠠᠯᠬᠤᠮ ᠢᠶᠠᠷ ᠬᠡᠷᠡᠭᠵᠢᠬᠦᠯᠤᠨ᠎ᠠ᠃ ᠣᠨᠴᠠᠭᠠᠶ ᠰᠤᠷᠭᠠᠨ ᠬᠥᠮᠦᠵᠢᠯ᠂ ᠦᠷᠭᠦᠯᠵᠢᠯᠡᠯ ᠰᠤᠷᠭᠠᠨ | ᠬᠥᠮᠦᠵᠢᠯ᠂ ᠲᠤᠰᠬᠠᠶ ᠰᠤᠷᠭᠠᠨ ᠬᠥᠮᠦᠵᠢᠯ ᠢ ᠰᠠᠶᠢᠲᠤᠷ ᠡᠷᠬᠢᠯᠡᠵᠤ᠂ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ | ᠬᠥᠭᠵᠢᠯᠲᠡ ᠶᠢ ᠬᠥᠲᠥᠯᠥᠨ ᠵᠢᠯᠣᠭᠤᠳᠴᠤ ᠵᠢᠷᠤᠮᠵᠢᠭᠤᠯᠤᠨ᠎ᠠ᠃ ᠠᠵᠢᠯ ᠮᠡᠷᠭᠡᠵᠢᠯ ᠤᠨ ᠰᠤᠷᠭᠠᠨ ᠬᠦᠮᠦᠵᠢᠯ ᠪᠤᠯᠤᠨ | ᠡᠩ ᠤᠨ ᠰᠤᠷᠭᠠᠨ ᠬᠦᠮᠦᠵᠢᠯ ᠢ ᠠᠭᠤᠰᠤᠯᠴᠠᠭᠤᠯᠤᠨ ᠨᠡᠪᠲᠡᠷᠡᠬᠦᠯᠬᠦ᠂ ᠦᠢᠯᠡᠳᠪᠦᠷᠢᠯᠡᠯ ᠪᠤᠯᠤᠨ ᠬᠢᠴᠢᠶᠡᠯ ᠬᠦᠮᠦᠵᠢᠯ ᠢ | ᠠᠭᠤᠰᠤᠯᠴᠠᠭᠤᠯᠤᠨ ᠬᠠᠮᠲᠤᠷᠠᠭᠤᠯᠬᠤ ᠶᠢ ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠣᠬᠢᠴᠠᠬᠤ | ᠴᠢᠨᠠᠷ ᠢ ᠴᠢᠩᠭᠠᠳᠬᠠᠨ᠎ᠠ᠃ ᠶᠡᠭᠡ ᠲᠡᠭᠡᠳᠤ ᠰᠤᠷᠭᠠᠭᠤᠯᠢ ᠶᠢᠨ ᠥᠭᠡᠷᠡᠴᠢᠯᠡᠯᠲᠡ ᠶᠢ ᠲᠥᠷᠥᠯ ᠬᠤᠪᠢᠶᠠᠨ ᠠᠬᠢᠭᠤᠯᠵᠤ᠂ | ᠰᠢᠯᠢᠳᠡᠭ ᠵᠢᠩᠬᠢᠨᠢ ᠠᠩᠭᠢ ᠶᠢᠨ ᠶᠡᠭᠡ ᠲᠡᠭᠡᠳᠤ ᠰᠤᠷᠭᠠᠭᠤᠯᠢ ᠶᠢᠨ ᠬᠡᠪᠴᠢᠶ᠎ᠠ ᠶᠢ ᠥᠷᠭᠡᠳᠭᠡᠬᠦ ᠶᠢ ᠯᠠᠪᠳᠠᠭᠤᠨ ᠪᠠᠲᠤᠲᠠᠶ | ᠠᠬᠢᠭᠤᠯᠵᠤ᠂ ︽ᠬᠤᠤᠰ ᠲᠡᠷᠢᠭᠦᠨ ᠵᠡᠷᠭᠡ︾ ᠶᠢᠨ ᠪᠠᠶᠢᠭᠤᠯᠤᠯᠲᠠ ᠶᠢ ᠲᠦᠷᠭᠡᠳᠭᠡᠵᠦ᠂ ᠰᠢᠨᠵᠢᠯᠡᠭᠡᠨ ᠤ ᠰᠠᠯᠠᠭ᠎ᠠ ᠶᠢ | ᠪᠠᠶᠢᠭᠤᠯᠵᠤ ᠲᠤᠬᠢᠷᠠᠭᠤᠯᠬᠤ ᠲᠣᠭᠲᠠᠴᠠ ᠪᠠ ᠴᠢᠳᠠᠪᠤᠷᠢᠲᠠᠨ ᠬᠥᠮᠦᠵᠢᠭᠦᠯᠬᠦ ᠵᠠᠭᠪᠤᠷ ᠢ ᠲᠡᠭᠦᠯᠳᠡᠷᠵᠢᠭᠦᠯᠦᠨ᠎ᠡ᠃ | ᠰᠣᠷᠭᠠᠭᠤᠯᠢ ᠶᠢᠨ ᠪᠡᠶ᠎ᠡ ᠶᠢᠨ ᠳᠠᠮᠢᠷ ᠤᠨ ᠬᠦᠳᠡᠯᠭᠡᠭᠡᠨ ᠢ ᠢᠳᠡᠪᠬᠢᠳᠡᠢ ᠦᠷᠨᠢᠭᠦᠯᠵᠦ᠂ ᠰᠡᠳᠭᠢᠴᠡ ᠶᠢᠨ ᠡᠷᠡᠭᠦᠯ ᠮᠡᠨᠳᠦ ᠶᠢᠨ | ᠬᠥᠮᠦᠵᠢᠯ ᠢ ᠲᠦᠭᠡᠮᠡᠯᠵᠢᠭᠦᠯᠵᠦ᠂ ᠪᠠᠭᠰᠢ ᠰᠣᠷᠣᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠠᠩᠬᠠᠷᠣᠨ | ᠬᠠᠶᠢᠷᠠᠯᠠᠨ᠎ᠠ᠃ ᠰᠣᠷᠭᠠᠨ ᠬᠦᠮᠦᠵᠢᠯᠳᠡᠨ ᠤ ᠵᠣᠷᠢᠭ ᠰᠠᠨᠠᠭ᠎ᠠ ᠶᠢ ᠪᠠᠳᠠᠷᠠᠭᠤᠯᠵᠣ᠂ ᠥᠨᠳᠥᠷ ᠬᠡᠪ ᠴᠢᠨᠠᠷ ᠪᠦᠬᠦᠢ | ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢ ᠪᠠᠶᠢᠭᠤᠯᠵᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ | ᠪᠠ ᠪᠠᠭᠰᠢ ᠶᠢᠨ ᠬᠠᠷᠠᠭᠠᠯᠵᠠᠯ ᠤᠨ ᠪᠠᠲᠤᠯᠠᠭ᠎ᠠ ᠶᠢ ᠴᠢᠩᠭᠠᠳᠬᠠᠨ᠎ᠠ᠃ ᠤᠯᠤᠰ ᠤᠨ ᠬᠡᠷᠡᠭᠴᠡᠭᠡ ᠪᠣᠯᠤᠨ ᠤᠯᠠᠨ ᠲᠦᠮᠡᠨ ᠤ | ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠲᠠᠢ ᠨᠢᠭᠲᠠ ᠤᠶᠠᠯᠳᠤᠭᠤᠯᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ | ᠬᠥᠭᠵᠢᠯᠲᠡ ᠶᠢ ᠠᠬᠢᠭᠤᠯᠵᠤ᠂ ᠰᠤᠷᠭᠠᠨ ᠬᠥᠮᠦᠵᠢᠯ ᠤᠨ ᠲᠤᠮᠤ ᠤᠯᠤᠰ ᠠᠴᠠ ᠰᠤᠷᠭᠠᠨ ᠬᠥᠮᠦᠵᠢᠯ ᠤᠨ ᠬᠦᠴᠦᠷᠬᠡᠭ | ᠤᠯᠤᠰ ᠲᠡᠶᠢᠰᠢ ᠤᠷᠤᠭᠰᠢᠯᠠᠬᠤ ᠶᠢ ᠲᠦᠷᠭᠡᠳᠭᠡᠬᠦ ᠬᠡᠷᠡᠭᠲᠡᠢ᠃ | ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠪᠡᠶ᠎ᠡ ᠪᠠᠨ ᠳᠠᠭᠠᠭᠠᠵᠤ ᠬᠦᠴᠦᠷᠬᠡᠭᠵᠢᠬᠦᠯᠬᠦ ᠶᠢ | ᠠᠬᠢᠭᠤᠯᠤᠨ᠎ᠠ᠃ ᠰᠢᠨ᠎ᠡ ᠬᠡᠯᠪᠡᠷᠢ ᠶᠢᠨ ᠤᠯᠤᠰ ᠲᠠᠶᠠᠭᠠᠷ ᠤᠨ ᠪᠠᠶᠢᠭᠤᠯᠤᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ | ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠪᠡᠷᠭᠡ ᠰᠡᠳᠤᠪ ᠢ ᠰᠢᠢᠳᠪᠤᠷᠢᠯᠡᠬᠦ ᠪᠠ ᠬᠤᠰᠢᠭᠤᠷᠠᠯ ᠤᠨ ᠴᠢᠨᠠᠷᠲᠠᠶ᠂ | ᠨᠤᠷᠠᠭᠠᠯᠳᠠ ᠶᠢᠨ ᠴᠢᠨᠠᠷᠲᠠᠶ ᠮᠡᠷᠭᠡᠵᠢᠯ ᠢ ᠰᠤᠳᠤᠯᠤᠨ ᠨᠡᠭᠡᠭᠡᠬᠦ ᠶᠢ ᠴᠢᠩᠭᠠᠳᠬᠠᠵᠤ᠂ ᠴᠢᠬᠤᠯᠠ ᠶᠡᠭᠡ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠥᠰᠥᠯ ᠢ ᠲᠦᠷᠭᠡᠯᠡᠨ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠠ ᠤᠷᠢᠳᠴᠢᠯᠠᠨ ᠪᠠᠶᠢᠷᠢᠯᠠᠭᠤᠯᠤᠨ᠎ᠠ᠃ | ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠤ ᠪᠠᠶᠢᠷᠢᠯᠠᠭᠤᠯᠤᠯᠲᠠ ᠶᠢ | ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠥᠭᠡᠷᠡᠴᠢᠯᠡᠯᠲᠡ ᠶᠢ ᠠᠬᠢᠭᠤᠯᠵᠤ᠂ | ᠤᠯᠤᠰ ᠤᠨ ᠲᠤᠷᠰᠢᠯᠲᠠ ᠶᠢᠨ ᠲᠠᠰᠤᠭ ᠤᠨ ᠰᠢᠨ᠎ᠡ ᠬᠡᠯᠪᠡᠷᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠢ ᠵᠣᠬᠢᠶᠠᠨ | ᠪᠠᠶᠢᠭᠤᠯᠬᠤ ᠵᠠᠭᠪᠤᠷ ᠢ ᠬᠠᠶᠢᠨ ᠰᠦᠪᠡᠭᠴᠢᠯᠡᠵᠦ᠂ ᠤᠯᠠᠨ ᠤᠯᠤᠰ ᠤᠨ ᠪᠠ ᠣᠷᠣᠨ ᠪᠦᠰᠡ ᠶᠢᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠰᠠᠴᠤᠷᠠᠭᠯᠠᠨ ᠳᠠᠶᠢᠴᠢᠯᠠᠬᠤ ᠴᠢᠳᠠᠪᠤᠷᠢ ᠶᠢ ᠴᠢᠩᠭᠠᠷᠠᠭᠤᠯᠤᠨ᠎ᠠ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠯᠭ᠎ᠠ ᠶᠢ ᠰᠠᠭᠤᠷᠢ ᠰᠤᠳᠤᠯᠭᠠᠨ ᠲᠡᠶᠢᠰᠢ ᠬᠡᠯᠪᠠᠶᠢᠯᠭᠡᠬᠦ ᠶᠢ ᠠᠬᠢᠭᠤᠯᠵᠤ᠂ | ᠥᠷᠢᠰᠥᠯᠳᠦᠭᠡᠨᠲᠦ ᠳᠡᠮᠵᠢᠯᠭᠡ ᠪᠠ ᠲᠣᠭᠲᠠᠭᠤᠨ ᠳᠡᠮᠵᠢᠯᠭᠡ ᠶᠢ ᠤᠶᠠᠯᠳᠤᠭᠤᠯᠤᠭᠰᠠᠨ ᠣᠷᠣᠭᠤᠯᠤᠯᠲᠠ ᠶᠢᠨ ᠲᠣᠭᠲᠠᠴᠠ ᠶᠢ | ᠲᠡᠭᠦᠯᠳᠡᠷᠵᠢᠭᠦᠯᠵᠦ᠂ ᠰᠠᠭᠤᠷᠢ ᠰᠤᠳᠤᠯᠭᠠᠨ ᠤ ᠵᠣᠬᠢᠶᠠᠨ ᠪᠠᠶᠢᠭᠤᠯᠤᠯᠴᠠᠬᠰᠠᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠤᠨ ᠳᠤᠯᠤᠭᠠᠶᠢᠯᠠᠬᠤ ᠦᠢᠯᠡᠳᠦᠯ ᠢ ᠪᠠᠳᠠᠷᠠᠭᠤᠯᠵᠤ᠂ | ᠠᠵᠤ ᠠᠬᠤᠶᠢᠯᠠᠯ ᠢᠶᠠᠷ ᠭᠤᠤᠯ ᠤᠳᠤᠷᠢᠳᠤᠮᠵᠢ ᠪᠤᠯᠭᠠᠭᠰᠠᠨ ᠦᠢᠯᠡᠳᠪᠦᠷᠢᠯᠡᠬᠦ ᠵᠢᠭᠠᠬᠤ ᠰᠤᠳᠤᠯᠬᠤ ᠶᠢᠨ ᠭᠦᠨᠵᠡᠭᠡᠶ | ᠠᠭᠤᠰᠤᠯᠴᠠᠯ ᠢ ᠴᠢᠩᠭᠠᠳᠬᠠᠵᠤ᠂ ᠠᠵᠤ ᠠᠬᠤᠶᠢᠯᠠᠯ ᠤᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠪᠣᠳᠣᠯᠭ᠎ᠠ ᠲᠣᠭᠲᠠᠭᠠᠬᠤ ᠳᠤ ᠣᠷᠣᠯᠴᠠᠬᠤ᠂ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠥᠰᠥᠯ ᠢ ᠡᠭᠦᠷᠭᠡᠯᠡᠬᠦ ᠶᠢ ᠪᠠᠶᠢᠭᠤᠯᠤᠯ ᠤᠨ ᠲᠠᠯ᠎ᠠ ᠠᠴᠠ ᠪᠠᠲᠤᠯᠠᠨ᠎ᠠ᠃ ᠲᠥᠪ ᠤᠨ ᠡᠳ᠋ ᠤᠨ ᠵᠠᠰᠠᠭ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠳᠠᠯ ᠤᠨ ᠬᠤᠪᠢᠶᠠᠷᠢᠯᠠᠯᠲᠠ ᠪᠠ ᠬᠠᠮᠢᠶᠠᠷᠤᠯᠲᠠ ᠬᠡᠷᠡᠭᠯᠡᠯᠲᠡ ᠶᠢᠨ | ᠲᠣᠭᠲᠠᠴᠠ ᠶᠢ ᠲᠡᠭᠦᠯᠳᠡᠷᠵᠢᠭᠦᠯᠦᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ | ᠬᠤᠪᠢᠷᠠᠭᠤᠯᠤᠯᠳᠡ ᠶᠢ ᠳᠡᠮᠵᠢᠬᠦ ᠲᠥᠷᠥ ᠶᠢᠨ ᠪᠣᠳᠣᠯᠭ᠎ᠠ ᠪᠠ ᠵᠠᠬ᠎ᠠ ᠳᠡᠯᠭᠡᠭᠦᠷ ᠤᠨ ᠦᠢᠯᠡᠴᠢᠯᠡᠭᠡ ᠶᠢ ᠪᠦᠷᠢᠨᠰᠢᠬᠦᠯᠵᠤ᠂ | ᠲᠤᠰᠢᠶᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠳᠤ ᠡᠷᠬᠡ ᠣᠯᠭᠤᠬᠤ ᠪᠠ ᠪᠡᠯᠡ | ᠬᠥᠷᠥᠩᠭᠡ ᠶᠢ ᠠᠰ ᠲᠤᠨᠢ ᠵᠢᠭᠰᠠᠭᠠᠬᠤ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠠᠬᠢᠭᠤᠯᠵᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠦᠢᠯᠡᠳᠤᠯ ᠴᠢᠳᠠᠪᠤᠷᠢ ᠶᠢ ᠳᠡᠭᠡᠭᠰᠢᠯᠡᠭᠦᠯᠦᠨ᠎ᠡ᠃ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠪᠠ ᠬᠡᠷᠡᠭᠯᠡᠯᠲᠡ ᠶᠢ ᠴᠢᠩᠭᠠᠳᠬᠠᠨ᠎ᠠ᠃ | ᠤᠬᠠᠭᠳᠠᠬᠤᠨ ᠢ ᠰᠢᠯᠭᠠᠨ ᠨᠤᠳᠠᠯᠠᠬᠤ᠂ ᠵᠠᠪᠰᠠᠷ ᠤᠨ ᠲᠤᠷᠰᠢᠯᠲᠠ ᠪᠠᠷ ᠰᠢᠯᠭᠠᠨ ᠨᠤᠳᠠᠯᠠᠬᠤ ᠪᠠ ᠠᠵᠢᠯ ᠲᠥᠷᠥᠯ ᠤᠨ | ᠨᠡᠶᠢᠲᠡᠯᠢᠭ ᠴᠢᠨᠠᠷᠲᠠᠶ ᠮᠡᠷᠭᠡᠵᠢᠯ ᠤᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠭᠡᠨ᠎ᠡ᠃ ᠠᠳᠠᠯ ᠦᠢᠯᠡᠰ ᠴᠣᠭᠴᠠᠯᠠᠬᠤ | ᠪᠠᠯᠠ ᠣᠷᠣᠭᠤᠯᠤᠯᠲᠠ ᠶᠢᠨ ᠰᠠᠭᠤᠷᠢ ᠮᠥᠩᠭᠦ ᠶᠢᠨ ᠢᠯᠭᠠᠭᠠᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠲᠦᠷᠢᠮ ᠢ | ᠪᠦᠷᠢᠨᠰᠢᠬᠦᠯᠵᠦ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠷᠠᠭᠤᠯᠤᠨ᠂ | ᠠᠳᠠᠯ ᠦᠢᠯᠡᠰ ᠴᠣᠭᠴᠠᠯᠠᠬᠤ ᠪᠠᠯᠠ ᠣᠷᠣᠭᠤᠯᠤᠯᠲᠠ ᠶᠢ ᠲᠦᠷᠭᠡᠯᠡᠨ ᠬᠥᠭᠵᠢᠭᠦᠯᠵᠦ᠂ ᠬᠦᠯᠢᠴᠡᠩᠭᠦᠶ ᠬᠥᠷᠥᠩᠭᠡ ᠶᠢ | ᠲᠦᠷᠭᠡᠯᠡᠨ ᠪᠤᠵᠠᠭᠠᠶᠢᠷᠠᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠭᠡᠭᠡᠯᠲᠡᠲᠦ ᠬᠠᠮᠲᠤᠷᠠᠯᠴᠠᠭ᠎ᠠ ᠶᠢ | ᠥᠷᠭᠡᠳᠭᠡᠨ᠎ᠡ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠢ ᠴᠢᠩᠭᠠᠳᠬᠠᠵᠤ᠂ ᠠᠷᠠᠳ ᠢᠷᠭᠡᠳ ᠤᠨ ᠰᠢᠨᠵᠢᠯᠡᠬᠦ | ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠠᠶᠢᠨ | ᠰᠦᠪᠡᠭᠴᠢᠯᠡᠬᠦ ᠶᠢ ᠵᠣᠷᠢᠬᠵᠢᠭᠤᠯᠬᠤ᠂ ᠢᠯᠠᠭᠳᠠᠯ ᠢ ᠪᠠᠭᠲᠠᠭᠠᠨ ᠠᠭᠤᠴᠢᠯᠠᠬᠤ ᠰᠢᠨ᠎ᠡ ᠶᠢ ᠡᠭᠦᠳᠬᠦ ᠣᠷᠴᠢᠨ ᠨᠥᠬᠦᠴᠡᠯ ᠢ | ᠪᠤᠢ ᠪᠣᠯᠭᠠᠬᠤ ᠶᠢ ᠠᠬᠢᠭᠤᠯᠤᠨ᠎ᠠ᠃ | ᠴᠢᠳᠠᠪᠤᠷᠢᠲᠠᠨ ᠤ ᠡᠩᠨᠡᠭᠡ ᠶᠢᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠴᠢᠳᠠᠪᠤᠷᠢᠲᠠᠨ ᠤ ᠥᠨᠳᠦᠷᠯᠢᠭ | ᠭᠠᠵᠠᠷ ᠪᠠ ᠴᠢᠳᠠᠪᠤᠷᠢᠲᠠᠨ ᠤ ᠲᠠᠪᠴᠠᠩ ᠤᠨ ᠰᠠᠴᠤᠷᠠᠭᠯᠠᠬᠤ ᠦᠢᠯᠡᠳᠦᠯ ᠢ ᠪᠠᠳᠠᠷᠠᠭᠤᠯᠵᠤ᠂ ᠤᠯᠤᠰ ᠤᠨ ᠪᠠᠶᠢᠯᠳᠤᠬᠤ | ᠪᠤᠳᠤᠯᠭ᠎ᠠ ᠶᠢᠨ ᠴᠢᠳᠠᠪᠤᠷᠢᠲᠠᠨ ᠤ ᠬᠦᠴᠦᠨ ᠢ ᠲᠦᠷᠭᠡᠯᠡᠨ ᠪᠠᠶᠢᠭᠤᠯᠵᠤ᠂ ᠰᠢᠨ᠎ᠡ ᠶᠢ ᠡᠭᠦᠳᠬᠦ ᠣᠷᠦ᠋ᠢᠯᠠᠭᠰᠠᠨ | ᠴᠢᠳᠠᠪᠤᠷᠢᠲᠠᠨ᠂ ᠭᠤᠤᠯᠳᠠᠯᠭ᠎ᠠ ᠲᠠᠢ ᠬᠦᠷᠢᠶᠡᠨ ᠳᠤ ᠪᠠᠴᠢᠮ ᠬᠡᠷᠡᠭᠰᠡᠬᠦ ᠲᠤᠳᠠᠭᠳᠠᠵᠤ ᠪᠠᠶᠢᠭ᠎ᠠ ᠴᠢᠳᠠᠪᠤᠷᠢᠳᠠᠨ ᠪᠠ ᠤᠷ᠎ᠠ | ᠴᠢᠳᠠᠪᠤᠷᠢ ᠰᠠᠶᠢᠳᠠᠢ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠵᠠᠯᠠᠭᠤ ᠴᠢᠳᠠᠪᠤᠷᠢᠲᠠᠨ ᠢ ᠶᠡᠭᠡ ᠪᠠᠷ ᠲᠡᠮᠵᠢᠵᠦ᠂ ᠵᠣᠷᠢᠭᠲᠠᠶ ᠪᠠᠷ ᠬᠡᠷᠡᠭᠯᠡᠨ᠎ᠡ᠃ ᠣᠷᠠᠨ ᠳᠠᠷᠬᠠᠨ ᠤ ᠵᠣᠷᠢᠭ ᠰᠠᠨᠠᠭ᠎ᠠ ᠶᠢ | ᠪᠠᠳᠠᠷᠠᠭᠤᠯᠵᠣ᠂ ᠲᠡᠷᠢᠭᠦᠨ ᠵᠡᠷᠭᠡ ᠶᠢᠨ ᠠᠵᠤ ᠦᠢᠯᠡᠰ ᠤᠨ ᠮᠡᠷᠭᠡᠵᠢᠯ ᠤᠨ ᠠᠵᠢᠯᠴᠢᠨ ᠤ ᠡᠩᠨᠡᠭᠡ ᠶᠢ ᠪᠠᠶᠢᠭᠤᠯᠤᠨ᠎ᠠ᠃ | ᠭᠠᠳᠠᠭᠠᠳᠤ ᠠᠴᠠ ᠴᠢᠳᠠᠪᠤᠷᠢᠲᠠᠨ ᠣᠷᠣᠭᠤᠯᠤᠨ ᠠᠪᠴᠢᠷᠠᠬᠤ ᠶᠢ ᠳᠡᠮᠵᠢᠬᠦ ᠪᠠ ᠪᠠᠲᠤᠯᠠᠬᠤ ᠲᠣᠭᠲᠠᠴᠠ ᠶᠢ ᠲᠡᠭᠦᠯᠳᠡᠷᠵᠢᠭᠦᠯᠵᠦ | ᠭᠠᠳᠠᠭᠠᠳᠤ ᠶᠢᠨ ᠬᠠᠷᠢᠶ᠎ᠠ ᠲᠠᠢ ᠴᠢᠳᠠᠪᠦᠷᠢᠳᠡᠨ ᠳᠤ ᠵᠣᠷᠢᠭᠤᠯᠣᠭᠰᠨᠨ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ | ᠴᠢᠳᠠᠪᠤᠷᠢᠲᠠᠨ ᠢ ᠬᠠᠮᠢᠶᠠᠷᠬᠤ ᠪᠠ ᠬᠡᠷᠡᠭᠯᠡᠬᠦ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠮᠦᠨ ᠬᠡᠷᠡᠭᠯᠡᠬᠦ | ᠨᠢᠭᠡᠴᠢ ᠳᠤ ᠨᠡᠩ ᠶᠡᠭᠡ ᠡᠵᠡᠨ ᠮᠡᠳᠡᠬᠦ ᠡᠷᠬᠡ ᠣᠯᠭᠤᠵᠤ᠂ ᠦᠢᠯᠡᠳᠪᠦᠷᠢᠯᠡᠬᠦ ᠵᠢᠭᠠᠬᠤ ᠰᠤᠳᠤᠯᠬᠤ ᠴᠢᠳᠠᠪᠤᠷᠢᠲᠠᠨ ᠢ | ᠬᠤᠯᠪᠤᠭᠠᠯᠠᠨ ᠬᠥᠮᠦᠵᠢᠭᠦᠯᠬᠦ ᠪᠠ ᠰᠣᠯᠢᠯᠴᠠᠬᠤ ᠶᠢ ᠠᠬᠢᠭᠤᠯᠤᠨ᠎ᠠ᠃ ᠴᠢᠳᠠᠪᠤᠷᠢᠲᠠᠨ ᠤ ᠣᠷᠣᠨ ᠪᠦᠰᠡ ᠶᠢᠨ ᠵᠦᠶ ᠵᠣᠬᠢᠰᠲᠠᠶ | ᠪᠠᠶᠢᠷᠢᠯᠠᠭᠤᠯᠤᠯᠲᠠ ᠶᠢ ᠠᠬᠢᠭᠤᠯᠵᠤ᠂ ᠵᠡᠭᠦᠨ ᠬᠡᠰᠡᠭ ᠳᠤᠮᠳᠠ ᠬᠡᠰᠡᠭ ᠪᠠᠷᠠᠭᠤᠨ ᠬᠡᠰᠡᠭ ᠤᠨ ᠭᠠᠵᠠᠷ ᠤᠷᠤᠨ ᠤ | ᠴᠢᠳᠠᠪᠤᠷᠢᠲᠠᠨ ᠤ ᠬᠠᠮᠵᠢᠯᠴᠠᠭ᠎ᠠ ᠶᠢ ᠴᠢᠩᠭᠠᠳᠬᠠᠵᠣ᠂ ᠰᠢᠯᠢᠳᠡᠭ ᠴᠢᠳᠠᠪᠣᠷᠢᠳᠠᠨ ᠤ ᠳᠣᠮᠳᠠ ᠬᠡᠰᠡᠭ ᠪᠠᠷᠠᠭᠤᠨ ᠬᠡᠰᠡᠭ ᠤᠨ | ᠭᠠᠵᠠᠷ ᠣᠷᠣᠨ ᠳᠤ ᠭᠠᠪᠢᠶ᠎ᠠ ᠪᠠᠶᠢᠭᠤᠯᠣᠨ ᠦᠢᠯᠡᠰ ᠪᠣᠰᠬᠠᠬᠤ ᠶᠢ ᠵᠣᠷᠢᠭᠵᠢᠭᠤᠯᠣᠨ᠎ᠠ᠃ ᠴᠢᠳᠠᠪᠤᠷᠢᠲᠠᠨ ᠢ ᠲᠥᠷᠥᠯ | ᠬᠤᠪᠢᠶᠠᠨ ᠦᠨᠡᠯᠡᠬᠦ ᠥᠭᠡᠷᠡᠴᠢᠯᠡᠯᠲᠡ ᠪᠠ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠡᠲᠡᠭᠡᠳ ᠤᠨ ︽ᠣᠲᠤᠭ᠎ᠠ | ᠵᠢᠩᠰᠠ︾ ᠶᠢᠨ ᠵᠠᠰᠠᠯᠲᠠ ᠶᠢ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ ᠴᠢᠳᠠᠪᠤᠷᠢ᠂ ᠶᠠᠰᠤ ᠴᠢᠨᠠᠷ᠂ ᠪᠣᠳᠠᠲᠤ ᠪᠦᠲᠦᠮᠵᠢ᠂ | ᠬᠤᠪᠢ ᠨᠡᠮᠡᠷᠢ ᠪᠠᠷ ᠤᠳᠤᠷᠢᠳᠤᠮᠵᠢ ᠪᠣᠯᠭᠠᠭᠰᠠᠨ ᠴᠢᠳᠠᠪᠤᠷᠢᠲᠠᠨ ᠢ ᠦᠨᠡᠯᠡᠬᠦ ᠰᠢᠰᠲ᠋ᠧᠮ ᠢ ᠪᠠᠶᠢᠭᠤᠯᠵᠤ᠂ ᠡᠯ᠎ᠡ ᠲᠥᠷᠥᠯ ᠤᠨ | ᠴᠢᠳᠠᠪᠤᠷᠢᠲᠠᠨ ᠤ ᠰᠡᠳᠭᠢᠯ ᠲᠦᠪᠯᠡᠷᠡᠬᠦᠯᠦᠨ ᠰᠢᠮᠳᠠᠨ ᠰᠤᠳᠤᠯᠬᠤ᠂ ᠦᠯᠡᠮᠵᠢ ᠬᠤᠷᠠᠮᠳᠤᠭᠤᠯᠵᠤ ᠦᠨᠳᠤᠷ ᠠᠮᠵᠢᠯᠳᠠ | ᠭᠠᠷᠭᠠᠬᠤ ᠶᠢ ᠵᠣᠷᠢᠬᠵᠢᠭᠤᠯᠤᠨ᠎ᠠ᠃ | ︵ᠲᠦᠷᠪᠡ︶ ᠪᠡᠯᠭᠡ ᠲᠡᠮᠳᠡᠭ ᠤᠨ ᠴᠢᠨᠠᠷᠲᠠᠶ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠦᠷᠭᠡᠯᠡᠨ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠥᠲᠥᠯᠥᠮᠵᠢ ᠶᠢᠨ | ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠎ᠠ᠃ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠯᠠᠪᠳᠠᠭᠤᠨ | ᠪᠠᠲᠤᠲᠠᠢ ᠠᠬᠢᠭᠤᠯᠵᠤ᠂ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ | ᠬᠦᠴᠦᠯᠡᠨ ᠠᠷᠢᠯᠭᠠᠵᠤ᠂ ᠨᠡᠩ ᠲᠥᠪ ᠭᠤᠣᠯᠴᠢ᠂ ᠨᠡᠩ ᠠᠮᠢᠵᠢᠷᠠᠯ ᠤᠨ ᠬᠦᠴᠦᠨ ᠪᠦᠬᠦᠢ ᠵᠠᠬ᠎ᠠ ᠳᠡᠯᠭᠡᠭᠦᠷ ᠤᠨ ᠣᠷᠴᠢᠨ | ᠨᠦᠬᠦᠴᠡᠯ ᠢ ᠡᠭᠦᠳᠦᠨ᠎ᠡ᠃ | ᠡᠯ᠎ᠡ ᠲᠥᠷᠥᠯ ᠤᠨ ᠡᠵᠡᠩᠨᠡᠯᠲᠡ ᠶᠢᠨ ᠪᠡᠶᠡᠴᠢ ᠴᠣᠭᠴᠠ ᠶᠢᠨ ᠠᠮᠢᠵᠢᠷᠠᠯ ᠤᠨ ᠬᠦᠴᠦᠨ ᠢ ᠪᠦᠲᠦᠮᠵᠢᠲᠡᠢ ᠬᠥᠭᠵᠢᠭᠡᠨ᠎ᠡ᠃ | ︽ᠬᠤᠶᠠᠷ ᠥᠴᠦᠬᠡᠨ ᠴᠦ ᠭᠤᠶᠢᠪᠢᠰᠢ ᠥᠭᠡᠢ︾ ᠪᠠᠶᠢᠬᠤ ᠶᠢ ᠪᠠᠷᠢᠮᠲᠠᠯᠠᠨ ᠨᠠᠶᠢᠳᠠᠪᠤᠷᠢᠵᠢᠭᠤᠯᠤᠨ᠎ᠠ᠃ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠴᠢᠨᠠᠷ | ᠰᠠᠶᠢᠲᠠᠶ ᠪᠡᠶᠡᠯᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠬᠦ ᠪᠠ | ᠪᠦᠲᠦᠴᠡ ᠶᠢ ᠲᠣᠬᠢᠷᠠᠭᠤᠯᠬᠤ ᠵᠢᠯᠣᠭᠤᠳᠤᠮᠵᠢ ᠶᠢ ᠬᠡᠷᠡᠭᠵᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠪᠠᠶᠢᠯᠳᠤᠬᠤ ᠪᠤᠳᠤᠯᠭ᠎ᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠢ ᠦᠨᠡᠯᠡᠬᠦ ᠲᠦᠷᠢᠮ ᠢ ᠲᠦᠷᠭᠡᠯᠡᠨ | ᠪᠠᠶᠢᠭᠤᠯᠤᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠬᠠᠣᠯᠢ ᠴᠠᠭᠠᠵᠠ ᠬᠠᠣᠯᠢ | ᠳᠣᠭᠳᠠᠭᠠᠯ ᠪᠣᠯᠣᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠶ ᠨᠠᠶᠢᠳᠠᠪᠤᠷᠢᠵᠢᠭᠤᠯᠵᠤ᠂ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠨ ᠤ ᠬᠠᠤᠯᠢ ᠶᠣᠰᠣᠨ ᠤ | ᠡᠷᠬᠡ ᠠᠰᠢᠭ ᠢ ᠦᠨᠡᠨ ᠬᠦ ᠬᠠᠤᠯᠢ ᠶᠣᠰᠣᠭᠠᠷ ᠬᠠᠮᠠᠭᠠᠯᠠᠵᠤ᠂ ᠨᠥᠬᠦᠴᠡᠯ ᠲᠠᠢ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠳᠤᠮᠳᠠᠳᠤ ᠤᠯᠤᠰ ᠤᠨ ᠣᠨᠴᠠᠯᠢᠭ ᠪᠦᠬᠦᠢ ᠤᠳᠤ ᠦᠶ᠎ᠡ ᠶᠢᠨ ᠠᠵᠤ ᠠᠬᠤᠶᠢᠯᠠᠯ ᠤᠨ ᠲᠦᠷᠢᠮ ᠢ | ᠪᠠᠶᠢᠭᠤᠯᠤᠨ ᠲᠡᠭᠦᠯᠳᠡᠷᠵᠢᠭᠦᠯᠬᠦ ᠶᠢ ᠵᠣᠷᠢᠬᠵᠢᠭᠤᠯᠤᠨ᠎ᠠ᠃ ᠠᠵᠤ ᠠᠬᠤᠶᠢᠯᠠᠯ ᠳᠤ ᠦᠷᠢᠳᠦᠭᠰᠡᠨ ᠠᠪᠴᠠᠭᠠᠨ ᠤ ᠵᠤᠭᠤᠰ ᠢ | ᠢᠯᠭᠠᠷᠠᠭᠤᠯᠬᠤ ᠠᠵᠢᠯ ᠢ ᠬᠦᠴᠦᠯᠡᠨ ᠠᠬᠢᠭᠤᠯᠵᠤ᠂ ᠡᠬᠢ ᠡᠭᠦᠰᠦᠯ ᠠᠴᠠ ᠨᠢ ᠵᠠᠰᠠᠬᠤ ᠪᠠ ᠢᠲᠡᠭᠡᠯ ᠠᠯᠳᠠᠭᠰᠠᠳ ᠢ | ᠵᠠᠯᠬᠠᠭᠠᠨ ᠴᠡᠭᠡᠷᠯᠡᠭᠦᠯᠬᠦ ᠶᠢ ᠴᠢᠩᠭᠠᠳᠬᠠᠵᠤ᠂ ᠠᠵᠤ ᠠᠬᠤᠶᠢᠯᠠᠯ ᠳᠤ ᠦᠷᠢᠳᠦᠭᠰᠡᠨ ᠠᠪᠴᠠᠭᠠᠨ ᠤ ᠵᠤᠭᠤᠰ ᠤᠨ | ᠠᠰᠠᠭᠤᠳᠠᠯ ᠢ ᠰᠢᠢᠳᠪᠦᠷᠢᠯᠡᠬᠦ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ | ᠵᠠᠰᠠᠭ ᠤᠨ ᠤᠷᠳᠤᠨ ᠪᠠ ᠠᠵᠤ ᠠᠬᠤᠶᠢᠯᠠᠯ ᠤᠨ ᠪᠠᠶᠢᠩᠭᠤ ᠶᠢᠨ ᠴᠢᠨᠠᠷᠲᠠᠶ ᠨᠡᠪᠲᠡᠷᠡᠯᠴᠡᠨ ᠰᠣᠯᠢᠯᠴᠠᠬᠤ ᠶᠢ | ᠭᠦᠨᠵᠡᠭᠡᠶᠢᠷᠡᠭᠦᠯᠵᠦ᠂ ᠠᠵᠤ ᠠᠬᠤᠶᠢᠯᠠᠯ ᠢ ᠦᠨᠡᠨ ᠬᠦ ᠬᠠᠪᠰᠤᠷᠤᠨ ᠪᠣᠳᠠᠲᠠᠶ ᠬᠦᠴᠢᠷᠳᠡᠯ ᠪᠠ ᠠᠰᠠᠭᠤᠳᠠᠯ ᠢ ᠨᠢ | ᠰᠢᠢᠳᠪᠦᠷᠢᠯᠡᠵᠤ ᠦᠭᠬᠦᠨ᠎ᠠ᠃ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠣᠨᠣᠴᠠᠳᠠᠢ ᠳᠠᠮᠵᠢᠨ᠎ᠠ᠃ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ | ᠬᠡᠷᠡᠭᠵᠢᠭᠦᠯᠤᠯᠳᠡ ᠶᠢ ᠵᠢᠷᠤᠮᠵᠢᠭᠤᠯᠬᠤ ᠲᠤᠰᠬᠠᠶ ᠠᠵᠢᠯᠯᠠᠭ᠎ᠠ ᠥᠷᠨᠢᠭᠦᠯᠵᠦ᠂ ᠳᠤᠷ᠎ᠠ ᠪᠠᠷ ᠢᠶᠠᠨ ᠰᠦᠢᠳᠭᠡᠯ ᠬᠤᠷᠢᠶᠠᠬᠤ᠂ | ᠳᠤᠷ᠎ᠠ ᠪᠠᠷ ᠢᠶᠠᠨ ᠵᠣᠭᠤᠰ ᠲᠣᠷᠭᠠᠬᠤ᠂ ᠳᠤᠷ᠎ᠠ ᠪᠠᠷ ᠢᠶᠠᠨ ᠪᠠᠶᠢᠴᠠᠭᠠᠬᠤ᠂ ᠳᠤᠷ᠎ᠠ ᠪᠠᠷ ᠢᠶᠠᠨ ᠪᠠᠶᠢᠴᠠᠭᠠᠨ ᠪᠢᠲᠡᠭᠦᠮᠵᠢᠯᠡᠬᠦ ᠶᠢ | ᠲᠥᠪᠯᠡᠷᠡᠭᠦᠯᠦᠨ ᠴᠡᠭᠴᠡᠯᠡᠨ ᠵᠠᠰᠠᠵᠤ᠂ ᠲᠣᠭᠲᠠᠭᠠᠯ ᠠᠴᠠ ᠵᠥᠷᠢᠴᠡᠨ ᠣᠨᠳᠣᠤ ᠭᠠᠵᠠᠷ ᠲᠤ ᠬᠠᠤᠯᠢ ᠬᠡᠷᠡᠭᠵᠢᠭᠦᠯᠬᠦ ᠪᠠ | ᠠᠰᠢᠭ ᠬᠠᠷᠠᠬᠤ ᠴᠢᠨᠠᠷᠲᠠᠶ ᠪᠠᠷ ᠬᠠᠤᠯᠢ ᠬᠡᠷᠡᠭᠵᠢᠭᠦᠯᠬᠦ ᠶᠢ ᠡᠷᠡᠰ ᠰᠡᠷᠭᠡᠶᠢᠯᠡᠨ ᠬᠤᠷᠢᠭᠯᠠᠨ᠎ᠠ᠃ ᠵᠠᠰᠠᠭ ᠤᠨ ᠣᠷᠳᠣᠨ | ᠬᠠᠮᠢᠶᠡᠷᠤᠯᠳᠡ ᠪᠠᠨ ᠤᠢᠢᠯᠡᠴᠢᠯᠡᠬᠦ ᠶᠢᠨ ᠲᠤᠮᠳᠠ ᠠᠬᠤᠭᠤᠯᠵᠤ᠂ ᠦᠢᠯᠡᠴᠢᠯᠡᠬᠦ ᠶᠢᠨ ᠲᠤᠯᠠᠭᠠᠬᠠᠨ ᠰᠡᠳᠭᠢᠯ ᠢᠶᠠᠷ ᠠᠵᠤ | ᠠᠬᠤᠶᠢᠯᠠᠯ ᠤᠨ ᠢᠲᠡᠭᠡᠯ ᠵᠤᠷᠢᠬ ᠢ ᠨᠡᠮᠡᠭᠳᠡᠭᠦᠯᠬᠦ ᠬᠡᠷᠡᠭᠲᠡᠶ᠃ | ᠪᠦᠬᠦ ᠤᠯᠤᠰ ᠤᠨ ᠨᠢᠭᠡᠳᠦᠯᠲᠡᠶ ᠲᠤᠮᠤ ᠵᠠᠬ᠎ᠠ ᠳᠡᠯᠭᠡᠭᠦᠷ ᠤᠨ ᠪᠦᠳᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ | ᠠᠬᠢᠭᠤᠯᠤᠨ᠎ᠠ᠃ ᠰᠠᠭᠤᠷᠢ ᠳᠦᠷᠢᠮ ᠳᠦᠷᠢᠮᠯᠠᠯ ᠢ ᠲᠦᠷᠭᠡᠯᠡᠨ ᠪᠠᠶᠢᠭᠤᠯᠤᠨ ᠪᠦᠷᠢᠨᠰᠢᠬᠦᠯᠵᠤ᠂ ᠣᠷᠣᠨ ᠨᠤᠲᠤᠭ ᠤᠨ | ᠬᠠᠮᠠᠭᠠᠯᠠᠯᠲᠠ ᠪᠠ ᠵᠠᠬ᠎ᠠ ᠳᠡᠯᠭᠡᠭᠦᠷ ᠤᠨ ᠬᠡᠰᠡᠭᠯᠡᠯ ᠢ ᠡᠪᠳᠡᠵᠦ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠵᠠᠬ᠎ᠠ | ᠲᠡᠯᠭᠡᠬᠦᠷ ᠠᠴᠠ ᠤᠬᠤᠷᠢᠨ ᠭᠠᠷᠬᠤ᠂ ᠡᠯᠧᠮᠧᠨ᠋ᠲ ᠢ ᠲᠣᠬᠢᠷᠠᠭᠤᠯᠬᠤ ᠵᠡᠷᠭᠡ ᠲᠠᠯ᠎ᠠ ᠪᠠᠷ ᠠᠵᠤ ᠠᠬᠤᠢ ᠶᠢᠨ ᠣᠷᠴᠢᠯ ᠢ | ᠬᠢᠵᠠᠭᠠᠷᠯᠠᠵᠤ ᠪᠠᠶᠢᠭ᠎ᠠ ᠪᠣᠭᠤᠭᠳᠠᠯ ᠲᠦᠭᠵᠢᠷᠡᠯ ᠢ ᠠᠷᠢᠯᠭᠠᠨ ᠨᠡᠪᠳᠡᠷᠡᠬᠦᠯᠵᠦ᠂ ︽ᠬᠤᠮᠢᠷᠠᠭ᠎ᠠ︾ ᠦᠷᠢᠰᠤᠯᠳᠤᠭᠡᠨ ᠢ | ᠶᠡᠷᠦᠩᠬᠡᠶᠢᠯᠡᠨ ᠴᠡᠭᠴᠡᠯᠡᠨ ᠵᠠᠰᠠᠨ᠎ᠠ᠃ ᠪᠦᠬᠦ ᠤᠯᠤᠰ ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ ᠤᠨ ᠪᠦᠲᠦᠭᠡᠨ | ᠪᠠᠶᠢᠭᠤᠯᠤᠯᠲᠠ ᠶᠢᠨ ᠵᠢᠯᠣᠭᠤᠳᠤᠮᠵᠢ ᠶᠢ ᠬᠡᠷᠡᠭᠵᠢᠭᠦᠯᠵᠦ᠂ ᠰᠢᠨ᠎ᠡ ᠬᠡᠪᠯᠡᠯ ᠤᠨ ᠵᠠᠬ᠎ᠠ ᠳᠡᠯᠭᠡᠭᠦᠷ ᠲᠤ ᠣᠷᠣᠬᠤ | ᠵᠥᠪᠰᠢᠶᠡᠷᠡᠯ ᠤᠨ ᠨᠠᠵᠠᠭᠠᠶ ᠲᠠᠯ᠎ᠠ ᠶᠢᠨ ᠲᠣᠳᠣᠷᠬᠠᠶ ᠬᠠᠭᠤᠳᠠᠰᠤ ᠶᠢ ᠵᠠᠰᠠᠨ ᠲᠤᠬᠳᠠᠭᠠᠵᠤ ᠨᠡᠶᠢᠲᠡᠯᠡᠨ᠂ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠬᠦᠷᠢᠶᠡᠨ ᠳᠠᠬᠢ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠣᠷᠴᠢᠨ | ᠨᠥᠬᠦᠴᠡᠯ ᠢ ᠰᠢᠯᠢᠳᠡᠭᠵᠢᠭᠦᠯᠦᠨ᠎ᠡ᠃ ᠭᠤᠤᠯᠳᠠᠯᠭ᠎ᠠ ᠲᠠᠢ ᠬᠦᠷᠢᠶᠡᠨ ᠳᠠᠬᠢ ᠭᠤᠤᠯᠴᠢ ᠥᠷᠢᠰᠥᠯᠳᠦᠭᠡᠨ ᠢ ᠲᠣᠭᠲᠠᠭᠠᠯ ᠳᠤ | ᠨᠡᠶᠢᠴᠡᠭᠦᠯᠬᠦ ᠵᠢᠯᠤᠭᠤᠳᠤᠮᠵᠢ ᠶᠢ ᠲᠣᠭᠲᠠᠭᠠᠵᠤ᠂ ᠲᠡᠭᠠᠭᠠᠴᠢᠯᠡᠯᠳᠠ ᠵᠡᠷᠯᠡᠬᠤ ᠲᠠᠭᠠᠭᠠᠴᠢᠯᠡᠯᠳᠠ ᠳᠤ ᠤᠷᠦᠯᠴᠠᠬᠤ ᠪᠠᠶᠢᠭᠤᠯᠤᠯ | ᠲᠣᠭᠲᠠᠴᠠ ᠶᠢ ᠥᠭᠡᠷᠡᠴᠢᠯᠡᠨ ᠲᠡᠭᠦᠯᠳᠡᠷᠵᠢᠭᠦᠯᠦᠨ᠎ᠡ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠪᠦᠷᠢᠨᠰᠢᠬᠦᠯᠬᠦ | ᠲᠦᠷᠦ ᠶᠢᠨ ᠪᠤᠳᠤᠯᠭ᠎ᠠ ᠶᠢ ᠨᠡᠶᠢᠲᠡᠯᠡᠵᠦ᠂ ᠢᠲᠡᠭᠡᠮᠵᠢ ᠶᠢ ᠰᠡᠷᠭᠦᠭᠡᠬᠦ ᠨᠢᠭᠡᠳᠦᠯᠲᠡᠶ ᠲᠦᠷᠢᠮ ᠢ ᠪᠠᠶᠢᠭᠤᠯᠤᠨ᠎ᠠ᠃ ᠠᠵᠤ | ᠠᠬᠤᠶᠢᠯᠠᠯ ᠤᠨ ᠤᠬᠤᠷᠢᠨ ᠭᠠᠷᠬᠤ ᠲᠦᠬᠦᠮ ᠳᠦᠷᠢᠮ ᠢ ᠲᠡᠭᠦᠯᠳᠡᠷᠵᠢᠭᠦᠯᠵᠦ᠂ ᠡᠵᠡᠩᠨᠡᠯᠲᠡ ᠶᠢᠨ ᠪᠡᠶᠡᠴᠢ ᠴᠣᠭᠴᠠ ᠶᠢᠨ | ᠠᠵᠢᠯᠯᠠᠭ᠎ᠠ ᠡᠭᠦᠰᠦᠭᠰᠡᠨ ᠭᠠᠵᠠᠷ ᠲᠤ ᠪᠦᠷᠢᠳᠭᠡᠯ ᠬᠢᠬᠦ ᠶᠢ ᠠᠯᠬᠤᠮ ᠠᠯᠬᠤᠮ ᠢᠶᠠᠷ ᠳᠡᠯᠭᠡᠷᠡᠭᠦᠯᠦᠨ᠎ᠡ᠃ ᠨᠢᠭᠡᠳᠦᠯᠲᠡᠶ | ᠪᠥᠭᠡᠳ ᠨᠡᠭᠡᠭᠡᠯᠲᠡᠲᠡᠶ ᠵᠠᠮ ᠲᠡᠭᠡᠭᠡᠪᠦᠷᠢ ᠶᠢᠨ ᠵᠠᠬ᠎ᠠ ᠳᠡᠯᠭᠡᠭᠦᠷ ᠢ ᠲᠦᠷᠭᠡᠯᠡᠨ ᠪᠦᠳᠤᠭᠡᠨ ᠪᠠᠶᠢᠭᠤᠯᠵᠤ᠂ ᠪᠦᠬᠦ ᠨᠡᠶᠢᠭᠡᠮ ᠤᠨ | ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠬᠤ ᠲᠤᠰᠬᠠᠶ ᠠᠵᠢᠯᠯᠠᠭ᠎ᠠ ᠶᠢ ᠬᠡᠷᠡᠭᠵᠢᠭᠦᠯᠦᠨ᠎ᠡ᠃ | ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ | ᠲᠥᠪ ᠤᠨ ᠰᠠᠯᠠᠭ᠎ᠠ ᠮᠥᠴᠢᠷ ᠤᠨ ᠲᠡᠭ ᠰᠠᠭᠤᠷᠢᠨ ᠲᠥᠰᠦᠪ ᠤᠨ ᠥᠭᠡᠷᠡᠴᠢᠯᠡᠯᠲᠡ ᠶᠢᠨ ᠲᠤᠷᠰᠢᠯᠲᠠ ᠶᠢ ᠥᠷᠨᠢᠭᠦᠯᠵᠦ᠂ | ᠣᠷᠣᠨ ᠨᠤᠲᠤᠭ ᠤᠨ ᠬᠢᠨ ᠤ ᠲᠡᠭ ᠰᠠᠭᠤᠷᠢᠨ ᠲᠥᠰᠦᠪ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠳᠠᠮᠵᠢᠵᠤ᠂ | ᠵᠠᠷᠤᠯᠭ᠎ᠠ ᠶᠢᠨ ᠪᠠᠷᠢᠮᠵᠢᠶ᠎ᠠ᠂ ᠠᠮᠵᠢᠯᠲᠠ ᠪᠦᠲᠦᠮᠵᠢ ᠶᠢ ᠦᠨᠡᠯᠡᠬᠦ ᠵᠡᠷᠭᠡ ᠵᠠᠩᠭᠢᠯᠠᠭ᠎ᠠ ᠶᠢᠨ ᠳᠦᠷᠢᠮ ᠤᠨ ᠲᠠᠯ᠎ᠠ ᠪᠠᠷ | ᠢᠳᠡᠪᠬᠢᠲᠡᠢ ᠪᠠᠷ ᠰᠢᠨ᠎ᠡ ᠶᠢ ᠡᠭᠦᠳᠦᠨ᠎ᠡ᠃ ᠬᠡᠰᠡᠭ ᠲᠠᠸᠠᠷ ᠤᠨ ᠲᠦᠷᠦᠯ ᠤᠨ ᠬᠡᠷᠡᠭᠯᠡᠭᠡᠨ ᠤ ᠭᠠᠶᠢᠯᠢ ᠲᠠᠲᠠᠪᠤᠷᠢᠯᠠᠬᠤ | ᠭᠤᠭᠴᠤᠭ᠎ᠠ ᠶᠢ ᠬᠤᠶᠢᠰᠢ ᠰᠢᠯᠵᠢᠬᠦᠯᠬᠦ ᠶᠢᠨ ᠬᠠᠮᠳᠤ ᠤᠷᠤᠨ ᠨᠤᠳᠤᠭ ᠲᠤ ᠪᠠᠭᠤᠯᠭᠠᠨ ᠦᠭᠬᠦ ᠶᠢ ᠲᠦᠷᠭᠡᠯᠡᠨ ᠠᠬᠢᠭᠤᠯᠵᠤ᠂ | ᠣᠷᠣᠨ ᠨᠤᠲᠤᠭ ᠤᠨ ᠡᠵᠡᠨ ᠮᠡᠳᠡᠬᠦ ᠡᠳ᠋ ᠤᠨ ᠬᠦᠴᠦᠨ ᠢ ᠨᠡᠮᠡᠭᠳᠡᠭᠦᠯᠦᠨ᠎ᠡ᠃ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ | ᠲᠦᠷᠦ ᠶᠢᠨ ᠪᠤᠳᠤᠯᠭ᠎ᠠ ᠶᠢ ᠵᠢᠷᠤᠮᠵᠢᠭᠤᠯᠤᠨ᠎ᠠ᠃ ᠤᠷᠮᠠᠰᠢᠭᠤᠯᠬᠤ ᠲᠣᠭᠲᠠᠴᠠ ᠶᠢ ᠢᠳᠡᠪᠬᠢᠲᠡᠶ ᠰᠦᠪᠡᠭᠴᠢᠯᠡᠨ ᠪᠠᠶᠢᠭᠤᠯᠵᠤ᠂ | ᠣᠷᠣᠨ ᠨᠤᠲᠤᠭ ᠤᠨ ᠬᠢᠨ ᠤ ᠴᠢᠨᠠᠷ ᠰᠠᠶᠢᠲᠠᠶ ᠬᠥᠭᠵᠢᠯᠲᠡ ᠶᠢᠨ ᠳᠤᠮᠳᠠ ᠡᠳ᠋ ᠮᠦᠡᠭᠬᠦᠨ ᠤ ᠢᠷᠡᠯᠲᠡ ᠶᠢ | ᠪᠤᠶᠢᠵᠢᠭᠤᠯᠬᠤ ᠶᠢ ᠠᠬᠢᠭᠤᠯᠤᠨ᠎ᠠ᠃ ᠡᠳ᠋ ᠤᠨ ᠵᠠᠰᠠᠭ ᠠᠴᠠ ᠳᠡᠵᠢᠬᠡᠬᠦ ᠬᠦᠮᠦᠰ ᠤᠨ ᠬᠡᠪᠴᠢᠶ᠎ᠡ ᠶᠢ ᠴᠢᠩᠭ᠎ᠠ ᠬᠢᠵᠠᠭᠠᠷᠯᠠᠨ᠎ᠠ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠭᠦᠢᠯᠭᠡᠭᠡ᠂ ᠨᠤᠭᠤᠭᠠᠨ ᠮᠥᠩᠭᠦᠨ ᠭᠦᠢᠯᠭᠡᠭᠡ᠂ ᠲᠦᠭᠡᠮᠡᠯ | ᠬᠠᠷᠠᠭᠠᠯᠵᠠᠯᠲᠤ ᠮᠥᠩᠭᠦᠨ ᠭᠦᠢᠯᠭᠡᠭᠡ᠂ ᠨᠠᠰᠤᠵᠢᠯ ᠤᠨ ᠠᠰᠠᠷᠠᠮᠵᠢ ᠶᠢᠨ ᠮᠥᠩᠭᠦᠨ ᠭᠦᠢᠯᠭᠡᠭᠡ᠂ ᠳ᠋ᠢᠵᠢᠲ᠋ᠠᠯ ᠮᠥᠩᠭᠦᠨ | ᠭᠦᠢᠯᠭᠡᠭᠡ ᠶᠢᠨ ᠪᠠᠷᠢᠮᠵᠢᠶ᠎ᠠ ᠶᠢᠨ ᠰᠢᠰᠲ᠋ᠧᠮ ᠪᠠ ᠰᠠᠭᠤᠷᠢ ᠲᠦᠷᠢᠮ ᠢ ᠲᠡᠭᠦᠯᠳᠡᠷᠵᠢᠭᠦᠯᠦᠨ᠎ᠡ᠃ ᠬᠥᠷᠥᠩᠭᠡ ᠶᠢᠨ ᠵᠠᠬ᠎ᠠ | ᠳᠡᠯᠭᠡᠭᠦᠷ ᠤᠨ ᠪᠡᠯᠡ ᠣᠷᠣᠭᠤᠯᠤᠯᠳᠡ ᠪᠡᠯᠡ ᠲᠣᠬᠢᠷᠠᠭᠤᠯᠭ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠤᠷᠲᠤᠪᠲᠤᠷ ᠬᠤᠭᠤᠴᠠᠭᠠᠨ ᠤ ᠪᠡᠯᠡ ᠮᠥᠩᠭᠦ ᠶᠢᠨ ᠵᠠᠬ᠎ᠠ ᠳᠡᠯᠭᠡᠭᠦᠷ ᠲᠤ ᠣᠷᠣᠬᠤ ᠶᠢ ᠶᠡᠭᠡ ᠪᠠᠷ | ᠠᠬᠢᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠬᠦᠴᠦᠨ ᠤ ᠨᠥᠭᠡᠴᠡ ᠪᠠ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ | ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠲ᠋ᠣᠺ ᠲᠠᠷᠬᠠᠭᠠᠨ ᠵᠠᠬ᠎ᠠ ᠳᠡᠯᠭᠡᠭᠦᠷ ᠲᠤ ᠭᠠᠷᠭᠠᠬᠤ ᠪᠠ | ᠨᠡᠶᠢᠯᠡᠭᠦᠯᠦᠨ ᠬᠤᠳᠠᠯᠳᠤᠨ ᠠᠪᠴᠤ ᠲᠠᠬᠢᠨ ᠵᠣᠬᠢᠶᠠᠨ ᠪᠠᠶᠢᠭᠤᠯᠬᠤ ᠲᠦᠷᠢᠮ ᠢ ᠥᠭᠡᠷᠡᠴᠢᠯᠡᠨ ᠰᠢᠯᠢᠳᠡᠭᠵᠢᠭᠦᠯᠦᠨ᠎ᠡ᠃ | ᠤᠯᠠᠨ ᠲᠡᠰ ᠳᠠᠪᠬᠤᠷᠭ᠎ᠠ ᠶᠢᠨ ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢ ᠲᠦᠷᠭᠡᠳᠭᠡᠨ᠎ᠡ᠃ | ︵ᠲᠠᠪᠤ︶ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠳᠡ ᠶᠢ ᠥᠷᠭᠡᠳᠭᠡᠵᠦ᠂ ᠢᠳᠡᠪᠬᠢᠳᠠᠢ ᠪᠠᠷ ᠭᠠᠳᠠᠭᠠᠳᠤ | ᠠᠷᠠᠯᠵᠢᠶ᠎ᠠ ᠶᠢ ᠲᠤᠭᠳᠠᠭᠤᠨ ᠪᠠᠶᠢᠯᠭᠠᠵᠤ ᠭᠠᠳᠠᠭᠠᠳᠤ ᠪᠡᠯᠡ ᠶᠢ ᠲᠤᠭᠳᠠᠭᠤᠨ ᠪᠠᠶᠢᠯᠭᠠᠨ᠎ᠠ᠃ ᠭᠠᠳᠠᠭᠠᠳᠤ ᠣᠷᠴᠢᠨ ᠨᠦᠬᠦᠴᠡᠯ | ᠬᠡᠷᠬᠢᠨ ᠬᠤᠪᠢᠷᠠᠭᠰᠠᠨ ᠴᠤ᠂ ᠭᠠᠳᠠᠭᠰᠢ ᠨᠡᠭᠡᠭᠡᠯᠲᠡ ᠬᠢᠬᠦ ᠶᠢ ᠢᠮᠠᠭᠲᠠ ᠭᠤᠶᠢᠪᠢᠰᠢ ᠦᠭᠡᠢ ᠪᠠᠷᠢᠮᠲᠠᠯᠠᠵᠤ᠂ ᠳᠦᠷᠢᠮ ᠤᠨ | ᠬᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠭᠡᠵᠦ᠂ ᠪᠡᠶ᠎ᠡ ᠪᠠᠨ ᠳᠠᠭᠠᠭᠠᠵᠤ ᠨᠡᠭᠡᠭᠡᠯᠳᠡ ᠬᠢᠬᠦ ᠪᠠ ᠭᠠᠭᠴᠠ | ᠲᠠᠯ᠎ᠠ ᠠᠴᠠ ᠨᠡᠭᠡᠭᠡᠯᠲᠡ ᠬᠢᠬᠦ ᠶᠢ ᠡᠮᠬᠢ ᠵᠢᠷᠤᠮ ᠲᠠᠢ ᠪᠠᠷ ᠥᠷᠭᠡᠳᠭᠡᠵᠦ᠂ ᠨᠡᠭᠡᠭᠡᠯᠳᠡ ᠪᠠᠷ ᠥᠭᠡᠷᠡᠴᠢᠯᠡᠯᠲᠡ ᠶᠢ ᠠᠬᠢᠭᠤᠯᠵᠤ | ᠬᠥᠭᠵᠢᠯᠲᠡ ᠶᠢ ᠠᠬᠢᠭᠤᠯᠤᠨ᠎ᠠ᠃ | ᠭᠠᠳᠠᠭᠠᠳᠤ ᠠᠷᠠᠯᠵᠢᠶᠠᠨ ᠤ ᠬᠥᠭᠵᠢᠯᠲᠡ ᠶᠢ ᠲᠣᠭᠲᠠᠪᠤᠷᠢᠵᠢᠭᠤᠯᠤᠨ᠎ᠠ᠃ ᠭᠠᠳᠠᠭᠠᠳᠤ ᠠᠷᠠᠯᠵᠢᠶ᠎ᠠ ᠶᠢ | ᠲᠣᠭᠲᠠᠪᠤᠷᠢᠵᠢᠭᠤᠯᠬᠤ ᠲᠦᠷᠦ ᠶᠢᠨ ᠪᠤᠳᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠤᠨ ᠵᠠᠬᠢᠶᠠᠯᠠᠭ᠎ᠠ ᠶᠢ | ᠲᠣᠭᠲᠠᠪᠤᠷᠢᠵᠢᠭᠤᠯᠤᠨ ᠵᠠᠬ᠎ᠠ ᠳᠡᠯᠭᠡᠭᠦᠷ ᠢ ᠥᠷᠭᠡᠳᠭᠡᠬᠦ ᠶᠢ ᠲᠡᠮᠵᠢᠨ᠎ᠡ᠃ ᠪᠡᠯᠡ ᠲᠣᠬᠢᠷᠠᠭᠤᠯᠭ᠎ᠠ᠂ ᠲᠠᠰᠤᠯᠤᠨ ᠪᠣᠳᠣᠯᠲᠠ᠂ | ᠭᠠᠳᠠᠭᠠᠳᠤ ᠭᠤᠪᠢᠭᠤᠯᠭ᠎ᠠ ᠵᠡᠷᠭᠡ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠰᠢᠯᠢᠳᠡᠭᠵᠢᠭᠦᠯᠵᠦ᠂ ᠭᠠᠳᠠᠭᠠᠳᠤ | ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠤᠨ ᠳᠠᠭᠠᠳᠬᠠᠬᠤ ᠬᠡᠪᠴᠢᠶ᠎ᠡ ᠪᠠ ᠬᠠᠮᠤᠷᠬᠤ ᠬᠡᠪᠴᠢᠶ᠎ᠡ ᠶᠢ ᠥᠷᠭᠡᠳᠭᠡᠵᠦ᠂ | ᠠᠵᠤ ᠠᠬᠤᠶᠢᠯᠠᠯ ᠤᠨ ᠬᠢᠯᠢ ᠶᠢᠨ ᠭᠠᠳᠠᠨ᠎ᠠ ᠦᠵᠡᠰᠭᠦᠯᠡᠩ ᠳᠤ ᠣᠷᠣᠯᠴᠠᠬᠤ ᠪᠠ ᠦᠵᠡᠰᠭᠦᠯᠡᠩ ᠡᠷᠬᠢᠯᠡᠬᠦ ᠳᠤ ᠦᠵᠡᠬᠦᠯᠬᠦ | ᠳᠡᠮᠵᠢᠯᠭᠡ ᠶᠢ ᠴᠢᠩᠭᠠᠳᠬᠠᠨ᠎ᠠ᠃ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭᠠᠨ ᠤ ᠬᠥᠭᠵᠢᠯᠲᠡ ᠶᠢ ᠠᠬᠢᠭᠤᠯᠵᠤ᠂ ᠬᠢᠯᠢ | ᠠᠯᠤᠰᠯᠠᠨ ᠢᠯᠡᠭᠡᠬᠦ ᠪᠠᠷᠠᠭᠠᠨ ᠤ ᠭᠦᠢᠯᠭᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠭᠠᠳᠠᠭᠠᠳᠤ ᠳᠠᠬᠢ ᠬᠥᠮᠥᠷᠭᠡ ᠶᠢᠨ | ᠪᠦᠳᠤᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠬᠢᠯᠢ ᠶᠢᠨ ᠭᠠᠳᠠᠨᠠᠬᠢ ᠠᠵᠤ ᠠᠬᠤᠶ ᠠᠷᠠᠯᠵᠢᠶᠠᠨ ᠤ ᠬᠠᠮᠳᠤᠷᠠᠯᠴᠠᠭᠠᠨ ᠤ | ᠣᠷᠣᠨ ᠤ ᠴᠢᠳᠠᠮᠵᠢ ᠶᠢ ᠥᠷᠭᠡᠳᠭᠡᠵᠤ᠂ ᠵᠠᠪᠰᠠᠷ ᠤᠨ ᠪᠦᠳᠤᠭᠡᠭᠳᠡᠬᠦᠨ ᠤ ᠠᠷᠠᠯᠵᠢᠶ᠎ᠠ ᠶᠢ ᠬᠥᠭᠵᠢᠭᠦᠯᠵᠦ᠂ ᠤᠯᠠᠨ | ᠡᠰᠢᠵᠢᠭᠰᠡᠨ ᠵᠠᠬ᠎ᠠ ᠳᠡᠯᠭᠡᠭᠦᠷ ᠢ ᠨᠡᠭᠡᠭᠡᠨ᠎ᠡ᠃ ᠳᠣᠲᠣᠭᠠᠳᠤ ᠭᠠᠳᠠᠭᠠᠳᠤ ᠠᠷᠠᠯᠵᠢᠶᠠᠨ ᠤ ᠨᠢᠭᠡ ᠴᠣᠭᠴᠠᠵᠢᠭᠰᠠᠨ | ᠬᠥᠭᠵᠢᠯᠲᠡ ᠶᠢ ᠳᠠᠮᠵᠢᠵᠤ᠂ ᠪᠠᠷᠢᠮᠵᠢᠶ᠎ᠠ ᠶᠢᠨ ᠭᠡᠷᠡᠴᠢᠯᠡᠯᠲᠡ᠂ ᠵᠠᠬ᠎ᠠ ᠳᠡᠯᠭᠡᠭᠦᠷ ᠤᠨ ᠠᠷᠭ᠎ᠠ ᠵᠠᠮ ᠵᠡᠷᠭᠡ ᠲᠠᠯ᠎ᠠ ᠶᠢᠨ | ᠠᠰᠠᠭᠤᠳᠠᠯ ᠢ ᠲᠦᠷᠭᠡᠯᠡᠨ ᠰᠢᠢᠳᠪᠦᠷᠢᠯᠡᠨ᠎ᠡ᠃ ᠦᠢᠯᠡᠴᠢᠯᠡᠭᠡᠨ ᠤ ᠠᠷᠠᠯᠵᠢᠶ᠎ᠠ ᠶᠢᠨ ᠰᠢᠨ᠎ᠡ ᠶᠢ ᠡᠭᠦᠳᠤᠨ ᠭᠥᠭᠵᠢᠬᠦ ᠶᠢ | ᠠᠬᠢᠭᠤᠯᠵᠤ᠂ ᠤᠯᠠᠮᠵᠢᠯᠠᠯᠲᠤ ᠳᠠᠪᠠᠭᠤᠯᠢᠭ ᠦᠢᠯᠡᠴᠢᠯᠡᠭᠡ ᠶᠢᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠵᠤ᠂ | ᠦᠢᠯᠡᠴᠢᠯᠡᠭᠡ ᠶᠢ ᠭᠠᠳᠠᠭᠠᠳᠤ ᠳᠤ ᠭᠠᠷᠭᠠᠬᠤ ᠶᠢ ᠵᠣᠷᠢᠬᠵᠢᠭᠤᠯᠵᠤ᠂ ᠴᠢᠨᠠᠷ ᠰᠠᠶᠢᠲᠠᠶ ᠦᠢᠯᠡᠴᠢᠯᠡᠭᠡ ᠶᠢ ᠭᠠᠳᠠᠭᠠᠳᠤ ᠠᠴᠠ | ᠣᠷᠣᠭᠤᠯᠬᠤ ᠶᠢ ᠥᠷᠭᠡᠳᠭᠡᠨ᠎ᠡ᠃ ᠨᠤᠭᠤᠭᠠᠨ ᠠᠷᠠᠯᠵᠢᠶ᠎ᠠ᠂ ᠳ᠋ᠢᠵᠢᠲ᠋ᠠᠯ ᠠᠷᠠᠯᠵᠢᠶ᠎ᠠ ᠵᠡᠷᠭᠡ ᠰᠢᠨ᠎ᠡ ᠨᠡᠮᠡᠭᠳᠡᠯ ᠤᠨ ᠴᠡᠭ ᠢ | ᠪᠤᠶᠢᠵᠢᠭᠤᠯᠵᠤ᠂ ᠨᠥᠬᠦᠴᠡᠯ ᠲᠠᠢ ᠭᠠᠵᠠᠷ ᠣᠷᠣᠨ ᠤ ᠰᠢᠨ᠎ᠡ ᠬᠡᠯᠪᠡᠷᠢ ᠶᠢᠨ ᠬᠢᠯᠢ ᠶᠢᠨ ᠭᠠᠳᠠᠨᠠᠬᠢ ᠠᠷᠠᠯᠵᠢᠶ᠎ᠠ ᠶᠢ | ᠬᠥᠭᠵᠢᠭᠦᠯᠬᠦ ᠶᠢ ᠲᠡᠮᠵᠢᠵᠦ᠂ ᠬᠢᠯᠢ ᠶᠢᠨ ᠠᠷᠠᠯᠵᠢᠶ᠎ᠠ ᠶᠢ ᠢᠳᠡᠪᠬᠢᠳᠡᠢ ᠬᠦᠭᠵᠢᠭᠦᠯᠦᠨ᠎ᠡ᠃ ᠭᠠᠳᠠᠭᠠᠳᠤ ᠣᠷᠣᠭᠤᠯᠤᠯᠲᠠ ᠶᠢᠨ | ᠦᠵᠡᠰᠭᠦᠯᠡᠩ᠂ ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ᠂ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ᠂ | ᠳ᠋ᠢᠵᠢᠲ᠋ᠠᠯ ᠠᠷᠠᠯᠵᠢᠶᠠᠨ ᠤ ᠴᠤᠭᠯᠠᠭᠠᠨ᠂ ᠬᠡᠷᠡᠭᠯᠡᠭᠡᠨ ᠤ ᠵᠦᠢᠯ ᠤᠨ ᠦᠵᠡᠰᠭᠦᠯᠡᠩ ᠵᠡᠷᠭᠡ ᠴᠢᠬᠤᠯᠠ ᠶᠡᠭᠡ ᠦᠵᠡᠰᠭᠦᠯᠡᠩ | ᠴᠤᠭᠯᠠᠭᠠᠨ ᠢ ᠴᠢᠨᠠᠷ ᠰᠠᠶᠢᠲᠠᠶ ᠰᠠᠶᠢᠲᠤᠷ ᠡᠷᠬᠢᠯᠡᠨ᠎ᠡ᠃ ᠤᠶᠤᠨᠴᠢ ᠪᠣᠭᠤᠮᠲᠠ ᠶᠢᠨ ᠪᠦᠳᠤᠭᠡᠨ ᠪᠠᠶᠢᠭᠤᠯᠤᠯᠲᠠ ᠪᠠ | ᠬᠠᠮᠲᠤᠷᠠᠯᠴᠠᠭ᠎ᠠ ᠶᠢ ᠠᠬᠢᠭᠤᠯᠵᠤ᠂ ᠪᠤᠭᠤᠮᠲᠠ ᠦᠩᠭᠡᠷᠡᠬᠦ ᠶᠢ ᠳᠦᠳᠡᠴᠢᠯᠡᠭᠦ ᠲᠦᠪᠰᠢᠨ ᠢ ᠳᠡᠭᠡᠭᠰᠢᠯᠡᠭᠦᠯᠦᠨ᠎ᠡ᠃ | ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠶᠢ ᠶᠡᠭᠡ ᠪᠠᠷ ᠵᠣᠷᠢᠬᠵᠢᠭᠤᠯᠤᠨ᠎ᠠ᠃ ᠦᠢᠯᠡᠴᠢᠯᠡᠭᠡᠨ ᠤ | ᠦᠢᠯᠡᠰ ᠤᠨ ᠨᠡᠭᠡᠭᠡᠯᠳᠡ ᠶᠢ ᠥᠷᠭᠡᠳᠭᠡᠬᠦ ᠶᠡᠷᠦᠩᠬᠡᠶᠢᠯᠡᠭᠰᠡᠨ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ ᠠᠬᠢᠭᠤᠯᠵᠤ᠂ | ᠢᠨᠲ᠋ᠧᠷ ᠰᠦᠯᠵᠢᠶ᠎ᠡ᠂ ᠰᠣᠶᠣᠯ ᠵᠡᠷᠭᠡ ᠬᠦᠷᠢᠶᠡᠨ ᠤ ᠡᠮᠬᠢ ᠵᠢᠷᠤᠮ ᠲᠠᠢ ᠪᠠᠷ ᠨᠡᠭᠡᠭᠡᠯᠳᠡ ᠬᠢᠬᠦ ᠶᠢ ᠠᠬᠢᠭᠤᠯᠵᠤ᠂ ᠴᠠᠬᠢᠯᠭᠠᠨ | ᠬᠤᠯᠪᠣᠭ᠎ᠠ᠂ ᠡᠮᠨᠡᠯᠭᠡ᠂ ᠰᠤᠷᠭᠠᠨ ᠬᠥᠮᠦᠵᠢᠯ ᠵᠡᠷᠭᠡ ᠬᠦᠷᠢᠶᠡᠨ ᠤ ᠨᠡᠭᠡᠭᠡᠯᠳᠡ ᠬᠢᠬᠦ ᠲᠤᠷᠰᠢᠯᠲᠠ ᠶᠢ ᠥᠷᠭᠡᠳᠭᠡᠨ᠎ᠡ᠃ | ᠭᠠᠳᠠᠭᠠᠳᠤ ᠶᠢᠨ ᠪᠡᠯᠡ ᠣᠷᠣᠭᠤᠯᠤᠭᠴᠢ ᠶᠢᠨ ᠲᠠᠬᠢᠨ ᠪᠡᠯᠡ ᠣᠷᠣᠭᠤᠯᠤᠯᠲᠠ ᠪᠠᠨ ᠥᠷᠭᠡᠳᠭᠡᠬᠦ ᠢᠢ ᠵᠣᠷᠢᠬᠵᠢᠭᠤᠯᠵᠤ᠂ | ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠲᠤᠤᠷᠠᠳᠤ ᠤᠷᠤᠰᠬᠠᠯ ᠤᠨ ᠢᠵᠢ ᠪᠦᠷᠢᠳᠦᠭᠦᠯᠬᠦ ᠬᠠᠮᠵᠢᠯᠴᠠᠭ᠎ᠠ ᠳᠤ | ᠣᠷᠣᠯᠴᠠᠬᠤ ᠶᠢ ᠲᠡᠮᠵᠢᠨ᠎ᠠ᠃ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠡᠯᠧᠮᠧᠨ᠋ᠲ ᠤᠯᠬᠤ᠂ ᠬᠢᠷᠢ ᠴᠢᠳᠠᠯ ᠢᠶᠠᠨ | ᠵᠥᠪᠰᠢᠶᠡᠷᠡᠭᠦᠯᠬᠦ᠂ ᠪᠠᠷᠢᠮᠵᠢᠶ᠎ᠠ ᠲᠣᠭᠲᠠᠭᠠᠬᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠵᠡᠷᠭᠡ ᠲᠠᠯ᠎ᠠ ᠪᠠᠷ ᠬᠢ ᠠᠷᠠᠳ | ᠢᠷᠭᠡᠨ ᠤ ᠬᠠᠷᠠᠭᠠᠯᠵᠠᠯ ᠢ ᠦᠨᠡᠨ ᠬᠦ ᠪᠠᠲᠤᠯᠠᠨ᠎ᠠ᠃ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠦᠢᠯᠡᠴᠢᠯᠡᠭᠡ | ᠪᠠᠲᠤᠯᠠᠭ᠎ᠠ ᠶᠢ ᠴᠢᠩᠭᠠᠳᠬᠠᠵᠤ᠂ ᠪᠡᠯᠭᠡ ᠲᠡᠮᠳᠡᠭ ᠤᠨ ᠴᠢᠨᠠᠷᠲᠠᠢ ᠲᠦᠰᠦᠯ ᠢ ᠨᠠᠶᠢᠳᠠᠪᠤᠷᠢᠵᠢᠭᠤᠯᠬᠤ ᠶᠢ ᠲᠦᠷᠭᠡᠳᠭᠡᠵᠦ᠂ ︽ | ᠳᠤᠮᠳᠠᠳᠤ ᠤᠯᠤᠰ ᠲᠤ ᠪᠡᠯᠡ ᠤᠷᠤᠭᠤᠯᠬᠤ︾ ᠨᠠᠷᠠᠲᠤ ᠲᠡᠮᠳᠡᠭ ᠢ ᠦᠷᠭᠦᠯᠵᠢᠯᠡᠨ ᠪᠣᠶ ᠪᠣᠯᠭᠠᠨ᠎ᠠ᠃ ᠴᠢᠯᠥᠭᠡᠲᠦ | ᠠᠷᠠᠯᠵᠢᠶᠠᠨ ᠤ ᠲᠤᠷᠰᠢᠯᠲᠠ ᠶᠢᠨ ᠣᠷᠣᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠ | ᠥᠭᠡᠷᠡᠴᠢᠯᠡᠯᠲᠡ ᠶᠢᠨ ᠡᠭᠦᠷᠭᠡ ᠶᠢᠨ ᠡᠷᠬᠡ ᠣᠯᠭᠤᠯᠲᠠ ᠶᠢ ᠥᠷᠭᠡᠳᠭᠡᠬᠦ ᠶᠢ ᠠᠬᠢᠭᠤᠯᠵᠤ᠂ ᠬᠠᠶᠢᠨᠠᠨ ᠤ ᠴᠢᠯᠥᠭᠡᠲᠦ | ᠠᠷᠠᠯᠵᠢᠶᠠᠨ ᠤ ᠭᠠᠷᠠᠮ ᠤᠨ ᠭᠤᠤᠯ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠱᠠᠯᠠᠪᠳᠠᠨ ᠠᠬᠢᠭᠤᠯᠵᠤ᠂ ᠠᠵᠤ | ᠠᠬᠤᠶ ᠶᠢᠨ ᠨᠡᠭᠡᠭᠡᠨ ᠬᠥᠭᠵᠢᠬᠦᠯᠤᠯᠳᠡ ᠶᠢᠨ ᠣᠷᠣᠨ ᠤ ᠨᠡᠭᠡᠭᠡᠯᠲᠡᠳᠤ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠵᠤ᠂ ᠶᠡᠷᠦᠩᠬᠡᠶᠢᠯᠡᠭᠰᠡᠨ ᠭᠠᠶᠢᠯᠢ ᠶᠢᠨ ᠪᠠᠲᠤᠯᠠᠭᠠᠲᠤ ᠤᠷᠤᠨ ᠤ ᠬᠡᠯᠪᠡᠷᠢ ᠪᠠᠨ ᠬᠤᠪᠢᠷᠠᠭᠤᠯᠤᠨ ᠳᠡᠰ | ᠳᠡᠪᠰᠢᠬᠦᠯᠬᠦ ᠶᠢ ᠠᠬᠢᠭᠤᠯᠤᠨ᠎ᠠ᠃ ᠵᠠᠬ᠎ᠠ ᠳᠡᠯᠭᠡᠭᠦᠷᠴᠢᠯᠡᠭᠰᠡᠨ᠂ ᠬᠠᠤᠯᠢ ᠪᠠᠷ ᠵᠠᠰᠠᠭᠰᠠᠨ᠂ ᠤᠯᠠᠨ ᠤᠯᠤᠰᠴᠢᠯᠠᠭᠰᠠᠨ | ᠲᠡᠷᠢᠭᠦᠨ ᠵᠡᠷᠭᠡ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠪᠣᠢ ᠪᠣᠯᠭᠠᠵᠤ᠂ ᠭᠠᠳᠠᠭᠠᠳᠤ | ᠪᠡᠯᠡ ᠶᠢᠨ ᠠᠵᠤ ᠠᠬᠤᠶᠢᠯᠠᠯ ᠢ ᠨᠠᠩ ᠰᠠᠶᠢᠨ ᠬᠥᠭᠵᠢᠯᠳᠠ ᠲᠠᠢ ᠪᠤᠯᠭᠠᠨ᠎ᠠ᠃ | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠶ ᠪᠠᠶᠢᠭᠤᠯᠬᠤ ᠶᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠶᠢ ᠠᠬᠢᠭᠤᠯᠤᠨ᠎ᠠ᠃ ᠴᠢᠬᠤᠯᠠ ᠶᠡᠭᠡ ᠪᠡᠯᠭᠡ ᠲᠡᠮᠳᠡᠭ ᠤᠨ ᠴᠢᠨᠠᠷᠲᠠᠶ ᠢᠨᠵᠧᠨᠧᠷᠢᠩ ᠪᠠ ︽ᠪᠠᠭ᠎ᠠ | ᠠᠲᠠᠯ᠎ᠠ ᠰᠠᠶᠢᠬᠠᠨ︾ ᠠᠷᠠᠳ ᠤᠨ ᠠᠮᠢᠳᠤᠷᠠᠯ ᠤᠨ ᠲᠥᠰᠥᠯ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ | ᠠᠬᠢᠭᠤᠯᠵᠤ᠂ ᠨᠢᠭᠡ ᠪᠦᠯᠦᠭ ᠵᠢᠱᠢᠶ᠎ᠡ ᠦᠵᠡᠭᠦᠯᠬᠦ ᠴᠢᠨᠠᠷᠲᠠᠶ ᠬᠠᠮᠲᠤᠷᠠᠯᠴᠠᠭᠠᠨ ᠤ ᠦᠷ᠎ᠡ ᠪᠦᠲᠦᠭᠡᠯ ᠢ ᠪᠤᠢ ᠪᠣᠯᠭᠠᠨ᠎ᠠ᠃ | ᠳᠤᠮᠳᠠᠳᠤ ᠧᠦ᠋ᠷᠣᠫᠠ ᠶᠢᠨ ᠡᠭᠡᠯᠵᠢ ᠶᠢᠨ ᠴᠤᠪᠤᠭ᠎ᠠ ᠲᠡᠷᠭᠡ ᠶᠢᠨ ᠲᠣᠭᠲᠠᠭᠤᠨ ᠪᠦᠭᠡᠳ ᠰᠠᠭᠠᠳ ᠦᠭᠡᠢ ᠠᠵᠢᠯᠯᠠᠭᠠᠨ ᠢ | ᠪᠠᠲᠤᠯᠠᠵᠤ᠂ ᠪᠠᠷᠠᠭᠤᠨ ᠬᠡᠰᠡᠭ ᠤᠨ ᠭᠠᠵᠠᠷ ᠤᠷᠤᠨ ᠤ ᠳᠠᠯᠠᠢ ᠬᠠᠭᠤᠷᠠᠢ ᠶᠢᠨ ᠰᠢᠨ᠎ᠡ ᠵᠠᠮ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠭᠡᠨ᠎ᠡ᠃ ᠭᠠᠳᠠᠭᠠᠳᠤ ᠳᠠᠬᠢ ᠪᠡᠯᠡ ᠣᠷᠣᠭᠤᠯᠤᠯᠳᠡ ᠶᠢᠨ ᠡᠷᠡᠭᠦᠯ ᠪᠥᠭᠡᠳ ᠠᠮᠤᠷ | ᠲᠦᠪᠰᠢᠨ ᠢᠶᠠᠷ ᠡᠮᠬᠢ ᠵᠢᠷᠤᠮ ᠲᠠᠢ ᠬᠥᠭᠵᠢᠭᠦ ᠶᠢ ᠬᠥᠲᠥᠯᠥᠨ ᠵᠢᠯᠣᠭᠤᠳᠴᠤ᠂ ᠬᠠᠤᠯᠢ ᠴᠠᠭᠠᠵᠠ᠂ ᠮᠥᠩᠭᠦᠨ ᠭᠦᠢᠯᠭᠡᠭᠡ᠂ | ᠪᠠᠷᠠᠭᠠᠨ ᠤ ᠭᠦᠢᠯᠭᠡᠭᠡ ᠵᠡᠷᠭᠡ ᠶᠢᠨ ᠭᠠᠳᠠᠭᠠᠳᠤ ᠳᠠᠬᠢ ᠶᠡᠷᠦᠩᠬᠡᠶᠢᠯᠡᠭᠰᠡᠨ ᠦᠢᠯᠡᠴᠢᠯᠡᠭᠡ ᠶᠢ ᠴᠢᠩᠭᠠᠳᠬᠠᠵᠤ᠂ ᠠᠵᠤ | ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠤᠯᠠᠨ ᠤᠯᠤᠰ ᠤᠨ ᠬᠠᠮᠲᠤᠷᠠᠯᠴᠠᠭᠠᠨ ᠤ ᠪᠠᠶᠢᠷᠢᠯᠠᠭᠤᠯᠤᠯᠳᠡ ᠶᠢ | ᠰᠢᠯᠢᠳᠡᠭᠵᠢᠭᠦᠯᠦᠨ᠎ᠡ᠃ | ᠤᠯᠠᠨ ᠲᠠᠯᠠᠳᠤ ᠬᠤᠶᠠᠷ ᠲᠠᠯᠠᠳᠤ ᠠᠵᠤ ᠠᠬᠤᠢ ᠶᠢᠨ ᠬᠠᠮᠳᠤᠷᠠᠯᠴᠠᠭ᠎ᠠ ᠪᠠ ᠣᠷᠣᠨ ᠪᠦᠰᠡ ᠶᠢᠨ ᠠᠵᠤ ᠠᠬᠤᠶ ᠶᠢᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠪᠦᠬᠦ ᠪᠥᠮᠪᠥᠷᠴᠡᠭ ᠲᠤ ᠬᠠᠨᠳᠤᠭᠤᠯᠤᠭᠰᠠᠨ ᠥᠨᠳᠥᠷ ᠪᠠᠷᠢᠮᠵᠢᠶᠠᠲᠤ | ᠴᠢᠯᠥᠭᠡᠲᠦ ᠠᠷᠠᠯᠵᠢᠶᠠᠨ ᠤ ᠣᠷᠣᠨ ᠤ ᠲᠤᠤᠷ ᠢ ᠦᠷᠭᠦᠯᠵᠢᠯᠡᠨ ᠥᠷᠭᠡᠳᠭᠡᠵᠦ᠂ ᠳᠤᠮᠳᠠᠳᠤ ᠤᠯᠤᠰ — — ᠵᠡᠬᠦᠨ | ᠡᠮᠦᠨᠡᠳᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠴᠢᠯᠥᠭᠡᠲᠦ ᠠᠷᠠᠯᠵᠢᠶᠠᠨ ᠤ ᠣᠷᠣᠨ ᠤ 3.0 ᠬᠡᠪᠯᠡᠯ ᠤᠨ ᠲᠡᠰ | ᠳᠡᠪᠰᠢᠭᠰᠡᠨ ᠬᠡᠯᠡᠯᠴᠡᠭᠡᠷ ᠲᠤ ᠭᠠᠷ ᠤᠨ ᠦᠰᠦᠭ ᠵᠢᠷᠤᠬᠤ ᠶᠢ ᠠᠬᠢᠭᠤᠯᠵᠤ᠂ ︽ᠳ᠋ᠢᠵᠢᠲ᠋ᠠᠯ ᠠᠵᠤ ᠠᠬᠤᠶ ᠶᠢᠨ ᠬᠠᠨᠢᠲᠠᠨ ᠤ | ᠬᠠᠷᠢᠴᠠᠭ᠎ᠠ ᠶᠢᠨ ᠬᠡᠯᠡᠯᠴᠡᠬᠡᠷ︾ ᠪᠠ ︽ᠪᠦᠬᠦ ᠲᠠᠯ᠎ᠠ ᠶᠢᠨ ᠬᠢᠭᠡᠳ ᠳᠠᠪᠰᠢᠩᠭᠤᠢ ᠨᠣᠮᠣᠬᠠᠨ ᠲᠡᠯᠡᠶ ᠠᠯᠤᠰᠯᠠᠭᠰᠠᠨ | ᠬᠠᠨᠢᠲᠠᠨ ᠤ ᠬᠠᠷᠢᠴᠠᠭ᠎ᠠ ᠶᠢᠨ ᠬᠡᠯᠡᠯᠴᠡᠬᠡᠷ︾ ᠲᠤ ᠣᠷᠣᠯᠴᠠᠬᠤ ᠠᠬᠢᠴᠠ ᠶᠢ ᠢᠳᠡᠪᠬᠢᠲᠡᠶ ᠠᠬᠢᠭᠤᠯᠤᠨ᠎ᠠ᠃ ᠳᠡᠯᠡᠬᠡᠶ ᠶᠢᠨ | ᠠᠷᠠᠯᠵᠢᠶᠠᠨ ᠤ ᠵᠣᠬᠢᠶᠠᠨ ᠪᠠᠶᠢᠭᠤᠯᠤᠯᠲᠠ ᠪᠠᠷ ᠭᠤᠣᠯᠯᠠᠭᠤᠯᠤᠭᠰᠠᠨ ᠣᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠢ ᠡᠷᠡᠰ | ᠬᠠᠮᠠᠭᠠᠯᠠᠵᠤ᠂ ᠡᠯ᠎ᠡ ᠤᠯᠤᠰ ᠯᠤᠭ᠎ᠠ ᠶᠢᠨ ᠠᠰᠢᠭ ᠲᠤᠰᠠ ᠶᠢᠨ ᠨᠡᠶᠢᠯᠡᠯ ᠴᠡᠭ ᠢ ᠥᠷᠭᠡᠳᠭᠡᠵᠦ᠂ ᠬᠠᠮᠲᠤ ᠶᠢᠨ | ᠬᠥᠭᠵᠢᠯᠲᠡ ᠶᠢ ᠠᠬᠢᠭᠤᠯᠤᠨ᠎ᠠ᠃ | ︵ᠵᠢᠷᠭᠤᠭ᠎ᠠ︶ ᠭᠤᠤᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ | ᠰᠢᠰᠲ᠋ᠧᠮ ᠤᠨ ᠴᠢᠨᠠᠷᠲᠠᠶ ᠠᠶᠤᠯ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠪᠠᠲᠤ ᠰᠠᠬᠢᠨ᠎ᠠ᠃ ᠬᠥᠭᠵᠢᠯᠲᠡ | ᠪᠣᠯᠤᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠯᠡᠵᠦ᠂ ᠬᠥᠭᠵᠢᠬᠦᠯᠬᠦ ᠶᠠᠪᠤᠴᠠ ᠳᠤ ᠠᠶᠤᠯ | ᠲᠦᠭᠰᠢᠭᠦᠷᠢ ᠶᠢ ᠠᠯᠬᠤᠮ ᠠᠯᠬᠤᠮ ᠢᠶᠠᠷ ᠠᠷᠢᠯᠭᠠᠬᠤ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ | ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠦᠢᠯᠡᠳᠦᠯᠴᠡᠯ ᠢ ᠴᠢᠷᠮᠠᠶᠢᠨ ᠪᠡᠶᠡᠯᠡᠭᠦᠯᠦᠨ᠎ᠡ᠃ | ᠭᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠯᠲᠠ ᠶᠢ ᠵᠣᠭᠰᠣᠭᠠᠵᠤ ᠲᠣᠭᠲᠠᠭᠤᠨ | ᠪᠠᠶᠢᠳᠠᠯ ᠳᠤ ᠤᠷᠤᠭᠤᠯᠬᠤ ᠶᠢ ᠦᠷᠭᠦᠯᠵᠢᠯᠡᠨ ᠬᠦᠴᠦᠯᠡᠨ ᠠᠬᠢᠭᠤᠯᠤᠨ᠎ᠠ᠃ ᠬᠤᠲᠠ ᠶᠢᠨ ᠪᠠᠶᠢᠳᠠᠯ ᠳᠤᠨᠢ ᠲᠤᠬᠢᠷᠠᠭᠤᠯᠤᠨ | ᠲᠥᠷᠥ ᠶᠢᠨ ᠪᠣᠳᠣᠯᠭ᠎ᠠ ᠬᠡᠷᠡᠭᠵᠢᠭᠦᠯᠵᠦ ᠪᠠᠶᠢᠭᠠᠳ ᠬᠢᠵᠠᠭᠠᠷᠯᠠᠬᠤ ᠴᠢᠨᠠᠷᠲᠠᠶ ᠠᠷᠭ᠎ᠠ ᠬᠡᠮᠵᠢᠶ᠎ᠡ ᠶᠢ ᠲᠤᠬᠢᠷᠠᠭᠤᠯᠤᠨ ᠬᠠᠰᠤᠵᠤ᠂ | ᠬᠤᠲᠠ ᠶᠢᠨ ᠲᠤᠳᠤᠷᠠᠬᠢ ᠲᠣᠰᠬᠤᠨ ᠪᠣᠯᠤᠨ ᠨᠤᠷᠠᠬᠤ ᠠᠶᠤᠯᠳᠠᠢ ᠬᠠᠭᠤᠴᠢᠨ ᠭᠡᠷ ᠪᠠᠶᠢᠰᠢᠩ ᠢ ᠰᠢᠨᠡᠳᠭᠡᠨ ᠵᠠᠰᠠᠬᠤ ᠶᠢ | ᠬᠦᠴᠦᠯᠡᠨ ᠬᠡᠷᠡᠭᠵᠢᠭᠦᠯᠵᠦ᠂ ᠵᠠᠶᠢᠯᠠᠰᠢ ᠦᠭᠡᠢ ᠴᠢᠨᠠᠷᠲᠠᠢ ᠪᠠ ᠰᠠᠶᠢᠵᠢᠷᠠᠭᠤᠯᠬᠤ ᠴᠢᠨᠠᠷᠲᠠᠶ ᠣᠷᠣᠨ ᠰᠠᠭᠤᠴᠠ ᠶᠢᠨ | ᠬᠡᠷᠡᠭᠴᠡᠭᠡ ᠶᠢᠨ ᠳᠠᠯᠳᠠ ᠬᠦᠴᠦᠨ ᠢ ᠭᠦᠢᠴᠡᠳ ᠰᠤᠯᠠᠯᠠᠨ ᠭᠠᠷᠭᠠᠨ᠎ᠠ᠃ ᠬᠤᠲᠠ ᠶᠢᠨ ᠣᠷᠣᠨ ᠵᠠᠶ ᠶᠢᠨ ᠪᠦᠲᠦᠴᠡ ᠪᠠ | ᠭᠠᠵᠠᠷ ᠰᠢᠷᠣᠶ ᠠᠰᠢᠭᠯᠠᠬᠤ ᠠᠷᠭ᠎ᠠ ᠮᠠᠶ᠋ᠢᠭ ᠢ ᠰᠢᠯᠢᠳᠡᠭᠵᠢᠭᠦᠯᠵᠦ᠂ ᠭᠡᠷ ᠪᠠᠶᠢᠰᠢᠩ ᠭᠠᠵᠠᠷ ᠰᠢᠷᠤᠢ ᠶᠢᠨ ᠬᠥᠷᠥᠩᠭᠡ ᠶᠢᠨ | ᠬᠡᠷᠡᠭᠯᠡᠬᠦ ᠭᠠᠵᠠᠷ ᠤᠨ ᠬᠠᠩᠭᠠᠯᠭ᠎ᠠ ᠶᠢ ᠰᠢᠨ᠎ᠠ ᠪᠠᠷ ᠨᠡᠮᠡᠭᠳᠡᠬᠦᠯᠬᠦ ᠶᠢ ᠵᠦᠶ ᠵᠣᠬᠢᠰᠲᠠᠶ ᠬᠢᠵᠠᠭᠠᠷᠯᠠᠨ᠎ᠠ᠃ ᠬᠠᠳᠠᠭᠠᠯᠠᠯᠳᠠ | ᠬᠡᠷᠡᠭᠯᠡᠬᠦ ᠭᠠᠵᠠᠷ ᠪᠠ ᠬᠤᠳᠠᠯᠳᠤᠭ᠎ᠠ ᠡᠷᠭᠢᠯᠡᠭᠦ ᠠᠯᠪᠠᠯᠠᠬᠤ ᠳᠤ ᠬᠡᠷᠡᠭᠯᠡᠬᠦ ᠬᠡᠷ ᠪᠠᠶᠢᠰᠢᠩ ᠢ ᠠᠮᠢᠳᠤᠯᠢᠭ ᠪᠣᠯᠭᠠᠵᠤ᠂ | ᠬᠠᠳᠠᠭᠠᠯᠠᠯᠳᠠ ᠲᠠᠸᠠᠷ ᠤᠨ ᠬᠡᠷ ᠪᠠᠶᠢᠰᠢᠩ ᠢ ᠬᠤᠳᠠᠯᠳᠤᠨ ᠠᠪᠬᠤ ᠶᠢ ᠠᠬᠢᠭᠤᠯᠵᠤ᠂ ᠬᠤᠳᠠᠯᠳᠤᠨ ᠠᠪᠬᠤ ᠪᠡᠶᠡᠴᠢ ᠴᠣᠭᠴᠠ | ᠦᠨ᠎ᠡ ᠬᠠᠩᠰᠢ ᠪᠠ ᠬᠡᠷᠡᠭᠴᠡᠭᠡᠨ ᠤ ᠲᠠᠯ᠎ᠠ ᠪᠠᠷ ᠬᠤᠲᠠ ᠶᠢᠨ ᠵᠠᠰᠠᠭ ᠤᠨ ᠣᠷᠳᠣᠨ ᠳᠤ ᠨᠠᠩ ᠶᠡᠭᠡ ᠡᠵᠡᠨ ᠮᠡᠳᠡᠬᠦ ᠡᠷᠬᠡ | ᠣᠯᠭᠤᠨ᠎ᠠ᠃ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠳᠠᠬᠢᠨ ᠵᠢᠭᠡᠯᠡᠯᠭᠡ ᠶᠢᠨ ᠬᠡᠷᠡᠭᠯᠡᠬᠦ ᠬᠡᠪᠴᠢᠶ᠎ᠡ ᠶᠢ | ᠥᠷᠭᠡᠳᠭᠡᠨ᠎ᠡ᠃ ᠬᠡᠷ ᠪᠠᠶᠢᠰᠢᠩ ᠭᠠᠵᠠᠷ ᠰᠢᠷᠤᠢ ᠶᠢᠨ ᠬᠥᠷᠥᠩᠭᠡ ᠶᠢᠨ ᠪᠠᠯᠠ ᠲᠣᠬᠢᠷᠠᠭᠤᠯᠭ᠎ᠠ ᠶᠢ ᠵᠣᠬᠢᠴᠠᠭᠤᠯᠬᠤ | ᠲᠣᠭᠲᠠᠴᠠ ᠶᠢᠨ ᠦᠢᠯᠡᠳᠦᠯ ᠢ ᠪᠠᠳᠠᠷᠠᠭᠤᠯᠵᠤ᠂ ᠬᠡᠷ ᠪᠠᠶᠢᠰᠢᠩ ᠢ ᠪᠠᠳᠤᠳᠠᠢ ᠲᠤᠰᠢᠶᠠᠬᠤ ᠠᠵᠢᠯ ᠢ ᠦᠷᠭᠦᠯᠵᠢᠯᠡᠨ ᠰᠠᠶᠢᠲᠤᠷ | ᠬᠢᠵᠦ᠂ ᠬᠡᠷ ᠪᠠᠶᠢᠰᠢᠩ ᠭᠠᠵᠠᠷ ᠰᠢᠷᠤᠢ ᠶᠢᠨ ᠬᠥᠷᠥᠩᠭᠡ ᠶᠢᠨ ᠠᠵᠤ ᠠᠬᠤᠶᠢᠯᠠᠯ ᠤᠨ ᠦᠷᠢ ᠥᠭᠴᠡᠭᠡ ᠶᠢᠨ ᠭᠡᠷ᠎ᠠ | ᠵᠦᠷᠢᠴᠡᠬᠦ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ᠎ᠡ᠃ ᠬᠠᠮᠢᠶ᠎ᠠ ᠪᠦᠬᠦᠢ ᠰᠠᠭᠤᠷᠢ ᠴᠢᠨᠠᠷᠲᠠᠶ ᠳᠦᠷᠢᠮ ᠢ ᠡᠮᠬᠢ | ᠵᠢᠷᠤᠮ ᠲᠠᠢ ᠪᠠᠶᠢᠭᠤᠯᠵᠤ᠂ ᠭᠡᠷ ᠪᠠᠶᠢᠰᠢᠩ ᠭᠠᠵᠠᠷ ᠰᠢᠷᠤᠢ ᠶᠢᠨ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ | ᠲᠦᠷᠭᠡᠯᠡᠨ ᠪᠠᠶᠢᠭᠤᠯᠤᠨ᠎ᠠ᠃ ᠠᠷᠠᠳ ᠣᠯᠠᠨ ᠤ ᠦᠨᠳᠤᠷ ᠴᠢᠨᠠᠷ ᠴᠢᠨᠰᠠᠭ᠎ᠠ ᠪᠦᠬᠦᠢ ᠣᠷᠣᠰᠢᠨ ᠰᠠᠭᠤᠬᠤ ᠬᠡᠷᠡᠭᠴᠡᠭᠡ ᠳᠤ | ᠵᠣᠬᠢᠴᠠᠭᠤᠯᠤᠨ᠂ ᠪᠠᠷᠢᠮᠵᠢᠶ᠎ᠠ ᠵᠢᠷᠤᠮᠵᠢᠯ ᠢ ᠲᠡᠭᠦᠯᠳᠡᠷᠵᠢᠭᠦᠯᠵᠦ᠂ ᠠᠮᠤᠷ ᠲᠦᠪᠰᠢᠨ᠂ ᠲᠠᠭᠠᠯᠠᠮᠵᠢᠲᠠᠶ᠂ ᠨᠤᠭᠤᠭᠠᠨ᠂ | ᠣᠶᠤᠨᠴᠢ ︽ᠰᠠᠶᠢᠨ ᠪᠠᠶᠢᠰᠢᠩ︾ ᠢ ᠪᠥᠲᠥᠭᠡᠨ ᠪᠠᠶᠢᠭᠤᠯᠬᠤ ᠶᠢ ᠠᠬᠢᠭᠤᠯᠤᠨ᠎ᠠ᠃ | ᠣᠷᠣᠨ ᠨᠤᠲᠤᠭ ᠤᠨ ᠵᠠᠰᠠᠭ ᠤᠨ ᠣᠷᠳᠣᠨ ᠤ ᠦᠷᠢ ᠥᠭᠴᠡᠭᠡᠨ ᠤ ᠠᠶᠤᠯ ᠲᠦᠭᠰᠢᠭᠦᠷᠢ ᠶᠢ ᠯᠠᠪᠳᠠᠭᠤᠨ ᠳᠤᠬᠢᠳᠠᠢ | ᠠᠷᠢᠯᠭᠠᠨ᠎ᠠ᠃ ᠬᠥᠭᠵᠢᠬᠦᠯᠬᠦ ᠳᠤᠮᠳᠠ ᠥᠷᠢ ᠶᠢ ᠰᠢᠢᠳᠪᠤᠷᠢᠯᠡᠬᠦ᠂ ᠥᠷᠢ ᠶᠢ ᠰᠢᠢᠳᠪᠤᠷᠢᠯᠡᠬᠦ ᠳᠤᠮᠳᠠ ᠬᠥᠭᠵᠢᠭᠦᠯᠬᠦ ᠶᠢ | ᠪᠠᠷᠢᠮᠲᠠᠯᠠᠵᠤ᠂ ᠥᠷᠢ ᠶᠢ ᠰᠢᠢᠳᠪᠤᠷᠢᠯᠡᠬᠦ ᠬᠠᠮ ᠲᠥᠰᠦᠯ ᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠬᠢᠨᠠᠨ ᠰᠢᠯᠭᠠᠬᠤ | ᠪᠠ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ᠂ ᠦᠷᠢ ᠥᠭᠴᠡᠭᠡ ᠶᠢᠨ ᠲᠦᠭᠰᠢᠭᠦᠷᠢ ᠶᠡᠬᠡᠲᠡᠶ ᠭᠠᠵᠠᠷ | ᠣᠷᠣᠨ ᠤ ᠨᠡᠷᠡᠰ ᠢ ᠬᠥᠳᠡᠯᠦᠩᠭᠦᠶ ᠪᠠᠷ ᠲᠣᠬᠢᠷᠠᠭᠤᠯᠵᠦ᠂ ᠪᠠᠯᠠ ᠣᠷᠣᠭᠤᠯᠤᠯᠲᠠ ᠶᠢᠨ ᠰᠢᠨ᠎ᠡ ᠣᠷᠣᠨ ᠵᠠᠶ ᠨᠡᠭᠡᠭᠡᠬᠦ ᠶᠢ | ᠳᠡᠮᠵᠢᠨ᠎ᠡ᠃ ᠰᠢᠨᠵᠢᠯᠡᠬᠦ ᠤᠬᠠᠭᠠᠨᠴᠢ ᠪᠠᠷ ᠲᠥᠷᠥᠯ ᠬᠤᠪᠢᠶᠠᠬᠤ᠂ ᠨᠠᠷᠢᠯᠢᠬ ᠣᠨᠣᠴᠠᠲᠠᠶ ᠪᠠᠷ ᠰᠣᠯᠢᠬᠤ ᠵᠠᠷᠴᠢᠮ ᠤᠨ | ᠶᠣᠰᠣᠭᠠᠷ᠂ ᠣᠷᠣᠨ ᠨᠤᠲᠤᠭ ᠤᠨ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠰᠣᠯᠢᠬᠤ ᠠᠵᠢᠯ ᠢ ᠰᠠᠶᠢᠲᠤᠷ | ᠬᠢᠨ᠎ᠡ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ | ᠲᠣᠭᠲᠠᠭᠠᠯ ᠠᠴᠠ ᠵᠥᠷᠢᠴᠡᠨ ᠥᠷᠢ ᠲᠠᠯᠪᠢᠬᠤ ᠬᠦᠭᠰᠡᠯ ᠢ ᠡᠷᠡᠰ ᠬᠤᠷᠢᠭᠯᠠᠨ᠎ᠠ᠃ ᠣᠷᠣᠨ ᠨᠤᠲᠤᠭ ᠤᠨ ᠪᠡᠯᠡ | ᠲᠣᠬᠢᠷᠠᠭᠤᠯᠬᠤ ᠲᠠᠪᠴᠠᠩ ᠤᠨ ᠵᠠᠰᠠᠭ ᠤᠨ ᠣᠷᠳᠣᠨ ᠤ ᠪᠡᠯᠡ ᠲᠣᠬᠢᠷᠠᠭᠤᠯᠬᠤ ᠴᠢᠳᠠᠮᠵᠢ ᠶᠢ ᠲᠦᠷᠭᠡᠯᠡᠨ ᠰᠠᠯᠭᠠᠵᠤ᠂ ᠵᠠᠬ᠎ᠠ | ᠳᠡᠯᠭᠡᠭᠦᠷᠴᠢᠯᠡᠨ ᠬᠡᠯᠪᠡᠷᠢ ᠪᠠᠨ ᠬᠤᠪᠢᠷᠠᠭᠤᠯᠬᠤ ᠪᠠ ᠥᠷᠢ ᠥᠭᠴᠡᠭᠡ ᠶᠢᠨ ᠲᠦᠭᠰᠢᠭᠦᠷᠢ ᠶᠢ ᠠᠷᠢᠯᠭᠠᠬᠤ ᠶᠢ ᠠᠬᠢᠭᠤᠯᠤᠨ᠎ᠠ᠃ | ᠮᠥᠩᠭᠦᠨ ᠭᠦᠢᠯᠭᠡᠭᠡᠨ ᠤ ᠬᠦᠷᠢᠶᠡᠨ ᠳᠠᠬᠢ ᠠᠶᠤᠯ ᠲᠦᠭᠰᠢᠭᠦᠷᠢ ᠶᠢ ᠢᠳᠡᠪᠬᠢᠲᠡᠶ ᠰᠡᠷᠭᠡᠶᠢᠯᠡᠨ᠎ᠡ᠃ ᠵᠠᠬ᠎ᠠ | ᠳᠡᠯᠭᠡᠭᠦᠷᠴᠢᠯᠡᠬᠦ᠂ ᠬᠠᠤᠯᠢ ᠪᠠᠷ ᠵᠠᠰᠠᠬᠤ ᠵᠠᠷᠴᠢᠮ ᠤᠨ ᠶᠣᠰᠣᠭᠠᠷ᠂ ᠣᠷᠣᠨ ᠨᠤᠲᠤᠭ ᠤᠨ ᠳᠤᠮᠳᠠ ᠵᠢᠵᠢᠭ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠠᠶᠤᠯ ᠲᠦᠭᠰᠢᠭᠦᠷᠢ ᠶᠢ ᠰᠢᠢᠳᠪᠦᠷᠢᠯᠡᠬᠦ ᠪᠠ ᠬᠡᠯᠪᠡᠷᠢ ᠪᠠᠨ ᠬᠤᠪᠢᠷᠠᠭᠤᠯᠤᠨ ᠬᠥᠭᠵᠢᠭᠦ ᠶᠢ | ᠨᠢᠭᠡ ᠴᠣᠭᠴᠠᠵᠢᠭᠤᠯᠤᠨ ᠠᠬᠢᠭᠤᠯᠵᠤ᠂ ᠬᠥᠷᠥᠩᠭᠡ ᠮᠥᠩᠭᠦ ᠶᠢ ᠨᠥᠬᠦᠪᠥᠷᠢᠯᠡᠬᠦ᠂ ᠨᠡᠶᠢᠯᠡᠭᠦᠯᠦᠨ ᠳᠠᠬᠢᠨ ᠵᠣᠬᠢᠶᠠᠨ | ᠪᠠᠶᠢᠭᠤᠯᠬᠤ᠂ ᠵᠠᠬ᠎ᠠ ᠳᠡᠯᠭᠡᠭᠦᠷ ᠠᠴᠠ ᠤᠬᠤᠷᠢᠨ ᠭᠠᠷᠬᠤ ᠵᠡᠷᠭᠡ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ ᠪᠠᠶᠢᠭᠠᠳ | ᠠᠶᠤᠯ ᠲᠦᠭᠰᠢᠭᠦᠷᠢ ᠶᠢ ᠲᠥᠷᠥᠯ ᠬᠤᠪᠢᠶᠠᠨ ᠠᠷᠢᠯᠭᠠᠨ᠎ᠠ᠃ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠴᠢᠳᠠᠮᠵᠢ ᠶᠢᠨ ᠪᠠᠶᠢᠷᠢ ᠲᠣᠭᠲᠠᠭᠠᠯᠲᠠ ᠪᠠ ᠵᠠᠰᠠᠬᠤ ᠲᠣᠭᠲᠠᠴᠠ ᠶᠢ ᠲᠡᠭᠦᠯᠳᠡᠷᠵᠢᠭᠦᠯᠵᠦ᠂ ᠢᠯᠭᠠᠭᠠᠵᠢᠭᠤᠯᠤᠬᠰᠠᠨ᠂ | ᠠᠭᠤᠯᠤᠭᠳᠠᠬᠤᠨ ᠤ ᠬᠡᠯᠪᠡᠷᠢᠳᠦ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠤᠨ᠎ᠠ᠃ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠰᠠᠯᠠᠭ᠎ᠠ ᠮᠦᠴᠢᠷ ᠠᠯᠣᠰᠯᠠᠭᠰᠠᠨ ᠬᠠᠮᠳᠣᠷᠠᠯᠴᠠᠭ᠎ᠠ ᠶᠢ ᠴᠢᠩᠭᠠᠳᠬᠠᠵᠣ᠂ | ᠲᠥᠪ ᠤᠨ ᠪᠠ ᠣᠷᠣᠨ ᠨᠤᠲᠤᠭ ᠤᠨ ᠬᠢᠨᠠᠯᠳᠠ ᠬᠠᠮᠢᠶᠠᠷᠤᠯᠳᠠ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠬᠠᠦᠯᠢ ᠪᠤᠰᠤ | ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠦᠨᠳᠤᠷ ᠲᠠᠷᠤᠯᠳᠡ ᠦᠵᠡᠬᠦᠯᠵᠦ ᠴᠢᠩᠭ᠎ᠠ ᠴᠣᠬᠢᠯᠲᠠ ᠥᠭᠬᠦ ᠪᠠᠶᠢᠳᠠᠯ ᠢ | ᠪᠠᠲᠤᠯᠠᠨ᠎ᠠ᠃ ᠬᠠᠳᠠᠭᠠᠯᠠᠮᠵᠢ ᠶᠢᠨ ᠳᠠᠭᠠᠳᠬᠠᠯ ᠤᠨ ᠰᠠᠭᠤᠷᠢ ᠮᠥᠩᠭᠦ᠂ ᠮᠥᠩᠭᠦᠨ ᠭᠦᠢᠯᠭᠡᠭᠡ ᠶᠢ ᠲᠣᠭᠲᠠᠭᠤᠨ ᠪᠠᠶᠢᠯᠭᠠᠬᠤ | ᠪᠠᠲᠤᠯᠠᠭ᠎ᠠ ᠶᠢᠨ ᠰᠠᠭᠤᠷᠢ ᠮᠥᠩᠭᠦ ᠵᠡᠷᠭᠡ ᠲᠦᠭᠰᠢᠬᠦᠷᠢ ᠶᠢ ᠠᠷᠢᠯᠭᠠᠬᠤ ᠡᠬᠢ ᠪᠠᠶᠠᠯᠢᠭ ᠢ ᠲᠡᠭᠦᠯᠳᠡᠷᠵᠢᠭᠦᠯᠦᠨ᠎ᠡ᠃ | ᠭᠠᠳᠠᠭᠠᠳᠤ ᠠᠶᠤᠯ ᠲᠦᠭᠰᠢᠭᠦᠷᠢ ᠶᠢᠨ ᠲᠠᠭᠠᠷᠢᠯᠳᠠ ᠶᠢ ᠠᠷᠭᠠᠴᠠᠬᠤ ᠪᠡᠯᠡᠳᠭᠡᠯ ᠲᠥᠰᠦᠯ ᠢ ᠲᠡᠭᠦᠯᠳᠡᠷᠵᠢᠭᠦᠯᠵᠦ᠂ ᠮᠥᠩᠭᠦᠨ | ᠭᠦᠢᠯᠭᠡᠭᠡᠨ ᠤ ᠠᠮᠤᠷ ᠲᠦᠪᠰᠢᠨ ᠲᠣᠭᠲᠠᠭᠤᠨ ᠪᠠᠶᠢᠳᠠᠯ ᠢ ᠪᠦᠲᠦᠮᠵᠢᠲᠡᠶ ᠬᠠᠮᠠᠭᠠᠯᠠᠨ᠎ᠠ᠃ | ︵ᠳᠣᠯᠤᠭ᠎ᠠ︶ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠢ ᠬᠦᠴᠦᠯᠡᠨ ᠰᠠᠶᠢᠲᠤᠷ ᠠᠳᠬᠤᠵᠤ᠂ ᠬᠥᠳᠡᠭᠡ | ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠶᠢᠷᠡᠬᠦᠯᠦᠨ ᠠᠬᠢᠭᠤᠯᠤᠨ᠎ᠠ᠃ ᠲᠠᠷᠢᠶᠠᠯᠠᠩ | ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ︽ᠮᠢᠩᠭ᠎ᠠ ᠲᠥᠮᠡ ᠶᠢᠨ ᠢᠨᠵᠧᠨᠧᠷᠢᠩ︾ ᠤᠨ | ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠲᠠᠷᠢᠶᠠᠯᠠᠩ ᠢ ᠬᠦᠴᠦᠷᠬᠡᠭᠵᠢᠭᠦᠯᠬᠦ᠂ ᠲᠠᠷᠢᠶᠠᠴᠢᠳ ᠲᠤ ᠠᠰᠢᠭ ᠬᠦᠷᠲᠡᠭᠡᠬᠦ᠂ | ᠲᠠᠷᠢᠶᠠᠴᠢᠳ ᠢ ᠪᠠᠶᠠᠵᠢᠭᠤᠯᠬᠤ ᠶᠢ ᠳᠡᠮᠵᠢᠬᠦ ᠳᠦᠷᠢᠮ ᠢ ᠲᠡᠭᠦᠯᠳᠡᠷᠵᠢᠭᠦᠯᠵᠦ᠂ ᠠᠷᠭ᠎ᠠ ᠪᠦᠬᠦᠨ ᠢ ᠰᠦᠪᠡᠭᠴᠢᠯᠡᠨ | ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠬᠥᠳᠡᠭᠡ ᠲᠣᠰᠬᠤᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ | ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠤᠨ᠎ᠠ᠃ | ᠠᠮᠤ ᠪᠤᠳᠠᠭ᠎ᠠ ᠵᠡᠷᠬᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠳᠠ ᠶᠢ ᠲᠣᠭᠲᠠᠪᠤᠷᠢᠵᠢᠭᠤᠯᠵᠤ | ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠦᠷᠭᠦᠯᠵᠢᠯᠡᠨ ᠴᠢᠩᠭᠠᠷᠠᠭᠤᠯᠤᠨ᠎ᠠ᠃ ᠠᠮᠤ ᠪᠤᠳᠠᠭ᠎ᠠ ᠲᠠᠷᠢᠬᠤ ᠲᠠᠯᠠᠪᠠᠢ ᠶᠢ | ᠲᠣᠭᠲᠠᠪᠤᠷᠢᠵᠢᠭᠤᠯᠵᠤ᠂ ᠲᠠᠯᠠᠪᠠᠢ ᠨᠢᠭᠡᠴᠢ ᠶᠢᠨ ᠤᠨᠠᠯᠲᠠ ᠪᠠ ᠶᠠᠰᠤ ᠴᠢᠨᠠᠷ ᠤᠨ ᠳᠡᠭᠡᠭᠰᠢᠯᠡᠯᠲᠡ ᠶᠢᠨ ᠲᠠᠯ᠎ᠠ ᠪᠠᠷ ᠭᠤᠤᠯᠯᠠᠨ | ᠰᠢᠪᠳᠤᠯᠤᠯᠳᠡ ᠬᠢᠨ᠎ᠠ᠃ ᠰᠢᠷ᠎ᠠ ᠪᠤᠷᠴᠠᠭ ᠢ ᠥᠷᠭᠡᠳᠭᠡᠨ ᠲᠠᠷᠢᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠲᠣᠰᠣᠯᠢᠭ | ᠲᠠᠷᠢᠮᠠᠯ ᠤᠨ ᠭᠠᠷᠤᠯᠲᠠ ᠶᠢ ᠥᠷᠭᠡᠳᠭᠡᠬᠦ ᠳᠠᠯᠳᠠ ᠬᠦᠴᠦᠨ ᠢ ᠠᠭᠤᠳᠠᠯᠤᠨ ᠨᠡᠭᠡᠭᠡᠨ ᠬᠦᠭᠵᠢᠭᠦᠯᠦᠨ᠎ᠡ᠃ ᠬᠥᠪᠥᠩ ᠰᠢᠬᠢᠷ | ᠭᠤᠮ ᠵᠡᠷᠭᠡ ᠶᠢᠨ ᠭᠠᠷᠤᠯᠲᠠ ᠶᠢ ᠲᠣᠭᠲᠠᠪᠤᠷᠢᠵᠢᠭᠤᠯᠤᠨ ᠶᠠᠰᠤ ᠴᠢᠨᠠᠷ ᠢ ᠨᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠮᠠᠯ | ᠠᠵᠤ ᠠᠬᠤᠶ᠂ ᠵᠢᠭᠠᠰᠤᠨ ᠠᠵᠤ ᠠᠬᠤᠶ ᠶᠢᠨ ᠲᠣᠭᠲᠠᠭᠤᠨ ᠢᠶᠠᠷ ᠬᠥᠭᠵᠢᠬᠦ ᠶᠢ ᠲᠡᠳᠬᠦᠨ ᠳᠡᠮᠵᠢᠵᠦ᠂ ᠣᠲᠣ ᠦᠶ᠎ᠡ ᠶᠢᠨ | ᠲᠦᠬᠦᠭᠡᠷᠦᠮᠵᠢᠳᠦ ᠲᠠᠷᠢᠶᠠᠯᠠᠩ ᠢ ᠬᠥᠭᠵᠢᠭᠦᠯᠬᠦ ᠶᠢ ᠲᠠᠮᠵᠢᠵᠦ᠂ ᠢᠳᠡᠭᠡᠨ ᠤ ᠡᠬᠢ ᠪᠠᠶᠠᠯᠢᠭ ᠢ ᠪᠥᠬᠦ ᠲᠠᠯ᠎ᠠ ᠪᠠᠷ ᠨᠡᠭᠡᠭᠡᠨ | ᠬᠥᠭᠵᠢᠭᠦᠯᠦᠨ᠎ᠡ᠃ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠵᠤ᠂ ᠡᠵᠡᠯᠡᠬᠦ ᠨᠥᠬᠦᠪᠥᠷᠢᠯᠡᠬᠦ ᠶᠢ | ᠲᠡᠩᠴᠡᠭᠦᠷᠢᠳᠠᠢ ᠪᠠᠶᠢᠯᠭᠠᠬᠤ ᠬᠠᠮᠢᠶᠠᠷᠤᠯᠲᠠ ᠶᠢ ᠴᠢᠩᠳᠠᠯᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ᠂ ᠬᠠᠮᠢᠶᠠᠷᠣᠯᠳᠠ ᠬᠠᠮᠠᠭᠠᠯᠠᠯᠳᠠ᠂ ᠠᠰᠢᠭᠯᠠᠯᠳᠠ ᠶᠢ ᠴᠢᠨᠠᠷ ᠰᠠᠶᠢᠲᠠᠶ ᠠᠬᠢᠭᠤᠯᠵᠤ᠂ ᠲᠠᠷᠢᠶᠠᠨ ᠭᠠᠵᠠᠷ ᠤᠨ | ᠤᠰᠤᠨ ᠠᠰᠢᠭᠯᠠᠯᠲᠠ ᠶᠢᠨ ᠲᠦᠬᠦᠭᠡᠷᠤᠮᠵᠢ ᠪᠣᠯᠤᠨ ᠣᠳᠣᠬᠢᠴᠢᠯᠠᠭᠰᠠᠨ ᠤᠰᠤᠯᠠᠯᠲᠠ ᠶᠢᠨ ᠣᠷᠣᠨ ᠤ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠂ ᠮᠠᠭᠤᠳᠠᠭᠰᠠᠨ ᠲᠠᠷᠢᠶᠠᠨ ᠭᠠᠵᠠᠷ ᠤᠨ ᠵᠠᠰᠠᠯᠳᠡ ᠪᠣᠯᠣᠨ ᠰᠣᠯᠠ ᠬᠠᠶᠠᠭᠳᠠᠭᠰᠠᠨ ᠠᠳᠠᠷ | ᠭᠠᠵᠠᠷ ᠢ ᠳᠠᠬᠢᠨ ᠬᠠᠭᠠᠯᠪᠣᠷᠢᠯᠠᠬᠤ ᠶᠢ ᠠᠬᠢᠭᠤᠯᠤᠨ᠎ᠠ᠃ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ | ᠠᠵᠢᠯᠯᠠᠭ᠎ᠠ ᠶᠢ ᠭᠦᠨᠵᠡᠭᠡᠶᠢᠷᠡᠬᠦᠯᠤᠨ ᠬᠡᠷᠡᠭᠵᠢᠭᠦᠯᠦᠨ᠎ᠡ᠃ ᠲᠡᠷᠢᠭᠦᠨ ᠤ ᠪᠥᠭᠡᠳ ᠬᠡᠷᠡᠭᠯᠡᠭᠡᠨ ᠳᠤ ᠲᠤᠬᠢᠷᠠᠬᠤ ᠲᠠᠷᠢᠶᠠᠯᠠᠩ ᠤᠨ | ᠮᠠᠰᠢᠨ ᠲᠣᠨᠣᠭᠯᠠᠯ ᠢ ᠰᠤᠳᠤᠯᠤᠨ ᠨᠡᠭᠡᠭᠡᠵᠦ ᠬᠡᠷᠡᠭᠯᠡᠬᠦ ᠪᠠ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠦᠷ᠎ᠡ ᠪᠦᠲᠦᠭᠡᠯ ᠢ ᠶᠡᠭᠡ ᠬᠡᠪᠴᠢᠶ᠎ᠡ ᠪᠠᠷ ᠳᠡᠯᠭᠡᠷᠡᠭᠦᠯᠬᠦ ᠶᠢ ᠲᠦᠷᠭᠡᠳᠭᠡᠨ᠎ᠡ᠃ ᠠᠷᠭ᠎ᠠ ᠪᠤᠳᠤᠯᠭ᠎ᠠ ᠶᠢ ᠶᠡᠷᠦᠩᠬᠡᠶᠢᠯᠡᠨ | ᠬᠡᠷᠡᠭᠵᠢᠭᠦᠯᠵᠦ ᠠᠮᠤ ᠪᠤᠳᠠᠭ᠎ᠠ ᠵᠡᠷᠬᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠨ᠎ᠡ ᠬᠠᠩᠰᠢ ᠶᠢ ᠵᠦᠶ ᠵᠣᠬᠢᠰᠲᠠᠶ | ᠲᠦᠪᠰᠢᠨ ᠳᠤ ᠪᠠᠶᠢᠯᠭᠠᠬᠤ ᠶᠢ ᠠᠬᠢᠭᠤᠯᠤᠨ᠎ᠠ᠃ ᠲᠥᠪ ᠤᠨ ᠨᠢᠭᠡᠳᠦᠯᠲᠡᠶ ᠲᠥᠯᠥᠪᠯᠡᠭᠰᠡᠨ ᠠᠮᠤ ᠪᠤᠳᠠᠭᠠᠨ ᠤ | ᠦᠢᠯᠡᠳᠪᠦᠷᠢᠯᠡᠯ ᠪᠣᠷᠣᠯᠠᠭᠤᠯᠭ᠎ᠠ ᠶᠢᠨ ᠣᠷᠣᠨ ᠤ ᠮᠤᠵᠢ ᠶᠢᠨ ᠬᠤᠭᠤᠷᠣᠨᠳᠣᠬᠢ ᠠᠰᠢᠭ ᠲᠤᠰᠠ ᠶᠢ ᠬᠦᠨᠳᠡᠯᠡᠨ ᠢᠶᠠᠷ | ᠨᠥᠬᠦᠪᠥᠷᠢᠯᠡᠬᠦ ᠠᠵᠢᠯ ᠢ ᠡᠬᠢᠯᠡᠭᠦᠯᠵᠦ᠂ ᠠᠮᠤ ᠪᠤᠳᠠᠭᠠᠨ ᠤ ᠭᠠᠷᠤᠯᠲᠠ ᠶᠡᠬᠡᠲᠡᠶ ᠰᠢᠶᠠᠨ ᠳᠤ ᠦᠵᠡᠭᠦᠯᠬᠦ ᠳᠡᠮᠵᠢᠯᠭᠡ ᠪᠠᠨ | ᠨᠡᠮᠡᠭᠳᠡᠭᠦᠯᠵᠦ᠂ ᠠᠮᠤ ᠪᠤᠳᠠᠭ᠎ᠠ ᠲᠠᠷᠢᠬᠤ ᠲᠠᠷᠢᠶᠠᠴᠢᠳ ᠪᠠ ᠠᠮᠤ ᠪᠤᠳᠠᠭᠠᠨ ᠤ ᠭᠤᠤᠯ ᠭᠠᠷᠤᠯᠲᠠ ᠶᠢᠨ ᠣᠷᠣᠨ ᠤ | ᠢᠳᠡᠪᠬᠢᠵᠢᠯ ᠢ ᠬᠠᠮᠠᠭᠠᠯᠠᠨ᠎ᠠ᠃ ᠡᠯ᠎ᠡ ᠭᠠᠵᠠᠷ ᠣᠷᠣᠨ ᠴᠥᠮ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ | ᠪᠠᠲᠤᠯᠠᠬᠤ ᠬᠠᠷᠢᠭᠤᠴᠠᠯᠭ᠎ᠠ ᠶᠢ ᠯᠠᠪᠳᠠᠭᠤᠨ ᠡᠭᠦᠷᠭᠡᠯᠡᠵᠦ᠂ ᠬᠠᠮᠳᠤ ᠪᠠᠷ ᠢᠶᠠᠨ ᠬᠤᠭᠤᠯᠠ ᠬᠦᠨᠡᠰᠤ ᠶᠢ ᠨᠡᠩ ᠰᠠᠶᠢᠳᠤᠷ | ᠪᠠᠳᠤᠯᠠᠬᠤ ᠬᠡᠷᠡᠭᠲᠡᠶ᠃ | ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠥᠴᠦᠬᠡᠨ ᠴᠦ | ᠰᠤᠯᠠᠷᠠᠭᠤᠯᠤᠯ ᠦᠭᠡᠢ ᠪᠠᠷ ᠪᠠᠬᠢᠵᠢᠭᠦᠯᠦᠨ ᠥᠷᠭᠡᠳᠭᠡᠨ᠎ᠡ᠃ ᠬᠢᠨᠠᠨ ᠬᠡᠮᠵᠢᠵᠦ ᠬᠠᠪᠰᠤᠷᠤᠨ ᠲᠡᠳᠬᠦᠬᠦ ᠦᠢᠯᠡᠳᠦᠯ | ᠴᠢᠳᠠᠪᠤᠷᠢ ᠪᠠᠨ ᠳᠡᠭᠡᠭᠰᠢᠯᠡᠭᠦᠯᠤᠨ᠂ ︽ᠭᠤᠷᠪᠠ ᠶᠢ ᠪᠠᠳᠣᠯᠠᠭ᠎ᠠ ᠲᠠᠢ ᠪᠠᠶᠢᠯᠭᠠᠬᠤ︾ ᠪᠠ ᠢᠳᠡᠬᠦ ᠤᠰᠤᠨ ᠤ ᠠᠮᠤᠷ | ᠲᠦᠪᠰᠢᠨ ᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠬᠡᠪᠴᠢᠶᠡᠵᠢᠯ ᠤᠨ ᠴᠢᠨᠠᠷᠲᠠᠶ ᠪᠠᠷ | ᠳᠠᠬᠢᠨ ᠶᠠᠳᠠᠭᠤᠷᠠᠬᠤ ᠪᠠ ᠶᠠᠳᠠᠭᠤᠷᠠᠬᠤ ᠪᠠᠶᠢᠳᠠᠯ ᠡᠭᠦᠰᠭᠦ ᠥᠬᠡᠶ ᠪᠠᠶᠢᠬᠤ ᠶᠢ ᠦᠨᠡᠨ ᠬᠦ ᠪᠠᠲᠤᠯᠠᠨ᠎ᠠ᠃ ᠣᠨᠳᠣᠦ | ᠭᠠᠵᠠᠷ ᠲᠤ ᠨᠡᠭᠦᠯᠭᠡᠭᠰᠡᠨ ᠤ ᠳᠠᠷᠠᠭᠠᠬᠢ ᠲᠡᠳᠬᠦᠨ ᠲᠡᠮᠵᠢᠬᠦ ᠠᠵᠢᠯ ᠢ ᠴᠢᠩᠭᠠᠳᠬᠠᠵᠤ᠂ ᠬᠠᠪᠰᠤᠷᠤᠨ ᠲᠡᠳᠬᠦᠬᠦ ᠠᠵᠤ | ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠥᠷᠥᠯ ᠬᠤᠪᠢᠶᠠᠨ ᠠᠬᠢᠭᠤᠯᠵᠤ᠂ ᠠᠵᠢᠯ | ᠣᠯᠭᠤᠯᠲᠠ ᠪᠠᠷ ᠬᠠᠪᠰᠤᠷᠤᠨ ᠲᠡᠳᠬᠦᠬᠦ ᠡᠷᠴᠢᠮ ᠢ ᠴᠢᠩᠭᠠᠷᠠᠭᠤᠯᠵᠤ᠂ ᠠᠵᠢᠯ ᠣᠯᠭᠤᠬᠤ ᠪᠠᠷ ᠲᠡᠳᠬᠦᠮᠵᠢ ᠶᠢ | ᠣᠷᠣᠯᠠᠭᠤᠯᠬᠤ ᠬᠡᠪᠴᠢᠶ᠎ᠡ ᠶᠢ ᠥᠷᠭᠡᠳᠭᠡᠨ᠎ᠡ᠃ ᠵᠡᠭᠦᠨ ᠬᠡᠰᠡᠭ ᠪᠠᠷᠠᠭᠤᠨ ᠬᠡᠰᠡᠭ ᠤᠨ ᠭᠠᠵᠠᠷ ᠣᠷᠣᠨ ᠬᠠᠮᠵᠢᠯᠴᠠᠬᠤ᠂ ᠴᠡᠭ | ᠲᠣᠭᠲᠠᠭᠠᠨ ᠬᠠᠪᠰᠤᠷᠤᠨ ᠲᠡᠳᠬᠦᠬᠦ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠦᠨ᠎ᠡ᠃ ᠶᠠᠳᠠᠭᠤ ᠠᠴᠠ | ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠤᠯᠤᠰ ᠤᠨ ᠣᠷᠣᠭᠤᠯᠤᠯᠲᠠ ᠠᠴᠠ ᠪᠦᠷᠢᠯᠳᠦᠭᠰᠡᠨ ᠪᠡᠯᠡ | ᠬᠦᠷᠦᠩᠭᠡ ᠶᠢᠨ ᠤᠷᠳᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ᠎ᠡ᠃ ᠬᠦᠳᠡᠭᠡ | ᠲᠤᠰᠬᠤᠨ ᠤ ᠲᠠᠬᠢᠨ ᠶᠠᠳᠠᠭᠤᠷᠠᠬᠤ ᠪᠠ ᠶᠠᠳᠠᠭᠤᠷᠠᠬᠤ ᠠᠴᠠ ᠰᠡᠷᠭᠡᠶᠢᠯᠡᠬᠦ ᠲᠣᠭᠲᠠᠴᠠ ᠪᠤᠯᠤᠨ ᠬᠥᠳᠡᠭᠡ ᠲᠣᠰᠬᠤᠨ ᠤ | ᠣᠷᠣᠯᠭ᠎ᠠ ᠪᠠᠭᠠᠲᠠᠶ ᠬᠥᠮᠦᠨ ᠠᠮᠠ᠂ ᠬᠥᠭᠵᠢᠯᠳᠡ ᠪᠠᠭᠤᠷᠠᠢ ᠭᠠᠵᠠᠷ ᠣᠷᠣᠨ ᠢ ᠱᠠᠲᠤ ᠬᠤᠪᠢᠶᠠᠨ ᠲᠥᠷᠥᠯ ᠬᠤᠪᠢᠶᠠᠨ | ᠬᠠᠪᠰᠤᠷᠤᠨ ᠲᠡᠳᠬᠦᠬᠦ ᠳᠦᠷᠢᠮ ᠢ ᠨᠢᠭᠡᠳᠦᠯᠲᠡᠶ ᠲᠥᠯᠥᠪᠯᠡᠨ ᠪᠠᠶᠢᠭᠤᠯᠵᠦ᠂ ᠶᠠᠳᠠᠭᠤ ᠠᠴᠠ ᠠᠩᠭᠢᠵᠢᠷᠠᠭᠤᠯᠬᠤ ᠪᠡᠷᠬᠡ | ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠬᠦ ᠶᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠯᠳᠤᠭᠤᠯᠤᠬᠰᠠᠨ ᠳᠤᠬᠠᠢ ᠶᠡᠷᠦᠩᠬᠡᠢ ᠦᠨᠡᠯᠡᠨ ᠵᠢᠱᠢᠯᠲᠡ ᠶᠢ ᠥᠷᠨᠢᠭᠦᠯᠵᠦ᠂ | ᠰᠢᠯᠵᠢᠯᠲᠡ ᠶᠢᠨ ᠬᠤᠭᠤᠴᠠᠭᠠᠨ ᠤ ᠳᠠᠷᠠᠭᠠᠬᠢ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢᠨ ᠰᠢᠰᠲ᠋ᠧᠮ ᠢ | ᠲᠡᠭᠦᠯᠳᠡᠷᠵᠢᠭᠦᠯᠦᠨ᠎ᠡ᠃ | ᠬᠥᠳᠡᠭᠡ ᠲᠣᠰᠬᠤᠨ ᠤ ᠥᠭᠡᠷᠡᠴᠢᠯᠡᠯᠲᠡ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ᠬᠥᠳᠡᠭᠡ | ᠲᠣᠰᠬᠤᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ ᠲᠡᠭᠦᠯᠳᠡᠷᠵᠢᠭᠦᠯᠵᠦ᠂ ᠬᠤᠶᠠᠳᠤᠭᠠᠷ ᠡᠭᠡᠯᠵᠢ ᠶᠢᠨ | ᠭᠠᠵᠠᠷ ᠰᠢᠷᠣᠶ ᠶᠢᠨ ᠳᠠᠭᠠᠭᠠᠴᠢᠯᠠᠯᠲᠠ ᠶᠢ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠳᠠᠬᠢᠭᠠᠳ 30 ᠵᠢᠯ ᠤᠷᠲᠤᠳᠬᠠᠬᠤ | ᠲᠤᠷᠰᠢᠯᠲᠠ ᠶᠢ ᠡᠮᠬᠢ ᠵᠢᠷᠤᠮ ᠲᠠᠢ ᠪᠠᠷ ᠠᠬᠢᠭᠤᠯᠵᠤ᠂ ᠪᠦᠬᠦᠯᠢ ᠮᠤᠵᠢ ᠶᠢᠨ ᠲᠤᠷᠰᠢᠯᠲᠠ ᠶᠢᠨ ᠬᠡᠪᠴᠢᠶ᠎ᠡ ᠶᠢ ᠥᠷᠭᠡᠳᠭᠡᠨ᠎ᠡ᠃ | ᠳᠠᠭᠠᠭᠠᠴᠢᠯᠠᠯᠲᠠ ᠶᠢᠨ ᠭᠠᠵᠠᠷ ᠰᠢᠷᠤᠢ ᠶᠢᠨ ᠡᠵᠡᠩᠨᠡᠯᠲᠡ ᠶᠢᠨ ᠡᠷᠬᠡ ᠶᠢᠨ ᠡᠷᠭᠢᠯᠲᠡ ᠶᠢᠨ ᠦᠨ᠎ᠡ ᠬᠠᠩᠰᠢ ᠶᠢᠨ ᠪᠦᠷᠢᠯᠳᠦᠬᠦ | ᠲᠣᠭᠲᠠᠴᠠ ᠶᠢ ᠲᠡᠭᠦᠯᠳᠡᠷᠵᠢᠭᠦᠯᠵᠦ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ | ᠳᠡᠭᠡᠭᠰᠢᠯᠡᠭᠦᠯᠦᠨ᠎ᠡ᠃ ᠰᠢᠨ᠎ᠡ ᠬᠡᠯᠪᠡᠷᠢ ᠶᠢᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠬᠦ ᠶᠢ | ᠳᠡᠮᠵᠢᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ ᠣᠷᠣᠭᠤᠯᠤᠯᠲᠠ ᠪᠡᠯᠡ ᠲᠤᠬᠢᠷᠠᠭᠤᠯᠭ᠎ᠠ ᠶᠢᠨ | ᠲᠣᠭᠲᠠᠴᠠ ᠶᠢᠨ ᠰᠢᠨ᠎ᠡ ᠶᠢ ᠡᠭᠦᠳᠦᠨ᠎ᠡ᠃ ᠬᠥᠳᠡᠭᠡ ᠲᠣᠰᠬᠤᠨ ᠤ ᠴᠢᠳᠠᠪᠤᠷᠢᠲᠠᠨ ᠤ ᠡᠩᠨᠡᠭᠡ ᠶᠢ ᠪᠤᠵᠠᠭᠠᠶᠢᠷᠠᠭᠤᠯᠤᠨ᠎ᠠ᠃ | ᠬᠠᠮᠲᠤ ᠶᠢᠨ ᠤᠢ ᠮᠣᠳᠣᠨ ᠤ ᠡᠷᠬᠡ᠂ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ᠂ ᠬᠠᠩᠭᠠᠨ ᠪᠣᠷᠣᠯᠠᠭᠤᠯᠬᠤ ᠬᠤᠷᠰᠢᠶ᠎ᠠ᠂ | ᠲᠠᠷᠢᠶᠠᠯᠠᠩ ᠤᠨ ᠤᠰᠤᠨ ᠤ ᠦᠨ᠎ᠡ ᠵᠡᠷᠭᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠭᠠᠵᠠᠷ ᠣᠷᠣᠨ ᠤ | ᠪᠠᠶᠢᠳᠠᠯ ᠳᠤᠨᠢ ᠲᠤᠬᠢᠷᠠᠭᠤᠯᠤᠨ ᠠᠵᠤ ᠦᠢᠯᠡᠰ ᠢ ᠬᠥᠭᠵᠢᠭᠦᠯᠬᠦ᠂ ᠰᠢᠶᠠᠨ ᠢ ᠬᠦᠴᠦᠷᠬᠡᠭᠵᠢᠭᠦᠯᠬᠦ᠂ ᠠᠷᠠᠳ ᠢ | ᠪᠠᠶᠠᠵᠢᠭᠤᠯᠬᠤ ᠶᠢ ᠨᠢᠭᠡ ᠴᠣᠭᠴᠠᠵᠢᠭᠤᠯᠤᠨ ᠬᠥᠭᠵᠢᠬᠦᠯᠬᠦ ᠶᠢ ᠠᠬᠢᠭᠤᠯᠵᠤ᠂ ︽ᠨᠤᠲᠤᠭ ᠤᠨ ᠤᠨᠴᠠ ᠭᠠᠷᠤᠯᠲᠠ︾ ᠶᠢᠨ | ᠠᠵᠢᠯ ᠢ ᠰᠠᠶᠢᠲᠤᠷ ᠬᠢᠵᠦ᠂ ᠠᠭᠤᠯᠠ ᠬᠦᠳᠡᠭᠡ ᠶᠢᠨ ᠠᠵᠤ ᠠᠬᠤᠶ ᠶᠢ ᠬᠥᠭᠵᠢᠭᠦᠯᠵᠦ᠂ ᠬᠥᠳᠡᠭᠡ ᠲᠣᠰᠬᠤᠨ ᠤ | ᠣᠨᠴᠠᠯᠢᠭᠲᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠨ ᠲᠠᠢ | ᠬᠤᠯᠪᠣᠭᠠᠯᠠᠵᠤ ᠲᠠᠷᠢᠶᠠᠴᠢᠨ ᠢ ᠳᠠᠶᠢᠴᠢᠯᠠᠬᠤ ᠶᠢ ᠠᠬᠢᠭᠤᠯᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ | ᠥᠷᠭᠡᠳᠭᠡᠨ᠎ᠡ᠃ ᠨᠤᠳᠤᠭ ᠤᠨ ᠪᠣᠯᠪᠠᠰᠤᠨ ᠵᠠᠩ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠴᠢᠳ ᠤᠨ | ᠰᠣᠶᠣᠯ ᠤᠨ ᠠᠮᠢᠳᠤᠷᠠᠯ ᠢ ᠪᠠᠶᠠᠯᠢᠬᠵᠢᠭᠤᠯᠵᠤ᠂ ᠬᠥᠳᠡᠭᠡ ᠲᠣᠰᠬᠤᠨ ᠤ ᠬᠠᠭᠤᠴᠢᠨ ᠬᠡᠪ ᠵᠠᠩᠰᠢᠯ ᠢ ᠦᠭᠡᠷᠡᠴᠢᠯᠡᠬᠦ ᠶᠢ | ᠠᠬᠢᠭᠤᠯᠤᠨ᠎ᠠ᠃ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ᠂ ᠤᠯᠠᠨ ᠨᠡᠶᠢᠲᠡ ᠶᠢᠨ ᠦᠢᠯᠡᠴᠢᠯᠡᠭᠡ ᠪᠠ ᠣᠷᠣᠰᠢᠨ | ᠠᠮᠢᠳᠤᠷᠠᠬᠤ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠶ ᠥᠢᠯᠡᠰ | ᠡᠷᠬᠢᠯᠡᠬᠦ ᠳᠤ ᠲᠤᠬᠢᠷᠠᠮᠵᠢᠳᠡᠢ ᠡᠶ᠎ᠡ ᠨᠠᠶᠢᠷᠠᠮᠳᠠᠭᠤ ᠦᠵᠡᠰᠭᠦᠯᠡᠩᠳᠦ ᠰᠠᠶᠢᠬᠠᠨ ᠬᠥᠳᠡᠭᠡ ᠲᠣᠰᠬᠤᠨ ᠢ ᠪᠦᠳᠦᠭᠡᠨ | ᠪᠠᠶᠢᠭᠤᠯᠤᠨ᠎ᠠ᠃ | ︵ᠨᠠᠢᠮᠠ︶ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠪᠠ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ | ᠠᠬᠢᠭᠤᠯᠵᠤ᠂ ᠬᠥᠭᠵᠢᠯᠲᠡ ᠶᠢᠨ ᠣᠷᠣᠨ ᠵᠠᠶ ᠶᠢᠨ ᠪᠠᠶᠢᠷᠢᠰᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ ᠣᠷᠣᠨ | ᠪᠦᠰᠡ ᠶᠢᠨ ᠵᠣᠬᠢᠴᠠᠩᠭᠤᠶ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠲᠣᠭᠲᠠᠴᠠ ᠶᠢ ᠲᠡᠭᠦᠯᠳᠡᠷᠵᠢᠭᠦᠯᠵᠦ᠂ | ᠬᠥᠮᠦᠨ ᠢᠶᠠᠷ ᠦᠨᠳᠦᠰᠦ ᠪᠣᠯᠭᠠᠨ ᠬᠤᠳᠠ ᠪᠠᠯᠭᠠᠰᠤᠵᠢᠯᠳᠠ ᠶᠢᠨ ᠶᠠᠰᠤ ᠴᠢᠨᠠᠷ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢ | ᠪᠠᠷᠢᠮᠲᠠᠯᠠᠵᠤ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠭᠰᠡᠨ ᠣᠷᠣᠨ ᠪᠦᠰᠡ ᠶᠢᠨ ᠠᠵᠤ ᠠᠬᠤᠶ ᠶᠢᠨ | ᠪᠠᠶᠢᠷᠢᠯᠠᠭᠤᠯᠤᠯᠳᠡ ᠪᠠ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠶ ᠶᠢᠨ ᠰᠢᠰᠲ᠋ᠧᠮ ᠢ ᠪᠠᠶᠢᠭᠤᠯᠤᠨ᠎ᠠ᠃ | ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢᠨ ᠪᠠᠶᠢᠯᠳᠤᠬᠤ ᠪᠤᠳᠤᠯᠭ᠎ᠠ ᠶᠢᠨ ᠠᠵᠢᠯᠯᠠᠭ᠎ᠠ ᠶᠢ ᠭᠦᠨᠵᠡᠭᠡᠶᠢᠷᠡᠬᠦᠯᠤᠨ | ᠬᠡᠷᠡᠭᠵᠢᠭᠦᠯᠦᠨ᠎ᠡ᠃ ᠲᠠᠷᠢᠶᠠᠯᠠᠩ ᠠᠴᠠ ᠰᠢᠯᠵᠢᠭᠰᠡᠨ ᠬᠥᠮᠦᠨ ᠠᠮᠠ ᠶᠢ ᠬᠤᠲᠠ ᠶᠢᠨ ᠠᠷᠠᠳ ᠪᠣᠯᠭᠠᠬᠤ ᠶᠢ ᠰᠢᠨᠵᠢᠯᠡᠬᠦ | ᠤᠬᠠᠭᠠᠨᠴᠢ ᠡᠮᠬᠢ ᠵᠢᠷᠤᠮ ᠲᠠᠢ ᠪᠠᠷ ᠠᠬᠢᠭᠤᠯᠵᠤ᠂ ᠪᠠᠶᠢᠩᠭᠤ ᠰᠠᠭᠤᠭ᠎ᠠ ᠭᠠᠵᠠᠷ ᠲᠤᠨᠢ ᠦᠨᠳᠦᠰᠦᠨ ᠣᠯᠠᠨ ᠨᠡᠶᠢᠲᠡ ᠶᠢᠨ | ᠦᠢᠯᠡᠴᠢᠯᠡᠭᠡ ᠬᠠᠩᠭᠠᠬᠤ ᠶᠢ ᠪᠦᠬᠦ ᠲᠠᠯ᠎ᠠ ᠪᠠᠷ ᠠᠬᠢᠭᠤᠯᠵᠤ᠂ ᠳᠠᠭᠠᠵᠤ ᠨᠡᠭᠦᠭᠰᠡᠨ ᠦᠷ᠎ᠡ ᠬᠡᠦᠬᠡᠳ ᠤᠨ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠪᠠᠲᠤᠯᠠᠭ᠎ᠠ ᠶᠢ ᠴᠢᠩᠭᠠᠳᠬᠠᠵᠤ᠂ ᠨᠥᠬᠦᠴᠡᠯ ᠳᠤ ᠨᠡᠶᠢᠴᠡᠬᠦ ᠲᠠᠷᠢᠶᠠᠯᠠᠩ ᠠᠴᠠ ᠰᠢᠯᠵᠢᠭᠰᠡᠨ ᠬᠥᠮᠦᠨ | ᠠᠮᠠ ᠶᠢ ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮ ᠳᠤ ᠣᠷᠣᠭᠤᠯᠬᠤ ᠶᠢ ᠠᠬᠢᠭᠤᠯᠵᠤ᠂ ᠨᠡᠶᠢᠭᠡᠮ ᠤᠨ | ᠳᠠᠭᠠᠳᠬᠠᠯ ᠳᠤ ᠣᠷᠣᠯᠴᠠᠬᠤ ᠠᠷᠭ᠎ᠠ ᠵᠠᠮ ᠢ ᠨᠢ ᠰᠢᠯᠤᠭᠤᠳᠬᠠᠨ᠎ᠠ᠃ ᠰᠢᠶᠠᠨ ᠤ ᠬᠤᠲᠠ ᠶᠢᠨ ᠰᠠᠭᠤᠷᠢ ᠲᠦᠬᠦᠭᠡᠷᠤᠮᠵᠢ | ᠪᠣᠯᠤᠨ ᠣᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠲᠦᠷᠭᠡᠯᠡᠨ ᠨᠥᠬᠦᠪᠥᠷᠢᠯᠡᠵᠦ᠂ ᠰᠢᠶᠠᠨ ᠤ ᠬᠡᠪᠴᠢᠶᠡᠨ ᠤ | ᠠᠵᠤ ᠠᠬᠤᠶ ᠶᠢ ᠶᠡᠭᠡ ᠪᠠᠷ ᠬᠥᠭᠵᠢᠭᠦᠯᠵᠦ᠂ ᠬᠤᠲᠠ ᠬᠥᠳᠡᠭᠡ ᠶᠢᠨ ᠲᠥᠯᠥᠪᠵᠢᠭᠦᠯᠭᠡ᠂ ᠪᠦᠲᠦᠭᠡᠨ ᠪᠠᠶᠢᠭᠤᠯᠤᠯᠲᠠ᠂ | ᠵᠠᠰᠠᠯᠲᠠ ᠶᠢ ᠠᠭᠤᠰᠤᠯᠴᠠᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠠ᠃ ᠣᠳᠣᠬᠢᠴᠢᠯᠠᠭᠰᠠᠨ ᠲᠤᠮᠤ ᠬᠤᠲᠠ ᠶᠢᠨ | ᠴᠠᠭᠠᠷᠢᠭ ᠢ ᠬᠥᠭᠵᠢᠭᠦᠯᠦᠨ᠂ ᠣᠷᠣᠨ ᠵᠠᠢ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠬᠡᠲᠦ ᠲᠣᠮᠣ ᠣᠨᠴᠠ ᠲᠣᠮᠣ | ᠬᠤᠲᠠ ᠶᠢᠨ ᠣᠳᠣᠬᠢᠴᠢᠯᠠᠭᠰᠠᠨ ᠵᠠᠰᠠᠯᠲᠠ ᠶᠢᠨ ᠬᠢᠷᠢ ᠬᠡᠮᠵᠢᠶ᠎ᠠ ᠶᠢ ᠳᠡᠭᠡᠭᠰᠢᠯᠡᠭᠦᠯᠵᠦ᠂ ᠲᠣᠮᠣ ᠳᠤᠮᠳᠠ ᠵᠢᠵᠢᠭ ᠬᠤᠲᠠ ᠪᠠ | ᠵᠢᠵᠢᠭ ᠬᠤᠲᠠ ᠪᠠᠯᠭᠠᠰᠤ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃ ᠬᠤᠲᠠ ᠶᠢ ᠰᠢᠨᠡᠳᠭᠡᠬᠦ ᠪᠠ ᠬᠤᠲᠠ | ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠵᠤ᠂ | ᠬᠤᠲᠠ ᠶᠢᠨ ᠳᠣᠤᠷ᠎ᠠ ᠠᠰᠢᠭᠯᠠᠮᠵᠢᠲᠤ ᠭᠠᠵᠠᠷ ᠢ ᠳᠠᠬᠢᠨ ᠨᠡᠭᠡᠭᠡᠨ ᠠᠰᠢᠬᠯᠠᠬᠤ ᠶᠢ ᠨᠢᠭᠡᠳᠦᠯᠲᠡᠶ ᠲᠥᠯᠥᠪᠯᠡᠵᠦ᠂ ᠬᠤᠲᠠ ᠶᠢᠨ | ᠦᠶᠡᠷ ᠢ ᠰᠡᠷᠭᠡᠶᠢᠯᠡᠵᠦ ᠤᠰᠤᠲᠤᠯ ᠢ ᠠᠷᠢᠯᠭᠠᠬᠤ ᠰᠢᠰᠲ᠋ᠧᠮ ᠢ ᠲᠦᠷᠭᠡᠯᠡᠨ ᠪᠦᠷᠢᠨᠰᠢᠬᠦᠯᠵᠦ᠂ ᠰᠢᠲᠠᠮᠠᠬᠠᠶ ᠬᠡᠢ᠂ ᠤᠰᠤ | ᠬᠠᠩᠭᠠᠬᠤ ᠤᠰᠤ ᠵᠠᠯᠠᠬᠤ᠂ ᠢᠯᠴᠢ᠂ ᠭᠠᠵᠠᠷ ᠳᠣᠤᠷᠠᠬᠢ ᠲᠠᠮᠵᠢᠭᠤᠯᠬᠤ ᠬᠤᠭᠤᠯᠠᠶ ᠶᠢᠨ ᠬᠤᠩᠬᠢᠯ ᠵᠡᠷᠭᠡ ᠶᠢ ᠪᠦᠲᠦᠭᠡᠨ | ᠪᠠᠶᠢᠭᠤᠯᠬᠤ ᠪᠠ ᠬᠠᠮᠵᠢᠯᠴᠠᠨ ᠬᠠᠮᠢᠶᠠᠷᠬᠤ ᠶᠢ ᠴᠢᠩᠭᠠᠳᠬᠠᠨ᠎ᠠ᠃ ᠳ᠋ᠢᠵᠢᠲ᠋ᠠᠯᠴᠢᠯᠠᠬᠰᠠᠨ᠂ ᠣᠶᠤᠨᠴᠢᠯᠠᠭᠰᠠᠨ ᠰᠠᠭᠤᠷᠢ | ᠲᠥᠬᠦᠭᠡᠷᠦᠮᠵᠢ ᠶᠢ ᠬᠥᠭᠵᠢᠭᠦᠯᠵᠦ᠂ ᠰᠠᠭᠠᠳ ᠦᠭᠡᠢ ᠪᠥᠭᠡᠳ ᠨᠠᠰᠤᠵᠢᠬᠰᠠᠳ ᠲᠤ ᠲᠣᠬᠢᠷᠠᠬᠤ ᠢᠵᠢ ᠪᠦᠷᠢᠳᠦᠭᠦᠯᠬᠦ | ᠲᠦᠬᠦᠭᠡᠷᠤᠮᠵᠢ ᠶᠢ ᠲᠡᠭᠦᠯᠳᠡᠷᠵᠢᠭᠦᠯᠤᠨ᠂ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠮᠵᠢ ᠶᠢ | ᠳᠡᠭᠡᠭᠰᠢᠯᠡᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠶ᠂ ᠤᠶᠠᠨ ᠬᠠᠳᠠᠨ ᠴᠢᠨᠠᠷᠳᠠᠢ᠂ ᠣᠶᠤᠨᠴᠢ ᠬᠤᠲᠠ ᠶᠢ | ᠴᠤᠬᠴᠠᠯᠠᠨ ᠪᠠᠶᠢᠭᠤᠯᠤᠨ᠎ᠠ᠃ | ᠣᠷᠣᠨ ᠪᠦᠰᠡ ᠢᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ᠃ ᠣᠷᠣᠨ ᠪᠦᠰᠡ ᠶᠢᠨ | ᠵᠣᠬᠢᠴᠠᠩᠭᠤᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ | ᠪᠡᠶᠡᠴᠢ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠶᠢᠨ ᠲᠠᠪᠬᠤᠴᠠᠯ ᠨᠦᠯᠦᠭᠡᠯᠡᠯ ᠢ ᠪᠠᠳᠠᠷᠠᠭᠤᠯᠵᠤ᠂ | ᠰᠢᠨ᠎ᠡ ᠨᠡᠮᠡᠭᠳᠡᠯ ᠤᠨ ᠲᠦᠢᠯ ᠢ ᠢᠳᠡᠪᠬᠢᠲᠡᠶ ᠪᠤᠶᠢᠵᠢᠭᠤᠯᠤᠨ᠎ᠠ᠃ ᠪᠠᠷᠠᠭᠤᠨ ᠬᠡᠰᠡᠭ ᠤᠨ ᠭᠠᠵᠠᠷ ᠣᠷᠣᠨ ᠢ ᠶᠡᠭᠡ ᠪᠠᠷ | ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠳᠤᠮᠳᠠ ᠬᠡᠰᠡᠭ ᠤᠨ | ᠭᠠᠵᠠᠷ ᠣᠷᠣᠨ ᠢ ᠲᠦᠷᠭᠡᠯᠡᠨ ᠮᠠᠨᠳᠤᠭᠤᠯᠤᠨ ᠬᠥᠭᠵᠢᠭᠦᠯᠬᠦ᠂ ᠵᠡᠭᠦᠨ ᠬᠡᠰᠡᠭ ᠤᠨ ᠭᠠᠵᠠᠷ ᠣᠷᠣᠨ ᠤ ᠣᠳᠣᠬᠢᠴᠢᠯᠠᠯᠳᠡ ᠶᠢ | ᠲᠦᠷᠭᠡᠯᠡᠨ ᠠᠬᠢᠭᠤᠯᠬᠤ ᠵᠡᠷᠭᠡ ᠪᠠᠶᠢᠯᠳᠤᠬᠤ ᠪᠤᠳᠤᠯᠭ᠎ᠠ ᠶᠢ ᠭᠦᠨᠵᠡᠭᠡᠶᠢᠷᠡᠬᠦᠯᠤᠨ ᠬᠡᠷᠡᠭᠵᠢᠭᠦᠯᠦᠨ᠎ᠡ᠃ ᠪᠡᠭᠡᠵᠢᠩ ᠲᠢᠶᠠᠨᠵᠢᠨ | ᠾᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠤᠮᠤ ᠪᠤᠯᠤᠩ ᠤᠨ ᠣᠷᠣᠨ | ᠵᠡᠷᠭᠡ ᠠᠵᠤ ᠠᠬᠤᠶ ᠶᠢᠨ ᠬᠥᠭᠵᠢᠯᠲᠡ ᠶᠢᠨ ᠳᠠᠪᠠᠭᠤᠯᠢᠭ ᠣᠷᠣᠨ ᠪᠦᠰᠡ ᠶᠢᠨ ᠰᠢᠨ᠎ᠡ ᠶᠢ ᠡᠭᠦᠳᠬᠦ ᠴᠢᠳᠠᠪᠤᠷᠢ ᠪᠠ | ᠰᠠᠴᠤᠷᠠᠭᠯᠠᠨ ᠳᠠᠶᠢᠴᠢᠯᠠᠬᠤ ᠦᠢᠯᠡᠳᠦᠯ ᠢ ᠳᠡᠭᠡᠭᠰᠢᠯᠡᠭᠦᠯᠦᠨ᠎ᠡ᠃ ᠬᠥᠬᠡᠮᠥ᠋ᠷᠡᠨ ᠤ ᠠᠵᠤ ᠠᠬᠤᠶ ᠶᠢᠨ ᠪᠦᠰᠡ ᠶᠢᠨ ᠪᠦᠳᠦᠭᠡᠨ | ᠪᠠᠶᠢᠭᠤᠯᠤᠯᠲᠠ᠂ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ | ᠬᠥᠭᠵᠢᠯᠲᠡ ᠶᠢ ᠭᠦᠨᠵᠡᠭᠡᠶᠢᠷᠡᠬᠦᠯᠦᠨ ᠠᠬᠢᠭᠤᠯᠤᠨ᠎ᠠ᠃ ᠠᠵᠤ ᠠᠬᠤᠶ ᠶᠢᠨ ᠲᠤᠮᠤ ᠮᠤᠵᠢ ᠶᠢᠨ ᠬᠦᠨᠳᠦ ᠡᠭᠦᠷᠭᠡ | ᠡᠭᠦᠷᠭᠡᠯᠡᠬᠦ ᠶᠢ ᠳᠠᠮᠵᠢᠵᠤ᠂ ᠡᠯᠧᠮᠧᠨ᠋ᠲ ᠢ ᠪᠠᠳᠤᠯᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ | ᠥᠭᠡᠷᠡᠴᠢᠯᠡᠯᠲᠡ ᠨᠡᠭᠡᠭᠡᠯᠳᠡ ᠶᠢᠨ ᠤᠷᠢᠳ ᠢᠶᠠᠷ ᠬᠢᠵᠦ ᠤᠷᠢᠳ ᠢᠶᠠᠷ ᠲᠤᠷᠰᠢᠬᠤ ᠵᠡᠷᠭᠡ ᠲᠠᠯ᠎ᠠ ᠪᠠᠷ ᠳᠡᠮᠵᠢᠬᠦ ᠲᠦᠷᠦ ᠶᠢᠨ | ᠪᠤᠳᠤᠯᠭ᠎ᠠ ᠶᠢ ᠲᠣᠭᠲᠠᠭᠠᠨ᠎ᠠ᠃ ᠪᠤᠰᠤᠳ ᠭᠠᠵᠠᠷ ᠣᠷᠣᠨ ᠤ ᠬᠢᠨ ᠤ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ | ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠬᠤ ᠶᠢ ᠵᠣᠷᠢᠬᠵᠢᠭᠤᠯᠤᠨ᠎ᠠ᠃ ᠰᠢᠶᠦ᠋ᠩ ᠠᠨ ᠰᠢᠨ᠎ᠡ ᠲᠣᠭᠤᠷᠢᠭ ᠤᠨ | ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠠᠬᠢᠭᠤᠯᠤᠨ᠎ᠠ᠃ ᠴᠧᠩᠳᠦ ᠴᠦᠩᠴᠢᠩ ᠣᠷᠣᠨ ᠤ | ᠬᠤᠤᠰ ᠬᠤᠲᠠ ᠶᠢᠨ ᠠᠵᠤ ᠠᠬᠤᠢ ᠶᠢᠨ ᠬᠥᠷᠢᠶ᠎ᠠ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠶᠢ ᠠᠬᠢᠭᠤᠯᠤᠨ᠎ᠠ᠃ ᠵᠡᠭᠦᠨ ᠬᠡᠰᠡᠭ᠂ ᠳᠤᠮᠳᠠ ᠬᠡᠰᠡᠭ᠂ ᠪᠠᠷᠠᠭᠤᠨ ᠬᠡᠰᠡᠭ᠂ ᠵᠡᠭᠦᠨ ᠬᠤᠶᠢᠲᠤ | ᠣᠷᠣᠨ ᠤ ᠠᠵᠤ ᠦᠢᠯᠡᠰ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠠᠵᠤ ᠦᠢᠯᠡᠰ ᠤᠨ ᠡᠮᠬᠢ ᠵᠢᠷᠤᠮ ᠲᠠᠢ ᠪᠠᠷ | ᠱᠠᠲᠤᠯᠠᠨ ᠰᠢᠯᠵᠢᠬᠦ ᠶᠢ ᠠᠬᠢᠭᠤᠯᠤᠨ᠎ᠠ᠃ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ ᠤ ᠭᠠᠵᠠᠷ | ᠣᠷᠣᠨ ᠤ ᠬᠥᠭᠵᠢᠯᠲᠡ ᠪᠠᠨ ᠲᠦᠷᠭᠡᠳᠭᠡᠬᠦ ᠶᠢ ᠳᠠᠮᠵᠢᠵᠤ᠂ ᠬᠢᠯᠢ ᠬᠢᠵᠠᠭᠠᠷ ᠣᠷᠣᠨ ᠤ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ᠂ ᠬᠢᠯᠢ ᠬᠢᠵᠠᠭᠠᠷ ᠣᠷᠣᠨ ᠢ | ᠲᠣᠭᠲᠠᠪᠤᠷᠢᠵᠢᠭᠤᠯᠤᠨ ᠪᠠᠬᠢᠵᠢᠭᠦᠯᠬᠦ ᠶᠢ ᠠᠬᠢᠭᠤᠯᠤᠨ᠎ᠠ᠃ ᠡᠬᠢ ᠪᠠᠶᠠᠯᠢᠭ ᠤᠨ ᠬᠡᠯᠪᠡᠷᠢ ᠶᠢᠨ ᠭᠠᠵᠠᠷ ᠣᠷᠣᠨ ᠤ ᠬᠡᠯᠪᠡᠷᠢ ᠪᠠᠨ | ᠬᠤᠪᠢᠷᠠᠭᠤᠯᠤᠨ ᠬᠥᠭᠵᠢᠬᠦ ᠰᠢᠨ᠎ᠡ ᠠᠷᠭ᠎ᠠ ᠵᠠᠮ ᠢ ᠢᠳᠡᠪᠬᠢᠲᠡᠶ ᠬᠠᠶᠢᠨ ᠰᠦᠪᠡᠭᠴᠢᠯᠡᠨ᠎ᠡ᠃ ᠳᠠᠯᠠᠢ ᠲᠠᠩᠭᠢᠰ ᠤᠨ ᠠᠵᠤ | ᠠᠬᠤᠶ ᠶᠢ ᠶᠡᠭᠡ ᠪᠠᠷ ᠬᠥᠭᠵᠢᠭᠦᠯᠵᠦ᠂ ᠪᠦᠬᠦ ᠤᠯᠤᠰ ᠤᠨ ᠳᠠᠯᠠᠢ ᠲᠠᠩᠭᠢᠰ ᠤᠨ ᠠᠵᠤ ᠠᠬᠤᠶ ᠶᠢᠨ ᠬᠥᠭᠵᠢᠯᠲᠡ ᠶᠢᠨ | ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠤᠨ᠎ᠠ᠃ | ︵ᠵᠢᠰᠦ︶ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠪᠤᠬᠢᠷᠳᠤᠯ ᠢ ᠪᠠᠭᠠᠰᠬᠠᠬᠤ | ᠨᠣᠭᠤᠭᠠᠷᠠᠭᠤᠯᠤᠯᠲᠠ ᠶᠢ ᠥᠷᠭᠡᠳᠭᠡᠬᠦ ᠠᠵᠦ ᠠᠬᠤᠢ ᠶᠢ ᠨᠡᠮᠡᠭᠳᠡᠬᠦᠯᠬᠦ ᠶᠢ ᠬᠠᠮᠵᠢᠯᠴᠠᠨ ᠠᠬᠢᠭᠤᠯᠵᠤ᠂ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠶᠢᠨ ᠨᠤᠭᠤᠭᠠᠨ ᠬᠤᠪᠢᠷᠠᠭᠤᠯᠤᠯᠳᠡ ᠶᠢ ᠲᠦᠷᠭᠡᠳᠭᠡᠨ᠎ᠡ᠃ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠠᠵᠤ ᠦᠢᠯᠡᠰ ᠤᠨ | ᠪᠦᠲᠦᠴᠡ ᠶᠢ ᠲᠣᠬᠢᠷᠠᠭᠤᠯᠬᠤ᠂ ᠪᠣᠬᠢᠷᠲᠤᠯ ᠢ ᠵᠠᠰᠠᠬᠤ᠂ ᠠᠮᠢ ᠠᠬᠤᠢ ᠶᠢ ᠬᠠᠮᠠᠭᠠᠯᠠᠬᠤ᠂ ᠠᠭᠤᠷ ᠠᠮᠢᠰᠬᠤᠯ ᠤᠨ | ᠬᠤᠪᠢᠷᠠᠯᠲᠠ ᠶᠢ ᠠᠷᠭᠠᠴᠠᠬᠤ ᠶᠢ ᠨᠢᠭᠡᠳᠦᠯᠲᠡᠶ ᠲᠥᠯᠥᠪᠯᠡᠨ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠠᠷᠪᠢᠴᠢ | ᠡᠷᠴᠢᠮᠯᠢᠭ᠂ ᠨᠤᠭᠤᠭᠠᠨ ᠪᠦᠭᠡᠳ ᠨᠡᠭᠦᠷᠡᠰᠦᠲᠥ᠋ᠷᠥᠭᠴᠢ ᠪᠠᠭᠠᠳᠠᠢ ᠬᠥᠭᠵᠢᠯᠲᠡ ᠶᠢ ᠠᠬᠢᠭᠤᠯᠤᠨ᠎ᠠ᠃ | ᠪᠣᠬᠢᠷᠲᠤᠯ ᠢ ᠰᠡᠷᠭᠡᠶᠢᠯᠡᠨ ᠵᠠᠰᠠᠬᠤ ᠪᠠ ᠠᠮᠢ ᠠᠬᠤᠶ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠴᠠᠯᠮᠡᠭ | ᠲᠡᠭᠷᠢ᠂ ᠲᠤᠩᠭᠠᠯᠠᠭ ᠤᠰᠤ᠂ ᠴᠡᠪᠡᠷ ᠬᠦᠷᠦᠰᠦ ᠶᠢ ᠬᠠᠮᠠᠭᠠᠯᠠᠬᠤ ᠲᠠᠶᠢᠨ ᠢ ᠦᠷᠭᠦᠯᠵᠢᠯᠡᠨ ᠭᠦᠨᠵᠡᠭᠡᠶᠢᠷᠡᠬᠦᠯᠦᠨ | ᠠᠬᠢᠭᠤᠯᠤᠨ᠎ᠠ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠵᠠᠰᠠᠬᠤ ᠠᠵᠢᠯᠯᠠᠭ᠎ᠠ ᠶᠢᠨ ᠲᠥᠯᠥᠪᠯᠡᠭᠡ ᠶᠢ | ᠲᠣᠭᠲᠠᠭᠠᠵᠤ᠂ ᠰᠢᠨ᠎ᠡ ᠪᠣᠬᠢᠷᠲᠤᠭᠤᠯᠬᠤ ᠪᠣᠳᠠᠰ ᠢ ᠬᠠᠮᠵᠢᠯᠴᠠᠨ ᠵᠠᠰᠠᠬᠤ ᠪᠠ ᠣᠷᠴᠢᠨ ᠠᠬᠤᠶ ᠶᠢᠨ ᠠᠶᠤᠯ ᠲᠦᠭᠰᠢᠭᠦᠷᠢ ᠶᠢ | ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠠᠮᠢ ᠠᠬᠤᠢ ᠶᠢᠨ ᠣᠷᠴᠢᠨ ᠨᠦᠬᠦᠴᠡᠯ ᠢ ᠣᠷᠣᠨ ᠬᠤᠪᠢᠶᠠᠨ ᠬᠠᠮᠢᠶᠠᠷᠤᠨ | ᠡᠵᠡᠮᠳᠡᠬᠦ ᠶᠢ ᠭᠦᠨᠵᠡᠭᠡᠶᠢᠷᠡᠬᠦᠯᠤᠨ ᠬᠡᠷᠡᠭᠵᠢᠭᠦᠯᠵᠦ᠂ ᠠᠭᠤᠯᠠ ᠤᠰᠤ ᠣᠶ ᠰᠢᠭᠤᠶ ᠲᠠᠷᠢᠶᠡᠨ ᠭᠠᠵᠠᠷ ᠨᠠᠭᠤᠷ ᠲᠤᠭᠤᠷᠢᠮ | ᠡᠪᠡᠰᠤ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠶ | ᠲᠥᠯᠥᠪᠯᠡᠨ ᠠᠬᠢᠭᠤᠯᠵᠤ᠂ ᠤᠯᠤᠰ ᠤᠨ ᠴᠡᠴᠡᠷᠯᠢᠭ ᠢᠶᠠᠷ ᠭᠤᠤᠯ ᠴᠣᠭᠴᠠ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ | ᠭᠠᠵᠠᠷ ᠤᠨ ᠰᠢᠰᠲ᠋ᠧᠮ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ︽ᠭᠤᠷᠪᠠᠨ ᠤᠮᠠᠷᠠᠲᠤ︾ ᠶᠢᠨ | ᠢᠨᠵᠧᠨᠧᠷᠢᠩ ᠤᠨ ᠪᠡᠯᠭᠡ ᠲᠡᠮᠳᠡᠭ ᠤᠨ ᠴᠢᠨᠠᠷᠲᠠᠶ ᠳᠠᠶᠢᠨ ᠤ ᠴᠢᠬᠤᠯᠠ ᠦᠷ᠎ᠡ ᠪᠦᠲᠦᠭᠡᠯ ᠤᠯᠬᠤ ᠶᠢ ᠠᠬᠢᠭᠤᠯᠤᠨ᠎ᠠ᠃ | ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠵᠦ᠂ | ᠬᠥᠬᠡᠮᠥ᠋ᠷᠡᠨ ᠳᠤ ᠵᠢᠭᠠᠰᠤ ᠠᠩᠨᠠᠬᠤ ᠶᠢ ᠠᠷᠪᠠᠨ ᠵᠢᠯ ᠴᠠᠭᠠᠵᠠᠯᠠᠬᠤ ᠶᠢ ᠡᠷᠡᠰ ᠠᠬᠢᠭᠤᠯᠤᠨ᠎ᠠ᠃ ᠠᠮᠢ ᠠᠬᠤᠶ ᠶᠢᠨ | ᠬᠠᠮᠠᠭᠠᠯᠠᠯᠲᠠ ᠶᠢᠨ ᠨᠥᠬᠦᠪᠥᠷᠢ ᠪᠠ ᠠᠮᠢ ᠠᠬᠤᠶ ᠶᠢᠨ ᠦᠢᠯᠡᠳᠬᠦᠨ ᠤ ᠦᠷᠳᠡᠭ ᠢ ᠪᠡᠶᠡᠯᠡᠭᠦᠯᠬᠦ ᠲᠣᠭᠲᠠᠴᠠ ᠶᠢ | ᠪᠦᠷᠢᠨᠰᠢᠭᠦᠯᠦᠨ᠎ᠡ᠃ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠲᠦᠷᠦᠭᠦᠯᠡᠬᠦ ᠣᠷᠣᠨ ᠤ ᠪᠦᠲᠦᠭᠡᠨ | ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠠᠷᠠᠳ ᠤᠯᠠᠨ ᠤ ᠰᠠᠶᠢᠨ ᠰᠠᠶᠢᠬᠠᠨ ᠠᠮᠢ ᠠᠬᠤᠢ ᠶᠢᠨ ᠣᠷᠴᠢᠨ | ᠨᠦᠬᠦᠴᠡᠯ ᠤᠨ ᠲᠤᠬᠠᠢ ᠰᠢᠨ᠎ᠡ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠬᠠᠩᠭᠠᠨ᠎ᠠ᠃ | ᠨᠤᠭᠤᠭᠠᠨ ᠪᠦᠭᠡᠳ ᠨᠡᠭᠦᠷᠡᠰᠦᠲᠥ᠋ᠷᠥᠭᠴᠢ ᠪᠠᠭᠠᠳᠠᠢ ᠠᠵᠤ ᠠᠬᠤᠶ ᠶᠢ ᠲᠦᠷᠭᠡᠯᠡᠨ ᠬᠥᠭᠵᠢᠭᠦᠯᠦᠨ᠎ᠡ᠃ ᠨᠤᠭᠤᠭᠠᠨ | ᠪᠦᠭᠡᠳ ᠨᠡᠭᠦᠷᠡᠰᠦᠲᠥ᠋ᠷᠥᠭᠴᠢ ᠪᠠᠭᠠᠳᠠᠢ ᠬᠥᠭᠵᠢᠯᠲᠡ ᠶᠢ ᠳᠡᠮᠵᠢᠬᠦ ᠲᠦᠷᠦ ᠶᠢᠨ ᠪᠤᠳᠤᠯᠭ᠎ᠠ ᠪᠠ ᠪᠠᠷᠢᠮᠵᠢᠶ᠎ᠠ ᠶᠢᠨ ᠰᠢᠰᠲ᠋ᠧᠮ ᠢ | ᠲᠡᠭᠦᠯᠳᠡᠷᠵᠢᠭᠦᠯᠵᠦ᠂ ᠨᠤᠭᠤᠭᠠᠨ ᠪᠦᠭᠡᠳ ᠨᠡᠭᠦᠷᠡᠰᠦᠲᠥ᠋ᠷᠥᠭᠴᠢ ᠪᠠᠭᠠᠳᠠᠢ ᠠᠵᠤ ᠦᠢᠯᠡᠰ ᠤᠨ ᠡᠷᠡᠭᠦᠯ ᠢᠶᠠᠷ ᠬᠥᠭᠵᠢᠬᠦ ᠠᠮᠢ | ᠠᠬᠤᠶ ᠶᠢ ᠪᠤᠢ ᠪᠣᠯᠭᠠᠨ᠎ᠠ᠃ ᠨᠤᠭᠤᠭᠠᠨ ᠪᠦᠭᠡᠳ ᠨᠡᠭᠦᠷᠡᠰᠦᠲᠥ᠋ᠷᠥᠭᠴᠢ ᠪᠠᠭᠠᠳᠠᠢ ᠲᠡᠷᠢᠭᠦᠨ ᠤ ᠮᠡᠷᠭᠡᠵᠢᠯ ᠤᠨ ᠵᠢᠱᠢᠶ᠎ᠡ | ᠦᠵᠡᠭᠦᠯᠬᠦ ᠢᠨᠵᠧᠨᠧᠷᠢᠩ ᠢ ᠭᠦᠨᠵᠡᠭᠡᠶᠢᠷᠡᠬᠦᠯᠦᠨ ᠬᠡᠷᠡᠭᠵᠢᠭᠦᠯᠵᠦ᠂ ᠨᠤᠭᠤᠭᠠᠨ ᠪᠠᠷᠢᠯᠭ᠎ᠠ᠂ ᠨᠣᠭᠤᠭᠠᠨ ᠵᠠᠮ ᠬᠠᠷᠢᠯᠴᠠᠭ᠎ᠠ | ᠵᠡᠷᠭᠡ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠤᠨ᠎ᠠ᠃ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ ᠶᠢ ᠬᠠᠮᠢᠶᠠᠷᠬᠤ ᠪᠠ ᠪᠦᠬᠦ | ᠲᠠᠯ᠎ᠠ ᠪᠠᠷ ᠠᠷᠪᠢᠯᠠᠨ ᠭᠠᠮᠨᠠᠬᠤ ᠳᠦᠷᠢᠮ ᠢ ᠲᠡᠭᠦᠯᠳᠡᠷᠵᠢᠭᠦᠯᠵᠦ᠂ ᠡᠨᠧᠷᠭᠢ ᠬᠡᠷᠡᠭᠯᠡᠬᠦ ᠤᠰᠤ ᠬᠡᠷᠡᠭᠯᠡᠬᠦ ᠭᠤᠤᠯᠳᠠᠯᠭ᠎ᠠ ᠲᠠᠢ | ᠨᠢᠭᠡᠴᠢ ᠶᠢᠨ ᠡᠨᠧᠷᠭᠢ ᠠᠷᠪᠢᠯᠠᠵᠤ ᠤᠰᠤ ᠠᠷᠪᠢᠯᠠᠬᠤ ᠬᠠᠮᠢᠶᠠᠷᠤᠯᠲᠠ ᠶᠢ ᠴᠢᠩᠭᠠᠳᠬᠠᠵᠤ᠂ ᠡᠨᠧᠷᠭᠢ ᠶᠢᠨ ᠬᠤᠷᠣᠭᠳᠠᠭᠤᠯᠤᠯ | ᠶᠡᠭᠡᠳᠠᠢ ᠲᠦᠰᠤᠯ ᠢ ᠬᠦᠴᠦᠲᠡᠶ ᠪᠥᠭᠡᠳ ᠪᠦᠲᠦᠮᠵᠢᠲᠡᠶ ᠬᠠᠮᠢᠶᠠᠷᠤᠨ ᠡᠵᠡᠮᠳᠡᠨ᠎ᠡ᠃ ᠬᠠᠶᠠᠭᠳᠠᠮᠠᠯ ᠪᠣᠳᠠᠰ ᠢ | ᠤᠷᠴᠢᠯᠳᠤᠭᠤᠯᠤᠨ ᠠᠰᠢᠭᠯᠠᠬᠤ ᠶᠢ ᠴᠢᠩᠭᠠᠳᠬᠠᠵᠤ᠂ ᠳᠠᠬᠢᠯᠲᠠ ᠮᠠᠲ᠋ᠧᠷᠢᠶᠠᠯ ᠢ ᠬᠡᠷᠡᠭᠯᠡᠬᠦ ᠶᠢ ᠶᠡᠭᠡ ᠪᠠᠷ ᠳᠡᠯᠭᠡᠷᠡᠭᠦᠯᠵᠦ᠂ | ᠡᠷᠭᠢᠯᠳᠡᠳᠦ ᠠᠵᠣ ᠠᠬᠤᠢ ᠶᠢᠨ ᠬᠦᠭᠵᠢᠯᠳᠡ ᠶᠢ ᠠᠬᠢᠭᠤᠯᠣᠨ᠎ᠠ᠃ ᠨᠤᠭᠤᠭᠠᠨ ᠬᠡᠷᠡᠭᠯᠡᠭᠡ ᠶᠢ ᠤᠷᠮᠠᠰᠢᠭᠤᠯᠬᠤ ᠲᠣᠭᠲᠠᠴᠠ ᠶᠢ | ᠪᠦᠷᠢᠨᠰᠢᠬᠦᠯᠵᠦ᠂ ᠨᠤᠭᠤᠭᠠᠨ ᠪᠦᠭᠡᠳ ᠨᠡᠭᠦᠷᠡᠰᠦᠲᠥ᠋ᠷᠥᠭᠴᠢ ᠪᠠᠭᠠᠳᠠᠢ ᠦᠢᠯᠡᠳᠪᠦᠷᠢᠯᠡᠯ ᠤᠨ ᠠᠷᠭ᠎ᠠ ᠮᠠᠶ᠋ᠢᠭ ᠪᠠ | ᠠᠮᠢᠳᠤᠷᠠᠯ ᠤᠨ ᠠᠷᠭ᠎ᠠ ᠮᠠᠶ᠋ᠢᠭ ᠢ ᠪᠤᠢ ᠪᠣᠯᠭᠠᠬᠤ ᠶᠢ ᠠᠬᠢᠭᠤᠯᠤᠨ᠎ᠠ᠃ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤᠨᠢ ᠬᠦᠷᠭᠡᠬᠦ᠂ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠪᠦᠭᠡᠳ ᠯᠠᠪᠳᠠᠭᠤᠨ ᠳᠤᠬᠢᠳᠠᠢ ᠠᠬᠢᠭᠤᠯᠤᠨ᠎ᠠ᠃ | ᠤᠯᠤᠰ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤᠨᠢ ᠬᠦᠷᠭᠡᠬᠦ ᠬᠤᠶᠠᠳᠤᠭᠠᠷ | ᠪᠦᠯᠦᠭ ᠤᠨ ᠲᠤᠷᠰᠢᠯᠲᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠨᠢᠭᠡ ᠪᠦᠯᠦᠭ ᠨᠡᠭᠦᠷᠡᠰᠦᠲᠥ᠋ᠷᠥᠭᠴᠢ ᠦᠯᠦ | ᠭᠠᠳᠠᠬᠰᠢᠯᠠᠭᠤᠯᠬᠤ ᠬᠦᠷᠢᠶᠡᠯᠡᠩ ᠲᠣᠭᠤᠷᠢᠭ᠂ ᠨᠡᠭᠦᠷᠡᠰᠦᠲᠥ᠋ᠷᠥᠭᠴᠢ ᠦᠯᠦ ᠭᠠᠳᠠᠬᠰᠢᠯᠠᠭᠤᠯᠬᠤ ᠦᠢᠯᠡᠳᠪᠦᠷᠢ ᠶᠢ | ᠪᠠᠶᠢᠭᠤᠯᠤᠨ᠎ᠠ᠃ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠤᠤᠰ ᠬᠢᠵᠠᠭᠠᠷᠯᠠᠯ ᠤᠨ ᠲᠦᠷᠢᠮ ᠤᠨ | ᠰᠢᠰᠲ᠋ᠧᠮ ᠢ ᠲᠦᠷᠭᠡᠯᠡᠨ ᠪᠠᠶᠢᠭᠤᠯᠵᠤ᠂ ᠪᠦᠬᠦ ᠤᠯᠤᠰ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢ | ᠠᠷᠠᠯᠵᠢᠶᠠᠯᠠᠬᠤ ᠵᠠᠬ᠎ᠠ ᠳᠡᠯᠭᠡᠭᠦᠷ ᠤᠨ ᠠᠵᠢᠯ ᠲᠦᠷᠦᠯ ᠤᠨ ᠬᠠᠮᠤᠷᠬᠤ ᠬᠡᠪᠴᠢᠶ᠎ᠡ ᠶᠢ ᠥᠷᠭᠡᠳᠭᠡᠨ᠎ᠡ᠃ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠡ ᠶᠢ ᠪᠦᠷᠢᠳᠭᠡᠵᠦ ᠲᠤᠭᠠᠴᠠᠭ᠎ᠠ ᠬᠢᠬᠦ ᠠᠵᠢᠯ ᠢ ᠦᠷᠨᠢᠬᠦᠯᠵᠦ᠂ | ᠦᠢᠯᠡᠳᠬᠦᠨ ᠤ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠬᠠᠮᠢᠶᠠᠷᠤᠯᠲᠠ ᠶᠢᠨ ᠰᠢᠰᠲ᠋ᠧᠮ᠂ ᠨᠡᠭᠦᠷᠡᠰᠦᠲᠥ᠋ᠷᠥᠭᠴᠢ ᠶᠢᠨ | ᠢᠯᠡᠳᠭᠡᠮᠵᠢ ᠳᠡᠮᠳᠡᠭ ᠤᠨ ᠭᠡᠷᠡᠴᠢᠯᠡᠯ ᠤᠨ ᠳᠦᠷᠢᠮ ᠢ ᠪᠠᠶᠢᠭᠤᠯᠵᠤ᠂ ᠨᠤᠭᠤᠭᠠᠨ ᠠᠷᠠᠯᠵᠢᠶᠠᠨ ᠤ ᠬᠤᠷᠢᠭ᠎ᠠ ᠰᠠᠭᠠᠳ ᠢ | ᠢᠳᠡᠪᠬᠢᠲᠡᠶ ᠠᠷᠭᠠᠴᠠᠨ᠎ᠠ᠃ ᠡᠯᠡᠰᠦ᠂ ᠭᠤᠪᠢ᠂ ᠴᠥᠯ ᠭᠠᠵᠠᠷ ᠤᠨ ᠰᠢᠨ᠎ᠡ ᠡᠨᠧᠷᠭᠢ ᠶᠢᠨ ᠰᠤᠷᠪᠤᠯᠵᠢ ᠶᠢᠨ ᠰᠠᠭᠤᠷᠢᠨ | ᠭᠠᠵᠠᠷ ᠢ ᠲᠦᠷᠭᠡᠯᠡᠨ ᠪᠠᠶᠢᠭᠤᠯᠵᠤ᠂ ᠳᠠᠯᠠᠢ ᠳᠡᠭᠡᠷᠡᠬᠢ ᠰᠠᠯᠬᠢᠨ ᠴᠠᠬᠢᠯᠭᠠᠨ ᠢ ᠬᠥᠭᠵᠢᠭᠦᠯᠵᠦ᠂ ᠲᠤᠬᠠᠶ ᠶᠢᠨ ᠭᠠᠵᠠᠷ ᠲᠤᠨᠢ | ᠪᠠᠭᠳᠠᠭᠠᠨ ᠰᠢᠩᠭᠡᠭᠡᠬᠦ ᠪᠠ ᠭᠠᠳᠠᠭᠰᠢ ᠬᠦᠷᠭᠡᠬᠦ ᠵᠠᠮ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ᠎ᠡ᠃ | ᠨᠡᠭᠦᠷᠡᠰᠦᠨ ᠴᠠᠬᠢᠯᠭᠠᠨ ᠢ ᠨᠡᠭᠦᠷᠡᠰᠦᠲᠥ᠋ᠷᠥᠭᠴᠢ ᠪᠠᠭᠠᠳᠠᠢ ᠪᠤᠯᠭᠠᠬᠤ ᠥᠭᠡᠷᠡᠴᠢᠯᠡᠯᠲᠡ ᠶᠢᠨ ᠲᠤᠷᠰᠢᠯᠲᠠ ᠶᠢᠨ ᠵᠢᠱᠢᠶ᠎ᠡ | ᠦᠵᠡᠭᠦᠯᠬᠦ ᠠᠵᠢᠯ ᠢ ᠥᠷᠨᠢᠭᠦᠯᠦᠨ᠎ᠡ᠃ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠬᠠᠮ ᠴᠢᠬᠤᠯᠠ ᠶᠡᠭᠡ | ᠢᠨᠵᠧᠨᠧᠷᠢᠩ ᠢ ᠲᠥᠯᠥᠪᠵᠢᠭᠦᠯᠵᠦ᠂ ᠪᠦᠬᠦ ᠪᠥᠮᠪᠥᠷᠴᠡᠭ ᠤᠨ ᠣᠷᠴᠢᠨ ᠠᠬᠤᠢ ᠪᠠ ᠠᠭᠤᠷ ᠠᠮᠢᠰᠬᠤᠯ ᠤᠨ ᠵᠠᠰᠠᠯᠲᠠ ᠳᠤ | ᠢᠳᠡᠪᠬᠢᠲᠡᠢ ᠣᠷᠣᠯᠴᠠᠬᠤ ᠪᠠ ᠲᠡᠬᠦᠨ ᠢ ᠬᠥᠲᠥᠯᠥᠨ ᠳᠠᠭᠠᠭᠤᠯᠤᠨ᠎ᠠ᠃ | ︵ᠠᠷᠪᠠ︶ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ | ᠵᠠᠰᠠᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠦᠭᠡᠮᠡᠯ ᠬᠠᠷᠠᠭᠠᠯᠵᠠᠯᠳᠦ ᠴᠢᠨᠠᠷᠲᠠᠶ᠂ ᠰᠠᠭᠤᠷᠢ ᠴᠢᠨᠠᠷᠲᠠᠶ᠂ | ᠦᠨᠳᠦᠰᠦᠨ ᠵᠦᠢᠯ ᠢ ᠪᠠᠲᠤᠯᠠᠬᠤ ᠴᠢᠨᠠᠷᠲᠠᠶ ᠠᠷᠠᠳ ᠤᠨ ᠠᠮᠢᠳᠤᠷᠠᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠣᠯᠠᠨ ᠨᠡᠶᠢᠲᠡ ᠶᠢᠨ ᠦᠢᠯᠡᠴᠢᠯᠡᠭᠡ ᠪᠠ ᠨᠡᠶᠢᠭᠡᠮ ᠤᠨ ᠪᠠᠲᠤᠯᠠᠭ᠎ᠠ ᠶᠢᠨ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ | ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠠᠬᠢᠭᠤᠯᠤᠨ᠂ ᠠᠷᠠᠳ ᠤᠯᠠᠨ ᠤ ᠠᠰᠢᠭ ᠬᠦᠷᠲᠡᠭᠰᠡᠨ | ᠲᠥᠷᠥᠭᠳᠡᠯ ᠵᠣᠯ ᠵᠢᠷᠭᠠᠯᠲᠤ ᠲᠥᠷᠥᠭᠳᠡᠯ ᠠᠮᠤᠷ ᠲᠥᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ | ᠨᠡᠩ ᠶᠡᠭᠡ ᠡᠷᠴᠢᠮ ᠢᠶᠠᠷ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠪᠠ ᠥᠷᠭᠡᠳᠭᠡᠨ᠎ᠡ᠃ ᠠᠵᠢᠯ ᠣᠯᠭᠤᠯᠲᠠ ᠪᠣᠯ | ᠠᠷᠠᠳ ᠤᠨ ᠠᠮᠢᠳᠤᠷᠠᠯ ᠤᠨ ᠦᠨᠳᠦᠰᠦ ᠮᠥᠨ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ | ᠪᠤᠳᠤᠯᠭ᠎ᠠ ᠶᠢ ᠲᠡᠭᠦᠯᠳᠡᠷᠵᠢᠭᠦᠯᠵᠦ᠂ ᠡᠯ᠎ᠡ ᠲᠦᠷᠦᠯ ᠤᠨ ᠪᠡᠯᠡ ᠮᠥᠩᠭᠦ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠳᠡᠮᠵᠢᠬᠦ | ᠡᠷᠴᠢᠮ ᠢᠶᠠᠨ ᠴᠢᠩᠭᠠᠷᠠᠭᠤᠯᠤᠨ᠂ ᠭᠦᠢᠴᠡᠳ ᠠᠵᠢᠯ ᠣᠯᠭᠤᠯᠲᠠ ᠶᠢ ᠠᠬᠢᠭᠤᠯᠵᠤ᠂ ᠠᠵᠢᠯ ᠣᠯᠭᠤᠯᠲᠠ ᠶᠢᠨ ᠶᠠᠰᠤ ᠴᠢᠨᠠᠷ ᠢ | ᠳᠡᠭᠡᠭᠰᠢᠯᠡᠭᠦᠯᠬᠦ ᠬᠡᠷᠡᠭᠲᠡᠶ᠃ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠠᠵᠢᠯ ᠲᠥᠷᠥᠯ᠂ ᠬᠤᠲᠠ ᠬᠥᠳᠡᠭᠡ ᠶᠢᠨ | ᠦᠨᠳᠦᠰᠦᠨ ᠱᠠᠲᠤ ᠪᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠵᠢᠯ ᠣᠯᠭᠤᠯᠲᠠ ᠶᠢ ᠳᠡᠮᠵᠢᠬᠦ ᠲᠥᠯᠥᠪᠯᠡᠭᠡ ᠶᠢ | ᠬᠡᠷᠡᠭᠵᠢᠭᠦᠯᠵᠦ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠠᠯᠳᠠᠯᠲᠠ ᠶᠢᠨ ᠳᠠᠭᠠᠳᠬᠠᠯ ᠢ ᠪᠤᠴᠠᠭᠠᠬᠤ᠂ | ᠭᠠᠶᠢᠯᠢ ᠰᠦᠢᠳᠭᠡᠯ ᠢ ᠬᠠᠰᠤᠵᠤ ᠬᠡᠯᠲᠦᠷᠢᠭᠦᠯᠬᠦ᠂ ᠠᠵᠢᠯ ᠣᠯᠭᠤᠯᠲᠠ ᠶᠢᠨ ᠨᠥᠬᠦᠪᠥᠷᠢ ᠦᠭᠭᠦ ᠵᠡᠷᠭᠡ ᠲᠦᠷᠦ ᠶᠢᠨ | ᠪᠤᠳᠤᠯᠭ᠎ᠠ ᠶᠢ ᠭᠦᠢᠴᠡᠳ ᠪᠦᠭᠡᠳ ᠰᠠᠶᠢᠲᠤᠷ ᠬᠡᠷᠡᠭᠯᠡᠨ᠎ᠡ᠃ ᠬᠥᠳᠡᠯᠮᠦᠷᠢ ᠬᠤᠷᠠᠬᠰᠠᠨ ᠬᠡᠯᠪᠡᠷᠢ ᠶᠢᠨ ᠠᠵᠤ ᠦᠢᠯᠡᠰ ᠤᠨ | ᠠᠵᠢᠯ ᠤᠯᠭᠤᠬᠤ ᠪᠠ ᠠᠵᠢᠯ ᠤᠯᠭᠤᠯᠳᠡ ᠶᠢ ᠲᠣᠭᠲᠠᠪᠤᠷᠢᠵᠢᠭᠤᠯᠬᠤ ᠶᠢ ᠲᠡᠮᠵᠢᠵᠦ᠂ ᠰᠢᠨ᠎ᠡ ᠮᠡᠷᠭᠡᠵᠢᠯ ᠤᠨ ᠬᠡᠷᠡᠭᠯᠡᠯᠲᠡ ᠪᠠ | ᠠᠵᠢᠯ ᠤᠨ ᠪᠠᠶᠢᠷᠢ ᠶᠢᠨ ᠰᠣᠯᠢᠭᠳᠠᠯ ᠢ ᠰᠠᠶᠢᠲᠤᠷ ᠨᠢᠭᠡᠳᠦᠯᠲᠡᠶ ᠲᠥᠯᠥᠪᠯᠡᠨ᠂ ᠠᠵᠢᠯ ᠣᠯᠭᠤᠬᠤ ᠰᠢᠨ᠎ᠡ ᠲᠣᠬᠢᠶᠠᠯ ᠢ | ᠡᠭᠦᠳᠤᠨ᠎ᠠ᠃ ᠠᠵᠢᠯ ᠣᠯᠭᠤᠬᠤ ᠠᠳᠠᠯ ᠦᠢᠯᠡᠰ ᠴᠤᠬᠴᠠᠯᠠᠬᠤ ᠦᠢᠯᠡᠴᠢᠯᠡᠭᠡ ᠶᠢ ᠰᠢᠯᠢᠳᠡᠭᠵᠢᠭᠦᠯᠦᠨ᠂ ᠶᠡᠭᠡ ᠳᠡᠭᠡᠳᠦ | ᠰᠤᠷᠭᠠᠭᠤᠯᠢ ᠲᠡᠭᠦᠰᠦᠭᠰᠡᠨ ᠰᠤᠷᠤᠬᠴᠢᠳ ᠵᠡᠷᠭᠡ ᠵᠠᠯᠠᠭᠤᠴᠤᠳ ᠤᠨ ᠠᠵᠢᠯ ᠣᠯᠬᠤ ᠠᠳᠠᠯ ᠦᠢᠯᠡᠰ ᠴᠤᠬᠴᠠᠯᠠᠬᠤ ᠠᠷᠭ᠎ᠠ | ᠵᠠᠮ ᠢ ᠥᠷᠭᠡᠳᠭᠡᠵᠦ᠂ ᠴᠡᠷᠢᠭ ᠤᠨ ᠠᠯᠪᠠ ᠠᠴᠠ ᠪᠠᠭᠤᠬᠰᠠᠳ ᠢ ᠲᠥᠪᠬᠢᠨᠡᠭᠦᠯᠬᠦ ᠪᠠ ᠳᠡᠳᠡᠨ ᠳᠤ ᠠᠵᠢᠯ ᠣᠯᠭᠤᠬᠤ | ᠦᠢᠯᠡᠴᠢᠯᠡᠭᠡ ᠶᠢ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠪᠤᠯᠤᠨ ᠬᠥᠯᠥᠰᠥᠨ ᠠᠵᠢᠯᠴᠢᠨ ᠳᠤ | ᠠᠵᠢᠯ ᠣᠯᠭᠤᠬᠤ ᠶᠢ ᠠᠬᠢᠭᠤᠯᠵᠤ᠂ ᠨᠠᠰᠤ ᠠᠬᠢᠭᠰᠠᠳ᠂ ᠵᠡᠮᠳᠡᠭᠴᠤᠳ᠂ ᠨᠡᠯᠢᠶᠡᠳ ᠤᠷᠲᠤ ᠬᠤᠭᠤᠴᠠᠭ᠎ᠠ ᠪᠠᠷ ᠠᠵᠢᠯ | ᠠᠯᠳᠠᠭᠰᠠᠳ ᠵᠡᠷᠭᠡ ᠠᠵᠢᠯ ᠤᠯᠬᠤ ᠳᠤ ᠬᠦᠴᠢᠷᠳᠡᠯ ᠲᠠᠢ ᠬᠠᠮᠲᠤᠯᠢᠭ ᠢ ᠬᠠᠪᠰᠤᠷᠤᠨ ᠲᠡᠳᠬᠦᠬᠦ ᠶᠢ ᠴᠢᠩᠭᠠᠳᠬᠠᠨ᠎ᠠ᠃ | ᠠᠮᠢᠳᠤᠯᠢᠭ ᠢᠶᠠᠷ ᠠᠵᠢᠯ ᠤᠯᠤᠬᠰᠠᠨ ᠪᠠ ᠰᠢᠨ᠎ᠠ ᠬᠡᠯᠪᠡᠷᠢ ᠪᠠᠶᠢᠳᠠᠯ ᠢᠶᠠᠷ ᠠᠵᠢᠯ ᠣᠯᠣᠭᠰᠠᠨ ᠬᠥᠳᠡᠯᠮᠦᠷᠢᠴᠢᠳ ᠤᠨ ᠡᠷᠬᠡ | ᠠᠰᠢᠭ ᠤᠨ ᠪᠠᠲᠤᠯᠠᠭ᠎ᠠ ᠶᠢ ᠴᠢᠩᠭᠠᠳᠬᠠᠵᠤ᠂ ᠠᠵᠢᠯ ᠮᠡᠷᠭᠡᠵᠢᠯ ᠤᠨ ᠬᠦᠨᠦᠭᠡᠯ ᠤᠨ ᠳᠤᠬᠠᠢ ᠪᠠᠲᠤᠯᠠᠭ᠎ᠠ ᠶᠢᠨ ᠲᠤᠷᠰᠢᠯᠲᠠ ᠶᠢ | ᠥᠷᠭᠡᠳᠭᠡᠬᠦ ᠶᠢ ᠠᠬᠢᠭᠤᠯᠤᠨ᠎ᠠ᠃ ᠬᠥᠳᠡᠯᠮᠦᠷᠢᠴᠢᠳ ᠤᠨ ᠴᠠᠯᠢᠩ ᠢ ᠦᠭᠭᠦ ᠶᠢ ᠦᠨᠡᠨ ᠬᠦ ᠪᠠᠲᠤᠯᠠᠵᠤ᠂ ᠴᠠᠯᠢᠩ ᠢ | ᠬᠤᠶᠢᠰᠢᠯᠠᠭᠤᠯᠤᠨ ᠦᠷᠢᠲᠦᠭᠰᠡᠨ ᠢ ᠢᠯᠭᠠᠷᠠᠭᠤᠯᠤᠨ ᠴᠡᠭᠴᠡᠯᠡᠵᠦ᠂ ᠠᠵᠢᠯ ᠣᠯᠭᠤᠯᠲᠠ ᠶᠢᠨ ᠡᠯ᠎ᠡ ᠲᠦᠷᠦᠯ ᠤᠨ | ᠭᠠᠳᠠᠭᠤᠷᠴᠢᠯᠠᠯ ᠢ ᠡᠷᠡᠰ ᠵᠠᠯᠠᠷᠠᠭᠤᠯᠤᠨ᠎ᠠ᠃ ᠶᠡᠭᠡ ᠬᠡᠪᠴᠢᠶᠡᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ | ᠳᠡᠭᠡᠭᠰᠢᠯᠡᠭᠦᠯᠬᠦ ᠪᠣᠯᠪᠠᠰᠤᠷᠠᠭᠤᠯᠤᠯ ᠤᠨ ᠠᠵᠢᠯᠯᠠᠭ᠎ᠠ ᠶᠢ ᠥᠷᠨᠢᠭᠦᠯᠵᠦ᠂ ᠦᠢᠯᠡᠳᠬᠦ ᠦᠢᠯᠡᠰ᠂ ᠦᠢᠯᠡᠴᠢᠯᠡᠭᠡᠨ ᠤ | ᠦᠢᠯᠡᠰ ᠤᠨ ᠳᠤᠲᠠᠭᠳᠠᠵᠤ ᠪᠠᠶᠢᠭ᠎ᠠ ᠤᠷ᠎ᠠ ᠴᠢᠳᠠᠪᠤᠷᠢ ᠲᠠᠢ ᠴᠢᠳᠠᠪᠤᠷᠢᠲᠠᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠤᠷ᠎ᠠ | ᠴᠢᠳᠠᠪᠤᠷᠢ ᠪᠠᠷ ᠤᠳᠤᠷᠢᠳᠤᠮᠵᠢ ᠪᠣᠯᠭᠠᠭᠰᠠᠨ ᠴᠠᠯᠢᠩ ᠬᠥᠯᠥᠰᠥ ᠶᠢᠨ ᠬᠤᠪᠢᠶᠠᠷᠢᠯᠠᠯᠲᠠ ᠶᠢᠨ ᠳᠦᠷᠢᠮ ᠢ ᠲᠦᠷᠭᠡᠯᠡᠨ | ᠪᠠᠶᠢᠭᠤᠯᠵᠤ᠂ ᠤᠷ᠎ᠠ ᠴᠢᠳᠠᠪᠤᠷᠢ ᠲᠠᠢ ᠴᠢᠳᠠᠪᠤᠷᠢᠲᠠᠨ ᠤ ᠬᠠᠷᠠᠭᠠᠯᠵᠠᠯ ᠤᠨ ᠲᠦᠪᠰᠢᠨ ᠢ ᠳᠡᠭᠡᠭᠰᠢᠯᠡᠭᠦᠯᠦᠨ᠂ ᠢᠯᠡᠭᠦᠦ | ᠬᠥᠳᠡᠯᠮᠦᠷᠢᠯᠡᠭᠰᠡᠳ ᠨᠢ ᠢᠯᠡᠭᠦᠥ ᠤᠯᠬᠤ᠂ ᠮᠡᠷᠭᠡᠵᠢᠯ ᠰᠠᠶᠢᠨ ᠨᠢ ᠢᠯᠡᠭᠦᠦ ᠣᠯᠬᠤ᠂ ᠰᠢᠨ᠎ᠡ ᠶᠢ ᠡᠭᠦᠳᠦᠭᠰᠡᠳ ᠨᠢ ᠢᠯᠡᠭᠦᠦ | ᠤᠯᠬᠤ ᠪᠤᠯᠭᠠᠨ᠎ᠠ᠃ | ᠦᠨᠳᠦᠰᠦᠨ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠴᠢᠩᠭᠠᠳᠬᠠᠨ᠎ᠠ᠃ ᠡᠷᠡᠭᠦᠯ ᠮᠡᠨᠳᠦ ᠶᠢ ᠲᠡᠷᠢᠬᠦᠨ ᠳᠤ | ᠲᠠᠯᠪᠢᠬᠤ ᠬᠥᠭᠵᠢᠯᠳᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠡᠮᠨᠡᠯᠭᠡ᠂ ᠡᠮᠨᠡᠯᠭᠡ ᠶᠢᠨ ᠳᠠᠭᠠᠳᠬᠠᠯ᠂ ᠡᠮ | ᠡᠮᠨᠡᠯᠭᠡ ᠶᠢ ᠬᠠᠮᠵᠢᠯᠴᠠᠭᠤᠯᠤᠨ ᠬᠥᠭᠵᠢᠬᠦᠯᠬᠦ ᠪᠠ ᠵᠠᠰᠠᠬᠤ ᠶᠢ ᠠᠬᠢᠭᠤᠯᠤᠨ᠎ᠠ᠃ ᠨᠡᠶᠢᠲᠡ ᠶᠢᠨ ᠠᠰᠠᠷᠠᠮᠵᠢ ᠶᠢᠨ ᠴᠢᠨᠠᠷ ᠢᠶᠠᠷ | ᠤᠳᠤᠷᠢᠳᠤᠮᠵᠢ ᠪᠣᠯᠭᠠᠭᠰᠠᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠣᠷᠣᠨ ᠲᠤᠭ᠎ᠠ ᠶᠢ ᠬᠥᠳᠡᠯᠦᠩᠭᠦᠢ ᠪᠠᠷ ᠲᠣᠬᠢᠷᠠᠭᠤᠯᠬᠤ ᠶᠢ ᠠᠬᠢᠭᠤᠯᠵᠦ᠂ ᠡᠮᠴᠢᠯᠡᠭᠡᠨ ᠤ | ᠦᠢᠯᠡᠴᠢᠯᠡᠭᠡ ᠪᠠᠷ ᠭᠤᠤᠯ ᠤᠳᠤᠷᠢᠳᠤᠮᠵᠢ ᠪᠣᠯᠭᠠᠭᠰᠠᠨ ᠰᠦᠢᠳᠭᠡᠯ ᠬᠤᠷᠢᠶᠠᠬᠤ ᠲᠣᠭᠲᠠᠴᠠ ᠶᠢ ᠪᠠᠶᠢᠭᠤᠯᠵᠤ᠂ ᠴᠠᠯᠢᠩ | ᠬᠥᠯᠥᠰᠥ ᠶᠢᠨ ᠲᠦᠷᠢᠮ ᠢ ᠲᠡᠭᠦᠯᠳᠡᠷᠵᠢᠭᠦᠯᠵᠦ᠂ ᠠᠮᠵᠢᠯᠳᠠ ᠪᠦᠳᠦᠮᠵᠢ ᠶᠢ ᠬᠢᠨᠠᠨ ᠰᠢᠯᠭᠠᠬᠤ ᠠᠵᠢᠯ ᠢ ᠰᠢᠯᠢᠳᠡᠭᠵᠢᠭᠦᠯᠦᠨ᠎ᠡ᠃ | ᠡᠪᠡᠳᠴᠢᠲᠡᠨ ᠤ ᠥᠷᠥᠭᠡ ᠪᠣᠯᠣᠨ ᠡᠮᠨᠡᠨ ᠵᠠᠰᠠᠬᠤ ᠨᠥᠬᠦᠴᠡᠯ ᠢ ᠰᠠᠶᠢᠵᠢᠷᠠᠭᠤᠯᠵᠤ᠂ ᠡᠪᠡᠳᠴᠢᠲᠡᠨ ᠢᠶᠠᠷ ᠭᠤᠣᠯ ᠪᠣᠯᠭᠠᠨ | ᠡᠮᠴᠢᠯᠡᠭᠡᠨ ᠤ ᠦᠢᠯᠡᠴᠢᠯᠡᠭᠡ ᠶᠢ ᠦᠷᠭᠦᠯᠵᠢᠯᠡᠨ ᠰᠠᠶᠢᠵᠢᠷᠠᠭᠤᠯᠤᠨ᠎ᠠ᠃ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠤᠨ | ᠬᠡᠪᠴᠢᠶ᠎ᠡ ᠶᠢ ᠥᠷᠭᠡᠳᠭᠡᠵᠦ ᠳᠣᠷᠣᠭᠰᠢ ᠪᠠᠭᠤᠯᠭᠠᠬᠤ ᠪᠠ ᠣᠷᠣᠨ ᠪᠦᠰᠡ ᠳᠤ ᠲᠡᠩᠴᠡᠭᠦᠷᠢᠲᠡᠶ ᠪᠠᠶᠢᠷᠢᠯᠠᠭᠤᠯᠬᠤ ᠶᠢ | ᠠᠬᠢᠭᠤᠯᠵᠤ᠂ ᠡᠮᠨᠡᠯᠭᠡ ᠡᠷᠡᠭᠦᠯ ᠬᠠᠮᠠᠭᠠᠯᠠᠯ ᠤᠨ ᠰᠠᠭᠤᠷᠢ ᠶᠢ ᠪᠠᠬᠢᠵᠢᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ | ᠰᠤᠪᠢᠯᠠᠯᠲᠠ᠂ ᠬᠡᠦᠬᠡᠳ ᠤᠨ ᠰᠠᠯᠠᠭ᠎ᠠ᠂ ᠡᠪᠡᠳᠴᠢᠨ ᠤ ᠵᠦᠶ᠂ ᠪᠦᠷᠢᠨ ᠰᠠᠯᠠᠭ᠎ᠠ᠂ ᠨᠠᠰᠤᠲᠠᠶᠢᠴᠤᠳ ᠤᠨ ᠠᠨᠠᠭᠠᠬᠤ | ᠤᠬᠠᠭᠠᠨ ᠤ ᠲᠤᠰᠬᠠᠶ ᠮᠡᠷᠭᠡᠵᠢᠯ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠣᠶᠣᠨ ᠮᠡᠳᠡᠷᠡᠯ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠡᠮ ᠤᠨ ᠵᠦᠢᠯ ᠪᠣᠯᠣᠨ ᠬᠤᠷᠣᠭᠳᠠᠯ ᠢ | ᠲᠥᠪᠯᠡᠷᠡᠭᠦᠯᠦᠨ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠶᠠᠰᠤ ᠴᠢᠨᠠᠷ ᠢ ᠦᠨᠡᠯᠡᠨ ᠵᠢᠱᠢᠬᠦ | ᠪᠠ ᠬᠢᠨᠠᠨ ᠬᠠᠮᠢᠶᠠᠷᠬᠤ ᠶᠢ ᠴᠢᠩᠭᠠᠳᠬᠠᠨ᠂ ᠠᠷᠠᠳ ᠣᠯᠠᠨ ᠢ ᠨᠠᠩ ᠰᠠᠨᠠᠭ᠎ᠠ ᠠᠮᠤᠷ ᠡᠮ ᠬᠡᠷᠡᠭᠯᠡᠬᠦ ᠪᠣᠯᠭᠠᠨ᠎ᠠ᠃ ᠡᠮ ᠤᠨ | ᠵᠦᠢᠯ ᠪᠣᠯᠣᠨ ᠡᠮ ᠡᠮᠨᠡᠯᠭᠡ ᠶᠢᠨ ᠮᠠᠰᠢᠨ ᠮᠧᠬᠠᠨᠢᠭ ᠤᠨ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠪᠦᠷᠢᠨᠰᠢᠬᠦᠯᠵᠦ᠂ | ᠰᠢᠨ᠎ᠡ ᠶᠢ ᠡᠭᠦᠳᠦᠭᠰᠡᠨ ᠡᠮ ᠤᠨ ᠭᠠᠷᠴᠠᠭ ᠢ ᠲᠣᠭᠲᠠᠭᠠᠨ᠂ ᠰᠢᠨ᠎ᠡ ᠶᠢ ᠡᠭᠦᠳᠦᠭᠰᠡᠨ ᠡᠮ ᠤᠨ ᠬᠥᠭᠵᠢᠯᠲᠡ ᠶᠢ ᠳᠡᠮᠵᠢᠨ᠎ᠡ᠃ | ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠤᠨ ᠬᠦᠭᠵᠢᠬᠦᠯᠬᠦ ᠲᠣᠭᠲᠠᠴᠠ ᠶᠢ | ᠲᠡᠭᠦᠯᠳᠡᠷᠵᠢᠭᠦᠯᠵᠦ᠂ ᠬᠢᠲᠠᠳ ᠡᠮ ᠡᠮᠨᠡᠯᠭᠡ ᠶᠢᠨ ᠦᠢᠯᠡᠰ ᠪᠠ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠤᠨ᠎ᠠ᠃ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠤᠨ ᠪᠠᠶᠢᠭᠤᠯᠤᠯᠲᠠ ᠶᠢ | ᠴᠢᠩᠭᠠᠳᠬᠠᠵᠤ᠂ ᠭᠤᠤᠯᠳᠠᠯᠭ᠎ᠠ ᠲᠠᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠨᠢᠭᠡᠳᠦᠯᠲᠡᠶ | ᠲᠥᠯᠥᠪᠯᠡᠨ ᠰᠠᠶᠢᠲᠤᠷ ᠬᠢᠨ᠎ᠡ᠃ ᠰᠠᠭᠤᠭᠠᠯᠢ ᠠᠷᠠᠳ ᠤᠨ ᠡᠮᠨᠡᠯᠭᠡ ᠶᠢᠨ ᠳᠠᠭᠠᠳᠬᠠᠯ ᠪᠠ ᠦᠨᠳᠦᠰᠦᠨ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠵᠠᠷᠤᠳᠠᠯ ᠤᠨ ᠬᠥᠮᠦᠨ ᠳᠤᠮᠳᠠᠴᠢ ᠶᠢᠨ ᠡᠳ᠋ ᠤᠨ ᠵᠠᠰᠠᠭ ᠤᠨ ᠨᠥᠬᠦᠪᠥᠷᠢ ᠶᠢᠨ | ᠪᠠᠷᠢᠮᠵᠢᠶ᠎ᠠ ᠶᠢ ᠲᠣᠰ ᠲᠤᠰ ᠲᠠᠬᠢᠭᠠᠳ 30 ᠲᠥᠭᠦᠷᠢᠭ ᠪᠠ 5 ᠲᠥᠭᠦᠷᠢᠭ ᠳᠡᠭᠡᠭᠰᠢᠯᠡᠭᠦᠯᠦᠨ᠎ᠡ᠃ ᠦᠨᠳᠦᠰᠦᠨ | ᠡᠮᠨᠡᠯᠭᠡ ᠶᠢᠨ ᠳᠠᠭᠠᠳᠬᠠᠯ ᠢ ᠮᠤᠵᠢ ᠶᠢᠨ ᠱᠠᠲᠤᠨ ᠳᠤ ᠨᠢᠭᠡᠳᠦᠯᠲᠡᠶ ᠲᠥᠯᠥᠪᠯᠡᠬᠦ ᠶᠢ ᠯᠠᠪᠳᠠᠭᠤᠨ ᠢᠶᠠᠷ ᠠᠬᠢᠭᠤᠯᠵᠤ᠂ | ᠦᠨᠳᠦᠰᠦᠨ ᠡᠮᠨᠡᠯᠭᠡ ᠶᠢᠨ ᠳᠠᠭᠠᠳᠬᠠᠯ ᠤᠨ ᠪᠡᠯᠡ ᠴᠤᠭᠯᠠᠭᠤᠯᠬᠤ ᠪᠠ ᠬᠠᠷᠠᠭᠠᠯᠵᠠᠯ ᠢ ᠲᠣᠬᠢᠷᠠᠭᠤᠯᠬᠤ ᠲᠣᠭᠲᠠᠴᠠ ᠶᠢ | ᠪᠦᠷᠢᠨᠰᠢᠬᠦᠯᠵᠦ᠂ ᠡᠮᠨᠡᠯᠭᠡ ᠶᠢᠨ ᠳᠠᠭᠠᠳᠬᠠᠯ ᠤᠨ ᠵᠣᠭᠤᠰ ᠲᠦᠯᠦᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠬᠦ ᠶᠢ ᠠᠬᠢᠭᠤᠯᠤᠨ᠎ᠠ᠃ ᠡᠮ ᠤᠨ ᠵᠦᠢᠯ ᠪᠠ ᠬᠤᠷᠣᠭᠳᠠᠯ | ᠮᠠᠲ᠋ᠧᠷᠢᠶᠠᠯ ᠢ ᠦᠭᠰᠦᠬᠦᠯᠤᠨ ᠨᠡᠭᠡᠮᠵᠢᠯᠡᠬᠦ ᠲᠣᠭᠲᠠᠴᠠ ᠶᠢ ᠪᠥᠬᠦ ᠲᠠᠯ᠎ᠠ ᠪᠠᠷ ᠪᠠᠶᠢᠭᠤᠯᠵᠤ᠂ ᠡᠮᠨᠡᠯᠭᠡ ᠶᠢᠨ ᠳᠠᠭᠠᠳᠬᠠᠯ ᠤᠨ | ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ ᠮᠦᠡᠭᠭᠦ ᠨᠢᠭᠡ ᠪᠦᠷᠢ ᠶᠢ ᠴᠥᠮ ᠠᠷᠠᠳ ᠲᠦᠮᠡᠨ ᠤ | ᠡᠷᠡᠭᠦᠯ ᠮᠡᠨᠳᠦ ᠠᠵᠠ ᠵᠢᠷᠭᠠᠯ ᠢ ᠨᠡᠮᠡᠭᠳᠡᠭᠦᠯᠬᠦ ᠳᠤ ᠬᠡᠷᠡᠭᠯᠡᠬᠦᠯᠦᠨ᠎ᠠ᠃ | ᠨᠡᠶᠢᠭᠡᠮ ᠤᠨ ᠪᠠᠲᠤᠯᠠᠭ᠎ᠠ ᠪᠠ ᠦᠢᠯᠡᠴᠢᠯᠡᠭᠡᠨ ᠤ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠦᠨ᠎ᠡ᠃ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠨᠠᠭᠠᠳᠤ ᠵᠠᠬ᠎ᠠ ᠶᠢᠨ | ᠪᠠᠷᠢᠮᠵᠢᠶ᠎ᠠ ᠶᠢ ᠳᠠᠬᠢᠭᠠᠳ 20 ᠲᠥᠭᠦᠷᠢᠭ ᠳᠡᠭᠡᠭᠰᠢᠯᠡᠭᠦᠯᠵᠦ᠂ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠦᠨᠳᠦᠰᠦᠨ | ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠵᠣᠬᠢᠰᠲᠠᠶ ᠳᠡᠭᠡᠭᠰᠢᠯᠡᠭᠦᠯᠦᠨ᠎ᠡ᠃ ᠭᠤᠷᠪᠠᠳᠤᠭᠠᠷ ᠲᠤᠯᠭᠠᠭᠤᠷᠢᠯᠡᠯ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠢ ᠲᠦᠷᠭᠡᠯᠡᠨ ᠬᠥᠭᠵᠢᠭᠦᠯᠵᠦ᠂ ᠬᠤᠪᠢ ᠬᠥᠮᠦᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ | ᠲᠦᠷᠢᠮ ᠢ ᠰᠠᠶᠢᠲᠤᠷ ᠬᠡᠷᠡᠭᠵᠢᠭᠦᠯᠦᠨ᠎ᠡ᠃ ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠵᠤ᠂ ᠨᠠᠰᠤᠵᠢᠯ ᠤᠨ | ᠠᠰᠠᠷᠠᠮᠵᠢ ᠶᠢᠨ ᠦᠢᠯᠡᠰ ᠪᠠ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠢ ᠬᠦᠭᠵᠢᠬᠦᠯᠬᠦ ᠲᠦᠷᠦ ᠶᠢᠨ ᠪᠤᠳᠤᠯᠭ᠎ᠠ | ᠲᠣᠭᠲᠠᠴᠠ ᠶᠢ ᠲᠡᠭᠦᠯᠳᠡᠷᠵᠢᠭᠦᠯᠵᠦ᠂ ᠪᠤᠭᠤᠷᠤᠯᠴᠤᠳ ᠤᠨ ᠠᠵᠤ ᠠᠬᠤᠶ ᠶᠢ ᠶᠡᠭᠡ ᠪᠠᠷ ᠬᠥᠭᠵᠢᠭᠦᠯᠦᠨ᠎ᠡ᠃ ᠣᠶᠣᠨᠴᠢ | ᠨᠠᠰᠣᠵᠢᠯ ᠤᠨ ᠠᠰᠠᠷᠠᠮᠵᠢ ᠶᠢ ᠲᠦᠷᠭᠡᠳᠭᠡᠨ ᠬᠦᠭᠵᠢᠭᠦᠯᠦᠨ᠎ᠡ᠃ ᠨᠡᠶᠢᠭᠡᠮ ᠲᠣᠭᠤᠷᠢᠭ ᠠᠴᠠ ᠳᠠᠮᠵᠢᠬᠦ ᠨᠠᠰᠤᠲᠠᠶᠢᠴᠤᠳ ᠢ | ᠭᠡᠷ ᠲᠤᠨᠢ ᠠᠰᠠᠷᠠᠬᠤ ᠦᠢᠯᠡᠴᠢᠯᠡᠭᠡ ᠶᠢ ᠠᠬᠢᠭᠤᠯᠵᠤ᠂ ᠠᠮᠢᠳᠤᠷᠠᠯ ᠤᠨ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠢ | ᠬᠠᠷᠠᠭᠠᠯᠵᠠᠨ ᠠᠰᠠᠷᠠᠬᠤ ᠶᠢ ᠴᠢᠩᠭᠠᠳᠬᠠᠵᠤ᠂ ᠨᠠᠰᠤᠲᠠᠶᠢᠴᠤᠳ ᠤᠨ ᠬᠤᠭᠤᠯᠠ ᠤᠮᠳᠠ ᠳᠤ ᠲᠤᠰᠠᠯᠠᠮᠵᠢ ᠥᠵᠡᠬᠦᠯᠬᠦ | ᠥᠢᠯᠡᠴᠢᠯᠡᠭᠡ᠂ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠢ ᠬᠤᠳᠠᠯᠳᠤᠨ ᠠᠪᠬᠤ ᠪᠠ ᠲᠦᠷᠢᠶᠡᠰᠦᠯᠡᠬᠦ ᠶᠢ ᠳᠡᠮᠵᠢᠬᠦ | ᠡᠷᠴᠢᠮ ᠢᠶᠠᠨ ᠴᠢᠩᠭᠠᠷᠠᠭᠤᠯᠵᠤ᠂ ᠲᠦᠭᠡᠮᠡᠯ ᠬᠠᠷᠠᠭᠠᠯᠵᠠᠯᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠥᠷᠭᠡᠳᠭᠡᠵᠦ | ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠤᠨ᠎ᠠ᠃ ᠤᠷᠲᠤ | ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠢ ᠲᠦᠷᠭᠡᠯᠡᠨ ᠪᠠᠶᠢᠭᠤᠯᠤᠨ᠎ᠠ᠃ ᠦᠷᠡᠵᠢᠯ ᠢ ᠠᠬᠢᠭᠤᠯᠬᠤ | ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠬᠡᠦᠬᠡᠳ ᠪᠤᠶᠢᠵᠢᠭᠤᠯᠬᠤ ᠨᠥᠬᠦᠪᠥᠷᠢ ᠣᠯᠭᠤᠵᠤ᠂ ᠬᠡᠦᠬᠡᠳ ᠰᠠᠭᠠᠳᠠᠭᠤᠯᠬᠤ | ᠭᠠᠵᠠᠷ ᠪᠠ ᠬᠡᠦᠬᠡᠳ ᠤᠨ ᠴᠡᠴᠡᠷᠯᠢᠭ ᠢ ᠨᠢᠭᠡ ᠴᠤᠬᠴᠠᠵᠢᠭᠤᠯᠤᠬᠰᠠᠨ ᠦᠢᠯᠡᠴᠢᠯᠡᠭᠡ ᠶᠢ ᠶᠡᠭᠡ ᠪᠠᠷ ᠬᠥᠭᠵᠢᠭᠦᠯᠤᠨ᠂ | ᠲᠦᠭᠡᠮᠡᠯ ᠬᠠᠷᠠᠭᠠᠯᠵᠠᠯᠳᠦ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠬᠠᠦᠯᠢ ᠪᠠᠷ | ᠲᠣᠭᠲᠠᠭᠠᠭᠰᠠᠨ ᠠᠵᠢᠯ ᠠᠴᠠ ᠪᠠᠭᠤᠵᠤ ᠠᠮᠠᠷᠠᠬᠤ ᠨᠠᠰᠤ ᠶᠢ ᠠᠭᠠᠵᠢᠮ ᠢᠶᠠᠷ ᠱᠠᠲᠤᠯᠠᠨ ᠬᠤᠶᠢᠰᠢᠯᠠᠭᠤᠯᠬᠤ | ᠥᠭᠡᠷᠡᠴᠢᠯᠡᠯᠲᠡ ᠶᠢ ᠯᠠᠪᠳᠠᠭᠤᠨ ᠳᠤᠬᠢᠳᠠᠢ ᠬᠡᠷᠡᠭᠵᠢᠭᠦᠯᠦᠨ᠎ᠡ᠃ ᠴᠡᠷᠢᠭ ᠤᠨ ᠬᠦᠮᠦᠨ ᠪᠠ ᠴᠡᠷᠢᠭ ᠤᠨ ᠭᠡᠷ ᠪᠦᠯᠢ᠂ | ᠴᠡᠷᠢᠭ ᠤᠨ ᠠᠯᠪᠠ ᠠᠴᠠ ᠪᠠᠭᠤᠭᠰᠠᠳ ᠪᠠ ᠪᠤᠰᠤᠳ ᠠᠰᠠᠷᠠᠨ ᠬᠠᠷᠠᠭᠠᠯᠵᠠᠬᠳᠠᠬᠤ ᠡᠲᠡᠭᠡᠳ ᠤᠨ ᠬᠠᠷᠠᠭᠠᠯᠵᠠᠯ | ᠠᠰᠠᠷᠠᠮᠵᠢ ᠶᠢᠨ ᠠᠵᠢᠯ ᠢ ᠰᠠᠶᠢᠲᠤᠷ ᠬᠢᠨ᠎ᠠ᠃ ᠬᠦᠴᠢᠷᠳᠡᠯ ᠳᠤ ᠲᠤᠯᠭᠠᠷᠠᠭᠰᠠᠨ ᠬᠡᠦᠬᠡᠳ᠂ ᠨᠡᠭᠦᠳᠡᠯ ᠬᠡᠦᠬᠡᠳ ᠪᠠ ᠬᠡᠷ ᠢᠶᠠᠨ | ᠰᠠᠬᠢᠵᠦ ᠬᠤᠴᠣᠷᠤᠭᠰᠠᠨ ᠬᠡᠦᠬᠡᠳ ᠲᠤ ᠬᠠᠶᠢᠷ᠎ᠠ ᠬᠠᠯᠠᠮᠵᠢ ᠬᠦᠷᠳᠡᠭᠡᠬᠦ ᠦᠢᠯᠡᠴᠢᠯᠡᠭᠡ ᠶᠢ ᠴᠢᠩᠭᠠᠳᠬᠠᠨ᠎ᠠ᠃ ᠬᠦᠨᠳᠦ | ᠵᠡᠮᠳᠡᠭᠴᠦᠳ ᠢ ᠨᠠᠶᠢᠳᠠᠨ ᠠᠰᠠᠷᠠᠭᠤᠯᠬᠤ ᠬᠠᠷᠠᠭᠠᠯᠵᠠᠨ ᠰᠤᠪᠢᠯᠠᠬᠤ ᠦᠢᠯᠡᠴᠢᠯᠡᠭᠡ ᠶᠢ ᠰᠠᠶᠢᠳᠤᠷ ᠬᠢᠵᠦ᠂ ᠵᠡᠮᠳᠡᠭᠷᠡᠬᠦ ᠶᠢ | ᠤᠷᠢᠳᠴᠢᠯᠠᠨ ᠰᠡᠷᠭᠡᠶᠢᠯᠡᠬᠦ ᠪᠠ ᠡᠷᠡᠭᠦᠯᠵᠢᠭᠦᠯᠬᠦ ᠦᠢᠯᠡᠴᠢᠯᠡᠭᠡᠨ ᠤ ᠲᠦᠪᠰᠢᠨ ᠢ ᠲᠡᠭᠡᠭᠰᠢᠯᠡᠬᠦᠯᠤᠨ᠎ᠠ᠃ ᠣᠷᠣᠯᠭ᠎ᠠ ᠪᠠᠭᠠᠲᠠᠶ | ᠬᠥᠮᠦᠨ ᠠᠮᠠ ᠶᠢ ᠬᠥᠳᠡᠯᠦᠩᠭᠦᠶ ᠪᠠᠷ ᠬᠢᠨᠠᠨ ᠬᠡᠮᠵᠢᠬᠦ ᠪᠠ ᠪᠠᠶᠢᠩᠭᠤ ᠶᠢᠨ ᠴᠢᠨᠠᠷᠳᠠᠢ ᠪᠠᠷ ᠠᠪᠤᠷᠠᠨ ᠲᠤᠰᠠᠯᠠᠵᠤ ᠬᠠᠪᠰᠤᠷᠤᠨ | ᠲᠡᠳᠬᠦᠬᠦ ᠠᠵᠢᠯ ᠢ ᠴᠢᠩᠭᠠᠳᠬᠠᠵᠤ᠂ ᠱᠠᠳᠤ ᠬᠤᠪᠢᠶᠠᠵᠦ ᠲᠥᠷᠥᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ | ᠰᠢᠰᠲ᠋ᠧᠮ ᠢ ᠲᠡᠬᠦᠯᠳᠡᠷᠵᠢᠬᠦᠯᠤᠨ᠂ ᠬᠦᠴᠢᠷᠳᠡᠯ ᠲᠠᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠨ᠎ᠠ᠃ | ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠨᠡᠶᠢᠭᠡᠮ ᠵᠢᠷᠤᠮ ᠤᠨ ᠭᠤᠤᠯᠯᠠᠬᠤ ᠦᠷᠳᠡᠭ ᠤᠨ | ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠬᠦ ᠲᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠤᠯᠠᠨ ᠲᠦᠮᠡᠨᠴᠢ | ᠴᠢᠨᠠᠷᠲᠠᠶ ᠤᠶᠤᠨ ᠤ ᠪᠣᠯᠪᠠᠰᠤᠨ ᠤ ᠡᠭᠦᠳᠦᠨ ᠪᠠᠶᠢᠭᠤᠯᠤᠯᠳᠡ ᠪᠠ ᠠᠷᠠᠳ ᠢᠷᠭᠡᠤᠨ ᠤᠨ ᠶᠣᠰᠣ ᠰᠤᠷᠲᠠᠬᠤᠨ ᠤ | ᠪᠠᠶᠢᠭᠤᠯᠤᠯᠲᠠ ᠶᠢ ᠠᠬᠢᠭᠤᠯᠤᠨ᠎ᠠ᠃ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ᠂ ᠰᠣᠨᠢᠨ ᠮᠡᠳᠡᠭᠡᠯᠡᠯ ᠬᠡᠪᠯᠡᠯ᠂ | ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ᠂ ᠵᠣᠬᠢᠶᠠᠯ ᠤᠷᠠᠯᠢᠭ ᠪᠠ ᠳᠠᠩᠰᠠ ᠡᠪᠬᠡᠮᠡᠯ ᠵᠡᠷᠭᠡ ᠶᠢᠨ ᠦᠢᠯᠡᠰ ᠢ ᠬᠥᠭᠵᠢᠭᠦᠯᠵᠦ᠂ | ᠤᠶᠤᠨ ᠤ ᠬᠥᠮᠥᠷᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠠᠷᠠᠳ ᠨᠡᠶᠢᠲᠡ ᠪᠠᠷ ᠢᠶᠠᠨ ᠨᠤᠮ ᠤᠩᠰᠢᠬᠤ | ᠠᠵᠢᠯᠯᠠᠭ᠎ᠠ ᠶᠢ ᠭᠦᠨᠵᠡᠭᠡᠶᠢᠷᠡᠭᠦᠯᠦᠨ᠎ᠡ᠃ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠰᠤᠷᠳᠠᠬᠤᠨ ᠤ | ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠤᠨ᠎ᠠ᠃ ᠰᠦᠯᠵᠢᠶᠡᠨ ᠤ ᠠᠮᠢ ᠠᠬᠤᠶ ᠶᠢᠨ ᠵᠠᠰᠠᠯᠲᠠ ᠶᠢᠨ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠵᠦ᠂ ᠢᠳᠡᠪᠬᠢᠲᠡᠶ ᠪᠥᠭᠡᠳ ᠡᠷᠡᠭᠦᠯ ᠰᠠᠷᠠᠭᠤᠯ ᠰᠦᠯᠵᠢᠶᠡᠨ ᠤ | ᠰᠣᠶᠣᠯ ᠢ ᠬᠥᠭᠵᠢᠭᠦᠯᠵᠦ᠂ ᠰᠢᠨ᠎ᠡ ᠴᠠᠭ ᠥᠶ᠎ᠡ ᠶᠢᠨ ᠰᠦᠯᠵᠢᠶᠡᠨ ᠤ ᠬᠦᠴᠦᠷᠬᠡᠭ ᠤᠯᠤᠰ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠤᠨ᠎ᠠ᠃ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ | ᠴᠢᠨᠠᠷ ᠰᠠᠶᠢᠳᠠᠢ ᠰᠣᠶᠣᠯ ᠤᠨ ᠡᠬᠢ ᠪᠠᠶᠠᠯᠢᠭ ᠢ ᠦᠨᠳᠦᠰᠦᠨ ᠱᠠᠲᠤᠨ ᠳᠤ ᠰᠢᠭᠤᠳ ᠬᠦᠷᠭᠡᠬᠦ ᠶᠢ ᠠᠬᠢᠭᠤᠯᠤᠨ᠎ᠠ᠃ | ᠰᠣᠶᠣᠯ ᠤᠨ ᠠᠵᠤ ᠦᠢᠯᠡᠰ ᠤᠨ ᠰᠢᠰᠲ᠋ᠧᠮ ᠪᠠ ᠵᠠᠬ᠎ᠠ ᠳᠡᠯᠭᠡᠭᠦᠷ ᠤᠨ ᠰᠢᠰᠲ᠋ᠧᠮ ᠢ ᠪᠥᠷᠢᠨᠰᠢᠭᠦᠯᠵᠦ᠂ ᠰᠢᠨ᠎ᠡ ᠬᠡᠯᠪᠡᠷᠢ ᠶᠢᠨ | ᠰᠣᠶᠣᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠦᠷᠭᠡᠯᠡᠨ ᠬᠥᠭᠵᠢᠭᠦᠯᠵᠣ᠂ ᠵᠢᠭᠤᠯᠴᠢᠯᠠᠯ ᠤᠨ ᠦᠢᠯᠡᠰ ᠢ ᠶᠡᠬᠡᠪᠡᠷ | ᠬᠦᠭᠵᠢᠭᠦᠯᠦᠨ᠎ᠡ᠃ ᠰᠣᠶᠣᠯ ᠤᠨ ᠥᠪ ᠤᠨ ᠰᠢᠰᠲ᠋ᠧᠮᠲᠦ ᠴᠢᠨᠠᠷᠳᠡᠢ ᠬᠠᠮᠠᠭᠠᠯᠠᠯᠲᠠ ᠶᠢ ᠠᠬᠢᠭᠤᠯᠵᠤ᠂ ᠲᠡᠥᠬᠡ ᠶᠢᠨ | ᠳᠤᠷᠠᠰᠬᠠᠯᠲᠤ ᠵᠦᠢᠯ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠠᠰᠢᠭᠯᠠᠬᠤ ᠪᠠ ᠬᠠᠭᠤᠴᠢ ᠰᠤᠳᠤᠯᠤᠯ ᠤᠨ | ᠰᠤᠳᠤᠯᠭᠠᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠤᠯᠠᠨ ᠤᠯᠤᠰ ᠤᠨ ᠬᠥᠮᠥᠨ ᠨᠡᠶᠢᠭᠡᠮ ᠤᠨ ᠰᠣᠯᠢᠯᠴᠠᠭ᠎ᠠ | ᠬᠠᠮᠲᠤᠷᠠᠯᠴᠠᠭ᠎ᠠ ᠶᠢ ᠥᠷᠭᠡᠳᠭᠡᠵᠦ᠂ ᠤᠯᠠᠨ ᠤᠯᠤᠰ ᠲᠤ ᠤᠯᠠᠮᠵᠢᠯᠠᠨ ᠲᠠᠷᠬᠠᠭᠠᠬᠤ ᠥᠢᠯᠡᠳᠥᠯ ᠴᠢᠳᠠᠪᠤᠷᠢ ᠶᠢ ᠪᠦᠬᠦ | ᠲᠠᠯ᠎ᠠ ᠪᠠᠷ ᠳᠡᠭᠡᠭᠰᠢᠯᠡᠭᠦᠯᠦᠨ᠎ᠡ᠃ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠠᠮᠢᠶᠠᠷᠤᠯᠲᠠ ᠶᠢᠨ ᠪᠠᠶᠢᠭᠤᠯᠤᠯ ᠪᠠ | ᠠᠵᠢᠯᠯᠠᠭᠠᠨ ᠤ ᠲᠣᠭᠲᠠᠴᠠ ᠶᠢ ᠥᠭᠡᠷᠡᠴᠢᠯᠡᠨ ᠲᠡᠭᠦᠯᠳᠡᠷᠵᠢᠭᠦᠯᠦᠨ᠎ᠡ᠃ ᠠᠷᠪᠠᠨ ᠲᠠᠪᠤᠳᠤᠭᠠᠷ ᠬᠤᠭᠤᠴᠠᠭᠠᠨ ᠤ ᠪᠦᠬᠦ | ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠠ ᠠᠷᠪᠠᠨ ᠬᠤᠶᠠᠳᠤᠭᠠᠷ ᠬᠤᠭᠤᠴᠠᠭᠠᠨ ᠤ ᠳᠡᠯᠡᠬᠡᠶ ᠶᠢᠨ ᠪᠡᠶ᠎ᠡ ᠶᠢᠨ | ᠲᠠᠮᠢᠷ ᠤᠨ ᠴᠤᠭᠯᠠᠭᠠᠨ ᠢ ᠰᠠᠶᠢᠲᠤᠷ ᠡᠷᠬᠢᠯᠡᠨ᠎ᠠ᠃ ᠮᠥᠰᠥ ᠴᠠᠰᠤᠨ ᠲᠡᠭᠡᠷᠡᠬᠢ ᠬᠥᠳᠡᠯᠭᠡᠭᠡᠨ ᠪᠠ ᠮᠥᠰᠥ ᠴᠠᠰᠤᠨ ᠤ ᠠᠵᠤ | ᠠᠬᠤᠶ ᠶᠢ ᠢᠳᠡᠪᠬᠢᠲᠡᠶ ᠬᠥᠭᠵᠢᠭᠦᠯᠦᠨ᠎ᠡ᠃ ᠣᠯᠠᠨ ᠲᠦᠮᠡᠨ ᠤ ᠳᠡᠷᠭᠡᠳᠡᠬᠢ ᠬᠥᠳᠡᠯᠭᠡᠭᠡᠨ ᠤ ᠲᠠᠯᠠᠪᠥᠷ ᠭᠠᠵᠠᠷ ᠪᠠ | ᠲᠥᠭᠦᠭᠡᠷᠥᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠠᠷᠠᠳ ᠨᠡᠶᠢᠳᠡ ᠶᠢᠨ ᠪᠡᠶ᠎ᠡ ᠮᠠᠬᠠᠪᠤᠳ ᠢᠶᠠᠨ | ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠎ᠡ᠃ ᠵᠠᠯᠠᠭᠤᠴᠤᠳ ᠪᠠᠭᠠᠴᠤᠳ ᠤᠨ ᠰᠢᠨᠵᠢᠯᠡᠬᠦ | ᠤᠬᠠᠭᠠᠨᠴᠢ ᠪᠠᠷ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠶᠢ ᠲᠦᠭᠡᠮᠡᠯᠵᠢᠭᠦᠯᠬᠦ ᠪᠠ ᠡᠷᠡᠭᠦᠯ ᠮᠠᠡᠳᠥ ᠶᠢᠨ | ᠪᠠᠶᠢᠳᠠᠯ ᠳᠤ ᠭᠠᠷ ᠲᠦᠷᠦᠭᠦ ᠶᠢ ᠴᠢᠩᠭᠠᠳᠬᠠᠵᠤ᠂ ᠵᠠᠯᠠᠭᠤ ᠨᠢᠭᠡ ᠥᠶ᠎ᠡ ᠶᠢᠨ ᠬᠢᠨ ᠢ ᠬᠥᠳᠡᠯᠭᠡᠭᠡᠨ ᠤ ᠳᠤᠮᠳᠠ ᠵᠣᠷᠢᠭ ᠢ ᠨᠢ | ᠴᠢᠩᠭᠠᠷᠠᠭᠤᠯᠤᠨ ᠪᠡᠶ᠎ᠡ ᠶᠢ ᠨᠢ ᠴᠢᠬᠢᠷᠠᠭᠵᠢᠭᠤᠯᠵᠥ ᠰᠡᠳᠭᠢᠯ ᠢ ᠨᠢ ᠰᠠᠷᠠᠭᠤᠯᠵᠢᠭᠤᠯᠤᠨ᠎ᠠ᠃ | ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ᠤᠯᠤᠰ ᠤᠨ ᠶᠡᠷᠦᠩᠬᠡᠶ | ᠴᠤᠭᠴᠠ ᠶᠢᠨ ᠠᠮᠤᠷ ᠲᠦᠪᠰᠢᠨ ᠤ ᠦᠵᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠥᠨ᠂ ᠤᠯᠤᠰ ᠤᠨ ᠠᠮᠤᠷ ᠲᠦᠪᠰᠢᠨ ᠢ | ᠬᠠᠮᠠᠭᠠᠯᠠᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠤᠯᠤᠰ ᠤᠨ ᠠᠮᠤᠷ ᠲᠦᠪᠰᠢᠨ ᠤ ᠰᠢᠰᠲ᠋ᠧᠮ ᠪᠠ | ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠎ᠠ᠃ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ | ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠥᠨ᠂ ᠤᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢ | ᠴᠢᠩᠭᠠᠳᠬᠠᠵᠤ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠰᠠᠭᠤᠷᠢ ᠪᠠ ᠬᠦᠴᠦᠨ ᠢ ᠴᠢᠩᠭᠠᠳᠬᠠᠨ᠎ᠠ᠃ | ᠠᠶᠤᠯ ᠦᠭᠡᠢ ᠦᠢᠯᠡᠳᠪᠦᠷᠢᠯᠡᠯ ᠤᠨ ᠦᠨᠳᠦᠰᠦ ᠰᠤᠷᠪᠤᠯᠵᠢ ᠠᠴᠠ ᠨᠢ ᠵᠠᠰᠠᠬᠤ ᠪᠡᠷᠭᠡ ᠰᠡᠳᠥᠪ ᠢ ᠰᠢᠢᠳᠪᠤᠷᠢᠯᠡᠬᠦ ᠭᠤᠷᠪᠠᠨ | ᠵᠢᠯ ᠤᠨ ᠠᠵᠢᠯᠯᠠᠭ᠎ᠠ ᠶᠢ ᠭᠦᠨᠵᠡᠭᠡᠶᠢᠷᠡᠭᠦᠯᠥᠨ ᠬᠡᠷᠡᠭᠵᠢᠭᠦᠯᠵᠦ᠂ ᠭᠤᠥᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ | ᠠᠶᠤᠯ ᠥᠬᠡᠶ ᠦᠢᠯᠡᠳᠪᠦᠷᠢᠯᠡᠯ ᠤᠨ ᠲᠦᠭᠰᠢᠭᠦᠷᠢ ᠶᠢ ᠰᠠᠮᠨᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠵᠦ᠂ | ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠨ᠎ᠠ᠃ ᠢᠳᠡᠭᠡᠨ ᠤ ᠵᠥᠢᠯ ᠪᠠ ᠡᠮ ᠤᠨ ᠵᠦᠢᠯ ᠤᠨ | ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ ᠰᠤᠷᠭᠠᠭᠤᠯᠢ ᠶᠢᠨ ᠬᠦᠷᠢᠶᠡᠨ ᠤ ᠰᠤᠷᠤᠭᠴᠢᠳ ᠤᠨ ᠬᠤᠭᠤᠯᠠ᠂ ᠲᠠᠪᠴᠠᠩ ᠤᠨ | ᠵᠠᠬᠢᠶᠠᠯᠠᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠰᠠᠶᠢᠲᠤᠷ ᠠᠳᠬᠤᠨ᠎ᠠ᠃ ᠴᠠᠭ ᠠᠭᠤᠷ ᠤᠨ | ᠦᠢᠯᠡᠴᠢᠯᠡᠭᠡ ᠶᠢ ᠴᠢᠩᠭᠠᠳᠬᠠᠨ᠎ᠠ᠃ ᠥᠶᠡᠷ ᠤᠰᠤᠲᠤᠯ᠂ ᠭᠠᠩ ᠬᠠᠭᠰᠠᠷᠠᠭᠠᠨ᠂ ᠲᠠᠶᠢᠹᠧᠩ ᠰᠠᠯᠬᠢ᠂ ᠣᠢ ᠰᠢᠭᠤᠶ | ᠨᠤᠲᠤᠭ ᠪᠡᠯᠴᠢᠭᠡᠷ ᠤᠨ ᠲᠦᠢᠮᠠᠷ᠂ ᠭᠠᠵᠠᠷ ᠤᠨ ᠭᠠᠢ ᠭᠠᠮᠰᠢᠭ᠂ ᠭᠠᠵᠠᠷ ᠬᠥᠳᠡᠯᠦᠯᠲᠡ ᠵᠡᠷᠭᠡ ᠪᠠᠶᠢᠭᠠᠯᠢ ᠶᠢᠨ ᠭᠠᠮᠰᠢᠭ ᠢ | ᠰᠡᠷᠭᠡᠶᠢᠯᠡᠬᠦ ᠪᠠ ᠠᠷᠭᠠᠴᠠᠬᠤ ᠠᠵᠢᠯ ᠢ ᠰᠠᠶᠢᠲᠤᠷ ᠬᠢᠨ᠎ᠡ᠃ ᠲᠥᠪᠡᠳ ᠤᠨ ᠲᠢᠩᠷᠢ ᠰᠢᠶᠠᠨ ᠤ ᠭᠠᠵᠠᠷ ᠬᠥᠳᠡᠯᠦᠯᠲᠡ ᠶᠢᠨ | ᠭᠠᠮᠰᠢᠭ ᠤᠨ ᠳᠠᠷᠠᠭᠠᠬᠢ ᠰᠡᠷᠭᠦᠭᠡᠵᠦ ᠳᠠᠬᠢᠨ ᠪᠦᠲᠦᠭᠡᠨ ᠪᠠᠶᠢᠭᠤᠯᠬᠤ ᠠᠵᠢᠯ ᠢ ᠰᠠᠶᠢᠲᠤᠷ ᠬᠢᠵᠦ᠂ ᠭᠤᠥᠯᠳᠠᠯᠭ᠎ᠠ ᠲᠠᠢ | ᠭᠠᠵᠠᠷ ᠣᠷᠣᠨ ᠤ ᠭᠡᠷ ᠪᠠᠶᠢᠰᠢᠩ᠂ ᠰᠠᠭᠤᠷᠢ ᠲᠥᠬᠦᠭᠡᠷᠦᠮᠵᠢ ᠶᠢᠨ ᠭᠠᠵᠠᠷ ᠬᠥᠳᠡᠯᠦᠯᠲᠡ ᠶᠢ ᠳᠠᠭᠠᠭᠠᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠬᠤᠲᠠ ᠬᠥᠳᠡᠭᠡ ᠶᠢᠨ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢ ᠪᠥᠷᠢᠨᠰᠢᠭᠦᠯᠵᠦ᠂ | ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠦᠢᠯᠡᠴᠢᠯᠡᠭᠡ ᠬᠠᠮᠢᠶᠠᠷᠤᠯᠲᠠ ᠶᠢᠨ ᠬᠦᠴᠦᠨ ᠢ ᠴᠢᠩᠭᠠᠳᠬᠠᠵᠤ᠂ ᠬᠤᠲᠠ ᠶᠢᠨ | ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠵᠢᠯ ᠦᠢᠯᠡᠰ ᠤᠨ ᠨᠢᠭᠡᠴᠢ ᠶᠢᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠎ᠡ᠃ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠥᠮᠦᠯᠢᠭ | ᠠᠪᠤᠷᠠᠨ ᠲᠤᠰᠠᠯᠠᠯᠳᠠ᠂ ᠰᠠᠶᠢᠨ ᠳᠤᠷ᠎ᠡ ᠶᠢᠨ ᠦᠢᠯᠡᠴᠢᠯᠡᠭᠡ᠂ ᠨᠡᠶᠢᠲᠡ ᠶᠢᠨ ᠠᠰᠠᠷᠠᠮᠵᠢ ᠨᠢᠭᠦᠯᠡᠰᠦᠩᠭᠦᠢ ᠶᠢᠨ ᠦᠢᠯᠡᠰ | ᠵᠡᠷᠭᠡ ᠶᠢᠨ ᠡᠷᠡᠭᠦᠯ ᠢᠶᠠᠷ ᠬᠥᠭᠵᠢᠬᠦ ᠶᠢ ᠬᠥᠲᠥᠯᠥᠨ ᠵᠢᠯᠣᠭᠤᠳᠴᠤ ᠳᠡᠮᠵᠢᠨ᠎ᠡ᠃ ᠠᠵᠢᠯ ᠲᠦᠷᠦᠯ ᠤᠨ ᠨᠡᠶᠢᠭᠡᠮᠯᠢᠭ | ᠬᠤᠳᠠᠯᠳᠤᠭᠠᠴᠢᠳ ᠤᠨ ᠡᠪᠯᠡᠯ ᠤᠨ ᠠᠵᠢᠯ ᠲᠦᠷᠦᠯ ᠤᠨ ᠥᠪᠡᠷ ᠢ ᠪᠠᠨ ᠱᠠᠭᠠᠷᠳᠠᠬᠤ ᠦᠢᠯᠡᠳᠦᠯ ᠢ ᠰᠠᠶᠢᠲᠤᠷ | ᠪᠠᠳᠠᠷᠠᠭᠤᠯᠤᠨ᠎ᠠ᠃ ᠡᠮᠡᠭᠲᠡᠶᠢᠴᠦᠳ᠂ ᠬᠡᠥᠬᠡᠳ᠂ ᠨᠠᠰᠤᠲᠠᠶᠢᠴᠤᠳ᠂ ᠵᠡᠮᠳᠡᠭᠴᠦᠳ ᠤᠨ ᠬᠠᠥᠯᠢ ᠶᠣᠰᠣᠨ ᠤ ᠡᠷᠬᠡ ᠠᠰᠢᠭ ᠢ | ᠪᠠᠲᠤᠯᠠᠨ᠎ᠠ᠃ ᠰᠢᠨ᠎ᠡ ᠴᠠᠭ ᠥᠶ᠎ᠡ ᠶᠢᠨ ︽ᠹᠧᠩᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠦᠨᠳᠦᠰᠦᠨ | ᠱᠠᠲᠤᠨ ᠤ ᠶᠡᠷᠦᠩᠬᠡᠶᠢᠯᠡᠨ ᠵᠠᠰᠠᠬᠤ ᠲᠥᠪ ᠢ ᠵᠢᠷᠤᠮᠵᠢᠭᠤᠯᠬᠤ ᠪᠠᠶᠢᠭᠤᠯᠤᠯᠲᠠ ᠶᠢ ᠠᠬᠢᠭᠤᠯᠵᠤ᠂ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠢ ᠬᠠᠥᠯᠢ ᠪᠠᠷ ᠵᠠᠰᠠᠬᠤ ᠶᠢ ᠦᠷᠭᠦᠯᠵᠢᠯᠡᠨ ᠠᠬᠢᠭᠤᠯᠵᠤ᠂ ᠨᠡᠶᠢᠭᠡᠮ ᠤᠨ ᠵᠦᠷᠢᠴᠡᠯ ᠪᠣᠯᠣᠨ | ᠲᠦᠭᠰᠢᠭᠦᠷᠢ ᠠᠷᠬᠠᠭ ᠢ ᠵᠢᠭᠰᠠᠭᠠᠨ ᠪᠠᠶᠢᠴᠠᠭᠠᠬᠤ ᠠᠵᠢᠯ ᠢ ᠣᠯᠠᠮ ᠨᠢᠬᠡ ᠠᠯᠬᠤᠮ ᠴᠢᠩᠭᠠᠳᠬᠠᠵᠣ᠂ ᠵᠥᠷᠢᠴᠡᠯ | ᠵᠠᠭᠤᠷᠠᠯᠳᠤᠭᠠᠨ ᠢ ᠦᠨᠳᠦᠰᠦᠨ ᠱᠠᠲᠤᠨ ᠳᠤ ᠰᠢᠢᠳᠪᠤᠷᠢᠯᠡᠨ᠂ ᠴᠤᠬᠤᠶᠢᠯᠳᠡ ᠶᠢᠨ ᠪᠠᠶᠢᠳᠠᠯ ᠳᠤᠨᠢ ᠠᠷᠢᠯᠭᠠᠨ᠎ᠠ᠃ ᠤᠯᠠᠨ | ᠨᠡᠶᠢᠲᠡ ᠶᠢᠨ ᠬᠠᠤᠯᠢ ᠴᠠᠭᠠᠵᠠ ᠶᠢᠨ ᠥᠢᠯᠡᠴᠢᠯᠡᠭᠡᠨ ᠤ ᠲᠡᠩᠴᠡᠭᠦᠷᠢᠲᠦ ᠴᠢᠨᠠᠷ ᠪᠠ ᠬᠥᠷᠳᠡᠭᠦ᠋ᠢᠴᠡ ᠴᠢᠨᠠᠷ ᠢ | ᠳᠡᠭᠡᠭᠰᠢᠯᠡᠭᠦᠯᠦᠨ᠎ᠡ᠃ ᠨᠡᠶᠢᠭᠡᠮ ᠤᠨ ᠰᠡᠳᠭᠢᠴᠡ ᠶᠢᠨ ᠥᠢᠯᠡᠴᠢᠯᠡᠭᠡᠨ ᠤ ᠰᠢᠰᠲ᠋ᠧᠮ ᠪᠠ ᠰᠡᠳᠭᠢᠴᠡ ᠶᠢᠨ ᠬᠢᠮᠤᠷᠠᠯ ᠳᠤ ᠭᠠᠷ | ᠲᠦᠷᠦᠭᠦ ᠲᠣᠭᠲᠠᠴᠠ ᠶᠢ ᠪᠦᠷᠢᠨᠰᠢᠭᠦᠯᠵᠦ᠂ ᠪᠡᠶ᠎ᠠ ᠪᠠᠨ ᠬᠦᠨᠳᠦᠳᠭᠡᠵᠦ ᠪᠡᠶ᠎ᠠ ᠪᠠᠨ ᠢᠲᠡᠭᠡᠬᠦ᠂ ᠣᠶᠤᠨᠴᠢ ᠡᠶᠡᠯᠳᠡᠭ᠂ | ᠢᠳᠡᠪᠬᠢ ᠥᠭᠡᠳᠡᠷᠬᠡᠭ ᠨᠡᠶᠢᠭᠡᠮ ᠨᠡᠶᠢᠳᠡ ᠶᠢᠨ ᠰᠠᠨᠠᠭ᠎ᠠ ᠰᠡᠳᠭᠢᠯ ᠤᠨ ᠪᠠᠶᠢᠳᠠᠯ ᠢ ᠪᠤᠶᠢᠵᠢᠭᠤᠯᠤᠨ᠎ᠠ᠃ ᠨᠡᠩ ᠥᠨᠳᠥᠷ | ᠲᠦᠪᠰᠢᠨ ᠪᠥᠬᠦᠢ ᠠᠮᠤᠷ ᠠᠮᠤᠭᠤᠯᠠᠩ ᠳᠤᠮᠳᠠᠳᠤ ᠤᠯᠤᠰ ᠢ ᠪᠥᠳᠥᠭᠡᠨ ᠪᠠᠶᠢᠭᠤᠯᠵᠤ᠂ ᠨᠡᠶᠢᠭᠡᠮ ᠤᠨ ᠠᠮᠤᠷ ᠲᠦᠪᠰᠢᠨ ᠢ | ᠪᠦᠬᠦᠯᠢ ᠴᠣᠭᠴᠠ ᠪᠠᠷ ᠨᠢ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠥ᠂ ᠬᠠᠷ᠎ᠠ ᠬᠠᠷᠭᠢᠰ ᠬᠦᠴᠦᠨ᠂ | ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ | ᠶᠣᠰᠣᠭᠠᠷ ᠴᠢᠩᠭ᠎ᠠ ᠴᠣᠬᠢᠯᠲᠠ ᠥᠭᠴᠦ᠂ ᠠᠷᠠᠳ ᠣᠯᠠᠨ ᠤ ᠠᠮᠤᠷ ᠵᠢᠮᠦᠷ ᠠᠵᠤ ᠲᠦᠷᠦᠭᠦ᠂ ᠨᠡᠶᠢᠭᠡᠮ ᠤᠨ ᠠᠮᠤᠷ | ᠲᠣᠭᠲᠠᠭᠤᠨ ᠡᠮᠬᠢ ᠵᠢᠷᠤᠮ ᠲᠠᠢ ᠪᠠᠶᠢᠬᠤ ᠶᠢ ᠪᠠᠲᠤᠯᠠᠨ᠎ᠠ᠃ | ᠡᠨᠡ ᠵᠢᠯ ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠦᠷᠨᠢᠬᠦᠯᠬᠦ | ᠪᠣᠯᠤᠨ᠎ᠠ᠃ ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠰᠢᠨ᠎ᠡ ᠱᠠᠲᠤ ᠥᠶᠡᠴᠢ | ᠴᠢᠨᠠᠷᠲᠠᠶ ᠣᠨᠴᠠᠯᠢᠭ ᠢ ᠭᠦᠨᠵᠡᠭᠡᠶ ᠵᠠᠳᠠᠯᠵᠤ᠂ ᠬᠥᠭᠵᠢᠯᠲᠡ ᠶᠢᠨ ᠬᠠᠷᠠᠯᠲᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ | ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ᠂ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ | ᠴᠢᠬᠤᠯᠠ ᠶᠡᠭᠡ ᠢᠨᠵᠧᠨᠧᠷᠢᠩ ᠤᠨ ᠲᠥᠰᠥᠯ ᠢ ᠰᠠᠶᠢᠲᠤᠷ ᠤᠬᠠᠭᠠᠯᠠᠨ ᠲᠥᠯᠥᠪᠯᠡᠵᠦ᠂ ᠠᠵᠤ ᠠᠬᠤᠶ ᠨᠡᠶᠢᠭᠡᠮ ᠤᠨ | ᠬᠥᠭᠵᠢᠯᠲᠡ ᠳᠤ ᠦᠵᠡᠭᠦᠯᠬᠦ ᠲᠥᠯᠥᠪᠵᠢᠭᠦᠯᠭᠡ ᠶᠢᠨ ᠬᠥᠲᠥᠯᠥᠨ ᠵᠢᠯᠣᠭᠤᠳᠬᠤ ᠥᠢᠯᠡᠳᠦᠯ ᠢ ᠨᠡᠩ ᠰᠠᠶᠢᠨ ᠪᠠᠳᠠᠷᠠᠭᠤᠯᠬᠤ | ᠬᠡᠷᠡᠭᠳᠡᠢ᠃ | ᠰᠢᠨ᠎ᠡ ᠰᠢᠯᠭᠠᠯᠳᠠ ᠶᠢ ᠠᠷᠭᠠᠴᠠᠵᠥ᠂ ᠰᠢᠨ᠎ᠡ ᠡᠭᠦᠷᠭᠡ ᠶᠢ ᠪᠡᠶᠡᠯᠡᠭᠦᠯᠬᠦ ᠨᠢ ᠵᠠᠰᠠᠭ ᠤᠨ ᠣᠷᠳᠣᠨ ᠤ ᠠᠵᠢᠯ ᠳᠤ ᠨᠡᠩ | ᠥᠨᠳᠥᠷ ᠰᠢᠨ᠎ᠡ ᠱᠠᠭᠠᠷᠳᠠᠯᠭ᠎ᠠ ᠳᠤᠷᠠᠳᠪᠠ᠃ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠵᠠᠰᠠᠭ ᠤᠨ ᠤᠷᠳᠤᠨ ᠤ | ᠠᠵᠢᠯᠲᠠᠨ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠳᠡᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ | ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ | ᠲᠡᠭᠡᠷ᠎ᠠ ᠪᠠᠨ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠠ ᠪᠠᠷ | ᠨᠢᠭᠡᠳᠦᠯᠲᠡᠢ ᠪᠠᠶᠢᠬᠤ ᠬᠡᠷᠡᠭᠲᠡᠢ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ | ᠡᠷᠡᠰ ᠡᠭᠦᠷᠭᠡᠯᠡᠵᠦ᠂ ᠲᠥᠪ ᠬᠤᠷᠢᠶ᠎ᠠ ᠶᠢᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ᠵᠠᠰᠠᠭ ᠤᠨ ᠣᠷᠳᠣᠨ ᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠪᠣᠯᠤᠨ ᠢᠯᠵᠢᠷᠠᠯ ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ ᠦᠭᠡᠢ ᠠᠬᠢᠭᠤᠯᠤᠨ᠎ᠠ᠃ ᠵᠠᠰᠠᠭ ᠤᠨ | ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠭᠥᠢᠴᠡᠳᠭᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠨᠠᠮ ᠤᠨ | ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠥᠨ | ᠪᠤᠳᠠᠳᠠᠶᠢᠵᠢᠭᠤᠯᠬᠤ ᠶᠢ ᠦᠨᠡᠨ ᠬᠦ ᠪᠠᠲᠤᠯᠠᠨ᠎ᠠ᠃ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠦᠨᠳᠦᠰᠦᠨ ᠬᠠᠤᠯᠢ ᠬᠠᠤᠯᠢ | ᠴᠠᠭᠠᠵᠠ ᠶᠢ ᠴᠢᠩᠭ᠎ᠠ ᠵᠢᠷᠤᠮᠯᠠᠨ ᠲᠤᠰᠢᠶᠠᠯ ᠬᠠᠷᠢᠭᠤᠴᠠᠯᠭ᠎ᠠ ᠪᠠᠨ ᠭᠥᠢᠴᠡᠳᠭᠡᠵᠦ᠂ ᠵᠠᠰᠠᠭ ᠤᠨ ᠣᠷᠳᠣᠨ ᠤ ᠪᠠᠶᠢᠭᠤᠯᠤᠮᠵᠢ᠂ | ᠡᠭᠦᠷᠭᠡ ᠴᠢᠳᠠᠪᠤᠷᠢ᠂ ᠡᠷᠬᠡ ᠮᠡᠳᠡᠯ᠂ ᠵᠢᠷᠤᠮ᠂ ᠬᠠᠷᠢᠭᠤᠴᠠᠯᠭ᠎ᠠ ᠶᠢ ᠬᠠᠤᠯᠢ ᠪᠠᠷ ᠲᠣᠭᠲᠠᠭᠠᠬᠤ ᠶᠢ ᠠᠬᠢᠭᠤᠯᠤᠨ᠎ᠠ᠃ ᠠᠳᠠᠯᠢ | ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠎ᠡ | ᠃ ᠬᠢᠨᠠᠨ ᠪᠤᠳᠤᠬᠤ ᠬᠢᠨᠠᠯᠲᠠ ᠶᠢ ᠴᠢᠩᠭᠠᠳᠬᠠᠨ᠎ᠠ᠃ ᠰᠢᠨᠵᠢᠯᠡᠬᠦ ᠤᠬᠠᠭᠠᠨᠴᠢ ᠪᠠᠷ᠂ ᠠᠷᠠᠳᠴᠢᠯᠠᠯ ᠢᠶᠠᠷ᠂ ᠬᠠᠤᠯᠢ ᠶᠣᠰᠣᠭᠠᠷ | ᠪᠤᠳᠤᠯᠭ᠎ᠠ ᠲᠣᠭᠲᠠᠭᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠶᠢ ᠬᠢᠨᠠᠨ ᠪᠠᠶᠢᠴᠠᠭᠠᠬᠤ ᠶᠢ | ᠴᠢᠩᠭᠠᠳᠬᠠᠵᠤ᠂ ᠴᠢᠬᠤᠯᠠ ᠶᠡᠭᠡ ᠰᠢᠢᠳᠪᠦᠷᠢᠲᠦ ᠪᠤᠳᠤᠯᠭ᠎ᠠ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ | ᠶᠣᠰᠣᠴᠢ ᠴᠢᠨᠠᠷ ᠤᠨ ᠬᠢᠨᠠᠨ ᠪᠠᠶᠢᠴᠠᠭᠠᠯᠳᠠ ᠶᠢ ᠴᠢᠩᠭᠠᠳᠬᠠᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ | ᠭᠦᠨᠵᠡᠭᠡᠶᠢᠷᠡᠭᠦᠯᠦᠨ᠎ᠡ᠃ ᠬᠠᠤᠯᠢ ᠶᠢ ᠴᠢᠩᠭ᠎ᠠ ᠵᠢᠷᠤᠮᠵᠢᠭᠤᠨ ᠭᠤᠥᠯᠴᠢ ᠪᠣᠯᠪᠠᠰᠤᠨ ᠢᠶᠠᠷ ᠬᠡᠷᠡᠭᠵᠢᠭᠦᠯᠬᠦ ᠶᠢ ᠠᠬᠢᠭᠤᠯᠵᠤ᠂ | ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠤᠯᠠᠨ | ᠲᠦᠮᠡᠨ ᠤ ᠠᠰᠢᠭ ᠲᠤᠰᠠ ᠶᠢ ᠬᠠᠮᠠᠭᠠᠯᠠᠬᠤ ᠲᠦᠷᠢᠮ ᠲᠣᠭᠲᠠᠴᠠ ᠶᠢ ᠪᠦᠷᠢᠨᠰᠢᠭᠦᠯᠦᠨ᠎ᠡ᠃ ᠠᠵᠢᠯᠴᠢᠨ ᠤ ᠡᠪᠯᠡᠯ᠂ ᠡᠪ | ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠤᠯᠠᠨ ᠲᠦᠮᠡᠨ ᠤ ᠡᠪᠯᠡᠯ | ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠥᠢᠯᠡᠳᠦᠯ ᠢᠶᠠᠨ ᠨᠡᠩ ᠰᠠᠶᠢᠨ ᠪᠠᠳᠠᠷᠠᠭᠤᠯᠬᠤ ᠶᠢ ᠳᠡᠮᠵᠢᠨ᠎ᠡ᠃ ᠵᠠᠰᠠᠭ ᠤᠨ | ᠣᠷᠳᠣᠨ ᠤ ᠠᠵᠢᠯᠲᠠᠳ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠭᠡᠵᠦ᠂ ᠠᠷᠢᠭᠤᠨ ᠴᠢᠬᠡᠴᠢ ᠪᠠᠷ ᠨᠡᠶᠢᠲᠡ ᠶᠢᠨ | ᠲᠥᠯᠥᠭᠡ ᠵᠢᠳᠬᠦᠵᠦ᠂ ᠬᠠᠤᠯᠢ ᠪᠠᠷ ᠵᠠᠰᠠᠬᠤ ᠶᠢ ᠴᠢᠩᠭ᠎ᠠ ᠬᠡᠷᠡᠭᠵᠢᠭᠦᠯᠵᠦ᠂ ᠬᠠᠤᠯᠢ ᠶᠣᠰᠣᠭᠠᠷ ᠠᠵᠢᠯᠯᠠᠨ᠂ ᠨᠠᠮ ᠪᠠ | ᠠᠷᠠᠳ ᠲᠦᠮᠡᠨ ᠠᠴᠠ ᠣᠯᠭᠤᠭᠰᠠᠨ ᠡᠷᠬᠡ ᠶᠢ ᠢᠮᠠᠭᠲᠠ ᠠᠷᠠᠳ ᠲᠦᠮᠡᠨ ᠳᠤ ᠵᠣᠯ ᠵᠢᠷᠭᠠᠯ ᠣᠯᠭᠤᠬᠤ ᠳᠤ ᠬᠡᠷᠡᠭᠯᠡᠬᠦ ᠶᠢ | ᠦᠨᠡᠨ ᠬᠦ ᠪᠠᠲᠤᠯᠠᠬᠤ ᠬᠡᠷᠡᠭᠳᠡᠢ᠃ | ᠵᠠᠰᠠᠭ ᠶᠠᠪᠤᠭᠤᠯᠬᠤ ᠥᠢᠯᠡᠳᠥᠯ ᠴᠢᠳᠠᠪᠤᠷᠢ ᠪᠠ ᠬᠢᠷᠢ ᠬᠡᠮᠵᠢᠶ᠎ᠠ ᠪᠠᠨ ᠳᠡᠭᠡᠭᠰᠢᠯᠡᠭᠦᠯᠦᠨ᠎ᠡ᠃ ᠦᠨᠡᠨ ᠢ ᠪᠠᠷᠢᠮᠲᠠᠯᠠᠨ | ᠪᠣᠳᠠᠲᠠᠶ ᠶᠢ ᠡᠷᠬᠢᠮᠯᠡᠬᠦ᠂ ᠪᠣᠳᠠᠳᠡᠢ ᠠᠴᠠ ᠡᠭᠦᠰᠴᠥ ᠠᠰᠠᠭᠤᠳᠠᠯ ᠢ ᠰᠢᠢᠳᠪᠦᠷᠢᠯᠡᠬᠦ ᠶᠢ ᠪᠠᠷᠢᠮᠳᠠᠯᠡᠨᠠ᠃ ᠨᠠᠮ ᠤᠨ ᠲᠥᠪ | ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠰ ᠪᠡᠶ᠎ᠠ ᠶᠢᠨ ᠪᠣᠳᠠᠲᠤ ᠪᠠᠶᠢᠳᠠᠯ ᠲᠠᠢ | ᠤᠶᠠᠯᠳᠤᠭᠤᠯᠬᠤ ᠳᠠᠭᠠᠨ ᠴᠢᠳᠠᠮᠠᠭᠠᠶ ᠪᠠᠶᠢᠵᠤ᠂ ᠬᠥᠳᠥᠯᠥᠮᠵᠢ ᠶᠢᠨ ᠴᠢᠨᠠᠷ᠂ ᠬᠥᠰᠢᠵᠦ ᠬᠥᠳᠡᠯᠭᠡᠬᠦ ᠴᠢᠨᠠᠷ ᠢᠶᠠᠷ ᠴᠢᠩᠭ᠎ᠠ | ᠠᠵᠢᠯ ᠤᠨ ᠭᠠᠷᠳᠠᠴᠠ ᠪᠠ ᠠᠴᠢᠶᠠᠯᠠᠪᠤᠷᠢ ᠶᠢ ᠤᠬᠠᠭᠠᠯᠠᠨ ᠲᠥᠯᠥᠪᠯᠡᠵᠥ᠂ ᠪᠦᠲᠦᠭᠡᠯᠴᠢ ᠴᠢᠨᠠᠷᠲᠠᠶ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠳ᠋ᠢᠵᠢᠲ᠋ᠠᠯ ᠵᠠᠰᠠᠭ ᠤᠨ ᠣᠷᠳᠣᠨ ᠤ ᠪᠠᠶᠢᠭᠤᠯᠤᠯᠲᠠ ᠶᠢ | ᠲᠦᠷᠭᠡᠳᠭᠡᠵᠦ᠂ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠬᠦ︾ ᠭᠤᠥᠯᠳᠠᠯᠭ᠎ᠠ ᠲᠠᠢ ᠵᠥᠢᠯᠡᠰ ᠤᠨ | ᠲᠤᠳᠤᠷᠬᠠᠢ ᠬᠠᠭᠤᠳᠠᠰᠤ ᠶᠢᠨ ᠬᠠᠮᠢᠶᠠᠷᠤᠯᠲᠠ ᠪᠠ ᠪᠠᠶᠢᠩᠭᠤᠵᠢᠭᠤᠯᠤᠨ ᠠᠬᠢᠭᠤᠯᠬᠤ ᠲᠣᠭᠲᠠᠴᠠ ᠶᠢ ᠪᠦᠷᠢᠨᠰᠢᠬᠦᠯᠵᠦ᠂ ᠪᠥᠬᠦ | ᠤᠯᠤᠰ ᠢ ᠬᠠᠮᠤᠷᠤᠭᠰᠠᠨ ᠨᠢᠭᠡ ᠴᠣᠭᠴᠠᠵᠢᠭᠰᠠᠨ ᠰᠥᠯᠵᠢᠶᠡᠨ ᠲᠡᠭᠡᠷᠡᠬᠢ ᠵᠠᠰᠠᠭ ᠤᠨ ᠶᠠᠪᠤᠳᠠᠯ ᠤᠨ ᠥᠢᠯᠡᠴᠢᠯᠡᠭᠡᠨ ᠤ | ᠲᠠᠪᠴᠠᠩ ᠢ ᠲᠡᠭᠦᠯᠳᠡᠷᠵᠢᠭᠦᠯᠦᠨ᠎ᠡ᠃ ᠵᠥᠪ ᠴᠢᠭᠯᠡᠯ ᠢᠶᠠᠷ ᠤᠷᠮᠠᠰᠢᠭᠤᠯᠤᠨ ᠵᠤᠷᠢᠬᠵᠢᠭᠤᠯᠬᠤ ᠶᠢ ᠴᠢᠩᠭᠠᠳᠬᠠᠵᠤ᠂ ᠬᠢᠨᠠᠨ | ᠰᠢᠯᠭᠠᠵᠤ ᠦᠨᠡᠯᠡᠬᠦ ᠰᠢᠰᠲ᠋ᠧᠮ ᠢ ᠲᠡᠭᠦᠯᠳᠡᠷᠵᠢᠭᠦᠯᠥᠨ᠂ ᠬᠡᠯᠪᠡᠷᠢ ᠶᠢᠨ ᠦᠵᠡᠯ ᠢ ᠦᠷᠭᠦᠯᠵᠢᠯᠡᠨ ᠴᠡᠭᠴᠡᠯᠡᠨ ᠵᠠᠰᠠᠵᠤ | ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠥᠨ᠂ ᠦᠨᠳᠦᠰᠦᠨ ᠱᠠᠲᠤᠨ ᠳᠤ ᠬᠠᠨᠳᠤᠭᠤᠯᠤᠭᠰᠠᠨ ᠣᠯᠠᠨ | ᠲᠠᠯ᠎ᠠ ᠠᠴᠠ ᠲᠠᠪᠬᠤᠷᠳᠠᠭᠤᠯᠤᠨ ᠬᠢᠬᠦ᠂ ᠭᠥᠢᠴᠡᠳᠭᠡᠯ ᠲᠤᠭ᠎ᠠ ᠨᠢ ᠠᠷᠰᠠᠷ ᠵᠢᠵᠢᠭ ᠰᠠᠵᠢᠭ᠂ ᠠᠷᠭ᠎ᠠ ᠮᠠᠶ᠋ᠢᠭ ᠨᠢ ᠶᠠᠷᠰᠢᠭ | ᠲᠦᠪᠡᠭᠲᠡᠶ ᠬᠢᠨᠠᠨ ᠪᠠᠶᠢᠴᠠᠭᠠᠯᠳᠠ᠂ ᠪᠠᠶᠢᠴᠠᠭᠠᠯᠳᠠ ᠪᠠ ᠬᠢᠨᠠᠨ ᠰᠢᠯᠭᠠᠯᠳᠠ ᠶᠢ ᠦᠨᠡᠨ ᠬᠦ ᠪᠠᠭᠠᠰᠬᠠᠵᠣ᠂ ᠥᠷᠭᠡᠨ ᠤᠯᠠᠨ | ᠺᠠᠳ᠋ᠷᠴᠤᠳ ᠢ ᠨᠡᠩ ᠤᠯᠠᠨ ᠴᠠᠭ ᠪᠠ ᠤᠶᠤᠨ ᠴᠢᠳᠠᠯ ᠢᠶᠠᠨ ᠪᠣᠳᠠᠲᠠᠶ ᠠᠵᠢᠯ ᠬᠢᠬᠦ ᠳᠡᠭᠡᠷ᠎ᠡ ᠬᠡᠷᠡᠭᠯᠡᠬᠦ ᠪᠤᠯᠭᠠᠨ᠎ᠠ᠃ ᠡᠯ᠎ᠡ | ᠱᠠᠲᠤᠨ ᠤ ᠵᠠᠰᠠᠭ ᠤᠨ ᠣᠷᠳᠣᠨ ᠤ ᠠᠵᠢᠯᠲᠠᠳ ᠴᠢᠷᠮᠠᠶᠢᠨ ᠠᠵᠢᠯᠯᠠᠬᠤ ᠶᠢ ᠲᠡᠷᠢᠭᠦᠨ ᠳᠤ ᠲᠠᠯᠪᠢᠬᠤ᠂ ᠯᠠᠪᠳᠠᠭᠤᠨ ᠪᠠᠲᠤᠲᠠᠢ | ᠠᠵᠢᠯᠯᠠᠬᠤ ᠶᠢ ᠪᠠᠷᠢᠮᠲᠠᠯᠠᠵᠤ᠂ ᠲᠡᠦᠬᠡ ᠪᠠ ᠠᠷᠠᠳ ᠲᠦᠮᠡᠨ ᠤ ᠰᠢᠯᠭᠠᠯᠲᠠ ᠶᠢ ᠳᠠᠭᠠᠭᠠᠵᠤ ᠴᠢᠳᠠᠬᠤ ᠨᠡᠩ ᠤᠯᠠᠨ | ᠬᠥᠭᠵᠢᠯᠲᠡ ᠶᠢᠨ ᠠᠮᠵᠢᠯᠲᠠ ᠪᠦᠲᠦᠮᠵᠢ ᠶᠢ ᠡᠭᠦᠳᠬᠦ ᠬᠡᠷᠡᠭᠲᠡᠢ᠃ | ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ | ᠰᠢᠵᠢᠮ ᠪᠣᠯᠭᠠᠨ᠂ ᠳᠣᠮᠳᠠᠳᠣ ᠶᠢᠨ ᠦᠨᠳᠦᠰᠦᠳᠡᠨ ᠤ ᠬᠠᠮᠳᠣ ᠶᠢᠨ ᠴᠣᠭᠴᠠ ᠶᠢᠨ ᠪᠠᠶᠢᠭᠤᠯᠣᠯᠳᠠ ᠶᠢ ᠠᠬᠢᠭᠤᠯᠵᠣ᠂ | ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠥᠢᠯᠡᠰ ᠢ ᠲᠠᠰᠤᠷᠠᠯᠲᠠ ᠦᠭᠡᠢ ᠠᠬᠢᠭᠤᠯᠥᠨ᠂ ᠦᠨᠳᠦᠰᠦᠲᠡᠨ ᠤ ᠭᠠᠵᠠᠷ ᠣᠷᠣᠨ ᠤ | ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠭᠡᠬᠦ ᠬᠡᠷᠡᠭᠳᠡᠢ᠃ ᠨᠠᠮ ᠤᠨ ᠱᠠᠰᠢᠨ | ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠠᠷᠢᠮᠲᠠᠯᠠᠵᠤ᠂ ᠮᠠᠨ ᠤ ᠤᠯᠤᠰ ᠤᠨ ᠱᠠᠰᠢᠨ ᠰᠤᠷᠲᠠᠬᠤᠨ ᠤ | ᠳᠤᠮᠳᠠᠳᠤ ᠤᠯᠤᠰᠴᠢᠯᠠᠯᠳᠠ ᠶᠢ ᠰᠢᠰᠲ᠋ᠧᠮ ᠲᠠᠢ ᠠᠬᠢᠭᠤᠯᠵᠤ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠵᠠᠰᠠᠯᠲᠠ ᠶᠢ | ᠬᠠᠤᠯᠢ ᠪᠠᠷ ᠵᠠᠰᠠᠬᠤ ᠶᠢ ᠴᠢᠩᠭᠠᠳᠬᠠᠨ᠎ᠠ᠃ ᠬᠠᠷᠢᠶᠠᠲᠤ ᠨᠠᠷ ᠤᠨ ᠶᠠᠪᠤᠳᠠᠯ ᠤᠨ ᠠᠵᠢᠯ ᠤᠨ ᠲᠣᠭᠲᠠᠴᠠ ᠶᠢ | ᠲᠡᠭᠦᠯᠳᠡᠷᠵᠢᠭᠦᠯᠵᠦ᠂ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠥ ᠨᠡᠷ ᠪᠤᠯᠤᠨ ᠤᠯᠤᠰ ᠲᠠᠭᠠᠨ ᠪᠤᠴᠠᠵᠤ ᠢᠷᠡᠭᠰᠡᠨ | ᠬᠠᠷᠢᠶᠠᠲᠤ ᠨᠠᠷ ᠵᠢᠴᠢ ᠬᠠᠷᠢᠶᠠᠲᠤ ᠨᠠᠷ ᠤᠨ ᠭᠡᠷ ᠪᠦᠯᠢ ᠶᠢᠨ ᠬᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ | ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠭᠡᠷᠡᠯ ᠰᠠᠴᠤᠷᠠᠩᠭᠤᠶ ᠥᠢᠯᠡᠰ ᠢ | ᠬᠠᠮᠲᠤ ᠪᠠᠷ ᠴᠤᠭᠴᠠᠯᠠᠬᠤ ᠬᠦᠴᠦᠷᠬᠡᠭ ᠶᠡᠭᠡ ᠬᠦᠴᠦᠨ ᠴᠢᠳᠠᠯ ᠢ ᠨᠢᠭᠲᠠᠷᠠᠭᠤᠯᠤᠨ᠎ᠠ᠃ | ᠥᠩᠭᠡᠷᠡᠭᠰᠡᠨ ᠨᠢᠭᠡ ᠵᠢᠯ ᠳᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠪᠦᠳᠦᠭᠡᠨ | ᠪᠠᠶᠢᠭᠤᠯᠤᠯᠲᠠ ᠴᠢᠬᠤᠯᠠ ᠰᠢᠨ᠎ᠡ ᠠᠬᠢᠯᠳᠠ ᠲᠠᠢ ᠪᠣᠯᠪᠠ᠃ ᠰᠢᠨ᠎ᠡ ᠨᠢᠭᠡ ᠵᠢᠯ ᠳᠤ᠂ ᠪᠢᠳᠡ ᠰᠢ ᠶᠢᠨ ᠫᠢᠩ ᠤᠨ ᠴᠡᠷᠢᠭ ᠢ | ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠰᠢᠨ᠎ᠡ ᠴᠠᠭ ᠥᠶ᠎ᠡ ᠶᠢᠨ ᠴᠡᠷᠢᠭ ᠤᠨ | ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠥᠨ᠂ ᠠᠷᠠᠳ ᠤᠨ ᠴᠡᠷᠢᠭ ᠠᠩᠭᠢ ᠳᠠᠬᠢ ᠨᠠᠮ ᠤᠨ | ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠵᠤ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ | ᠬᠠᠷᠢᠭᠤᠴᠠᠬᠤ ᠲᠦᠷᠢᠮ ᠢ ᠪᠦᠬᠦ ᠲᠠᠯ᠎ᠠ ᠪᠠᠷ ᠭᠦᠨᠵᠡᠭᠡᠢ ᠲᠤᠭᠤᠰᠢᠯᠠᠭᠤᠯᠵᠤ᠂ ᠤᠯᠤᠰ ᠲᠦᠷᠦ ᠶᠢᠨ ᠴᠡᠭᠴᠡᠯᠡᠯᠳᠡ | ᠪᠤᠯᠪᠠᠰᠤᠷᠠᠭᠤᠯᠤᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠯ ᠤᠨ | ᠬᠠᠷᠠᠯᠲᠠ ᠶᠢ ᠪᠡᠶᠡᠯᠡᠭᠦᠯᠬᠦ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠢ ᠪᠦᠬᠦ ᠬᠦᠴᠦᠨ ᠢᠶᠠᠷ ᠰᠠᠶᠢᠲᠤᠷ ᠬᠢᠬᠦ ᠬᠡᠷᠡᠭᠳᠡᠢ᠃ | ᠴᠡᠷᠢᠭ ᠪᠣᠯᠪᠠᠰᠤᠷᠠᠭᠤᠯᠵᠤ ᠳᠠᠶᠢᠨ ᠳᠤ ᠪᠡᠯᠡᠳᠭᠡᠬᠦ ᠶᠢ ᠭᠦᠨᠵᠡᠭᠡᠶᠢᠷᠡᠭᠦᠯᠦᠨ ᠠᠬᠢᠭᠤᠯᠵᠤ᠂ ᠰᠢᠨ᠎ᠡ ᠴᠢᠨᠠᠷ ᠤᠨ ᠲᠠᠶᠢᠴᠢᠨ | ᠬᠦᠴᠦᠨ ᠢ ᠲᠦᠷᠭᠡᠯᠡᠨ ᠬᠥᠭᠵᠢᠭᠦᠯᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠤᠳᠤ ᠥᠶ᠎ᠡ ᠶᠢᠨ ᠴᠡᠷᠢᠭ ᠤᠨ | ᠶᠠᠪᠤᠳᠠᠯ ᠤᠨ ᠤᠨᠤᠯ ᠤᠨ ᠰᠢᠰᠲ᠋ᠧᠮ ᠢ ᠪᠠᠶᠢᠭᠤᠯᠵᠥ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ | ᠠᠰᠢᠭ ᠲᠤᠰᠠ ᠶᠢ ᠡᠷᠡᠰ ᠬᠠᠮᠠᠭᠠᠯᠠᠨ᠎ᠠ᠃ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢᠨ ᠠᠷᠪᠠᠨ ᠳᠥᠷᠪᠡᠳᠦᠭᠡᠷ | ᠲᠠᠪᠤᠨ ᠵᠢᠯ ᠤᠨ ᠲᠥᠯᠥᠪᠵᠢᠭᠦᠯᠬᠡ ᠶᠢᠨ ᠠᠵᠢᠯ ᠢ ᠲᠠᠭᠤᠰᠬᠠᠬᠤ ᠶᠢ ᠰᠠᠶᠢᠲᠤᠷ ᠠᠳᠬᠤᠵᠤ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠬᠥᠭᠵᠢᠯᠲᠡ ᠶᠢᠨ ᠴᠢᠬᠤᠯᠠ ᠶᠡᠭᠡ ᠢᠨᠵᠧᠨᠧᠷᠢᠩ ᠢ ᠱᠠᠯᠠᠪᠳᠠᠨ ᠬᠡᠷᠡᠭᠵᠢᠭᠦᠯᠵᠦ᠂ ᠰᠦᠯᠵᠢᠶᠡᠨ ᠤ ᠮᠡᠳᠡᠭᠡ | ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠯᠡᠨ ᠠᠬᠢᠭᠤᠯᠤᠨ᠎ᠠ᠃ ᠴᠡᠷᠢᠭ ᠠᠩᠭᠢ ᠪᠠ ᠣᠷᠣᠨ ᠨᠤᠲᠤᠭ | ᠠᠯᠤᠰᠯᠠᠭᠰᠠᠨ ᠥᠭᠡᠷᠡᠴᠢᠯᠡᠯᠲᠡ ᠶᠢ ᠬᠦᠴᠦ ᠬᠠᠮᠲᠤᠳᠬᠠᠨ ᠠᠬᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠥᠢᠯᠡᠳᠪᠦᠷᠢ ᠶᠢᠨ ᠰᠢᠰᠲ᠋ᠧᠮ ᠪᠠ ᠪᠠᠶᠢᠷᠢᠯᠠᠭᠤᠯᠤᠯᠳᠠ ᠶᠢ | ᠰᠢᠯᠢᠳᠡᠭᠵᠢᠭᠦᠯᠵᠦ᠂ ᠤᠯᠤᠰ ᠤᠨ ᠨᠢᠭᠡ ᠴᠣᠭᠴᠠᠵᠢᠭᠰᠠᠨ ᠪᠠᠶᠢᠯᠳᠤᠬᠤ ᠪᠤᠳᠤᠯᠭ᠎ᠠ ᠶᠢᠨ ᠰᠢᠰᠲ᠋ᠧᠮ ᠪᠠ ᠴᠢᠳᠠᠪᠤᠷᠢ ᠶᠢᠨ | ᠪᠠᠶᠢᠭᠤᠯᠤᠯᠲᠠ ᠶᠢᠨ ᠠᠵᠢᠯ ᠤᠨ ᠲᠣᠭᠲᠠᠴᠠ ᠶᠢ ᠪᠦᠷᠢᠨᠰᠢᠭᠦᠯᠦᠨ᠎ᠡ᠃ ᠣᠯᠣᠰ ᠤᠨ ᠪᠠᠳᠣᠯᠠᠨ ᠬᠠᠮᠠᠭᠠᠯᠠᠯᠳᠠ ᠶᠢᠨ ᠬᠦᠮᠦᠵᠢᠯ᠂ | ᠣᠯᠣᠰ ᠤᠨ ᠪᠠᠳᠣᠯᠠᠨ ᠬᠠᠮᠠᠭᠠᠯᠠᠯᠳᠠ ᠶᠢᠨ ᠳᠠᠶᠢᠴᠢᠯᠠᠯᠳᠠ ᠪᠣᠯᠣᠨ ᠪᠡᠯᠡᠳᠭᠡᠯ ᠬᠦᠴᠦᠨ ᠤ ᠪᠠᠶᠢᠭᠤᠯᠣᠯᠳᠠ ᠶᠢ | ᠴᠢᠩᠭᠠᠳᠬᠠᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ | ᠠᠩᠭᠢ ᠶᠢᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠳᠠᠮᠵᠢᠵᠤ᠂ ᠬᠤᠶᠠᠷ ᠢ ᠬᠦᠷᠢᠶᠡᠯᠡᠬᠦ ᠠᠵᠢᠯ ᠤᠨ ᠲᠣᠭᠲᠠᠴᠠ ᠶᠢ | ᠲᠡᠭᠦᠯᠳᠡᠷᠵᠢᠭᠦᠯᠥᠨ᠂ ᠴᠡᠷᠢᠭ ᠵᠠᠰᠠᠭ ᠴᠡᠷᠢᠭ ᠠᠷᠠᠳ ᠤᠨ ᠬᠠᠳᠠᠡ ᠪᠠᠲᠤ ᠪᠦᠯᠬᠦᠮᠳᠡᠯ ᠢ ᠪᠠᠬᠢᠵᠢᠭᠦᠯᠦᠨ ᠬᠥᠭᠵᠢᠭᠦᠯᠬᠦ | ᠬᠡᠷᠡᠭᠲᠡᠶ᠃ | ᠪᠢᠳᠡ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ᠰᠢᠶᠠᠩᠭᠠᠩ ᠤᠨ ᠬᠥᠮᠦᠨ ᠢᠶᠠᠷ | ᠰᠢᠶᠠᠩᠭᠠᠩ ᠢ ᠵᠠᠰᠠᠭᠤᠯᠬᠤ︾᠂ ︽ᠣᠣᠮᠧᠨ ᠤ ᠬᠥᠮᠦᠨ ᠢᠶᠠᠷ ᠣᠣᠮᠧᠨ ᠢ ᠵᠠᠰᠠᠭᠤᠯᠬᠤ︾᠂ ᠳᠡᠭᠡᠳᠦ ᠬᠡᠮᠵᠢᠶ᠎ᠡ ᠪᠠᠷ | ᠥᠪᠡᠷᠲᠡᠭᠡᠨ ᠵᠠᠰᠠᠬᠤ ᠴᠢᠭᠯᠡᠯᠲᠡ ᠶᠢ ᠪᠦᠬᠦ ᠲᠠᠯ᠎ᠠ ᠪᠠᠷ ᠣᠨᠣᠪᠴᠢᠲᠠᠶ᠂ ᠡᠷᠡᠰ ᠭᠤᠶᠢᠪᠢᠰᠢ ᠦᠭᠡᠢ ᠪᠠᠷ ᠲᠤᠭᠤᠰᠢᠯᠠᠭᠤᠯᠵᠥ᠂ | ᠦᠨᠳᠦᠰᠦᠨ ᠬᠠᠤᠯᠢ ᠪᠠ ᠭᠤᠤᠯ ᠬᠠᠤᠯᠢ ᠳᠤ ᠲᠣᠭᠲᠠᠭᠠᠭᠰᠠᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠦᠨᠳᠦᠰᠦᠨ | ᠬᠠᠥᠯᠢᠳᠥ ᠡᠮᠬᠢ ᠵᠢᠷᠤᠮ ᠢ ᠬᠠᠮᠠᠭᠠᠯᠠᠵᠤ᠂ ︽ᠡᠭᠡ ᠣᠷᠣᠨᠴᠢ ᠬᠥᠮᠦᠰ ᠢᠶᠠᠷ ᠰᠢᠶᠠᠩᠭᠠᠩ ᠢ ᠵᠠᠰᠠᠭᠤᠯᠬᠤ︾᠂ ︽ᠡᠭᠡ | ᠣᠷᠣᠨᠴᠢ ᠬᠥᠮᠦᠰ ᠢᠶᠠᠷ ᠣᠣᠮᠧᠨ ᠢ ᠵᠠᠰᠠᠭᠤᠯᠬᠤ︾ ᠵᠠᠷᠴᠢᠮ ᠢ ᠨᠠᠶᠢᠳᠠᠪᠤᠷᠢᠵᠢᠭᠤᠯᠬᠤ ᠬᠡᠷᠡᠭᠳᠡᠢ᠃ ᠰᠢᠶᠠᠩᠭᠠᠩ᠂ | ᠣᠣᠮᠧᠨ ᠤ ᠠᠵᠤ ᠠᠬᠤᠶ ᠪᠠᠨ ᠬᠥᠭᠵᠢᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠣᠯᠠᠨ ᠤᠯᠤᠰ ᠯᠤᠭ᠎ᠠ ᠶᠢᠨ | ᠶᠠᠪᠤᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ᠂ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠨᠡᠩ ᠰᠠᠶᠢᠨ | ᠠᠭᠤᠰᠤᠨ ᠤᠷᠤᠬᠤ ᠶᠢ ᠳᠡᠮᠵᠢᠵᠦ᠂ ᠰᠢᠶᠠᠩᠭᠠᠩ᠂ ᠣᠣᠮᠧᠨ ᠤ ᠤᠷᠳᠤ ᠬᠤᠭᠤᠴᠠᠭᠠᠨ ᠤ ᠴᠡᠴᠡᠭᠯᠡᠯ ᠬᠥᠭᠵᠢᠯ ᠪᠠ | ᠲᠣᠭᠲᠠᠭᠤᠨ ᠪᠠᠶᠢᠳᠠᠯ ᠢ ᠪᠠᠲᠤᠯᠠᠨ᠎ᠠ᠃ | ᠪᠢᠳᠡ ᠰᠢᠨ᠎ᠡ ᠴᠠᠭ ᠥᠶ᠎ᠡ ᠶᠢᠨ ᠨᠠᠮ ᠤᠨ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠶ ᠠᠷᠭ᠎ᠠ ᠪᠣᠳᠣᠯᠭ᠎ᠠ ᠶᠢ | ᠪᠠᠷᠢᠮᠲᠠᠯᠠᠨ ᠲᠤᠭᠤᠰᠢᠯᠠᠭᠤᠯᠵᠥ᠂ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠠ ︽ᠶᠡᠷᠡᠨ ᠬᠤᠶᠠᠷ ᠣᠨ ᠤ | ᠬᠠᠮᠲᠤ ᠶᠢᠨ ᠲᠠᠨᠢᠯᠲᠠ︾ ᠶᠢ ᠪᠠᠷᠢᠮᠲᠠᠯᠠᠵᠤ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠠᠭᠤᠯᠬᠤ ᠠᠵᠢᠯᠯᠠᠭ᠎ᠠ | ᠪᠠ ᠭᠠᠳᠠᠭᠠᠳᠤ ᠶᠢᠨ ᠬᠦᠴᠦᠨ ᠤ ᠭᠠᠷ ᠲᠦᠷᠥᠯᠳᠡ ᠶᠢ ᠡᠷᠡᠰ ᠡᠰᠡᠷᠭᠦᠴᠡᠵᠥ᠂ ᠲᠠᠶᠢᠸᠠᠨ ᠬᠤᠭᠤᠯᠠᠶ ᠶᠢᠨ ᠬᠤᠶᠠᠷ | ᠲᠠᠯ᠎ᠠ ᠶᠢᠨ ᠬᠠᠷᠢᠴᠠᠭᠠᠨ ᠤ ᠨᠠᠶᠢᠷᠠᠮᠳᠠᠯ ᠢᠶᠠᠷ ᠬᠥᠭᠵᠢᠬᠦ ᠶᠢ ᠠᠬᠢᠭᠤᠯᠬᠤ ᠬᠡᠷᠡᠭᠳᠡᠢ᠃ ᠲᠠᠶᠢᠸᠠᠨ ᠬᠤᠭᠤᠯᠠᠶ ᠶᠢᠨ ᠬᠤᠶᠠᠷ | ᠲᠠᠯ᠎ᠠ ᠶᠢᠨ ᠠᠵᠤ ᠠᠬᠤᠶ ᠰᠣᠶᠣᠯ ᠤᠨ ᠰᠣᠯᠢᠯᠴᠠᠭ᠎ᠠ ᠬᠠᠮᠳᠤᠷᠠᠯᠴᠠᠭ᠎ᠠ ᠶᠢ ᠠᠬᠢᠭᠤᠯᠬᠤ ᠳᠦᠷᠢᠮ ᠪᠠ ᠲᠥᠷᠥ ᠶᠢᠨ | ᠪᠣᠳᠣᠯᠭ᠎ᠠ ᠶᠢ ᠲᠡᠭᠦᠯᠳᠡᠷᠵᠢᠭᠦᠯᠵᠦ᠂ ᠲᠠᠶᠢᠸᠠᠨ ᠬᠤᠭᠤᠯᠠᠶ ᠶᠢᠨ ᠬᠤᠶᠠᠷ ᠲᠠᠯ᠎ᠠ ᠶᠢᠨ ᠠᠭᠤᠰᠤᠯᠴᠠᠨ ᠬᠥᠭᠵᠢᠬᠦ ᠶᠢ | ᠭᠦᠨᠵᠡᠭᠡᠶᠢᠷᠡᠭᠦᠯᠵᠥ᠂ ᠲᠠᠶᠢᠸᠠᠨ ᠬᠤᠭᠤᠯᠠᠶ ᠶᠢᠨ ᠬᠤᠶᠠᠷ ᠲᠠᠯ᠎ᠠ ᠶᠢᠨ ᠠᠬ᠎ᠠ ᠳᠡᠭᠦᠥ ᠨᠡᠷ ᠤᠨ ᠠᠵᠠ ᠵᠢᠷᠭᠠᠯ ᠢ ᠨᠡᠮᠡᠭᠳᠡᠭᠦᠯᠥᠨ | ᠡᠭᠡ ᠤᠯᠤᠰ ᠢᠶᠠᠨ ᠨᠢᠭᠡᠳᠭᠡᠬᠦ ᠶᠡᠭᠡ ᠥᠢᠯᠡᠰ ᠢ ᠡᠷᠡᠰ ᠭᠤᠶᠢᠪᠢᠰᠢ ᠠᠬᠢᠭᠤᠯᠵᠥ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠥ ᠥᠢᠯᠡᠰ ᠢ ᠭᠠᠷ ᠬᠤᠯᠪᠣᠯᠴᠠᠨ ᠬᠠᠮᠲᠤ ᠪᠠᠷ ᠴᠣᠭᠴᠠᠯᠠᠨ᠎ᠠ᠃ | ᠪᠢᠳᠡ ᠪᠡᠶ᠎ᠡ ᠪᠠᠨ ᠳᠠᠭᠠᠭᠠᠵᠤ ᠡᠵᠡᠨ ᠮᠡᠳᠡᠬᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠥᠷᠥ ᠶᠢᠨ ᠪᠣᠳᠣᠯᠭ᠎ᠠ ᠶᠢ | ᠪᠠᠷᠢᠮᠲᠠᠯᠠᠵᠤ᠂ ᠡᠩᠭᠡ ᠲᠠᠶᠢᠪᠤᠩ ᠬᠥᠭᠵᠢᠯᠳᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠬᠠᠷᠢᠯᠴᠠᠨ ᠠᠰᠢᠭᠲᠠᠢ | ᠬᠠᠮᠲᠤ ᠪᠠᠷ ᠠᠰᠢᠭ ᠬᠦᠷᠲᠡᠬᠦ ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠡᠵᠡᠷᠬᠡᠬᠦ ᠦᠵᠡᠯ ᠪᠠ | ᠬᠦᠴᠦᠷᠬᠡᠭᠯᠡᠯ ᠤᠨ ᠤᠯᠤᠰ ᠲᠥᠷᠥ ᠶᠢ ᠡᠰᠡᠷᠭᠦᠴᠡᠵᠦ᠂ ᠠᠯᠢᠪᠠ ᠬᠡᠯᠪᠡᠷᠢ ᠶᠢᠨ ᠭᠠᠭᠴᠠ ᠲᠠᠯᠠᠲᠤ ᠦᠵᠡᠯ᠂ ᠬᠠᠮᠠᠭᠠᠯᠠᠬᠤ | ᠦᠵᠡᠯ ᠢ ᠡᠰᠡᠷᠭᠦᠴᠡᠵᠦ᠂ ᠤᠯᠠᠨ ᠤᠯᠤᠰ ᠤᠨ ᠲᠥᠪ ᠭᠤᠥᠯᠴᠢ ᠰᠢᠳᠤᠷᠭᠤ ᠶᠣᠰᠣ ᠶᠢ ᠬᠠᠮᠠᠭᠠᠯᠠᠬᠤ ᠬᠡᠷᠡᠭᠳᠡᠢ᠃ ᠳᠤᠮᠳᠠᠳᠤ | ᠤᠯᠤᠰ ᠳᠤᠷᠠᠲᠠᠶ᠎ᠠ ᠳᠡᠯᠡᠬᠡᠶ ᠨᠡᠶᠢᠳᠡ ᠲᠠᠢ ᠬᠠᠮᠲᠤ ᠪᠠᠷ ᠡᠷᠬᠡ ᠲᠡᠭᠰᠢ ᠡᠮᠬᠢ ᠵᠢᠷᠤᠮ ᠲᠠᠢ ᠳᠡᠯᠡᠬᠡᠶ ᠶᠢᠨ ᠣᠯᠠᠨ | ᠲᠦᠢᠯᠰᠢᠷᠠᠯᠲᠠ᠂ ᠲᠦᠭᠡᠮᠡᠯ ᠬᠠᠷᠠᠭᠠᠯᠵᠠᠯ ᠲᠠᠢ ᠪᠠᠭᠲᠠᠭᠠᠮᠵᠢᠲᠠᠢ ᠪᠠᠶᠢᠬᠤ ᠠᠵᠤ ᠠᠬᠤᠶ ᠶᠢᠨ ᠳᠡᠯᠡᠬᠡᠶᠢᠴᠢᠯᠡᠯᠲᠡ ᠶᠢ | ᠰᠠᠨᠠᠭᠠᠴᠢᠯᠠᠵᠤ᠂ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠬᠦ ᠪᠥᠮᠪᠥᠷᠴᠡᠭ ᠤᠨ ᠠᠮᠤᠷ ᠲᠦᠪᠰᠢᠨ ᠤ | ᠰᠠᠨᠠᠭᠠᠴᠢᠯᠠᠭ᠎ᠠ᠂ ᠪᠦᠬᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠥᠨ᠂ ᠪᠦᠬᠦ | ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠪᠠ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ | ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠥᠨ᠂ ᠳᠡᠯᠡᠬᠡᠢ ᠶᠢᠨ | ᠡᠩᠬᠡ ᠲᠠᠶᠢᠪᠤᠩ ᠬᠥᠭᠵᠢᠯᠲᠡ ᠶᠢᠨ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠨ᠎ᠠ᠃ | ᠲᠥᠯᠥᠭᠡᠯᠡᠭᠴᠢᠳ ᠡ︕ ᠢᠲᠡᠭᠡᠯ ᠵᠣᠷᠢᠭ ᠬᠦᠴᠦᠨ ᠴᠢᠳᠠᠯ ᠢ ᠨᠢᠭᠲᠠᠷᠠᠭᠤᠯᠵᠤ᠂ ᠪᠤᠳᠠᠳᠤ ᠠᠵᠢᠯᠯᠠᠭ᠎ᠠ ᠪᠠᠷ ᠢᠷᠠᠭᠤ | ᠬᠠᠭᠤᠳᠠᠰᠤ ᠶᠢ ᠪᠢᠴᠢᠭᠯᠡᠨᠡᠮ᠃ ᠪᠢᠳᠡ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ | ᠲᠣᠭᠤᠷᠢᠨ ᠳᠤ ᠨᠠᠩ ᠢᠯᠡᠭᠦᠥ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ | ᠠᠭᠤᠤ ᠶᠡᠭᠡ ᠲᠤᠭ ᠢ ᠥᠨᠳᠥᠷ ᠮᠠᠨᠳᠤᠭᠤᠯᠥᠨ᠂ ᠰᠢ ᠶᠢᠨ ᠫᠢᠩ ᠤᠨ ᠰᠢᠨ᠎ᠡ ᠴᠠᠭ ᠥᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠬᠦᠴᠢᠷ ᠢ ᠰᠦᠷᠦᠨ | ᠤᠷᠤᠭᠰᠢᠯᠠᠵᠤ᠂ ᠢᠷᠮᠡᠬᠦᠨ ᠵᠤᠷᠢᠭᠳᠠᠢ ᠪᠠᠷ ᠤᠷᠤᠭᠰᠢᠯᠠᠨ ᠲᠠᠪᠰᠢᠵᠥ᠂ ᠪᠦᠬᠦ ᠵᠢᠯ ᠤᠨ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠵᠥ᠂ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢ ᠲᠡᠭᠦᠰ ᠠᠮᠵᠢᠯᠲᠠ ᠲᠠᠢ ᠲᠠᠭᠤᠰᠬᠠᠬᠤ ᠶᠢ ᠦᠨᠡᠨ ᠬᠦ ᠪᠠᠲᠤᠯᠠᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ︕ | | ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 12 ᠤ ᠴᠠᠬᠢᠯᠭᠠᠨ ᠮᠡᠳᠡᠭᠡ᠂ ᠳᠣᠮᠳᠠᠳᠣ ᠣᠯᠣᠰ ᠤᠨ | ᠦᠨᠳᠦᠰᠦᠳᠡᠨ ᠤ ᠬᠡᠯᠡᠨ ᠤ ᠣᠷᠴᠢᠭᠤᠯᠭ᠎ᠠ ᠶᠢᠨ ᠲᠣᠪᠴᠢᠶ᠎ᠠ ᠣᠷᠴᠢᠭᠤᠯᠪᠠ︶ |