ᠰᠢᠨᠬᠤᠸᠠ ᠬᠤᠷᠢᠶᠠᠨ ᠤ ᠪᠡᠭᠡᠵᠢᠩ ᠤᠨ 3 ᠳ᠋ᠤᠭᠠᠷ ᠰᠠᠷ᠎ᠠ ᠶᠢᠨ 14 ᠤ ᠡᠳᠦᠷ ᠤᠨ ᠴᠠᠬᠢᠯᠭᠠᠨ ᠮᠡᠳᠡᠭᠡ ᠲᠦᠷᠦ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 3 ᠳ᠋ᠤᠭᠠᠷ ᠰᠠᠷ᠎ᠠ ᠶᠢᠨ 14 ᠤ ᠡᠳᠦᠷ ᠲᠦᠷᠦ ᠶᠢᠨ | ᠶᠠᠪᠤᠳᠠᠯ ᠤᠨ ᠬᠤᠷᠢᠶᠠᠨ ᠤ ᠨᠠᠢᠮᠠᠳᠤᠭᠠᠷ ᠤᠳᠠᠭ᠎ᠠ ᠶᠢᠨ ᠪᠦᠬᠦᠳᠡ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ᠂ ᠪᠦᠬᠦ | ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠠ ᠪᠦᠬᠦ | ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠦᠷᠦ ᠶᠢᠨ | ᠶᠠᠪᠤᠳᠠᠯ ᠤᠨ ᠬᠤᠷᠢᠶᠠᠨ ᠤ 2025 ᠣᠨ ᠤ ᠭᠤᠣᠯᠳᠠᠯᠭ᠎ᠠ ᠪᠣᠯᠬᠤ ᠠᠵᠢᠯ ᠢ ᠨᠠᠶᠢᠳᠠᠪᠤᠷᠢᠵᠢᠭᠤᠯᠬᠤ ᠪᠠᠶᠢᠷᠢᠯᠠᠭᠤᠯᠤᠯᠲᠠ | ᠬᠢᠪᠡ᠃ | ᠯᠢ ᠴᠢᠶᠠᠩ ᠵᠢᠭᠠᠵᠤ ᠭᠠᠷᠭᠠᠬᠤ ᠳᠤ ᠪᠠᠨ᠂ ᠲᠣᠰ ᠬᠤᠭᠤᠴᠠᠭᠠᠨ ᠤ ᠲᠥᠷᠥ ᠶᠢᠨ ᠶᠠᠪᠤᠳᠠᠯ ᠤᠨ ᠬᠤᠷᠢᠶ᠎ᠠ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠡᠬᠢᠨ ᠢᠶᠠᠷ ︽ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠬᠤ ᠬᠡᠷᠡᠭᠵᠢᠭᠦᠯᠦᠭᠴᠢ᠂ ᠠᠵᠢᠯᠯᠠᠭᠠᠲᠠᠨ᠂ ᠰᠢᠷᠭᠠᠭᠤ ᠠᠵᠢᠯᠯᠠᠭᠴᠢ | ᠪᠣᠯᠣᠨ᠎ᠠ︾ ᠭᠡᠵᠦ ᠲᠣᠳᠣᠷᠬᠠᠢ ᠳᠤᠷᠠᠳᠤᠨ ᠭᠠᠷᠭᠠᠪᠠ᠃ ᠡᠨᠡ ᠬᠦ ᠪᠠᠶᠢᠷᠢ ᠲᠣᠭᠲᠠᠭᠠᠯᠲᠠ ᠪᠣᠯ ᠲᠤᠰ ᠬᠤᠭᠤᠴᠠᠭᠠᠨ ᠤ | ᠵᠠᠰᠠᠭ ᠤᠨ ᠣᠷᠳᠣᠨ ᠤ ᠣᠷᠣᠰᠢᠨ ᠲᠣᠭᠲᠠᠨᠢᠬᠤ ᠶᠢᠨ ᠦᠨᠳᠦᠰᠦ ᠮᠥᠷᠲᠡᠭᠡᠨ ᠲᠤᠰ ᠬᠤᠭᠤᠴᠠᠭᠠᠨ ᠤ ᠵᠠᠰᠠᠭ ᠤᠨ | ᠣᠷᠳᠣᠨ ᠤ ᠬᠠᠮᠤᠭ ᠤᠨ ᠢᠯᠡ ᠲᠣᠳᠣ ᠲᠡᠮᠳᠡᠭ ᠮᠥᠨ ᠪᠣᠯᠬᠤ ᠶᠢ ᠬᠤᠶᠠᠷ ᠵᠢᠯ ᠤᠨ ᠲᠤᠷᠰᠢᠬᠢ ᠦᠢᠯᠡᠳᠦᠯᠭᠡ ᠪᠢᠳᠡᠨ ᠳᠤ | ᠭᠦᠨᠵᠡᠭᠡᠢ ᠣᠶᠢᠯᠠᠭᠠᠭᠤᠯᠵᠠᠢ᠃ ᠬᠤᠶᠢᠰᠢᠳᠠ ᠶᠢᠨ ᠨᠢᠭᠡ ᠬᠤᠭᠤᠴᠠᠭᠠᠨ ᠳᠤ᠂ ᠪᠢᠳᠡᠨ ᠳᠤ ᠲᠤᠯᠭᠠᠷᠠᠭᠰᠠᠨ ᠪᠠᠶᠢᠳᠠᠯ ᠨᠡᠩ | ᠨᠠᠷᠢᠨ ᠪᠤᠳᠤᠯᠢᠶᠠᠨᠲᠠᠢ ᠪᠥᠭᠡᠳ ᠬᠤᠪᠢᠷᠠᠯᠲᠠ ᠶᠡᠬᠡᠲᠡᠢ᠂ ᠡᠭᠦᠷᠭᠡ ᠨᠡᠩ ᠪᠡᠷᠬᠡ ᠬᠠᠲᠠᠭᠤᠵᠢᠯᠲᠠᠢ ᠪᠥᠭᠡᠳ ᠨᠦᠰᠡᠷ ᠬᠦᠨᠳᠦ | ᠪᠣᠯᠣᠨ᠎ᠠ᠂ ᠡᠭᠦᠷᠭᠡ ᠬᠠᠷᠢᠭᠤᠴᠠᠯᠭ᠎ᠠ ᠪᠠᠨ ᠴᠢᠨᠠᠭᠰᠢᠳᠠ ᠤᠯᠠᠮ ᠰᠠᠶᠢᠲᠤᠷ ᠭᠦᠢᠴᠡᠳᠬᠡᠬᠦ ᠳᠤ᠂ ᠡᠷᠬᠡᠪᠰᠢ ᠶᠡᠷᠦᠩᠬᠡᠢ ᠱᠦᠵᠢ | ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠨᠡᠩ ᠡᠷᠡᠰ ᠪᠠᠲᠤ ᠨᠡᠩ ᠤᠬᠠᠮᠰᠠᠷ ᠠᠴᠠ ᠪᠠᠨ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠪᠤᠰᠢᠭᠤ ᠱᠠᠯᠠᠮᠠᠭᠠᠢ ᠭᠦᠢᠴᠡᠳᠭᠡᠭᠴᠢ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠠᠵᠢᠯᠯᠠᠭᠠᠲᠠᠨ᠂ ᠬᠢᠵᠦ | ᠪᠦᠲᠦᠭᠡᠬᠦ ᠳᠤ ᠪᠠᠨ ᠴᠢᠳᠠᠮᠠᠭᠠᠢ ᠰᠢᠷᠭᠠᠭᠤ ᠠᠵᠢᠯᠯᠠᠭᠴᠢ ᠪᠣᠯᠬᠤ ᠬᠡᠷᠡᠭᠲᠡᠢ ᠭᠡᠵᠡᠢ᠃ | | | | | | 3 ᠳ᠋ᠤᠭᠠᠷ ᠰᠠᠷ᠎ᠠ ᠶᠢᠨ 14 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ | ᠲᠥᠷᠥ ᠶᠢᠨ ᠶᠠᠪᠤᠳᠠᠯ ᠤᠨ ᠬᠤᠷᠢᠶᠠᠨ ᠤ ᠨᠠᠢᠮᠠᠳᠤᠭᠠᠷ ᠪᠥᠬᠦᠳᠡ ᠬᠤᠷᠠᠯᠳᠤᠭᠠᠨ ᠢ ᠡᠷᠭᠢᠯᠡᠨ ᠬᠤᠷᠠᠯᠳᠤᠭᠤᠯᠵᠤ᠂ ᠪᠥᠬᠦ | ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠠ ᠪᠥᠬᠦ | ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠷᠥ ᠶᠢᠨ | ᠶᠠᠪᠤᠳᠠᠯ ᠤᠨ ᠬᠤᠷᠢᠶᠠᠨ ᠤ 2025 ᠣᠨ ᠤ ᠭᠤᠣᠯᠳᠠᠯᠭ᠎ᠠ ᠪᠣᠯᠬᠤ ᠠᠵᠢᠯ ᠢ ᠨᠠᠶᠢᠳᠠᠪᠤᠷᠢᠵᠢᠭᠤᠯᠬᠤ ᠪᠠᠶᠢᠷᠢᠯᠠᠭᠤᠯᠤᠯᠲᠠ | ᠬᠢᠪᠡ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠷᠣᠣ ᠠᠢ ᠮᠢᠨ ᠰᠡᠭᠦᠳᠡᠷᠯᠡᠪᠡ | | | ᠯᠢ ᠴᠢᠶᠠᠩ ᠵᠢᠭᠠᠵᠤ ᠭᠠᠷᠭᠠᠬᠤ ᠳᠤ ᠪᠠᠨ᠂ ᠨᠠᠮ ᠤᠨ ᠲᠥᠪ ᠬᠤᠷᠢᠶᠠᠨ ᠤ ᠲᠣᠭᠲᠠᠭᠠᠭᠰᠠᠨ ᠦᠨᠳᠦᠰᠦᠨ ᠪᠣᠳᠣᠯᠭ᠎ᠠ | ᠴᠢᠭᠯᠡᠯᠲᠡ ᠶᠢ ᠦᠨᠳᠦᠰᠦᠯᠡᠨ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠡᠨᠡ ᠵᠢᠯ ᠤᠨ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠠᠵᠢᠯ ᠢ ᠪᠣᠳᠠᠲᠠᠢ ᠲᠣᠬᠢᠷᠠᠭᠤᠯᠪᠠ᠃ ᠣᠳᠣᠬᠠᠨ ᠳᠤ ᠬᠠᠷᠠᠯᠲᠠ ᠡᠭᠦᠷᠭᠡ ᠲᠣᠳᠣᠷᠬᠠᠢ | ᠪᠣᠯᠪᠠ᠂ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠂ ᠣᠨᠴᠠᠭᠠᠶᠢᠯᠠᠨ ᠠᠵᠢᠯ ᠤᠨ ᠭᠠᠷᠳᠠᠴᠠ ᠪᠠᠨ | ᠣᠨᠣᠪᠴᠢᠲᠠᠢ ᠣᠯᠵᠤ᠂ ᠬᠦᠴᠦ ᠪᠠᠨ ᠲᠥᠪᠯᠡᠷᠡᠭᠦᠯᠦᠨ ᠬᠥᠲᠥᠯᠬᠦ ᠴᠢᠨᠠᠷ ᠪᠠ ᠳᠠᠶᠢᠴᠢᠯᠠᠬᠤ ᠴᠢᠨᠠᠷ ᠢᠶᠠᠷ ᠴᠢᠩᠭ᠎ᠠ | ᠭᠤᠣᠯᠳᠠᠯᠭ᠎ᠠ ᠪᠣᠯᠬᠤ ᠵᠦᠢᠯᠡᠰ ᠢ ᠰᠠᠶᠢᠲᠤᠷ ᠠᠳᠬᠤᠵᠤ᠂ ᠲᠡᠭᠦᠨ ᠤ ᠬᠥᠭᠵᠢᠯᠲᠡ ᠶᠢᠨ ᠪᠦᠬᠦ ᠲᠠᠯ᠎ᠠ ᠳᠤ ᠦᠵᠡᠭᠦᠯᠬᠦ | ᠳᠠᠶᠢᠴᠢᠯᠠᠬᠤ ᠪᠠ ᠠᠬᠢᠭᠤᠯᠬᠤ ᠦᠢᠯᠡᠳᠦᠯ ᠢ ᠨᠢ ᠭᠦᠢᠴᠡᠳ ᠪᠠᠳᠠᠷᠠᠭᠤᠯᠬᠤ ᠬᠡᠷᠡᠭᠲᠡᠢ᠃ ᠨᠢᠭᠡ ᠳᠤ ᠬᠡᠷᠡᠭᠯᠡᠭᠡ ᠶᠢ ᠬᠥᠭᠵᠢᠭᠡᠬᠦ | ᠲᠤᠰᠬᠠᠢ ᠠᠵᠢᠯᠯᠠᠭᠠᠨ ᠢ ᠬᠡᠷᠡᠭᠵᠢᠭᠦᠯᠦᠨ᠎ᠡ᠂ ᠬᠤᠶᠠᠷ ᠲᠤ ᠪᠥᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ | ᠪᠠᠶᠢᠭᠤᠯᠤᠯᠲᠠ ᠶᠢ ᠠᠬᠢᠭᠤᠯᠤᠨ᠎ᠠ᠂ ᠭᠤᠷᠪᠠ ᠳᠤ ︽ᠵᠣᠬᠢᠶᠠᠮᠠᠯ ᠣᠶᠤᠨ +︾ ᠠᠵᠢᠯᠯᠠᠭᠠᠨ ᠢ ᠬᠡᠷᠡᠭᠵᠢᠭᠦᠯᠦᠨ᠎ᠡ᠂ | ᠳᠥᠷᠪᠡ ᠳᠤ ᠦᠢᠯᠡᠳᠬᠦ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠎ᠠ᠂ ᠲᠠᠪᠤ ᠳᠤ | ᠬᠥᠮᠥᠨ ᠢᠶᠠᠷ ᠦᠨᠳᠦᠰᠦ ᠪᠣᠯᠭᠠᠭᠰᠠᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢ ᠠᠬᠢᠭᠤᠯᠤᠨ᠎ᠠ᠂ ᠵᠢᠷᠭᠤᠭ᠎ᠠ ᠳᠤ | ᠳᠡᠭᠡᠳᠦ ᠮᠡᠷᠭᠡᠰᠢᠯᠲᠦ ᠴᠢᠳᠠᠪᠤᠷᠢᠲᠠᠨ ᠬᠥᠮᠥᠵᠢᠭᠦᠯᠬᠦ ᠪᠠᠨ ᠴᠢᠩᠭᠠᠳᠬᠠᠨ᠎ᠠ᠂ ᠳᠣᠯᠤᠭ᠎ᠠ ᠳᠤ ︽ᠥᠨᠳᠥᠷ ᠪᠦᠲᠦᠮᠵᠢᠲᠡᠶ ᠪᠠᠷ | ᠨᠢᠭᠡ ᠠᠵᠢᠯ ᠶᠠᠪᠤᠳᠠᠯ ᠭᠦᠢᠴᠡᠳᠬᠡᠬᠦ︾ ᠶᠢ ᠰᠠᠶᠢᠲᠤᠷ ᠠᠳᠬᠤᠨ᠎ᠠ᠃ ᠡᠭᠦᠨ ᠤ ᠵᠡᠷᠭᠡ ᠳᠤ᠂ ᠥᠨᠳᠥᠷ ᠬᠢᠷᠢ ᠲᠦᠪᠰᠢᠨ | ᠪᠦᠬᠦᠢ ᠭᠠᠳᠠᠭᠰᠢ ᠨᠡᠭᠡᠭᠡᠯᠲᠡ ᠶᠢᠨ ᠡᠷᠴᠢᠮ ᠢᠶᠠᠨ ᠴᠢᠩᠭᠠᠷᠠᠭᠤᠯᠵᠤ᠂ ᠭᠠᠳᠠᠭᠠᠳᠤ ᠠᠷᠠᠯᠵᠢᠶ᠎ᠠ ᠪᠠ ᠭᠠᠳᠠᠭᠠᠳᠤ ᠪᠡᠯᠡ ᠶᠢ | ᠢᠳᠡᠪᠬᠢᠲᠡᠢ ᠪᠠᠷ ᠲᠣᠭᠲᠠᠪᠤᠷᠢᠵᠢᠭᠤᠯᠵᠤ᠂ ᠭᠠᠳᠠᠭᠠᠳᠤ ᠶᠢᠨ ᠳᠠᠭᠠᠷᠢᠯᠲᠠ ᠶᠢ ᠪᠦᠲᠦᠮᠵᠢᠲᠡᠶ ᠪᠠᠷ ᠠᠷᠭᠠᠴᠠᠭᠠᠬᠤ ᠬᠡᠷᠡᠭᠲᠡᠢ | ᠭᠡᠵᠡᠢ᠃ | ᠯᠢ ᠴᠢᠶᠠᠩ ᠵᠢᠭᠠᠵᠤ ᠭᠠᠷᠭᠠᠭᠰᠠᠨ ᠨᠢ᠂ ᠡᠨᠡ ᠵᠢᠯ ᠤᠨ ᠪᠠᠶᠢᠳᠠᠯ ᠪᠠ ᠡᠭᠦᠷᠭᠡ ᠶᠢᠨ ᠣᠨᠴᠠᠯᠢᠭ ᠲᠤ ᠴᠢᠭᠯᠡᠭᠦᠯᠦᠨ᠂ | ᠲᠥᠷᠥ ᠶᠢᠨ ᠪᠣᠳᠣᠯᠭ᠎ᠠ ᠶᠢᠨ ᠡᠷᠴᠢᠮ ᠢᠶᠠᠨ ᠴᠢᠩᠭᠠᠷᠠᠭᠤᠯᠬᠤ ᠪᠠ ᠵᠠᠬ᠎ᠠ ᠳᠡᠯᠭᠡᠭᠦᠷ ᠤᠨ ᠬᠦᠴᠦᠨ ᠤ ᠰᠠᠶᠢᠨ ᠦᠢᠯᠡᠳᠦᠯᠴᠡᠬᠦ᠂ | ᠬᠠᠮᠵᠢᠯᠴᠠᠨ ᠬᠦᠴᠦᠯᠡᠬᠦ ᠶᠢ ᠰᠡᠷᠭᠦᠭᠡᠬᠦ ᠪᠠᠨ ᠨᠡᠩ ᠴᠢᠬᠤᠯᠠᠴᠢᠯᠠᠬᠤ ᠬᠡᠷᠡᠭᠲᠡᠢ᠃ ᠨᠡᠩ ᠢᠳᠡᠪᠬᠢᠲᠡᠢ ᠪᠥᠭᠡᠳ ᠪᠦᠲᠦᠮᠵᠢᠲᠡᠶ | ᠬᠤᠷᠸ᠎ᠠ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠵᠦ᠂ ᠲᠦᠷᠦ ᠶᠢᠨ ᠪᠣᠳᠣᠯᠭ᠎ᠠ ᠶᠢᠨ ᠦᠢᠯᠡᠳᠦᠯ ᠢ ᠬᠠᠮᠤᠭ ᠤᠨ | ᠶᠡᠭᠡ ᠬᠡᠮᠵᠢᠶ᠎ᠡ ᠪᠠᠷ ᠪᠠᠳᠠᠷᠠᠭᠤᠯᠤᠨ᠎ᠠ᠃ ᠥᠭᠡᠷᠡᠴᠢᠯᠡᠯᠲᠡ ᠶᠢ ᠬᠦᠴᠦᠯᠡᠨ ᠭᠦᠨᠵᠡᠭᠡᠶᠢᠷᠡᠭᠦᠯᠵᠦ᠂ ᠬᠠᠤᠯᠢᠵᠢᠯ ᠪᠠ | ᠢᠲᠡᠭᠡᠮᠵᠢ ᠶᠢᠨ ᠣᠷᠴᠢᠨ ᠨᠥᠬᠦᠴᠡᠯ ᠢ ᠲᠡᠭᠦᠯᠳᠡᠷᠵᠢᠭᠦᠯᠦᠨ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ | ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠲᠠᠶᠢᠴᠢᠯᠠᠨ᠎ᠠ᠃ ᠨᠠᠭᠠᠲᠤ ᠵᠠᠬ᠎ᠠ ᠶᠢᠨ ᠬᠤᠷᠢᠭ᠎ᠠ ᠱᠤᠭᠤᠮ ᠢ ᠦᠨᠡᠨ ᠬᠦ | ᠰᠠᠬᠢᠵᠤ᠂ ᠨᠡᠩ ᠥᠨᠳᠥᠷ ᠪᠠᠷᠢᠮᠵᠢᠶ᠎ᠠ ᠱᠤᠭᠤᠮ ᠳᠤ ᠬᠦᠷᠬᠦ ᠪᠠᠷ ᠴᠢᠷᠮᠠᠶᠢᠨ ᠬᠥᠭᠡᠭᠡᠴᠡᠯᠳᠦᠬᠦ ᠬᠡᠷᠡᠭᠲᠡᠢ᠃ ᠠᠮᠤᠷ | ᠲᠣᠭᠲᠠᠭᠤᠨ ᠵᠡᠷᠭᠡ ᠶᠢ ᠪᠠᠲᠤᠯᠠᠬᠤ ᠬᠤᠷᠢᠭ᠎ᠠ ᠱᠤᠭᠤᠮ ᠢ ᠪᠠᠲᠤ ᠰᠠᠬᠢᠬᠤ ᠶᠢᠨ ᠬᠠᠮᠲᠤ᠂ ᠨᠡᠩ ᠥᠨᠳᠥᠷ ᠬᠠᠷᠠᠯᠲᠠ | ᠬᠥᠭᠡᠭᠡᠴᠡᠯᠳᠦᠯ ᠪᠠ ᠠᠵᠢᠯ ᠤᠨ ᠪᠠᠷᠢᠮᠵᠢᠶ᠎ᠠ ᠪᠠᠷ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ᠂ | ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠬᠦᠴᠦᠷᠬᠡᠭᠵᠢᠭᠦᠯᠬᠦ᠂ ᠪᠣᠬᠢᠷᠲᠤᠯ ᠦᠭᠡᠢ ᠪᠠᠷ ᠬᠡᠯᠪᠡᠷᠢ ᠪᠠᠨ | ᠬᠤᠪᠢᠷᠠᠭᠤᠯᠬᠤ ᠶᠢ ᠲᠦᠷᠭᠡᠳᠬᠡᠬᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠵᠡᠷᠭᠡ ᠲᠠᠯ᠎ᠠ ᠳᠤ ᠨᠡᠩ | ᠶᠡᠭᠡ ᠦᠷ᠎ᠡ ᠪᠦᠲᠦᠮᠵᠢ ᠣᠯᠵᠤ᠂ ᠨᠡᠩ ᠤᠯᠠᠨ ᠰᠢᠪᠲᠤᠯᠬᠤ ᠴᠢᠨᠠᠷᠲᠠᠢ᠂ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ | ᠡᠭᠦᠳᠬᠦ ᠬᠡᠷᠡᠭᠲᠡᠢ᠃ | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠬᠤᠳᠠᠯᠳᠤᠭᠠᠨ ᠤ ᠶᠠᠪᠤᠳᠠᠯ ᠤᠨ ᠶᠠᠮᠤᠨ᠂ ᠳᠤᠮᠳᠠᠳᠤ ᠤᠯᠤᠰ ᠤᠨ ᠠᠷᠠᠳ ᠤᠨ | ᠪᠠᠩᠬᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠡᠭᠡᠷ᠎ᠡ ᠦᠭᠡ ᠬᠡᠯᠡᠪᠡ᠃ | ᠲᠦᠷᠦ ᠶᠢᠨ ᠶᠠᠪᠤᠳᠠᠯ ᠤᠨ ᠬᠤᠷᠢᠶᠠᠨ ᠤ ᠪᠦᠭᠦᠳᠡ ᠬᠤᠷᠠᠯᠳᠤᠭᠠᠨ ᠤ ᠪᠦᠷᠢᠯᠳᠦᠭᠦᠨ ᠨᠠᠷ ᠬᠤᠷᠠᠯ ᠳᠤ ᠣᠷᠣᠯᠴᠠᠵᠤ᠂ | ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃ |