ᠴᠢᠨᠠᠷ ᠰᠠᠶᠢᠲᠠᠢ ᠬᠥᠭᠵᠢᠯᠲᠡ ᠪᠠᠷ ᠪᠥᠬᠦ ᠲᠠᠯ᠎ᠠ ᠶᠢ ᠬᠠᠮᠤᠷᠬᠤ ᠶᠢ ᠪᠠᠷᠢᠮᠲᠠᠯᠠᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤᠮᠳᠠ ᠭᠦᠢᠵᠧᠦ ᠶᠢᠨ ᠰᠢᠨ᠎ᠡ ᠵᠢᠪᠬᠤᠭ᠎ᠠ ᠶᠢ ᠢᠯᠡᠷᠡᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2025/3/21
    ᠰᠢ ᠶᠢᠨ ᠫᠢᠩ ᠭᠦᠢᠵᠧᠦ ᠳᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ    ᠴᠢᠨᠠᠷ ᠰᠠᠶᠢᠲᠠᠢ ᠬᠥᠭᠵᠢᠯᠲᠡ ᠪᠠᠷ ᠪᠥᠬᠦ ᠲᠠᠯ᠎ᠠ ᠶᠢ ᠬᠠᠮᠤᠷᠬᠤ ᠶᠢ ᠪᠠᠷᠢᠮᠲᠠᠯᠠᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤᠮᠳᠠ ᠭᠦᠢᠵᠧᠦ ᠶᠢᠨ ᠰᠢᠨ᠎ᠡ ᠵᠢᠪᠬᠤᠭ᠎ᠠ ᠶᠢ ᠢᠯᠡᠷᠡᠭᠦᠯᠬᠦ ᠬᠡᠷᠡᠭᠲᠡᠢ    ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ    ᠰᠢᠨᠬᠤᠸᠠ ᠬᠤᠷᠢᠶ᠎ᠠ ᠶᠢᠨ ᠭᠦᠢᠶᠠᠩ ᠤᠨ 3 ᠰᠠᠷ᠎ᠠ ᠶᠢᠨ 18 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠭᠦᠢᠵᠧᠦ ᠳᠤ ᠰᠢᠨᠵᠢᠯᠡᠨ ᠪᠠᠶᠢᠴᠠᠭᠠᠬᠤ ᠳᠠᠭᠠᠨ᠂ ᠭᠦᠢᠵᠧᠦ ᠮᠤᠵᠢ ᠶᠢᠨ ᠬᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠪᠠ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠶᠢᠨ ᠲᠤᠬᠠᠢ ᠨᠠᠮ ᠤᠨ ᠲᠥᠪ ᠬᠤᠷᠢᠶ᠎ᠠ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠪᠠᠷ ᠪᠦᠭᠦ ᠲᠠᠯ᠎ᠠ ᠶᠢ ᠬᠠᠮᠤᠷᠬᠤ ᠶᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠤᠯᠭᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠰᠢᠷᠭᠠᠭᠤ ᠠᠵᠢᠯᠯᠠᠨ ᠪᠣᠳᠠᠲᠠᠢ ᠠᠵᠢᠯᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠳᠡᠪᠰᠢᠵᠦ᠂ ᠴᠢᠳᠠᠮᠠᠭᠠᠢ ᠠᠵᠢᠯᠯᠠᠨ ᠴᠢᠳᠠᠮᠠᠭᠠᠢ ᠪᠠᠷ ᠠᠮᠵᠢᠯᠲᠠ ᠪᠦᠲᠦᠮᠵᠢ ᠭᠠᠷᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤᠮᠳᠠ ᠭᠦᠢᠵᠧᠦ ᠶᠢᠨ ᠰᠢᠨ᠎ᠡ ᠵᠢᠪᠬᠤᠭ᠎ᠠ ᠶᠢ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
     3 ᠰᠠᠷ᠎ᠠ ᠶᠢᠨ 17 ᠠᠴᠠ 18 ᠤ ᠡᠳᠦᠷ ᠪᠤᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠭᠦᠢᠵᠧᠦ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 17 ᠤ ᠦᠳᠡ ᠶᠢᠨ ᠬᠤᠶᠢᠨ᠎ᠠ᠂ ᠰᠢ ᠶᠢᠨ ᠫᠢᠩ ᠭᠦᠢᠵᠧᠦ ᠶᠢᠨ ᠵᠡᠭᠦᠨ ᠡᠮᠦᠨᠡᠲᠦ ᠵᠧᠦ ᠶᠢᠨ ᠯᠢ ᠫᠢᠩ ᠰᠢᠶᠠᠨ ᠤ ᠵᠤᠤ ᠰᠢᠩ ᠤᠨ ᠳ᠋ᠦᠩ ᠦᠨᠳᠦᠰᠦᠲᠡᠨ ᠤ ᠴᠠᠶᠢᠵᠠ ᠳᠤ ᠬᠦᠷᠴᠦ ᠰᠢᠨᠵᠢᠯᠡᠨ ᠪᠠᠶᠢᠴᠠᠭᠠᠬᠤ ᠳᠠᠭᠠᠨ ᠲᠣᠰᠬᠤᠨ ᠤ ᠠᠷᠠᠳ ᠲᠠᠢ ᠳᠣᠲᠣᠨᠣ ᠶᠠᠷᠢᠯᠴᠠᠵᠤ ᠪᠠᠶᠢᠭ᠎ᠠ ᠨᠢ᠃    ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ    3 ᠰᠠᠷ᠎ᠠ ᠶᠢᠨ 17 ᠠᠴᠠ 18 ᠤ ᠡᠳᠦᠷ ᠪᠤᠯᠲᠠᠯ᠎ᠠ᠂ ᠰᠢ ᠶᠢᠨ ᠫᠢᠩ ᠭᠦᠢᠵᠧᠦ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠰᠢᠦᠢ ᠯᠢᠨ ᠪᠣᠯᠣᠨ ᠮᠤᠵᠢ ᠶᠢᠨ ᠳᠠᠷᠤᠭ᠎ᠠ ᠯᠢ ᠪᠢᠩ ᠵᠢᠶᠦ᠋ᠨ ᠤ ᠪᠠᠷ᠎ᠠ ᠪᠤᠯᠤᠯᠭ᠎ᠠ ᠲᠠᠢ ᠪᠠᠷ ᠤᠷᠢᠳ ᠬᠤᠵᠢᠳ ᠭᠦᠢᠵᠧᠦ ᠶᠢᠨ ᠵᠡᠭᠦᠨ ᠡᠮᠦᠨᠡᠲᠦ ᠶᠢᠨ ᠮᠢᠶᠣᠣ ᠦᠨᠳᠦᠰᠦᠲᠡᠨ ᠳ᠋ᠦᠩ ᠦᠨᠳᠦᠰᠦᠲᠡᠨ ᠤ ᠥᠪᠡᠷᠲᠡᠭᠡᠨ ᠵᠠᠰᠠᠬᠤ ᠵᠧᠦ᠂ ᠭᠦᠢᠶᠠᠩ ᠬᠤᠳᠠ ᠵᠡᠷᠭᠡ ᠭᠠᠵᠠᠷ ᠲᠤ ᠬᠦᠷᠴᠦ ᠰᠢᠨᠵᠢᠯᠡᠨ ᠪᠠᠶᠢᠴᠠᠭᠠᠪᠠ᠃
     3 ᠰᠠᠷ᠎ᠠ ᠶᠢᠨ 17 ᠠᠴᠠ 18 ᠤ ᠡᠳᠦᠷ ᠪᠤᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠭᠦᠢᠵᠧᠦ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 17 ᠤ ᠦᠳᠡ ᠶᠢᠨ ᠬᠤᠶᠢᠨ᠎ᠠ᠂ ᠰᠢ ᠶᠢᠨ ᠫᠢᠩ ᠭᠦᠢᠵᠧᠦ ᠶᠢᠨ ᠵᠡᠭᠦᠨ ᠡᠮᠦᠨᠡᠲᠦ ᠵᠧᠦ ᠶᠢᠨ ᠯᠢ ᠫᠢᠩ ᠰᠢᠶᠠᠨ ᠤ ᠵᠤᠤ ᠰᠢᠩ ᠤᠨ ᠳ᠋ᠦᠩ ᠦᠨᠳᠦᠰᠦᠲᠡᠨ ᠤ ᠴᠠᠶᠢᠵᠠ ᠳᠤ ᠬᠦᠷᠴᠦ ᠰᠢᠨᠵᠢᠯᠡᠨ ᠪᠠᠶᠢᠴᠠᠭᠠᠬᠤ ᠳᠠᠭᠠᠨ ᠰᠢᠨᠲ᠋ᠤᠸᠠᠨ ᠬᠡᠩᠭᠡᠷᠭᠡᠲᠦ ᠠᠰᠠᠷ ᠲᠤ ᠲᠣᠰᠬᠤᠨ ᠤ ᠺᠠᠳ᠋ᠷ ᠪᠣᠯᠣᠨ ᠲᠣᠰᠬᠤᠨ ᠤ ᠠᠷᠠᠳ ᠤᠨ ᠲᠥᠯᠥᠭᠡᠯᠡᠭᠴᠢᠳ ᠲᠠᠢ ᠬᠠᠮᠲᠤ ᠲᠣᠭᠤᠷᠢᠨ ᠰᠠᠭᠤᠯᠴᠠᠵᠤ᠂ ᠬᠥᠳᠡᠭᠡ ᠳᠤᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠲᠤᠬᠠᠢ ᠶᠠᠷᠢᠯᠴᠠᠵᠤ ᠪᠠᠶᠢᠭ᠎ᠠ ᠨᠢ᠃    ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ    17 ᠤ ᠦᠳᠡ ᠶᠢᠨ ᠬᠤᠶᠢᠨ᠎ᠠ᠂ ᠰᠢ ᠶᠢᠨ ᠫᠢᠩ ᠭᠦᠢᠵᠧᠦ ᠶᠢᠨ ᠵᠡᠭᠦᠨ ᠡᠮᠦᠨᠡᠲᠦ ᠵᠧᠦ ᠶᠢᠨ ᠯᠢ ᠫᠢᠩ ᠤᠨ ᠰᠢᠶᠠᠨ ᠤ ᠵᠤᠤ ᠰᠢᠩ ᠤᠨ ᠳ᠋ᠦᠩ ᠦᠨᠳᠦᠰᠦᠲᠡᠨ ᠤ ᠴᠠᠶᠢᠵᠠ ᠳᠤ ᠬᠦᠷᠴᠦ ᠰᠢᠨᠵᠢᠯᠡᠨ ᠪᠠᠶᠢᠴᠠᠭᠠᠪᠠ᠃ ᠴᠠᠶᠢᠵᠠ ᠶᠢᠨ ᠡᠭᠦᠳᠡᠨ ᠳᠤ ᠦᠨᠳᠦᠰᠦᠲᠡᠨ ᠤ ᠬᠤᠪᠴᠠᠰᠤ ᠵᠠᠰᠠᠯ ᠢᠶᠠᠷ ᠢᠶᠠᠨ ᠴᠢᠮᠡᠭᠯᠡᠭᠰᠡᠨ ᠲᠣᠰᠬᠤᠨ ᠤ ᠠᠷᠠᠳ ᠳ᠋ᠦᠩ ᠦᠨᠳᠦᠰᠦᠲᠡᠨ ᠤ ᠨᠠᠶᠢᠷ ᠤᠨ ᠳᠠᠭᠤᠤ ᠪᠠᠨ ᠳᠠᠭᠤᠯᠠᠵᠤ ᠶᠡᠷᠦᠩᠬᠡᠢ ᠱᠦᠵᠢ ᠶᠢ ᠤᠭᠲᠤᠪᠠ᠃ ᠰᠢ ᠶᠢᠨ ᠫᠢᠩ ᠳ᠋ᠦᠩ ᠦᠨᠳᠦᠰᠦᠲᠡᠨ ᠤ ᠨᠠᠶᠢᠷ ᠤᠨ ᠳᠠᠭᠤᠤ ᠶᠢᠨ ᠤᠷᠠᠯᠢᠭ ᠤᠨ ᠡᠭᠦᠰᠦᠯ᠂ ᠠᠶᠠᠯᠭᠤ ᠶᠢᠨ ᠣᠨᠴᠠᠯᠢᠭ᠂ ᠳᠠᠭᠤᠯᠠᠬᠤ ᠭᠡᠯᠪᠡᠷᠢ ᠵᠡᠷᠭᠡ ᠲᠠᠯ᠎ᠠ ᠶᠢᠨ ᠲᠠᠨᠢᠯᠴᠠᠭᠤᠯᠭ᠎ᠠ ᠶᠢ ᠮᠠᠰᠢ ᠰᠣᠨᠢᠷᠬᠠᠯᠲᠠᠢ ᠰᠣᠨᠣᠰᠴᠠᠢ᠃ ᠳᠠᠷᠠᠭ᠎ᠠ ᠨᠢ ᠲᠣᠰᠬᠤᠨ ᠴᠠᠶᠢᠵᠠ ᠶᠢᠨ ᠵᠠᠮ ᠳᠠᠭᠠᠤ ᠳ᠋ᠦᠩ ᠦᠨᠳᠦᠰᠦᠲᠡᠨ ᠤ ᠴᠠᠶᠢᠵᠠ ᠶᠢᠨ ᠳᠦᠷᠰᠦ ᠪᠠᠶᠢᠳᠠᠯ ᠪᠠ ᠵᠢᠭᠤᠯᠴᠢᠯᠠᠯ ᠤᠨ ᠳᠡᠯᠭᠡᠭᠦᠷ ᠢ ᠪᠠᠶᠢᠴᠠᠭᠠᠨ ᠦᠵᠡᠵᠦ᠂ ᠪᠠᠶᠢᠨ ᠲᠠᠭᠢᠨ ᠵᠣᠭᠰᠣᠨ ᠳᠡᠯᠭᠡᠭᠦᠷ ᠤᠨ ᠡᠵᠡᠨ᠂ ᠵᠢᠭᠤᠯᠴᠢᠯᠠᠬᠰᠡᠳ᠂ ᠲᠣᠰᠬᠤᠨ ᠤ ᠠᠷᠠᠳ ᠲᠠᠢ ᠶᠠᠷᠢᠯᠴᠠᠵᠤ ᠪᠠᠶᠢᠯ᠎ᠠ᠃ ᠳ᠋ᠦᠩ ᠦᠨᠳᠦᠰᠦᠲᠡᠨ ᠤ ᠰᠣᠶᠣᠯ ᠤᠨ ᠦᠵᠡᠭᠦᠯᠭᠡ ᠶᠢᠨ ᠲᠥᠪ ᠲᠤ ᠲᠡᠷᠡ ᠳ᠋ᠦᠩ ᠦᠨᠳᠦᠰᠦᠲᠡᠨ ᠤ ᠲᠡᠦᠬᠡ᠂ ᠵᠠᠩ ᠦᠢᠯᠡ ᠪᠣᠯᠣᠨ ᠬᠤᠪᠴᠠᠰᠤ ᠵᠠᠰᠠᠯ᠂ ᠪᠠᠷᠢᠯᠭ᠎ᠠ ᠵᠡᠷᠭᠡ ᠣᠨᠴᠠᠯᠢᠭᠲᠤ ᠰᠣᠶᠣᠯ ᠢ ᠬᠠᠮᠠᠭᠠᠯᠠᠵᠤ ᠤᠯᠠᠮᠵᠢᠯᠠᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠳ᠋ᠦᠩ ᠦᠨᠳᠦᠰᠦᠲᠡᠨ ᠤ ᠰᠢᠶᠠᠩ ᠤᠨ ᠣᠨᠴᠠᠯᠢᠭᠲᠤ ᠠᠵᠤ ᠦᠢᠯᠡᠰ ᠤᠨ ᠰᠠᠭᠤᠷᠢᠨ ᠳᠤ ᠲᠡᠷᠡ ᠯᠠᠳᠠᠵᠤ ᠪᠤᠳᠤᠬᠤ ᠤᠷ᠎ᠠ ᠮᠡᠷᠭᠡᠵᠢᠯ ᠤᠨ ᠶᠠᠪᠤᠴᠠ ᠶᠢ ᠦᠵᠡᠵᠦ᠂ ᠯᠠᠳᠠᠵᠤ ᠪᠤᠳᠤᠬᠤ ᠬᠤᠷᠰᠢᠶ᠎ᠠ ᠶᠢᠨ ᠵᠣᠴᠢᠳ ᠢ ᠳᠡᠭᠡᠳᠦᠯᠡᠬᠦ᠂ ᠶᠠᠰᠤ ᠴᠢᠨᠠᠷ ᠢ ᠲᠡᠷᠢᠭᠦᠨ ᠳᠤ ᠲᠠᠯᠪᠢᠬᠤ ᠡᠵᠡᠩᠨᠡᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ ᠪᠠᠶᠢᠬᠤ ᠶᠢ ᠨᠤᠲᠠᠯᠠᠪᠠ᠃ ᠰᠢ ᠶᠢᠨ ᠫᠢᠩ᠂ ᠴᠥᠭᠡᠨ ᠲᠣᠭᠠᠲᠤ ᠦᠨᠳᠦᠰᠦᠲᠡᠨ ᠤ ᠰᠣᠶᠣᠯ ᠪᠣᠯ ᠳᠤᠮᠳᠠᠳᠤ ᠶᠢᠨ ᠰᠣᠶᠣᠯ ᠤᠨ ᠲᠤᠲᠠᠭᠳᠠᠵᠤ ᠪᠣᠯᠣᠰᠢ ᠦᠭᠡᠢ ᠪᠦᠷᠢᠯᠳᠦᠭᠦᠨ ᠬᠡᠰᠡᠭ ᠮᠥᠨ᠃ ᠪᠦᠲᠦᠨ ᠢᠶᠠᠷ ᠢᠶᠠᠨ ᠪᠠᠶᠢᠭ᠎ᠠ ᠠᠶᠢᠯ ᠲᠣᠰᠬᠤᠨ᠂ ᠠᠷᠠᠳ ᠤᠨ ᠣᠷᠣᠨ ᠰᠠᠭᠤᠴᠠ᠂ ᠣᠨᠴᠠᠯᠢᠭᠲᠤ ᠪᠠᠷᠢᠯᠭ᠎ᠠ ᠶᠢᠨ ᠳᠦᠷᠰᠦ ᠪᠠᠶᠢᠳᠠᠯ ᠢ ᠬᠠᠮᠠᠭᠠᠯᠠᠵᠤ᠂ ᠦᠯᠦ ᠮᠡᠳᠡᠭᠳᠡᠮ᠎ᠡ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠪᠠᠷ ᠪᠠᠷᠠᠬᠤ ᠦᠭᠡᠢ ᠪᠠᠰᠠ ᠲᠡᠭᠦᠨ ᠢ ᠪᠦᠲᠦᠭᠡᠯᠴᠢ ᠴᠢᠨᠠᠷᠲᠠᠢ ᠪᠠᠷ ᠬᠤᠪᠢᠷᠠᠭᠤᠯᠬᠤ᠂ ᠰᠢᠨ᠎ᠡ ᠶᠢ ᠡᠭᠦᠳᠬᠦ ᠴᠢᠨᠠᠷᠲᠠᠢ ᠪᠠᠷ ᠬᠥᠭᠵᠢᠭᠦᠯᠬᠦ ᠶᠢ ᠠᠬᠢᠭᠤᠯᠵᠤ᠂ ᠠᠰᠢᠭᠯᠠᠯᠲᠠ ᠶᠢᠨ ᠳᠤᠮᠳᠠ ᠦᠨᠳᠦᠰᠦᠲᠡᠨ ᠤ ᠣᠨᠴᠠᠯᠢᠭ ᠢ ᠨᠠᠩ ᠠᠮᠢᠳᠤᠯᠢᠭ ᠲᠣᠳᠣ ᠪᠤᠯᠭᠠᠵᠤ᠂ ᠰᠢᠨ᠎ᠡ ᠭᠡᠷᠡᠯ ᠭᠢᠯᠪᠠᠭ᠎ᠠ ᠶᠢ ᠨᠢ ᠲᠠᠰᠤᠷᠠᠯᠲᠠ ᠦᠭᠡᠢ ᠰᠠᠴᠤᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠰᠢᠨᠲ᠋ᠤᠸᠠᠨ ᠬᠡᠩᠭᠡᠷᠭᠡᠲᠦ ᠠᠰᠠᠷ ᠲᠤ ᠰᠢ ᠶᠢᠨ ᠫᠢᠩ ᠲᠣᠰᠬᠤᠨ ᠤ ᠺᠠᠳ᠋ᠷ ᠪᠣᠯᠣᠨ ᠲᠣᠰᠬᠤᠨ ᠤ ᠠᠷᠠᠳ ᠤᠨ ᠲᠥᠯᠥᠭᠡᠯᠡᠭᠴᠢᠳ ᠲᠠᠢ ᠬᠠᠮᠲᠤ ᠰᠠᠭᠤᠯᠴᠠᠵᠤ ᠳᠣᠲᠣᠨᠣ ᠪᠠᠷ ᠶᠠᠷᠢᠯᠴᠠᠪᠠ᠃ ᠤᠯᠠᠨ ᠢᠶᠠᠷ ᠢᠶᠠᠨ ᠶᠡᠷᠦᠩᠬᠡᠢ ᠱᠦᠵᠢ ᠳᠤ ᠣᠶᠢᠷ᠎ᠠ ᠶᠢᠨ ᠵᠢᠯ ᠤᠨ ᠲᠤᠷᠰᠢᠬᠢ ᠬᠥᠳᠡᠭᠡ ᠲᠣᠰᠬᠤᠨ ᠳᠤ ᠭᠠᠷᠤᠭᠰᠠᠨ ᠪᠠᠶᠠᠷᠯᠠᠭᠤᠰᠢᠲᠠᠢ ᠬᠤᠪᠢᠷᠠᠯᠲᠠ  ᠶᠢ  ᠶᠠᠷᠢᠵᠤ  ᠥᠭᠪᠡ᠃ ᠰᠢ ᠶᠢᠨ ᠫᠢᠩ᠂ ᠳ᠋ᠦᠩ ᠦᠨᠳᠦᠰᠦᠲᠡᠨ ᠤ ᠴᠠᠶᠢᠵᠠ ᠶᠢ ᠡᠶᠢᠮᠦ ᠰᠠᠶᠢᠬᠠᠨ ᠬᠠᠮᠠᠭᠠᠯᠠᠵᠤ᠂ ᠳ᠋ᠦᠩ ᠦᠨᠳᠦᠰᠦᠲᠡᠨ ᠤ ᠤᠯᠠᠨ ᠲᠦᠮᠡᠨ ᠤ ᠠᠮᠢᠳᠤᠷᠠᠯ ᠵᠣᠯ ᠵᠢᠷᠭᠠᠯ ᠲᠠᠢ ᠪᠠᠶᠢᠬᠤ ᠶᠢ ᠦᠵᠡᠭᠡᠳ ᠮᠠᠰᠢ ᠪᠠᠶᠠᠷᠯᠠᠵᠤ ᠪᠠᠶᠢᠨ᠎ᠠ ᠭᠡᠵᠦ ᠢᠯᠡᠳᠬᠡᠪᠡ᠃ ᠲᠡᠷᠡ᠂ ᠠᠷᠠᠳ ᠤᠯᠠᠨ ᠤ ᠶᠠᠪᠤᠳᠠᠯ ᠢ ᠰᠠᠶᠢᠲᠤᠷ ᠬᠢᠬᠦ ᠶᠢᠨ ᠵᠠᠩᠭᠢᠯᠠᠭ᠎ᠠ ᠨᠢ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠨᠠᠮ ᠤᠨ ᠡᠭᠦᠷ ᠤᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠣᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠪᠠᠳᠠᠷᠠᠭᠤᠯᠵᠤ ᠤᠯᠠᠨ ᠲᠦᠮᠡᠨ ᠢ ᠳᠠᠭᠠᠭᠤᠯᠤᠨ ᠠᠵᠤ ᠠᠬᠤᠢ ᠶᠢ ᠬᠥᠭᠵᠢᠭᠦᠯᠵᠦ᠂ ᠬᠥᠳᠡᠭᠡ ᠲᠣᠰᠬᠤᠨ ᠤ ᠵᠠᠰᠠᠯᠲᠠ ᠶᠢ ᠰᠠᠶᠢᠲᠤᠷ ᠬᠢᠬᠦ ᠳᠤ ᠪᠠᠶᠢᠨ᠎ᠠ ᠭᠡᠵᠦ ᠵᠢᠭᠠᠵᠤ ᠭᠠᠷᠭᠠᠪᠠ᠃    ᠬᠡᠩᠭᠡᠷᠭᠡᠲᠦ ᠠᠰᠠᠷ ᠠᠴᠠ ᠰᠠᠯᠬᠤ ᠦᠶ᠎ᠡ ᠳᠤ ᠲᠣᠰᠬᠤᠨ ᠤ ᠠᠷᠠᠳ ᠠᠷᠤ ᠠᠷᠤ ᠠᠴᠠ ᠪᠠᠨ ᠬᠦᠷᠢᠶᠡᠯᠡᠨ ᠢᠷᠡᠵᠦ᠂ ᠬᠠᠯᠠᠭᠤᠨ ᠠᠯᠠᠭ᠎ᠠ ᠲᠠᠰᠢᠵᠤ᠂ ᠥᠨᠳᠥᠷ ᠲᠠᠭᠤᠨ ᠢᠶᠠᠷ ᠶᠡᠷᠦᠩᠬᠡᠢ ᠱᠦᠵᠢ ᠶᠢᠨ ᠠᠮᠤᠷ ᠢ ᠠᠰᠠᠭᠤᠪᠠ᠃ ᠰᠢ ᠶᠢᠨ ᠫᠢᠩ᠂ ᠳ᠋ᠦᠩ ᠦᠨᠳᠦᠰᠦᠲᠡᠨ ᠤ ᠠᠷᠠᠳ ᠲᠦᠮᠡᠨ ᠪᠣᠷᠣᠭᠵᠢᠭᠤᠨ᠂ ᠠᠵᠢᠯᠴᠢ ᠭᠦᠳᠡᠯᠮᠦᠷᠢᠴᠢ᠂ ᠰᠣᠶᠣᠯ ᠲᠠᠢ᠂ ᠤᠶᠤᠨ ᠤᠬᠠᠭᠠᠨ ᠲᠠᠢ ᠶᠤᠮ᠃ ᠤᠯᠠᠨ ᠢᠶᠠᠷ ᠢᠶᠠᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤᠮᠳᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠨᠡᠩ ᠰᠠᠶᠢᠲᠤᠷ ᠬᠢᠬᠦ ᠶᠢ ᠬᠦᠰᠡᠵᠦ ᠪᠠᠶᠢᠨ᠎ᠠ᠂ ᠤᠯᠠᠨ ᠤ ᠠᠮᠢᠳᠤᠷᠠᠯ ᠡᠳᠦᠷ ᠠᠴᠠ ᠡᠳᠦᠷ ᠥᠭᠡᠳᠡ ᠡᠰᠡᠷᠡᠭ ᠪᠤᠯᠬᠤ ᠶᠢ ᠬᠦᠰᠡᠨ ᠵᠥᠩᠨᠡᠵᠦ ᠪᠠᠶᠢᠨ᠎ᠠ ᠭᠡᠵᠦ ᠪᠠᠶᠠᠷ ᠲᠠᠢ ᠬᠠᠷᠢᠭᠤᠯᠪᠠ᠃ ᠳ᠋ᠦᠩ ᠦᠨᠳᠦᠰᠦᠲᠡᠨ ᠤ ᠴᠠᠶᠢᠵᠠ ᠠᠴᠠ ᠰᠠᠯᠬᠤ ᠦᠶ᠎ᠡ ᠳᠤ ᠳ᠋ᠦᠩ ᠦᠨᠳᠦᠰᠦᠲᠡᠨ ᠤ ᠣᠯᠠᠨ ᠲᠦᠮᠡᠨ ︽ᠳ᠋ᠦᠩ ᠦᠨᠳᠦᠰᠦᠲᠡᠨ ᠤ ᠳᠠᠭᠤᠤ ᠪᠠᠨ ᠨᠠᠮ ᠳᠠᠭᠠᠨ ᠳᠠᠭᠤᠯᠠᠵᠤ ᠥᠭᠭᠦᠶ᠎ᠡ︾ ᠭᠡᠬᠦ ᠳᠠᠭᠤᠤ ᠶᠢ ᠭᠦᠨ ᠰᠡᠳᠬᠢᠯᠭᠡ ᠲᠠᠢ ᠳᠠᠭᠤᠯᠠᠵᠤ᠂ ᠶᠡᠷᠦᠩᠬᠡᠢ ᠱᠦᠵᠢ ᠶᠢ ᠬᠠᠶᠢᠷᠠᠯᠠᠵᠤ ᠪᠠᠶᠢᠬᠤ ᠪᠠ ᠰᠠᠯᠵᠤ ᠶᠠᠳᠠᠵᠤ ᠪᠠᠶᠢᠬᠤ ᠪᠠᠨ ᠢᠯᠡᠳᠬᠡᠪᠡ᠃ ᠰᠢ ᠶᠢᠨ ᠫᠢᠩ ᠪᠠᠶᠢᠨ ᠳᠠᠭᠢᠨ ᠭᠠᠷ ᠳᠠᠯᠠᠯᠤᠨ᠂ ᠨᠤᠲᠤᠭ ᠤᠨ ᠠᠬ᠎ᠠ ᠳᠡᠭᠦᠦ ᠨᠠᠷ ᠲᠠᠢ ᠰᠠᠯᠬᠤ ᠶᠣᠰᠣ ᠭᠦᠢᠴᠡᠳᠬᠡᠪᠡ᠃    18 ᠤ ᠦᠳᠡ ᠶᠢᠨ ᠡᠮᠦᠨ᠎ᠡ᠂ ᠰᠢ ᠶᠢᠨ ᠫᠢᠩ ᠭᠦᠢᠵᠧᠦ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠦᠢᠵᠧᠦ ᠶᠢᠨ ᠡᠯ᠎ᠡ ᠲᠠᠯ᠎ᠠ ᠶᠢᠨ ᠣᠯᠣᠭᠰᠠᠨ ᠠᠮᠵᠢᠯᠲᠠ ᠶᠢ ᠨᠤᠲᠠᠯᠠᠵᠤ᠂ ᠳᠠᠷᠠᠭᠠᠴᠢ ᠶᠢᠨ ᠠᠯᠬᠤᠮ ᠤᠨ ᠠᠵᠢᠯ ᠳᠤ ᠱᠠᠭᠠᠷᠳᠠᠯᠭ᠎ᠠ ᠳᠤᠷᠠᠳᠪᠠ᠃    ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠭᠦᠢᠵᠧᠦ ᠵᠣᠷᠢᠭ ᠰᠢᠭᠤᠳᠤᠨ᠂ ᠵᠣᠷᠢᠭᠲᠠᠢ ᠪᠠᠷ ᠬᠠᠶᠢᠨ ᠰᠦᠪᠡᠭᠴᠢᠯᠡᠵᠦ᠂ ᠪᠣᠳᠠᠲᠤ ᠴᠣᠭᠴᠠ ᠶᠢᠨ ᠠᠵᠤ ᠠᠬᠤᠢ ᠪᠠᠷ ᠰᠠᠭᠤᠷᠢ ᠪᠤᠯᠭᠠᠬᠤ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠶᠢ ᠴᠢᠩᠭᠠᠳᠬᠠᠵᠤ᠂ ᠰᠢᠨ᠎ᠡ ᠬᠠᠭᠤᠴᠢᠨ ᠬᠥᠳᠡᠯᠭᠡᠬᠦ ᠬᠦᠴᠦᠨ ᠤ ᠰᠣᠯᠢᠭᠳᠠᠯ ᠢ ᠨᠢᠭᠡᠳᠦᠯᠲᠡᠢ ᠲᠥᠯᠥᠪᠵᠢᠭᠦᠯᠵᠦ᠂ ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠲᠣᠭᠠᠴᠢᠯᠠᠭᠰᠠᠨ ᠠᠵᠤ ᠠᠬᠤᠢ᠂ ᠰᠢᠨ᠎ᠡ ᠡᠨᠧᠷᠭᠢ ᠵᠡᠷᠭᠡ ᠠᠵᠤ ᠦᠢᠯᠡᠰ ᠢ ᠬᠦᠴᠦᠷᠬᠡᠭᠵᠢᠭᠦᠯᠦᠨ ᠰᠢᠯᠢᠳᠡᠭᠵᠢᠭᠦᠯᠬᠦ ᠬᠡᠷᠡᠭᠲᠡᠢ᠃ ᠲᠣᠭᠲᠠᠯ ᠬᠦᠴᠦᠨ ᠪᠠ ᠲᠡᠪᠴᠢᠶᠡᠷᠢᠲᠡᠢ ᠪᠠᠶᠢᠬᠤ ᠶᠢ ᠪᠠᠲᠤᠯᠠᠵᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠨᠠᠷᠢᠯᠢᠭ ᠣᠨᠣᠴᠠᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠤᠷᠳᠤᠴᠠ ᠪᠠ ᠦᠷ᠎ᠡ ᠠᠰᠢᠭ ᠤᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠶᠠᠰᠤ ᠴᠢᠨᠠᠷ ᠢ ᠪᠦᠲᠦᠮᠵᠢᠲᠡᠶ ᠪᠠᠷ ᠳᠡᠭᠡᠭᠰᠢᠯᠡᠭᠦᠯᠭᠦ ᠪᠠ ᠲᠤᠭ᠎ᠠ ᠬᠡᠮᠵᠢᠶ᠎ᠡ ᠶᠢ ᠵᠦᠢ ᠵᠣᠬᠢᠰᠲᠠᠢ ᠨᠡᠮᠡᠭᠳᠡᠭᠦᠯᠬᠦ ᠶᠢ ᠪᠡᠶᠡᠯᠡᠭᠦᠯᠬᠦ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠵᠤ᠂ ᠠᠮᠢ ᠠᠬᠤᠢ ᠶᠢᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ  ᠬᠤᠪᠢᠷᠠᠭᠤᠯᠬᠤ  ᠪᠠᠷ  ᠴᠢᠷᠮᠠᠶᠢᠬᠤ  ᠬᠡᠷᠡᠭᠲᠡᠢ  ᠭᠡᠵᠦ  ᠵᠢᠭᠠᠵᠤ ᠭᠠᠷᠭᠠᠪᠠ᠃    ᠰᠢ ᠶᠢᠨ ᠫᠢᠩ᠂ ᠨᠢᠭᠡ ᠭᠠᠵᠠᠷ ᠣᠷᠣᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠨᠢ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠲᠠᠢ ᠨᠢᠭᠲᠠ ᠬᠤᠯᠪᠤᠭ᠎ᠠ ᠲᠠᠢ ᠪᠠᠶᠢᠳᠠᠭ᠃ ᠭᠦᠢᠵᠧᠦ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠵᠤ᠂ ᠣᠷᠣᠨ ᠨᠤᠲᠤᠭ ᠤᠨ ᠬᠠᠮᠠᠭᠠᠯᠠᠯᠲᠠ᠂ ᠵᠠᠬ᠎ᠠ ᠳᠡᠯᠭᠡᠭᠦᠷ ᠤᠨ ᠬᠡᠰᠡᠭᠯᠡᠯᠲᠡ᠂ ᠳᠣᠲᠣᠭᠠᠳᠤ ᠶᠢᠨ ᠰᠢᠷᠦᠭᠦᠨ ᠥᠷᠢᠰᠦᠯᠳᠦᠭᠡᠨ ᠢ ᠡᠷᠡᠰ ᠡᠪᠳᠡᠵᠦ᠂ ᠪᠦᠭᠦ ᠨᠡᠶᠢᠭᠡᠮ ᠤᠨ ᠦᠢᠯᠡᠰ ᠪᠣᠰᠬᠠᠵᠤ ᠰᠢᠨ᠎ᠡ ᠶᠢ ᠡᠭᠦᠳᠬᠦ ᠳᠤ ᠯᠠᠪᠳᠠᠭᠤᠨ ᠲᠣᠭᠲᠠᠭᠤᠨ ᠡᠷᠬᠡ ᠲᠡᠭᠰᠢ ᠢᠯᠡ ᠲᠣᠳᠣ᠂ ᠵᠢᠱᠢᠵᠦ ᠪᠣᠯᠬᠤᠶᠢᠴᠠ ᠣᠷᠴᠢᠨ ᠲᠣᠭᠤᠷᠢᠨ ᠢ ᠪᠤᠢ ᠪᠤᠯᠭᠠᠵᠤ ᠥᠭᠬᠦ ᠬᠡᠷᠡᠭᠲᠡᠢ᠃ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠨᠢᠭᠡ ᠲᠠᠯ᠎ᠠ ᠪᠠᠷ ᠥᠭᠡᠷᠡᠴᠢᠯᠡᠯᠲᠡ ᠶᠢ ᠠᠳᠬᠤᠵᠤ᠂ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠦᠭᠵᠢᠷᠡᠯ ᠴᠡᠭ ᠲᠣᠷᠬᠤ ᠴᠡᠭ ᠢ ᠨᠡᠪᠲᠡᠷᠡᠭᠦᠯᠬᠦ ᠭᠡᠷᠡᠭᠲᠡᠢ︔ ᠨᠦᠭᠦᠭᠡ ᠲᠠᠯ᠎ᠠ ᠪᠠᠷ ᠺᠠᠳ᠋ᠷ ᠤᠨ ᠬᠥᠮᠦᠵᠢᠯ ᠬᠠᠮᠢᠶᠠᠷᠤᠯᠲᠠ ᠶᠢ ᠠᠳᠬᠤᠵᠤ᠂ ᠺᠠᠳ᠋ᠷᠴᠤᠳ ᠤᠨ ᠶᠡᠭᠡ ᠲᠠᠯ᠎ᠠ ᠶᠢᠨ ᠤᠬᠠᠮᠰᠠᠷ᠂ ᠦᠢᠯᠡᠴᠢᠯᠡᠭᠡᠨ ᠤ ᠤᠬᠠᠮᠰᠠᠷ᠂ ᠦᠨᠡᠨᠴᠢ ᠢᠲᠡᠭᠡᠮᠵᠢ ᠶᠢᠨ ᠤᠬᠠᠮᠰᠠᠷ᠂ ᠠᠷᠢᠭᠤᠨ ᠴᠢᠬᠡᠴᠢ ᠶᠢᠨ ᠤᠬᠠᠮᠰᠠᠷ ᠢ ᠳᠡᠭᠡᠭᠰᠢᠯᠡᠭᠦᠯᠭᠦ ᠶᠢ ᠬᠥᠲᠥᠯᠥᠨ ᠵᠢᠯᠤᠭᠤᠳᠬᠤ ᠬᠡᠷᠡᠭᠲᠡᠢ᠃ ᠨᠡᠭᠡᠭᠡᠯᠲᠡ ᠬᠢᠬᠦ ᠪᠣᠯ ᠪᠠᠰᠠ ᠴᠤ ᠴᠢᠬᠤᠯᠠ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠮᠥᠨ᠃ ᠭᠦᠢᠵᠧᠦ ᠪᠠᠷᠠᠭᠤᠨ ᠬᠡᠰᠡᠭ ᠤᠨ ᠡᠬᠡ ᠬᠠᠭᠤᠷᠠᠢ ᠳᠠᠯᠠᠢ ᠲᠠᠩᠭᠢᠰ ᠤᠨ ᠰᠢᠨ᠎ᠡ ᠨᠡᠪᠲᠡᠷᠡᠬᠦ ᠵᠠᠮ ᠤᠨ ᠪᠦᠲᠦᠭᠡᠨ ᠪᠠᠶᠢᠭᠤᠯᠤᠯᠲᠠ ᠶᠢᠨ ᠠᠵᠠ ᠲᠣᠭᠢᠶᠠᠯ ᠢ ᠰᠠᠶᠢᠲᠤᠷ ᠠᠰᠢᠭᠯᠠᠵᠤ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ᠂ ᠴᠧᠩᠳᠦ᠋ ᠴᠦᠩᠴᠢᠩ ᠤᠨ ᠬᠤᠶᠠᠷ ᠬᠤᠲᠠ ᠶᠢᠨ ᠠᠵᠤ ᠠᠬᠤᠢ ᠶᠢᠨ ᠴᠠᠭᠠᠷᠢᠭ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠵᠣᠯᠭᠠᠭᠤᠯᠵᠤ᠂ ᠡᠬᠡ ᠬᠠᠭᠤᠷᠠᠢ ᠲᠠᠯᠠᠢ ᠲᠠᠩᠭᠢᠰ ᠤᠯᠤᠰ ᠤᠨ ᠳᠣᠲᠣᠭᠠᠳᠤ ᠭᠠᠳᠠᠭᠠᠳᠤ ᠶᠢᠨ ᠬᠤᠯᠪᠤᠭᠠᠯᠠᠨ ᠬᠥᠳᠡᠯᠦᠯᠴᠡᠬᠦ᠂ ᠵᠡᠭᠦᠨᠰᠢ ᠪᠠᠷᠠᠭᠤᠨᠰᠢ ᠬᠤᠣᠰ ᠴᠢᠭᠯᠡᠯ ᠢᠶᠠᠷ ᠬᠠᠷᠢᠯᠴᠠᠨ ᠲᠡᠳᠬᠦᠬᠦ ᠪᠦᠭᠦ ᠲᠠᠯ᠎ᠠ ᠶᠢᠨ ᠨᠡᠭᠡᠭᠡᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠭᠦᠢᠵᠧᠦ ᠥᠪᠡᠷ ᠤᠨ ᠪᠣᠳᠠᠲᠤ ᠪᠠᠶᠢᠳᠠᠯ ᠠᠴᠠ ᠪᠠᠨ ᠡᠭᠦᠰᠴᠦ᠂ ᠰᠢᠶᠠᠨ ᠤ ᠲᠥᠪ ᠢᠶᠠᠷ ᠴᠢᠬᠤᠯᠠ ᠠᠴᠢᠶᠠᠯᠠᠪᠤᠷᠢ ᠪᠤᠯᠭᠠᠬᠰᠠᠨ ᠬᠤᠳᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ ᠦᠢᠯᠡᠰ ᠢᠶᠠᠨ ᠬᠥᠭᠵᠢᠭᠦᠯᠬᠦ᠂ ᠰᠢᠶᠠᠨ ᠢᠶᠠᠨ ᠬᠦᠴᠦᠷᠬᠡᠭᠵᠢᠭᠦᠯᠬᠦ᠂ ᠠᠷᠠᠳ ᠢ ᠪᠠᠶᠠᠵᠢᠭᠤᠯᠬᠤ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠬᠤ ᠬᠡᠷᠡᠭᠲᠡᠢ᠃ ᠰᠢᠶᠠᠨ ᠤ ᠬᠡᠪᠴᠢᠶᠡᠨ ᠤ ᠠᠵᠤ ᠦᠢᠯᠡᠰ ᠤᠨ ᠰᠠᠭᠤᠷᠢ ᠳᠤ ᠰᠠᠭᠤᠷᠢᠯᠠᠨ᠂ ᠠᠵᠢᠯ ᠬᠤᠪᠢᠶᠠᠷᠢᠯᠠᠨ ᠬᠠᠮᠵᠢᠯᠴᠠᠬᠤ ᠶᠢ ᠴᠢᠬᠤᠯᠠᠴᠢᠯᠠᠵᠤ᠂ ᠵᠥᠷᠢᠭᠦᠯᠦᠨ ᠬᠥᠭᠵᠢᠭᠦᠯᠵᠦ᠂ ᠲᠠᠷᠠᠬᠠᠢ ᠪᠤᠲᠠᠷᠬᠠᠢ ᠴᠡᠭ ᠢ ᠬᠡᠯᠬᠢᠶᠡᠵᠢᠭᠦᠯᠬᠦ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠣᠳᠣ ᠦᠶ᠎ᠡ ᠶᠢᠨ ᠠᠭᠤᠯᠠᠷᠬᠠᠭ ᠭᠠᠵᠠᠷ ᠤᠨ ᠣᠨᠴᠠᠯᠢᠭ ᠪᠦᠬᠦᠢ ᠥᠨᠳᠥᠷ ᠦᠷ᠎ᠡ ᠠᠰᠢᠭᠲᠤ ᠬᠥᠳᠡᠭᠡ ᠠᠵᠤ ᠠᠬᠤᠢ ᠶᠢ ᠬᠥᠭᠵᠢᠭᠦᠯᠵᠦ᠂ ᠵᠠᠬ᠎ᠠ ᠳᠡᠯᠭᠡᠭᠦᠷ ᠲᠤ ᠤᠳᠠᠭᠠᠨ ᠳᠠᠭᠠᠭᠠᠮᠠᠭᠠᠢ ᠥᠷᠢᠰᠦᠯᠳᠦᠬᠦ ᠬᠦᠴᠦᠨ ᠲᠠᠢ ᠣᠨᠴᠠᠯᠢᠭᠲᠤ ᠭᠤᠣᠯᠯᠠᠬᠤ ᠠᠵᠤ ᠦᠢᠯᠡᠰ ᠢ ᠪᠤᠶᠢᠵᠢᠭᠤᠯᠬᠤ ᠬᠡᠷᠡᠭᠲᠡᠢ᠃ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠳᠤᠮᠳᠠ ᠤᠯᠠᠨ ᠲᠦᠮᠡᠨ ᠤ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠬᠤ ᠶᠢ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ ᠶᠢ ᠨᠢᠭᠡᠳᠦᠯᠲᠡᠢ ᠬᠢᠨᠠᠨ ᠬᠡᠮᠵᠢᠬᠦ᠂ ᠲᠦᠷᠦᠯ ᠬᠤᠪᠢᠶᠠᠨ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠵᠤ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠭᠦᠢᠵᠧᠦ ᠶᠢᠨ ᠲᠡᠦᠬᠡ ᠶᠢᠨ ᠲᠤᠨᠳᠠᠰᠤ ᠵᠤᠵᠠᠭᠠᠨ᠂ ᠬᠤᠪᠢᠰᠬᠠᠯ ᠤᠨ ᠰᠣᠶᠣᠯ ᠪᠠᠶᠠᠯᠢᠭ᠂ ᠦᠨᠳᠦᠰᠦᠲᠡᠨ ᠤ ᠰᠣᠶᠣᠯ ᠥᠩᠭᠡ ᠢᠯᠭᠠᠷᠠᠮ᠎ᠠ ᠰᠠᠶᠢᠬᠠᠨ ᠶᠤᠮ᠂ ᠡᠨᠡ ᠬᠦ ᠳᠠᠪᠠᠭᠤᠯᠢᠭ ᠢᠶᠠᠨ ᠠᠰᠢᠭᠯᠠᠵᠤ᠂ ᠰᠣᠶᠣᠯ ᠤᠨ ᠢᠲᠡᠭᠡᠯ ᠢᠶᠠᠨ ᠨᠡᠮᠡᠭᠳᠡᠭᠦᠯᠵᠦ᠂ ᠰᠤᠷᠲᠠᠯ ᠢᠶᠠᠷ ᠬᠥᠮᠥᠨ ᠢ ᠬᠥᠮᠥᠵᠢᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠦᠨᠳᠦᠰᠦᠲᠡᠨ ᠤ ᠣᠨᠴᠠᠯᠢᠭᠲᠤ ᠬᠥᠳᠡᠭᠡ ᠲᠣᠰᠬᠤᠨ᠂ ᠤᠯᠠᠮᠵᠢᠯᠠᠯᠲᠤ ᠲᠣᠰᠬᠤᠨ ᠪᠣᠯᠣᠨ ᠲᠡᠦᠬᠡ ᠰᠣᠶᠣᠯ ᠤᠨ ᠨᠡᠷᠡᠳᠤ ᠲᠣᠰᠬᠤᠨ ᠨᠡᠷᠡᠳᠤ ᠪᠠᠯᠭᠠᠰᠤ᠂ ᠬᠤᠪᠢᠰᠬᠠᠯᠲᠤ ᠲᠠᠶᠢᠨ ᠤ ᠦᠶ᠎ᠡ ᠳᠤ ᠦᠯᠡᠳᠡᠭᠡᠭᠰᠡᠨ ᠬᠤᠪᠢᠰᠬᠠᠯ ᠤᠨ ᠬᠠᠭᠤᠴᠢᠨ ᠪᠠᠭᠤᠷᠢ ᠶᠢ ᠰᠢᠰᠲ᠋ᠧᠮᠲᠦ ᠴᠢᠨᠠᠷᠲᠠᠢ ᠪᠠᠷ ᠬᠠᠮᠠᠭᠠᠯᠠᠬᠤ ᠶᠢ ᠴᠢᠩᠭᠠᠳᠬᠠᠬᠤ ᠬᠡᠷᠡᠭᠲᠡᠢ᠃ ᠬᠡᠪ ᠵᠠᠩᠰᠢᠯ ᠢ ᠥᠭᠡᠷᠡᠴᠢᠯᠡᠬᠦ ᠶᠢ ᠪᠠᠷᠢᠮᠲᠠᠯᠠᠵᠤ᠂ ᠪᠣᠯᠪᠠᠰᠤᠨ ᠰᠢᠨ᠎ᠡ ᠰᠤᠷᠲᠠᠯ ᠢ ᠢᠳᠡᠪᠬᠢᠲᠡᠢ ᠪᠤᠶᠢᠵᠢᠭᠤᠯᠬᠤ ᠬᠡᠷᠡᠭᠲᠡᠢ᠃ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠠᠭᠤᠰᠤᠯᠴᠠᠯ ᠢ ᠭᠦᠨᠵᠡᠭᠡᠶᠢᠷᠡᠭᠦᠯᠵᠦ᠂ ᠵᠢᠭᠤᠯᠴᠢᠯᠠᠯ ᠤᠨ ᠡᠵᠡᠩᠨᠡᠯᠲᠡ ᠶᠢᠨ ᠭᠡᠯᠪᠡᠷᠢ ᠶᠢ ᠪᠠᠶᠠᠯᠢᠭᠵᠢᠭᠤᠯᠵᠤ᠂ ︽ᠲᠠᠩᠰᠤᠭ ᠰᠠᠶᠢᠬᠠᠨ ᠭᠦᠢᠵᠧᠦ︾ ᠰᠣᠶᠣᠯ ᠵᠢᠭᠤᠯᠴᠢᠯᠠᠯ ᠤᠨ ᠰᠢᠨ᠎ᠡ ᠲᠥᠷᠥᠯ ᠲᠡᠮᠳᠡᠭ ᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠡᠷᠬᠡᠪᠰᠢ ᠨᠠᠮ ᠤᠨ ᠤᠳᠤᠷᠢᠳᠤᠯᠭ᠎ᠠ ᠶᠢ ᠤᠬᠳᠤ ᠭᠤᠶᠢᠪᠢᠰᠢ ᠦᠭᠡᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠨᠠᠮ ᠤᠨ ᠲᠥᠪ ᠬᠤᠷᠢᠶ᠎ᠠ ᠠᠴᠠ ᠪᠦᠭᠦ ᠨᠠᠮ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠᠷ ᠲᠣᠭᠲᠠᠪᠠ᠂ ᠡᠨᠡ ᠪᠣᠯ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠪᠣᠯᠣᠨ᠎ᠠ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠮ ᠤᠨ ᠭᠡᠰᠢᠭᠦᠨ᠂ ᠺᠠᠳ᠋ᠷ ᠤᠨ ᠲᠣᠭᠲᠠᠯ ᠬᠦᠴᠦᠨ ᠢᠶᠠᠨ ᠨᠡᠮᠡᠭᠳᠡᠭᠦᠯᠬᠦ᠂ ᠳᠠᠳᠬᠠᠯ ᠪᠤᠯᠬᠤ ᠶᠢ ᠠᠬᠢᠭᠤᠯᠵᠤ᠂ ᠰᠢᠯᠢᠳᠡᠭ ᠰᠤᠷᠲᠠᠯ ᠢᠶᠠᠷ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠠᠵᠢᠯ ᠬᠢᠵᠦ ᠦᠢᠯᠡᠰ ᠪᠣᠰᠬᠠᠬᠤ ᠬᠡᠷᠡᠭᠲᠡᠢ᠃ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠬᠠᠷᠢᠯᠴᠠᠨ ᠤᠶᠠᠯᠳᠤᠭᠤᠯᠵᠤ᠂ ᠢᠯᠵᠢᠷᠡᠯ ᠤᠨ ᠡᠭᠦᠰᠦᠨ ᠳᠡᠯᠭᠡᠷᠡᠬᠦ ᠬᠥᠷᠥᠰᠥ ᠰᠢᠷᠣᠢ ᠪᠠ ᠨᠥᠬᠦᠴᠡᠯ ᠢ ᠠᠷᠢᠯᠭᠠᠬᠤ ᠶᠢ ᠰᠤᠯᠠᠷᠠᠭᠤᠯᠤᠯ ᠦᠭᠡᠢ ᠪᠠᠶᠢᠩᠭᠤ ᠠᠳᠬᠤᠬᠤ ᠬᠡᠷᠡᠭᠲᠡᠢ᠃ ᠤᠷᠳᠤ ᠵᠠᠮ ᠤᠨ ᠠᠶᠠᠨ ᠲᠠᠶᠢᠨ ᠤ ᠵᠣᠷᠢᠭ ᠰᠠᠨᠠᠭ᠎ᠠ ᠪᠣᠯᠣᠨ ᠽᠦᠨ ᠢ ᠶᠢᠨ ᠬᠤᠷᠠᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠣᠮᠤᠭ ᠲᠡᠭᠦᠯᠳᠡᠷ ᠲᠡᠮᠡᠴᠡᠯ ᠤᠨ ᠵᠣᠷᠢᠭ ᠢᠶᠠᠷ ᠰᠢᠨ᠎ᠡ ᠴᠠᠭ ᠦᠶ᠎ᠡ ᠶᠢᠨ ᠤᠷᠳᠤ ᠵᠠᠮ ᠤᠨ ᠠᠶᠠᠨ ᠲᠠᠶᠢᠨ ᠢ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号