ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 17 ᠤ ᠴᠠᠭᠢᠯᠭᠠᠨ ᠮᠡᠳᠡᠭᠡ ᠣᠶᠢᠷ᠎ᠠ ᠳᠤ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ︽ᠪᠦᠭᠦ ᠨᠠᠮ ᠳᠤ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠥᠷᠨᠢᠭᠦᠯᠬᠦ ᠲᠤᠬᠠᠢ | ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ | ︽ᠮᠡᠳᠡᠭᠳᠡᠯ︾ ᠳᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ | ᠬᠤᠷᠠᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠲᠥᠪ ᠤᠨ | ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ᠰᠤᠷᠲᠠᠯ ᠤᠨ ᠪᠠᠶᠢᠭᠤᠯᠤᠯᠲᠠ ᠶᠢ | ᠪᠠᠶᠢᠩᠭᠤᠵᠢᠭᠤᠯᠤᠨ ᠣᠷᠳᠣ ᠬᠤᠭᠤᠴᠠᠭ᠎ᠠ ᠪᠦᠲᠦᠮᠵᠢᠲᠡᠶ ᠠᠬᠢᠭᠤᠯᠬᠤ ᠶᠢᠨ ᠲᠥᠯᠥᠭᠡ ᠨᠠᠮ ᠤᠨ ᠲᠥᠪ ᠬᠤᠷᠢᠶ᠎ᠠ ᠪᠠᠷ | ᠵᠥᠪᠰᠢᠶᠡᠷᠡᠭᠦᠯᠦᠭᠡᠳ᠂ ᠪᠦᠭᠦ ᠨᠠᠮ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠥᠷᠨᠢᠭᠦᠯᠦᠨ᠎ᠡ ︵ᠳᠣᠷᠣᠭᠰᠢ ︽ᠰᠤᠷᠤᠯᠴᠠᠯᠭ᠎ᠠ ᠬᠥᠮᠦᠵᠢᠯ︾ ᠭᠡᠵᠦ | ᠲᠣᠪᠴᠢᠯᠠᠨ᠎ᠠ︶᠃ ᠰᠤᠷᠤᠯᠴᠠᠯᠭ᠎ᠠ ᠬᠥᠮᠦᠵᠢᠯ ᠢ 2025 ᠣᠨ ᠤ ᠪᠦᠭᠦ ᠤᠯᠤᠰ ᠤᠨ ᠬᠤᠶᠠᠷ ᠬᠤᠷᠠᠯ ᠤᠨ ᠳᠠᠷᠠᠭ᠎ᠠ | ᠡᠬᠢᠯᠡᠭᠦᠯᠵᠦ᠂ 7 ᠰᠠᠷ᠎ᠠ ᠶᠢᠨ ᠰᠡᠭᠦᠯᠴᠢ ᠠᠴᠠ ᠡᠮᠦᠨ᠎ᠡ ᠦᠨᠳᠦᠰᠦᠨ ᠳᠡᠭᠡᠨ ᠳᠠᠭᠤᠰᠬᠠᠨ᠎ᠠ ᠭᠡᠵᠦ ᠵᠢᠭᠠᠵᠤ ᠭᠠᠷᠭᠠᠪᠠ᠃ | ︽ᠮᠡᠳᠡᠭᠳᠡᠯ︾ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠰᠢᠨ᠎ᠡ ᠡᠭᠦᠳᠦᠯᠲᠡ ᠶᠢᠨ | ᠣᠨᠣᠯ ᠢᠶᠠᠷ ᠵᠡᠪᠰᠡᠭᠯᠡᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠦᠭᠦ ᠨᠠᠮ ᠢ ᠵᠣᠬᠢᠶᠠᠨ ᠪᠠᠶᠢᠭᠤᠯᠵᠤ ᠪᠠᠶᠢᠭᠠᠳ ᠶᠡᠷᠦᠩᠬᠡᠢ | ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ | ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ | ᠳᠦᠷᠢᠮ ᠤᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠭᠠᠳ ᠣᠯᠣᠭᠰᠠᠨ ᠢᠯᠡᠳᠲᠡ ᠠᠮᠵᠢᠯᠲᠠ ᠪᠦᠲᠦᠮᠵᠢ ᠶᠢ ᠰᠢᠰᠲ᠋ᠧᠮ ᠲᠠᠢ ᠳ᠋ᠦᠩᠨᠡᠵᠦ᠂ ᠲᠥᠪ ᠤᠨ ᠨᠠᠢᠮᠠᠨ | ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠵᠥᠷᠢᠴᠡᠭᠰᠡᠨ ᠲᠣᠪᠤᠶᠢᠮ᠎ᠠ | ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠰᠤᠷᠲᠠᠯ ᠠᠴᠠ ᠪᠣᠯᠤᠭᠰᠠᠨ ᠢᠯᠵᠢᠷᠡᠯ ᠤᠨ ᠬᠡᠷᠡᠭ ᠤᠨ ᠵᠢᠱᠢᠶ᠎ᠡ ᠪᠠᠷ | ᠰᠡᠷᠡᠮᠵᠢᠯᠡᠭᠦᠯᠦᠨ ᠬᠥᠮᠥᠵᠢᠭᠦᠯᠬᠦ ᠶᠢ ᠴᠢᠩᠭᠠᠳᠬᠠᠵᠤ᠂ ᠨᠠᠮ ᠤᠨ ᠭᠡᠰᠢᠭᠦᠨ᠂ ᠺᠠᠳ᠋ᠷ ᠤᠨ ᠨᠠᠮᠴᠢ ᠴᠢᠨᠠᠷ ᠢᠶᠠᠨ ᠳᠠᠪᠲᠠᠨ | ᠪᠤᠯᠪᠠᠰᠤᠷᠠᠭᠤᠯᠵᠤ᠂ ᠦᠵᠡᠯ ᠰᠠᠨᠠᠭᠠᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠨᠠᠮ ᠤᠨ ᠭᠡᠰᠢᠭᠦᠨ ᠪᠠ ᠣᠯᠠᠨ ᠲᠦᠮᠡᠨ᠂ | ᠺᠠᠳ᠋ᠷ ᠪᠠ ᠣᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠵᠤ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ | ᠪᠦᠲᠦᠮᠵᠢ ᠪᠠᠷ ᠨᠠᠮ ᠤᠨ ᠲᠡᠷᠢᠭᠦᠨ ᠤ ᠴᠢᠨᠠᠷ ᠴᠡᠪᠡᠷ ᠴᠢᠨᠠᠷ ᠢ ᠪᠠᠲᠤᠯᠠᠵᠤ᠂ ᠠᠷᠠᠳ ᠣᠯᠠᠨ ᠤ ᠢᠲᠡᠭᠡᠯ ᠬᠦᠷᠢᠶᠡᠯᠡᠯ ᠢ | ᠲᠠᠰᠤᠷᠠᠯᠲᠠ ᠦᠭᠡᠢ ᠣᠯᠬᠤ ᠶᠢ ᠠᠬᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠲᠦ ᠪᠠᠲᠤᠯᠠᠭ᠎ᠠ | ᠬᠠᠩᠭᠠᠬᠤ ᠶᠢ ᠬᠥᠲᠥᠯᠥᠨ ᠵᠢᠯᠤᠭᠤᠳᠬᠤ ᠬᠡᠷᠡᠭᠲᠡᠢ ᠭᠡᠵᠦ ᠲᠣᠳᠣᠷᠬᠠᠶᠢᠯᠠᠪᠠ᠃ | ︽ᠮᠡᠳᠡᠭᠳᠡᠯ︾ ᠳᠤ᠂ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠬᠦ᠂ ᠲᠥᠭᠦᠮ ᠠᠪᠰᠠᠷᠬᠠᠨ ᠪᠥᠭᠡᠳ | ᠪᠣᠳᠠᠲᠠᠢ ᠶᠢ ᠡᠷᠭᠢᠮᠯᠡᠭᠦ ᠶᠢ ᠪᠠᠷᠢᠮᠲᠠᠯᠠᠵᠤ᠂ ᠪᠦᠯᠦᠭ ᠤᠳᠠᠭ᠎ᠠ ᠬᠤᠪᠢᠶᠠᠬᠤ ᠦᠭᠡᠢ᠂ ᠱᠠᠲᠤ ᠦᠶ᠎ᠡ ᠬᠤᠪᠢᠶᠠᠬᠤ ᠦᠭᠡᠢ ᠪᠠᠷ | ᠰᠤᠷᠤᠯᠴᠠᠬᠤ ᠪᠠᠶᠢᠴᠠᠭᠠᠨ ᠵᠠᠯᠠᠷᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠡᠳᠦᠷ ᠲᠤᠲᠤᠮ ᠤᠨ ᠠᠵᠢᠯ ᠳᠠᠭᠠᠨ | ᠠᠭᠤᠰᠬᠠᠵᠤ᠂ ᠪᠠᠶᠢᠩᠭᠤ ᠠᠳᠬᠤᠬᠤ ᠬᠡᠷᠡᠭᠲᠡᠢ᠃ ᠰᠤᠷᠤᠯᠴᠠᠵᠥ ᠰᠤᠳᠤᠯᠤᠨ ᠶᠠᠷᠢᠯᠴᠠᠬᠤ ᠳᠠᠭᠠᠨ ᠶᠡᠷᠦᠩᠬᠡᠢ ᠱᠦᠵᠢ | ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠪᠣᠯᠣᠨ | ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠵᠣᠬᠢᠶᠠᠨ | ᠪᠠᠶᠢᠭᠤᠯᠤᠨ ᠰᠤᠷᠤᠯᠴᠠᠵᠥ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠭᠰᠠᠨ | ᠦᠷ᠎ᠡ ᠪᠦᠲᠦᠮᠵᠢ ᠪᠣᠯᠣᠨ ᠲᠤᠷᠰᠢᠯᠭ᠎ᠠ ᠶᠢ ᠳ᠋ᠦᠩᠨᠡᠨ ᠰᠤᠷᠤᠯᠴᠠᠵᠥ᠂ ᠲᠠᠨᠢᠯᠲᠠ ᠪᠠᠨ ᠳᠡᠭᠡᠭᠰᠢᠯᠡᠭᠦᠯᠦᠨ᠂ ᠢᠲᠡᠭᠡᠯ ᠢᠶᠠᠨ | ᠨᠡᠮᠡᠭᠳᠡᠭᠦᠯᠵᠦ᠂ ᠨᠠᠶᠢᠳᠠᠪᠤᠷᠢᠵᠢᠭᠤᠯᠤᠯᠲᠠ ᠶᠢ ᠡᠷᠡᠰ ᠭᠤᠶᠢᠪᠢᠰᠢ ᠦᠭᠡᠢ ᠰᠠᠶᠢᠲᠤᠷ ᠠᠳᠬᠤᠬᠤ ᠬᠡᠷᠡᠭᠲᠡᠢ᠃ ᠠᠰᠠᠭᠤᠳᠠᠯ ᠢ | ᠪᠠᠶᠢᠴᠠᠭᠠᠨ ᠳᠡᠯᠭᠡᠬᠦ ᠳᠡᠭᠡᠨ ᠪᠠᠷᠢᠮᠵᠢᠶᠠᠯᠠᠨ ᠬᠠᠷᠭᠤᠭᠤᠯᠵᠤ ᠪᠠᠶᠢᠴᠠᠭᠠᠨ ᠳᠡᠯᠭᠡᠬᠦ ᠪᠠᠷ ᠳᠠᠮᠵᠢᠭᠤᠯᠤᠨ᠂ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ᠂ ᠬᠢᠨᠠᠨ ᠪᠤᠳᠤᠵᠤ ᠬᠢᠨᠠᠯᠲᠠ ᠲᠠᠯᠪᠢᠬᠤ | ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ᠂ ᠱᠠᠯᠠᠪᠳᠠᠭᠤᠯᠤᠨ ᠪᠠᠶᠢᠴᠠᠭᠠᠬᠤ᠂ ᠪᠠᠶᠢᠴᠠᠭᠠᠨ ᠰᠤᠳᠤᠯᠬᠤ᠂ ᠵᠠᠬᠢᠳᠠᠯ | ᠰᠤᠷᠪᠤᠯᠵᠢᠯᠠᠯ ᠢᠶᠠᠷ ᠲᠤᠰᠬᠠᠬᠤ ᠵᠡᠷᠭᠡ ᠠᠷᠭ᠎ᠠ ᠵᠠᠮ ᠢ ᠭᠦᠢᠴᠡᠳ ᠬᠡᠷᠡᠭᠯᠡᠵᠦ᠂ ᠲᠥᠪ ᠤᠨ ᠨᠠᠢᠮᠠᠨ ᠲᠣᠭᠲᠠᠭᠠᠯ ᠵᠢᠴᠢ | ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠣᠷᠣᠰᠢᠵᠤ ᠪᠠᠶᠢᠭ᠎ᠠ | ᠠᠰᠠᠭᠤᠳᠠᠯ ᠢ ᠪᠦᠭᠦ ᠲᠠᠯ᠎ᠠ ᠪᠠᠷ ᠭᠦᠨᠵᠡᠭᠡᠢ ᠪᠠᠶᠢᠴᠠᠭᠠᠨ ᠡᠷᠢᠬᠦ ᠬᠡᠷᠡᠭᠲᠡᠢ᠃ ᠲᠥᠪᠯᠡᠷᠡᠭᠦᠯᠦᠨ ᠴᠡᠭᠴᠡᠯᠡᠨ ᠵᠠᠰᠠᠬᠤ ᠳᠤ ᠶᠠᠮᠠᠷ | ᠠᠰᠠᠭᠤᠳᠠᠯ ᠪᠠᠶᠢᠪᠠᠯ ᠲᠡᠷᠡ ᠠᠰᠠᠭᠤᠳᠠᠯ ᠢ ᠰᠢᠢᠳᠪᠦᠷᠢᠯᠡᠬᠦ᠂ ᠶᠠᠮᠠᠷ ᠠᠰᠠᠭᠤᠳᠠᠯ ᠲᠣᠪᠤᠶᠢᠮ᠎ᠠ ᠪᠠᠶᠢᠪᠠᠯ ᠲᠡᠷᠡ ᠠᠰᠠᠭᠤᠳᠠᠯ ᠢ | ᠭᠤᠣᠯᠳᠠᠯᠭ᠎ᠠ ᠲᠠᠢ ᠴᠡᠭᠴᠡᠯᠡᠨ ᠵᠠᠰᠠᠬᠤ ᠶᠢ ᠪᠠᠷᠢᠮᠲᠠᠯᠠᠵᠤ᠂ ᠲᠡᠷᠡ ᠳᠠᠷᠤᠢ ᠳᠤᠨᠢ ᠪᠠᠶᠢᠴᠠᠭᠠᠵᠤ ᠲᠡᠷᠡ ᠳᠠᠷᠤᠢ ᠳᠤᠨᠢ | ᠴᠡᠭᠴᠡᠯᠡᠨ ᠰᠠᠶᠢᠵᠢᠷᠠᠭᠤᠯᠵᠤ᠂ ᠮᠡᠳᠡᠭᠰᠡᠨ ᠳᠠᠷᠤᠢ ᠳᠠᠭᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠡᠭᠦᠳᠡ ᠪᠠᠨ ᠨᠡᠭᠡᠭᠡᠬᠦ | ᠬᠥᠮᠦᠵᠢᠯ ᠨᠢ ᠤᠯᠠᠨ ᠲᠦᠮᠡᠨ ᠤ ᠣᠷᠤᠯᠴᠠᠯᠭ᠎ᠠ ᠶᠢ ᠴᠢᠬᠤᠯᠠᠴᠢᠯᠠᠵᠤ᠂ ᠤᠯᠠᠨ ᠲᠦᠮᠡᠨ ᠤ ᠬᠢᠨᠠᠯᠲᠠ ᠶᠢ ᠬᠦᠯᠢᠶᠡᠬᠦ ᠬᠡᠷᠡᠭᠲᠡᠢ | ᠡᠯ᠎ᠡ ᠱᠠᠲᠤᠨ ᠤ ᠤᠳᠤᠷᠢᠳᠬᠤ ᠺᠠᠳ᠋ᠷ ᠲᠦᠷᠦᠭᠦᠯᠡᠨ ᠰᠢᠨ᠎ᠡ ᠴᠠᠭ ᠦᠶ᠎ᠡ ᠶᠢᠨ ᠨᠠᠮ ᠤᠨ ᠤᠯᠠᠨ ᠲᠦᠮᠡᠨᠴᠢ ᠱᠤᠭᠤᠮ ᠢᠶᠠᠷ | ᠰᠠᠶᠢᠲᠤᠷ ᠵᠠᠮᠨᠠᠵᠤ᠂ ᠨᠠᠮ ᠤᠨ ᠭᠡᠰᠢᠭᠦᠨ᠂ ᠺᠠᠳ᠋ᠷ ᠢ ᠵᠣᠬᠢᠶᠠᠨ ᠪᠠᠶᠢᠭᠤᠯᠵᠤ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ᠂ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠬᠤ᠂ ᠪᠠᠴᠢᠮ ᠬᠦᠴᠢᠷ | ᠠᠶᠤᠯᠲᠠᠢ ᠬᠦᠨᠳᠦ ᠡᠭᠦᠷᠭᠡ ᠶᠢ ᠪᠡᠶᠡᠯᠡᠭᠦᠯᠬᠦ ᠳᠤᠮᠳᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ | ᠤᠯᠠᠨ ᠲᠦᠮᠡᠨ ᠳᠤ ᠦᠢᠯᠡᠴᠢᠯᠡᠵᠦ᠂ ᠤᠯᠠᠨ ᠲᠦᠮᠡᠨ ᠳᠤ ᠲᠠᠭᠠᠰᠢᠶᠠᠭᠳᠠᠬᠤ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ︽ᠮᠡᠳᠡᠭᠳᠡᠯ︾ ᠳᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠲᠤᠰ | ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠨᠢᠭᠡᠴᠢ ᠶᠢᠨ ᠢᠶᠠᠨ ᠰᠤᠷᠤᠯᠴᠠᠯᠭ᠎ᠠ ᠬᠥᠮᠦᠵᠢᠯ ᠳᠤ ᠶᠡᠷᠦᠩᠬᠡᠢ | ᠬᠠᠷᠢᠭᠤᠴᠠᠯᠭ᠎ᠠ ᠡᠭᠦᠷᠭᠡᠯᠡᠵᠦ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠭᠤᠣᠯ | ᠬᠠᠷᠢᠭᠤᠴᠠᠯᠭᠠᠲᠠᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠡᠭᠦᠷᠭᠡᠯᠡᠵᠦ᠂ ᠭᠤᠣᠯ ᠠᠵᠢᠯ ᠲᠠᠢ ᠪᠠᠨ ᠨᠢᠭᠲᠠ | ᠤᠶᠠᠯᠳᠤᠭᠤᠯᠵᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠦᠷᠦᠯ ᠬᠤᠪᠢᠶᠠᠨ ᠵᠢᠯᠤᠭᠤᠳᠬᠤ ᠪᠠᠨ | ᠴᠢᠩᠭᠠᠳᠬᠠᠵᠤ᠂ ᠤᠬᠠᠭᠤᠯᠵᠤ ᠬᠥᠲᠥᠯᠥᠨ ᠵᠢᠯᠤᠭᠤᠳᠬᠤ ᠠᠵᠢᠯ ᠢ ᠰᠠᠶᠢᠲᠤᠷ ᠬᠢᠵᠦ᠂ ᠬᠡᠯᠪᠡᠷᠢᠴᠢ ᠦᠵᠡᠯ ᠢ ᠡᠷᠡᠰ | ᠡᠰᠡᠷᠭᠦᠴᠡᠬᠦ ᠬᠡᠷᠡᠭᠲᠡᠢ ᠭᠡᠵᠦ ᠱᠠᠭᠠᠷᠳᠠᠪᠠ᠃ |