ᠵᠠᠩ ᠪᠠᠢ ᠴᠧᠩ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠶᠢᠨ ᠨᠠᠮ ᠤᠨ ᠬᠤᠷᠢᠶ᠎ᠠ ᠶᠢᠨ ᠱᠦᠵᠢ᠂ ᠪᠠᠩᠬᠢ ᠶᠢᠨ ᠳᠠᠷᠤᠭ᠎ᠠ ᠳ᠋ᠢᠩ ᠵᠢᠶᠦ᠋ᠨ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2025/3/21
     3 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠶᠢᠨ ᠨᠠᠮ ᠤᠨ ᠬᠤᠷᠢᠶ᠎ᠠ ᠶᠢᠨ ᠱᠦᠵᠢ᠂ ᠪᠠᠩᠬᠢ ᠶᠢᠨ ᠳᠠᠷᠤᠭ᠎ᠠ ᠳ᠋ᠢᠩ ᠵᠢᠶᠦ᠋ᠨ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠬᠦ ᠵᠡᠷᠭᠡ ᠵᠦᠢᠯᠡᠰ ᠤᠨ ᠲᠤᠬᠠᠢ ᠶᠠᠷᠢᠯᠴᠠᠵᠦ ᠰᠠᠨᠠᠯ ᠢᠶᠠᠨ ᠰᠣᠯᠢᠯᠴᠠᠪᠠ᠃      ᠵᠠᠩ ᠪᠠᠢ ᠴᠧᠩ ᠠᠴᠠ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠤᠷᠳᠤ ᠬᠤᠭᠤᠴᠠᠭᠠᠨ ᠤ ᠲᠤᠷᠰᠢ ᠰᠢᠯᠢ ᠶᠢᠨ ᠭᠤᠣᠯ ᠠᠶᠢᠮᠠᠭ ᠢ ᠬᠠᠯᠠᠮᠵᠢᠯᠠᠨ ᠲᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠣᠳᠣᠬᠠᠨ ᠳᠤ ᠪᠥᠬᠦ ᠠᠶᠢᠮᠠᠭ ᠲᠠᠶᠠᠭᠠᠷ ᠶᠠᠭ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ ᠴᠤᠬᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠨ᠂ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠵᠠᠯᠭᠠᠭ᠎ᠠ ᠪᠠᠷ ᠬᠡᠷᠡᠭᠵᠢᠭᠦᠯᠦᠨ᠂ ︽ᠵᠢᠷᠭᠤᠭᠠᠨ ᠠᠵᠢᠯᠯᠠᠭ᠎ᠠ︾ ᠶᠢ ᠯᠠᠪᠳᠠᠭᠤᠨ ᠪᠠᠲᠤᠲᠠᠢ ᠥᠷᠨᠢᠭᠦᠯᠵᠦ᠂ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠪᠠᠶᠢᠨ᠎ᠠ᠃ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠶᠢᠨ ᠬᠢᠨ ᠥᠩᠭᠡᠷᠡᠭᠰᠡᠨ ᠲᠠᠢ ᠪᠠᠨ ᠠᠳᠠᠯᠢ ᠪᠠᠷ ᠰᠢᠯᠢ ᠶᠢᠨ ᠭᠤᠣᠯ ᠠᠶᠢᠮᠠᠭ ᠤᠨ ᠬᠥᠭᠵᠢᠯᠲᠡ ᠶᠢ ᠬᠠᠯᠠᠮᠵᠢᠯᠠᠨ ᠳᠡᠮᠵᠢᠵᠦ᠂ ᠰᠢᠨ᠎ᠡ ᠬᠠᠮᠲᠤᠷᠠᠯᠴᠠᠭᠠᠨ ᠤ ᠬᠦᠷᠢᠶ᠎ᠡ ᠶᠢ ᠲᠠᠰᠤᠷᠠᠯᠲᠠ ᠦᠭᠡᠢ ᠨᠡᠭᠡᠭᠡᠨ᠂ ᠵᠠᠰᠠᠭ ᠤᠨ ᠤᠷᠳᠤᠨ ᠪᠠᠩᠬᠢ ᠠᠵᠤ ᠠᠬᠤᠶᠢᠯᠠᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠨᠠᠭᠰᠢᠳᠠ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠵᠠᠮ ᠳᠤ ︽ᠤᠯᠠᠨ ᠲᠠᠯ᠎ᠠ ᠪᠠᠷ ᠠᠰᠢᠭ ᠬᠦᠷᠳᠡᠬᠦ︾  ᠶᠢ ᠬᠠᠮᠲᠤᠪᠠᠷ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠡ᠃      ᠳ᠋ᠢᠩ ᠵᠢᠶᠦ᠋ᠨ ᠢᠯᠡᠷᠬᠡᠶᠢᠯᠡᠬᠦ ᠳᠡᠭᠡᠨ᠂ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠯᠢ ᠶᠢᠨ ᠭᠤᠣᠯ ᠠᠶᠢᠮᠠᠭ ᠤᠨ ᠬᠥᠭᠵᠢᠯᠲᠡ ᠶᠢᠨ ᠪᠣᠳᠠᠲᠤ ᠬᠡᠷᠡᠭᠴᠡᠭᠡ ᠲᠠᠢ ᠨᠢᠬᠳᠠ ᠤᠶᠠᠯᠳᠤᠭᠤᠯᠤᠨ᠂ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠠᠮᠲᠤᠷᠠᠯᠴᠠᠭᠠᠨ ᠤ ᠬᠦᠷᠢᠶ᠎ᠡ ᠪᠠᠨ ᠦᠷᠭᠦᠯᠵᠢᠯᠡᠨ ᠥᠷᠭᠡᠳᠬᠡᠵᠦ᠂ ᠨᠠᠩ ᠰᠢᠯᠢᠳᠡᠭ ᠮᠥᠩᠭᠦᠨ ᠭᠦᠢᠯᠭᠡᠭᠡᠨ ᠤ ᠪᠦᠳᠦᠭᠡᠭᠳᠡᠭᠦᠨ ᠪᠠ ᠰᠢᠨ᠎ᠡ ᠶᠢ ᠡᠭᠦᠳᠦᠭᠰᠡᠨ ᠦᠢᠯᠡᠴᠢᠯᠡᠭᠡ ᠶᠢ ᠲᠠᠰᠤᠷᠠᠯᠲᠠ ᠦᠭᠡᠢ ᠬᠠᠩᠭᠠᠵᠤ᠂ ᠰᠢᠯᠢ ᠶᠢᠨ ᠭᠤᠣᠯ ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠮᠥᠩᠭᠦᠨ ᠭᠦᠢᠯᠭᠡᠭᠡᠨ ᠤ ᠬᠥᠳᠡᠯᠭᠡᠬᠦ ᠬᠦᠴᠦᠨ ᠨᠡᠮᠡᠷᠢᠯᠡᠨ᠎ᠡ ᠭᠡᠪᠡ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号