3 ᠰᠠᠷ᠎ᠠ ᠶᠢᠨ 17 ᠠᠴᠠ 18 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠰᠥᠨᠢᠳ | ᠪᠠᠷᠠᠭᠤᠨ ᠬᠤᠰᠢᠭᠤ᠂ ᠬᠥᠪᠡᠭᠡᠲᠦ ᠰᠢᠷ᠎ᠠ ᠬᠤᠰᠢᠭᠤ᠂ ᠰᠢᠯᠤᠭᠤᠨ ᠬᠥᠪᠡᠭᠡᠲᠦ ᠴᠠᠭᠠᠨ ᠬᠤᠰᠢᠭᠤ᠂ ᠰᠢᠯᠤᠭᠤᠨ | ᠬᠥᠬᠡ ᠬᠤᠰᠢᠭᠤᠨ ᠳᠤ ᠬᠦᠷᠴᠦ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ᠂ ᠦᠨᠳᠦᠰᠦᠨ | ᠱᠠᠲᠤᠨ ᠤ ᠨᠠᠮ ᠤᠨ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ | ᠵᠠᠩ ᠪᠠᠢ ᠴᠧᠩ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠲᠤ ᠬᠦᠷᠴᠦ᠂ ᠡᠯᠡᠰᠦᠷᠭᠡᠭᠵᠢᠯ ᠢ | ᠰᠡᠷᠭᠡᠶᠢᠯᠡᠠ ᠡᠯᠡᠰᠦ ᠶᠢ ᠵᠠᠰᠠᠬᠤ ᠲᠦᠷᠦᠯ ᠵᠦᠢᠯ ᠤᠨ ᠲᠥᠯᠦᠪᠵᠢᠭᠦᠯᠭᠡ᠂ ᠭᠤᠣᠯᠳᠠᠯᠭ᠎ᠠ ᠲᠠᠢ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ | ᠴᠢᠬᠤᠯᠠᠴᠢᠯᠠᠬᠤ ᠳᠠᠭᠠᠨ᠂ ᠡᠯ᠎ᠡ ᠭᠠᠵᠠᠷ ᠤᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠲᠣᠬᠢᠷᠠᠭᠤᠯᠤᠯᠲᠠ ᠪᠠᠶᠢᠷᠢᠯᠠᠭᠤᠯᠤᠯᠲᠠ ᠪᠠ ᠠᠶᠢᠮᠠᠭ ᠤᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢᠨ | ᠲᠣᠭᠤᠷᠢᠨ ᠳᠤ ᠣᠨ ᠤ ᠭᠤᠣᠯᠳᠠᠯᠭ᠎ᠠ ᠲᠠᠢ ᠡᠭᠦᠷᠭᠡ ᠪᠠᠨ ᠨᠠᠷᠢᠨ ᠬᠢᠨᠠᠮᠠᠭᠠᠢ ᠰᠤᠳᠤᠯᠤᠨ ᠲᠦᠯᠦᠪᠵᠢᠬᠦᠯᠵᠦ᠂ ᠡᠨᠡ | ᠵᠢᠯ ᠤᠨ ᠮᠠᠨ ᠤ ᠠᠶᠢᠮᠠᠭ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠨᠢᠭᠡ ᠴᠣᠭᠴᠠᠵᠢᠭᠤᠯᠬᠤ | ᠢᠨᠵᠧᠨᠧᠷᠢᠩ ᠪᠠ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠲᠥᠷᠥᠯ ᠵᠦᠢᠯ ᠤᠨ ᠪᠡᠯᠡ ᠮᠥᠩᠭᠦ ᠶᠢᠨ | ᠢᠷᠡᠯᠲᠡ᠂ ᠡᠳ᠋ ᠮᠠᠲ᠋ᠧᠷᠢᠶᠠᠯ ᠤᠨ ᠪᠡᠯᠡᠳᠬᠡᠯ᠂ ᠭᠠᠵᠠᠷ ᠰᠢᠷᠣᠢ ᠶᠢᠨ ᠨᠠᠶᠢᠳᠠᠪᠤᠷᠢᠵᠢᠭᠤᠯᠤᠯᠲᠠ᠂ ᠠᠵᠢᠯ ᠤᠨ ᠵᠢᠷᠤᠭ | ᠲᠥᠯᠥᠪᠯᠡᠭᠡ ᠵᠡᠷᠭᠡ ᠠᠵᠢᠯ ᠢ ᠦᠨᠡᠨ ᠬᠦ ᠨᠠᠷᠢᠨ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ᠃ ︽ᠡᠯᠡᠰᠦ ᠶᠢ | ᠤᠰᠠᠳᠬᠠᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠢ ᠰᠠᠶᠢᠲᠤᠷ ᠥᠷᠨᠢᠭᠦᠯᠦᠨ᠂ ᠪᠠᠷᠢᠯᠭ᠎ᠠ ᠶᠢᠨ ᠬᠤᠭᠤᠴᠠᠭᠠᠨ ᠤ | ᠲᠥᠯᠥᠪᠯᠡᠭᠡ ᠶᠢ ᠡᠷᠴᠢᠮᠳᠠᠢ ᠪᠠᠶᠢᠷᠢᠯᠠᠭᠤᠯᠵᠤ᠂ ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠡᠭᠦᠳᠡᠯ | ᠡᠯᠡᠰᠦᠷᠬᠡᠭ ᠭᠠᠵᠠᠷ ᠤᠨ ᠰᠥᠨᠥᠭᠡᠯᠲᠠ ᠶᠢᠨ ᠡᠭᠦᠷᠭᠡ ᠶᠢ ᠰᠠᠶᠢᠲᠤᠷ ᠪᠡᠶᠡᠯᠡᠭᠦᠯᠬᠦ ᠬᠡᠷᠡᠭᠲᠡᠢ᠃ ᠤᠷᠮᠠᠰᠢᠭᠤᠯᠬᠤ | ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ | ᠬᠦᠷᠢᠶ᠎ᠡ ᠬᠡᠪᠴᠢᠶ᠎ᠡ ᠶᠢ ᠥᠷᠭᠡᠳᠬᠡᠨ᠂ ᠮᠠᠯᠴᠢᠨ ᠲᠠᠷᠢᠶᠠᠴᠢᠨ ᠢ ᠬᠥᠲᠥᠯᠥᠨ ᠵᠢᠯᠤᠭᠤᠳᠴᠤ ᠪᠠᠶᠢᠭᠠᠳ | ᠡᠯᠡᠰᠦᠷᠭᠡᠭᠵᠢᠯ ᠢ ᠰᠡᠷᠭᠡᠶᠢᠯᠡᠠ ᠡᠯᠡᠰᠦ ᠶᠢ ᠵᠠᠰᠠᠬᠤ ᠳᠤ ᠭᠦᠨᠵᠡᠭᠡᠢ ᠣᠷᠣᠯᠴᠠᠭᠤᠯᠵᠤ᠂ ᠡᠯᠡᠰᠦ ᠶᠢ ᠵᠠᠰᠠᠬᠤ ᠪᠠ | ᠣᠷᠣᠯᠭ᠎ᠠ ᠪᠠᠨ ᠨᠡᠮᠡᠭᠳᠡᠭᠦᠯᠬᠦ ᠲᠠᠯ᠎ᠠ ᠪᠠᠷ ᠬᠤᠣᠰ ᠠᠮᠵᠢᠯᠲᠠ ᠣᠯᠬᠤ ᠶᠢ ᠪᠡᠶᠡᠯᠡᠭᠦᠯᠬᠦ ᠬᠡᠷᠡᠭᠲᠡᠢ᠃ ᠡᠯᠡᠰᠦ ᠶᠢ ᠵᠠᠰᠠᠬᠤ | ᠣᠷᠣᠨ ᠪᠦᠰᠡ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠢ ᠦᠷᠭᠦᠯᠵᠢᠯᠡᠨ ᠴᠢᠩᠭᠠᠳᠬᠠᠵᠤ᠂ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠤᠭᠠᠵᠦ ᠪᠡᠯᠴᠢᠭᠡᠷ ᠰᠡᠷᠭᠦᠬᠡᠬᠦ ᠳᠦᠷᠢᠮ ᠢ ᠴᠢᠩᠭ᠎ᠠ | ᠨᠠᠶᠢᠳᠠᠪᠤᠷᠢᠵᠢᠭᠤᠯᠤᠨ᠂ ᠪᠢᠲᠡᠭᠦᠮᠵᠢᠯᠡᠨ ᠬᠦᠷᠢᠶᠡᠯᠡᠵᠦ ᠪᠤᠶᠢᠵᠢᠭᠤᠯᠬᠤ ᠵᠡᠷᠭᠡ ᠠᠷᠭ᠎ᠠ ᠬᠡᠯᠪᠡᠷᠢ ᠶᠢ ᠭᠤᠣᠯᠳᠠᠯᠭ᠎ᠠ ᠲᠠᠢ | ᠬᠡᠷᠡᠭᠯᠡᠨ ᠠᠶᠠᠨᠳᠠᠭᠠᠨ ᠤ ᠰᠡᠷᠭᠦᠭᠡᠯᠲᠠ ᠶᠢ ᠪᠡᠶᠡᠯᠡᠬᠦᠯᠵᠦ᠂ ᠡᠯᠡᠰᠦᠷᠭᠡᠭᠵᠢᠯ ᠢ ᠰᠡᠷᠭᠡᠶᠢᠯᠡᠠ ᠡᠯᠡᠰᠦ ᠶᠢ ᠵᠠᠰᠠᠭᠰᠠᠨ | ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠢ ᠭᠡᠵᠠᠢ᠃ | ᠵᠠᠩ ᠪᠠᠢ ᠴᠧᠩ ᠬᠡᠰᠡᠭ ᠰᠤᠮᠤ᠂ ᠭᠠᠴᠠᠭ᠎ᠠ ᠶᠢᠨ ᠨᠠᠮ ᠤᠨ ᠭᠡᠰᠢᠭᠦᠨ ᠪᠠ ᠣᠯᠠᠨ ᠲᠦᠮᠡᠨ ᠤ | ᠦᠢᠯᠡᠴᠢᠯᠡᠭᠡᠨ ᠤ ᠲᠥᠪ ᠲᠤ ᠭᠦᠨᠵᠡᠭᠡᠶᠢᠷᠡᠨ᠂ ᠰᠤᠮᠤ ᠰᠢᠶᠠᠩ ᠪᠠᠯᠭᠠᠰᠤ ᠶᠢᠨ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠨᠠᠷᠢᠨ ᠲᠠᠩᠰᠠ ᠶᠢ ᠠᠬᠢᠭᠤᠯᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠵᠠᠩ ᠪᠠᠢ ᠴᠧᠩ | ᠵᠢᠭᠠᠬᠤ ᠳᠠᠭᠠᠨ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ | ᠥᠷᠨᠢᠭᠦᠯᠵᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠦ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠬᠦᠯᠬᠦ᠂ | ᠦᠨᠳᠦᠰᠦᠨ ᠱᠠᠲᠤᠨ ᠤ ᠵᠠᠰᠠᠯᠲᠠ ᠶᠢᠨ ᠲᠣᠪᠤᠶᠢᠮ᠎ᠠ ᠠᠰᠠᠭᠤᠳᠠᠯ ᠢ ᠰᠶᠢᠳᠪᠦᠷᠢᠯᠡᠬᠦ᠂ ᠤᠯᠠᠨ ᠲᠦᠮᠡᠨ ᠤ ᠳᠡᠷᠭᠡᠳᠡᠬᠢ | ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠭᠤᠷᠪᠠᠨ | ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ︽ᠳᠠᠷᠤᠭᠠᠰᠤ ᠶᠢ ᠬᠥᠩᠭᠡᠷᠡᠭᠦᠯᠬᠦ᠂ ᠬᠦᠴᠦᠨ | ᠨᠡᠮᠡᠷᠢᠯᠡᠬᠦ᠂ ᠬᠦᠴᠢᠷᠳᠡᠯ ᠢ ᠰᠶᠢᠳᠪᠦᠷᠢᠯᠡᠬᠦ᠂ ᠲᠦᠯᠬᠢᠨ ᠠᠬᠢᠭᠤᠯᠬᠤ︾ ᠵᠡᠷᠭᠡ ᠡᠭᠦᠷᠭᠡ ᠶᠢ ᠨᠢᠭᠡ ᠴᠣᠭᠴᠠᠵᠢᠭᠤᠯᠤᠨ | ᠰᠠᠶᠢᠲᠤᠷ ᠠᠳᠬᠤᠵᠤ᠂ ᠦᠨᠳᠦᠰᠦᠨ ᠱᠠᠲᠤᠨ ᠤ ᠵᠠᠰᠠᠯᠲᠠ ᠶᠢᠨ ᠦᠢᠯᠡᠳᠦᠯ ᠴᠢᠳᠠᠪᠬᠢ ᠪᠣᠯᠣᠨ ᠤᠯᠠᠨ ᠲᠦᠮᠡᠨ ᠳᠤ | ᠦᠢᠯᠡᠴᠢᠯᠡᠬᠦ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠭᠡᠵᠠᠢ᠃ | | |