ᠰᠢᠨᠬᠤᠸᠠ ᠬᠤᠷᠢᠶ᠎ᠠ ᠶᠢᠨ ᠺᠦᠨᠮᠢᠩ ᠤᠨ 3 ᠰᠠᠷ᠎ᠠ ᠶᠢᠨ 20 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠶᠦᠨᠨᠠᠨ ᠳᠤ ᠰᠢᠨᠵᠢᠯᠡᠨ ᠪᠠᠶᠢᠴᠠᠭᠠᠬᠤ ᠳᠠᠭᠠᠨ᠂ | ᠶᠦᠨᠨᠠᠨ ᠮᠤᠵᠢ ᠶᠢᠨ ᠬᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠪᠠ ᠬᠥᠬᠡᠮᠥ᠋ᠷᠡᠨ ᠤ ᠠᠵᠤ ᠠᠬᠤᠢ ᠶᠢᠨ | ᠪᠦᠰᠡ ᠶᠢ ᠬᠥᠭᠵᠢᠭᠦᠯᠬᠦ ᠲᠤᠬᠠᠢ ᠨᠠᠮ ᠤᠨ ᠲᠥᠪ ᠬᠤᠷᠢᠶ᠎ᠠ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ | ᠬᠢᠨᠠᠮᠠᠭᠠᠢ ᠰᠠᠶᠢᠲᠤᠷ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ | ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ | ᠶᠡᠷᠦᠩᠬᠡᠢ ᠭᠦᠭ ᠠᠶᠠᠰ ᠢ ᠪᠠᠷᠢᠮᠲᠠᠯᠠᠨ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠦᠵᠡᠯ ᠰᠠᠨᠠᠭ᠎ᠠ ᠪᠠᠨ | ᠴᠢᠯᠦᠭᠡᠯᠡᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠡᠷᠡᠮᠡᠬᠡᠶᠢᠯᠡᠨ ᠤᠷᠤᠭᠰᠢᠯᠠᠵᠤ᠂ ᠦᠨᠡᠨ ᠬᠦ ᠠᠳᠬᠤᠨ | ᠪᠣᠳᠠᠲᠠᠢ ᠠᠵᠢᠯᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤᠮᠳᠠ ᠶᠦᠨᠨᠠᠨ ᠤ | ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃ | | | | | | 3 ᠰᠠᠷ᠎ᠠ ᠶᠢᠨ 19 ᠠᠴᠠ 20 ᠤ ᠡᠳᠦᠷ ᠪᠤᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠶᠦᠨᠨᠠᠨ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 19 ᠤ ᠦᠳᠡ ᠶᠢᠨ ᠬᠤᠶᠢᠨ᠎ᠠ᠂ | ᠰᠢ ᠶᠢᠨ ᠫᠢᠩ ᠯᠢᠵᠢᠶᠠᠩ ᠤᠨ ᠤᠳᠤ ᠦᠶ᠎ᠡ ᠶᠢᠨ ᠴᠡᠴᠡᠭ ᠤᠨ ᠠᠵᠤ ᠦᠢᠯᠡᠰ ᠤᠨ ᠬᠦᠷᠢᠶᠡᠯᠡᠩ ᠤᠨ ᠰᠠᠷᠭᠠᠢ ᠴᠡᠴᠡᠭ | ᠲᠠᠷᠢᠬᠤ ᠲᠣᠭᠤᠷᠢᠭ ᠲᠤ ᠲᠤᠬᠠᠢ ᠶᠢᠨ ᠲᠠᠯᠠᠪᠠᠢ ᠶᠢᠨ ᠲᠣᠰᠬᠤᠨ ᠤ ᠠᠷᠠᠳ᠂ ᠮᠡᠷᠭᠡᠵᠢᠯᠲᠡᠨ ᠲᠠᠢ ᠳᠣᠲᠣᠨᠣ ᠪᠠᠷ ᠶᠠᠷᠢᠯᠴᠠᠵᠤ | ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ | | | 3 ᠰᠠᠷ᠎ᠠ ᠶᠢᠨ 19 ᠠᠴᠠ 20 ᠤ ᠡᠳᠦᠷ ᠪᠤᠯᠲᠠᠯ᠎ᠠ᠂ ᠰᠢ ᠶᠢᠨ ᠫᠢᠩ ᠶᠦᠨᠨᠠᠨ ᠮᠤᠵᠢ ᠶᠢᠨ ᠨᠠᠮ ᠤᠨ ᠬᠤᠷᠢᠶ᠎ᠠ ᠶᠢᠨ | ᠱᠦᠵᠢ ᠸᠠᠩ ᠨᠢᠩ ᠪᠣᠯᠣᠨ ᠮᠤᠵᠢ ᠶᠢᠨ ᠳᠠᠷᠤᠭ᠎ᠠ ᠸᠠᠩ ᠢᠦᠢ ᠪᠦᠸᠧ ᠶᠢᠨ ᠪᠠᠷ᠎ᠠ ᠪᠤᠯᠤᠯᠭ᠎ᠠ ᠲᠠᠢ ᠪᠠᠷ ᠤᠷᠢᠳ ᠬᠤᠵᠢᠳ | ᠯᠢᠵᠢᠶᠠᠩ᠂ ᠺᠦᠨᠮᠢᠩ ᠵᠡᠷᠭᠡ ᠭᠠᠵᠠᠷ ᠲᠤ ᠬᠦᠷᠴᠦ ᠰᠢᠨᠵᠢᠯᠡᠨ ᠪᠠᠶᠢᠴᠠᠭᠠᠪᠠ᠃ | 19 ᠤ ᠦᠳᠡ ᠶᠢᠨ ᠬᠤᠶᠢᠨ᠎ᠠ᠂ ᠰᠢ ᠶᠢᠨ ᠫᠢᠩ ᠯᠢᠵᠢᠶᠠᠩ ᠤᠨ ᠤᠳᠤ ᠦᠶ᠎ᠡ ᠶᠢᠨ ᠴᠡᠴᠡᠭ ᠤᠨ ᠠᠵᠤ ᠦᠢᠯᠡᠰ ᠤᠨ | ᠬᠦᠷᠢᠶᠡᠯᠡᠩ ᠳᠤ ᠭᠦᠷᠪᠡ᠃ ᠦᠵᠡᠭᠦᠯᠭᠡ ᠶᠢᠨ ᠲᠢᠩᠬᠢᠮ ᠳᠤ ᠲᠡᠷᠡ ᠰᠠᠷᠭᠠᠢ ᠴᠡᠴᠡᠭ᠂ ᠲᠤᠭᠤᠷᠠᠢ ᠯᠢᠩᠬ᠊ ᠤᠠ᠋ ᠰᠣᠷᠭᠤᠭ | ᠴᠡᠴᠡᠭ ᠤᠨ ᠲᠥᠷᠥᠯ ᠵᠦᠢᠯ ᠤᠨ ᠦᠵᠡᠭᠦᠯᠭᠡ ᠶᠢ ᠪᠠᠶᠢᠴᠠᠭᠠᠨ ᠦᠵᠡᠵᠦ᠂ ᠶᠦᠨᠨᠠᠨ ᠤ ᠬᠤᠸᠠᠷ ᠴᠡᠴᠡᠭ ᠤᠨ ᠠᠵᠤ | ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃ ᠰᠠᠷᠭᠠᠢ ᠴᠡᠴᠡᠭ ᠲᠠᠷᠢᠬᠤ ᠲᠣᠭᠤᠷᠢᠭ ᠲᠤ | ᠲᠡᠷᠡ ᠣᠶᠤᠨᠲᠤ ᠬᠦᠯᠡᠮᠵᠢ ᠳᠤ ᠬᠥᠷᠥᠰᠥ ᠰᠢᠷᠣᠢ ᠦᠭᠡᠢ ᠪᠠᠷ ᠲᠠᠷᠢᠬᠤ ᠮᠡᠷᠭᠡᠵᠢᠯ ᠢ ᠣᠶᠢᠯᠠᠭᠠᠵᠤ᠂ ᠲᠤᠬᠠᠢ ᠶᠢᠨ | ᠲᠠᠯᠠᠪᠠᠢ ᠶᠢᠨ ᠲᠣᠰᠬᠤᠨ ᠤ ᠠᠷᠠᠳ᠂ ᠮᠡᠷᠭᠡᠵᠢᠯᠲᠡᠨ ᠲᠠᠢ ᠳᠣᠲᠣᠨᠣ ᠪᠠᠷ ᠶᠠᠷᠢᠯᠴᠠᠪᠠ᠃ ᠲᠡᠷᠡ ᠪᠠᠰᠠ ᠰᠠᠷᠭᠠᠢ ᠴᠡᠴᠡᠭ ᠢ | ᠲᠠᠰ ᠬᠤᠪᠢᠶᠠᠨ ᠪᠣᠭᠤᠳᠠᠯᠯᠠᠬᠤ ᠦᠢᠯᠡᠳᠪᠦᠷᠢᠯᠡᠯ ᠤᠨ ᠱᠤᠭᠤᠮ ᠳᠤ ᠬᠦᠷᠴᠦ᠂ ᠰᠢᠭᠰᠢᠨ ᠰᠣᠩᠭᠤᠬᠤ᠂ ᠲᠠᠰ ᠬᠤᠪᠢᠶᠠᠨ | ᠪᠣᠭᠤᠳᠠᠯᠯᠠᠬᠤ᠂ ᠪᠠᠷᠠᠭ᠎ᠠ ᠶᠠᠪᠤᠭᠤᠯᠬᠤ ᠪᠦᠭᠦ ᠶᠠᠪᠤᠴᠠ ᠶᠢ ᠪᠠᠶᠢᠴᠠᠭᠠᠨ ᠦᠵᠡᠵᠦ᠂ ᠰᠣᠷᠭᠤᠭ ᠴᠡᠴᠡᠭ ᠢ ᠪᠠᠷᠠᠭᠠᠨ ᠤ | ᠭᠦᠢᠯᠭᠡᠭᠡ ᠪᠠᠷ ᠳᠠᠮᠵᠢᠨ ᠴᠠᠭ ᠲᠤᠬᠠᠢ ᠳᠤᠨᠢ ᠭᠠᠳᠠᠭᠰᠢ ᠪᠣᠷᠣᠯᠠᠭᠤᠯᠵᠤ ᠪᠠᠶᠢᠬᠤ ᠶᠢ ᠨᠤᠲᠠᠯᠠᠵᠤ ᠪᠠᠶᠢᠬᠤ ᠪᠠᠨ ᠢᠯᠡᠳᠬᠡᠵᠡᠢ᠃ | ᠰᠢ ᠶᠢᠨ ᠫᠢᠩ᠂ ᠶᠦᠨᠨᠠᠨ ᠤ ᠴᠡᠴᠡᠭ ᠤᠨ ᠠᠵᠤ ᠦᠢᠯᠡᠰ ᠤᠨ ᠠᠯᠤᠰ ᠢᠷᠡᠭᠡᠳᠦᠢ ᠥᠷᠭᠡᠨ ᠠᠭᠤᠳᠠᠮ ᠪᠠᠶᠢᠨ᠎ᠠ᠃ ᠪᠦᠭᠦ | ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠷᠢᠮᠠᠯ ᠤᠨ ᠦᠢᠯᠡᠰ ᠤᠨ ᠦᠵᠦᠭᠦᠷᠯᠢᠭ᠂ | ᠲᠠᠷᠢᠮᠠᠯ ᠤᠨ ᠦᠵᠦᠭᠦᠷᠯᠢᠭ᠂ ᠵᠠᠬ᠎ᠠ ᠳᠡᠯᠭᠡᠭᠦᠷ ᠤᠨ ᠦᠵᠦᠭᠦᠷᠯᠢᠭ ᠠᠴᠠ ᠲᠠᠰᠤᠷᠠᠯᠳᠠ ᠦᠭᠡᠢ ᠭᠦᠨᠵᠡᠭᠡᠶᠢᠷᠡᠨ ᠨᠠᠷᠢᠯᠢᠭ | ᠠᠵᠢᠯᠯᠠᠵᠤ᠂ ᠡᠨᠡ ᠬᠦ ︽ᠦᠵᠡᠰᠬᠦᠯᠡᠩᠲᠦ ᠰᠠᠶᠢᠬᠠᠨ ᠠᠵᠤ ᠦᠢᠯᠡᠰ︾ ᠢ ᠤᠯᠠᠨ ᠲᠦᠮᠡᠨ ᠳᠤ ᠪᠤᠶᠠᠨ ᠦᠢᠯᠡᠳᠬᠦ ︽ᠵᠣᠯ | ᠵᠢᠷᠭᠠᠯᠲᠤ ᠠᠵᠤ ᠦᠢᠯᠡᠰ︾ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | | | | | 3 ᠰᠠᠷ᠎ᠠ ᠶᠢᠨ 19 ᠠᠴᠠ 20 ᠤ ᠡᠳᠦᠷ ᠪᠤᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠶᠦᠨᠨᠠᠨ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 19 ᠤ ᠦᠳᠡ ᠶᠢᠨ ᠬᠤᠶᠢᠨ᠎ᠠ᠂ | ᠰᠢ ᠶᠢᠨ ᠫᠢᠩ ᠯᠢᠵᠢᠶᠠᠩ ᠤᠨ ᠡᠷᠲᠡᠨ ᠤ ᠬᠤᠲᠠ ᠳᠤ ᠰᠢᠨᠵᠢᠯᠡᠨ ᠪᠠᠶᠢᠴᠠᠭᠠᠬᠤ ᠳᠠᠭᠠᠨ ᠰᠠᠭᠤᠭᠠᠯᠢ ᠠᠷᠠᠳ ᠪᠣᠯᠣᠨ | ᠵᠢᠭᠤᠯᠴᠢᠯᠠᠬᠰᠠᠳ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ | | | ᠯᠢᠵᠢᠶᠠᠩ ᠤᠨ ᠡᠷᠲᠡᠨ ᠤ ᠬᠤᠲᠠ 800 ᠭᠠᠷᠤᠢ ᠵᠢᠯ ᠤᠨ ᠲᠡᠦᠬᠡ ᠲᠠᠢ ᠪᠠᠶᠢᠵᠤ᠂ ᠳᠡᠯᠡᠬᠡᠢ ᠶᠢᠨ ᠰᠣᠶᠣᠯ ᠤᠨ | ᠥᠪ ᠤᠨ ᠨᠡᠷᠡᠰ ᠲᠤ ᠵᠢᠭᠰᠠᠭᠠᠭᠳᠠᠪᠠ᠃ ᠨᠢᠭᠡ ᠤᠳᠠᠭᠠᠨ ᠤ ᠬᠠᠪᠤᠷ ᠤᠨ ᠴᠠᠰᠤᠨ ᠤ ᠳᠠᠷᠠᠭ᠎ᠠ ᠯᠢᠵᠢᠶᠠᠩ ᠳᠤ ᠵᠢᠭᠤᠯᠴᠢᠯᠠᠬᠤ | ᠬᠥᠮᠥᠰ ᠣᠯᠠᠰᠢᠷᠠᠪᠠ᠃ ᠰᠢ ᠶᠢᠨ ᠫᠢᠩ ᠠᠳᠡ ᠡᠷᠲᠡᠨ ᠤ ᠬᠤᠳᠠ ᠶᠢ ᠪᠠᠶᠢᠭᠤᠯᠤᠭᠰᠠᠨ ᠲᠡᠦᠬᠡ᠂ ᠨᠠᠰᠢ ᠦᠨᠳᠦᠰᠦᠲᠡᠨ ᠤ | ᠠᠷᠠᠳ ᠤᠨ ᠰᠠᠭᠤᠴᠠ ᠶᠢᠨ ᠣᠨᠴᠠᠯᠢᠭ ᠪᠣᠯᠣᠨ ᠲᠤᠬᠠᠢ ᠶᠢᠨ ᠭᠠᠵᠠᠷ ᠤᠨ ᠰᠣᠶᠣᠯ ᠤᠨ ᠥᠪ ᠢ ᠬᠠᠮᠠᠭᠠᠯᠠᠨ ᠠᠰᠢᠭᠯᠠᠭᠰᠠᠨ | ᠪᠠᠶᠢᠳᠠᠯ᠂ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠤᠭᠰᠠᠨ ᠪᠠᠶᠢᠳᠠᠯ ᠵᠡᠷᠭᠡ ᠶᠢ ᠨᠠᠷᠢᠨ | ᠣᠶᠢᠯᠠᠭᠠᠪᠠ᠃ ᠰᠠᠭᠤᠭᠠᠯᠢ ᠠᠷᠠᠳ ᠪᠣᠯᠣᠨ ᠵᠢᠭᠤᠯᠴᠢᠯᠠᠬᠰᠠᠳ ᠶᠡᠷᠦᠩᠬᠡᠢ ᠱᠦᠵᠢ ᠲᠠᠢ ᠠᠭᠤᠯᠵᠠᠭᠠᠳ ᠲᠦᠢᠯ ᠢᠶᠠᠷ | ᠪᠠᠶᠠᠷᠯᠠᠵᠤ᠂ ᠪᠤᠯᠢᠶᠠᠯᠳᠤᠨ ᠮᠡᠨᠳᠦᠴᠢᠯᠡᠵᠦ᠂ ᠵᠠᠷᠢᠮ ᠨᠢ ᠪᠠᠰᠠ ᠬᠥᠭᠵᠢᠮ ᠬᠥᠭᠵᠢᠮᠳᠡᠵᠦ᠂ ᠳᠠᠭᠤᠯᠠᠨ ᠪᠥᠵᠢᠭᠯᠡᠵᠦ ᠶᠡᠷᠦᠩᠬᠡᠢ | ᠱᠦᠵᠢ ᠶᠢ ᠤᠭᠲᠤᠪᠠ᠃ ᠰᠢ ᠶᠢᠨ ᠫᠢᠩ ᠤᠯᠠᠨ ᠲᠠᠢ ᠪᠠᠶᠢᠨ ᠪᠠᠶᠢᠨ ᠰᠠᠨᠠᠯ ᠢᠶᠠᠨ ᠰᠣᠯᠢᠯᠴᠠᠵᠤ᠂ ᠬᠤᠳᠠᠯᠳᠤᠭᠠᠨ ᠤ | ᠳᠡᠯᠭᠡᠭᠦᠷ ᠤᠨ ᠡᠵᠡᠩᠨᠡᠯᠲᠡ ᠶᠢᠨ ᠪᠠᠶᠢᠳᠠᠯ ᠪᠣᠯᠣᠨ ᠵᠢᠭᠤᠯᠴᠢᠯᠠᠬᠰᠠᠳ ᠤᠨ ᠲᠥᠷᠥᠭᠳᠡᠯ ᠢ ᠣᠶᠢᠯᠠᠭᠠᠪᠠ᠃ ᠲᠡᠷᠡ | ᠲᠤᠬᠠᠢ ᠶᠢᠨ ᠭᠠᠵᠠᠷ ᠤᠨ ᠬᠢᠨ ᠬᠠᠮᠠᠭᠠᠯᠠᠯᠲᠠ ᠪᠠ ᠬᠥᠭᠵᠢᠯᠲᠡ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠡᠨᠡ ᠬᠦ | ᠦᠵᠡᠰᠬᠦᠯᠡᠩᠲᠦ ᠰᠠᠶᠢᠬᠠᠨ ᠡᠷᠲᠡᠨ ᠤ ᠬᠤᠲᠠ ᠶᠢᠨ ᠰᠢᠨ᠎ᠡ ᠭᠡᠷᠡᠯ ᠭᠢᠯᠪᠠᠭ᠎ᠠ ᠶᠢ ᠰᠠᠴᠤᠷᠠᠭᠤᠯᠬᠤ ᠬᠡᠷᠡᠭᠲᠡᠢ ᠭᠡᠵᠦ | ᠱᠠᠭᠠᠷᠳᠠᠪᠠ᠃ | ᠡᠷᠲᠡᠨ ᠤ ᠬᠤᠳᠠ ᠶᠢᠨ ᠳᠣᠲᠣᠷᠠᠬᠢ ᠮᠦ ᠣᠪᠣᠭᠲᠤ ᠶᠢᠨ ᠠᠶᠢᠮᠠᠭ ᠤᠨ ᠠᠬᠠᠯᠠᠭᠴᠢ ᠶᠢᠨ ᠣᠷᠳᠣᠨ ᠤ ᠶᠠᠮᠤᠨ ᠨᠢ | ᠪᠠᠷᠠᠭᠤᠨ ᠡᠮᠦᠨᠡᠲᠦ ᠣᠷᠣᠨ ᠤ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠶᠢ | ᠭᠡᠷᠡᠴᠢᠯᠡᠵᠡᠢ᠃ ᠰᠢ ᠶᠢᠨ ᠫᠢᠩ ᠮᠦ ᠣᠪᠣᠭᠲᠤ ᠶᠢᠨ ᠠᠶᠢᠮᠠᠭ ᠤᠨ ᠠᠬᠠᠯᠠᠭᠴᠢ ᠶᠢᠨ ᠣᠷᠳᠣᠨ ᠤ ᠭᠤᠣᠯ ᠪᠠᠷᠢᠯᠭ᠎ᠠ ᠶᠢ | ᠪᠠᠶᠢᠴᠠᠭᠠᠨ ᠦᠵᠡᠵᠦ᠂ ᠨᠠᠰᠢ ᠦᠨᠳᠦᠰᠦᠲᠡᠨ ᠤ ᠳ᠋ᠦᠩᠪᠠ ᠶᠢᠨ ᠰᠣᠶᠣᠯ ᠤᠨ ᠰᠤᠳᠤᠯᠭᠠᠨ ᠤ ᠦᠷ᠎ᠡ ᠪᠦᠲᠦᠭᠡᠯ ᠤᠨ | ᠦᠵᠡᠭᠦᠯᠭᠡ ᠶᠢ ᠲᠣᠭᠤᠷᠢᠨ ᠦᠵᠡᠪᠡ᠃ ᠲᠡᠷᠡ᠂ ᠮᠦ ᠣᠪᠣᠭᠲᠤ ᠶᠢᠨ ᠠᠶᠢᠮᠠᠭ ᠤᠨ ᠠᠬᠠᠯᠠᠭᠴᠢ ᠶᠢᠨ ᠣᠷᠳᠣᠨ ᠮᠡᠲᠦ ᠶᠢᠨ | ᠴᠢᠬᠤᠯᠠ ᠰᠣᠶᠣᠯ ᠤᠨ ᠪᠡᠯᠭᠡ ᠲᠡᠮᠳᠡᠭ ᠢ ᠰᠠᠶᠢᠲᠤᠷ ᠬᠠᠮᠠᠭᠠᠯᠠᠨ ᠠᠰᠢᠭᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠢ ᠰᠠᠶᠢᠲᠤᠷ ᠬᠠᠮᠠᠭᠠᠯᠠᠨ ᠵᠠᠯᠭᠠᠮᠵᠢᠯᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠤᠬᠠᠮᠰᠠᠷ ᠠᠴᠠ ᠪᠠᠨ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠬᠥᠲᠥᠯᠥᠨ | ᠵᠢᠯᠤᠭᠤᠳᠴᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠳᠠᠰᠤᠷᠠᠯᠳᠠ ᠦᠭᠡᠢ | ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠠᠶᠠᠷᠯᠠᠬᠤ ᠦᠶ᠎ᠡ ᠳᠤ ᠮᠠᠰᠢ ᠤᠯᠠᠨ ᠰᠠᠭᠤᠭᠠᠯᠢ ᠠᠷᠠᠳ ᠪᠣᠯᠣᠨ ᠵᠢᠭᠤᠯᠴᠢᠯᠠᠬᠰᠠᠳ ᠴᠤᠭᠯᠠᠷᠠᠨ ᠢᠷᠡᠵᠦ ᠶᠡᠷᠦᠩᠬᠡᠢ | ᠱᠦᠵᠢ ᠶᠢ ᠦᠳᠡᠨ ᠮᠣᠷᠳᠠᠭᠤᠯᠵᠠᠢ᠃ ᠰᠢ ᠶᠢᠨ ᠫᠢᠩ ᠤᠯᠠᠨ ᠢ ᠵᠣᠷᠢᠭᠵᠢᠭᠤᠯᠵᠤ᠂ ᠯᠢᠵᠢᠶᠠᠩ ᠳᠤ ᠦᠵᠡᠰᠬᠦᠯᠡᠩᠲᠦ | ᠰᠠᠶᠢᠬᠠᠨ ᠦᠵᠡᠮᠵᠢ ᠲᠠᠢ᠂ ᠥᠪᠡᠷᠮᠢᠴᠡ ᠣᠨᠴᠠᠯᠢᠭᠲᠤ ᠰᠣᠶᠣᠯ ᠲᠠᠢ᠂ ᠥᠨᠳᠥᠷ ᠮᠠᠨᠳᠤᠭᠰᠠᠨ ᠨᠡᠷ᠎ᠡ ᠠᠯᠳᠠᠷ ᠲᠠᠢ᠂ | ᠯᠠᠪᠲᠠᠶ᠎ᠠ ᠦᠷᠭᠦᠯᠵᠢᠯᠡᠭᠰᠡᠨ ᠡᠷᠡᠭᠦᠯ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠵᠠᠮ ᠢ ᠨᠡᠭᠡᠭᠡᠵᠦ ᠴᠢᠳᠠᠨ᠎ᠠ ᠭᠡᠪᠡ᠃ | ᠲᠡᠷᠡ ᠯᠢᠵᠢᠶᠠᠩ ᠤᠨ ᠠᠷᠠᠳ ᠲᠦᠮᠡᠨ ᠤ ᠠᠮᠢᠳᠤᠷᠠᠯ ᠢ ᠨᠠᠰᠢ ᠦᠨᠳᠦᠰᠦᠲᠡᠨ ᠤ ︽ᠾᠧ︾ ᠣᠪᠣᠭ ᠮᠡᠲᠦ᠂ ᠵᠣᠯ | ᠵᠢᠷᠭᠠᠯᠲᠠᠢ ᠠᠮᠤᠷ ᠠᠮᠤᠭᠤᠯᠠᠩ᠂ ᠡᠶ᠎ᠡ ᠨᠠᠶᠢᠷᠠᠮᠳᠠᠭᠤ ᠪᠠᠶᠢᠭᠠᠰᠠᠢ ᠭᠡᠵᠦ ᠵᠥᠩᠨᠡᠪᠡ᠃ | 20 ᠤ ᠦᠳᠡ ᠶᠢᠨ ᠡᠮᠦᠨ᠎ᠡ᠂ ᠰᠢ ᠶᠢᠨ ᠫᠢᠩ ᠶᠦᠨᠨᠠᠨ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ | ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠶᠦᠨᠨᠠᠨ ᠤ ᠡᠯ᠎ᠡ ᠲᠠᠯ᠎ᠠ ᠶᠢᠨ ᠬᠢᠨ ᠤ | ᠣᠯᠣᠭᠰᠠᠨ ᠠᠮᠵᠢᠯᠲᠠ ᠪᠦᠲᠦᠮᠵᠢ ᠶᠢ ᠨᠤᠲᠠᠯᠠᠵᠤ᠂ ᠲᠠᠷᠠᠭᠠᠴᠢ ᠶᠢᠨ ᠠᠯᠬᠤᠮ ᠤᠨ ᠠᠵᠢᠯ ᠳᠤ ᠱᠠᠭᠠᠷᠳᠠᠯᠭ᠎ᠠ ᠳᠤᠷᠠᠳᠪᠠ᠃ | ᠰᠢ ᠶᠢᠨ ᠫᠢᠩ᠂ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ ᠪᠣᠯ ᠴᠢᠨᠠᠷ | ᠰᠠᠶᠢᠲᠠᠢ ᠬᠥᠭᠵᠢᠯᠲᠡ ᠶᠢᠨ ᠭᠤᠣᠯᠳᠠᠯᠭ᠎ᠠ ᠲᠠᠢ ᠠᠵᠢᠯ ᠮᠥᠨ᠃ ᠡᠯ᠎ᠡ ᠭᠠᠵᠠᠷ ᠤᠨ ᠡᠬᠢ ᠪᠠᠶᠠᠯᠢᠭ ᠤᠨ ᠬᠡᠮᠵᠢᠶ᠎ᠡ᠂ ᠰᠠᠭᠤᠷᠢ | ᠨᠥᠬᠦᠴᠡᠯ ᠵᠡᠷᠭᠡ ᠨᠢ ᠠᠳᠠᠯᠢ ᠪᠤᠰᠤ ᠪᠠᠶᠢᠵᠤ᠂ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ | ᠠᠳᠬᠤᠬᠤ ᠳᠤ ᠪᠣᠳᠠᠲᠠᠢ ᠠᠴᠠ ᠡᠭᠦᠰᠴᠦ᠂ ᠠᠵᠤ ᠠᠬᠤᠢ ᠶᠢᠨ ᠵᠢᠮ᠎ᠡ ᠶᠣᠰᠣ ᠶᠢ ᠵᠢᠷᠤᠮᠯᠠᠵᠤ᠂ ᠥᠪᠡᠷ ᠤᠨ ᠣᠨᠴᠠᠯᠢᠭ ᠢᠶᠠᠨ | ᠳᠣᠪᠤᠶᠢᠯᠭᠠᠬᠤ ᠬᠡᠷᠡᠭᠲᠡᠢ᠃ ᠶᠦᠨᠨᠠᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠤᠳᠤᠷᠢᠳᠤᠮᠵᠢ | ᠪᠣᠯᠭᠠᠨ ᠡᠬᠢ ᠪᠠᠶᠠᠯᠢᠭ ᠤᠨ ᠭᠡᠯᠪᠡᠷᠢ ᠶᠢᠨ ᠠᠵᠤ ᠦᠢᠯᠡᠰ ᠢ ᠬᠦᠴᠦᠷᠬᠡᠭᠵᠢᠭᠦᠯᠵᠦ ᠰᠢᠯᠢᠳᠡᠭᠵᠢᠭᠦᠯᠦᠨ ᠪᠤᠵᠠᠭᠠᠶᠢᠷᠠᠭᠤᠯᠵᠤ᠂ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠣᠨ ᠢᠷᠡᠭᠡᠳᠦᠢ ᠶᠢᠨ ᠠᠵᠤ ᠦᠢᠯᠡᠰ ᠢ | ᠢᠳᠡᠪᠬᠢᠲᠡᠢ ᠬᠥᠭᠵᠢᠭᠦᠯᠬᠦ ᠬᠡᠷᠡᠭᠲᠡᠢ᠃ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠪᠣᠯᠣᠨ ᠰᠣᠶᠣᠯ ᠵᠢᠭᠤᠯᠴᠢᠯᠠᠯ ᠤᠨ | ᠠᠵᠤ ᠦᠢᠯᠡᠰ ᠢ ᠲᠦᠷᠭᠡᠨ ᠬᠥᠭᠵᠢᠭᠦᠯᠵᠦ᠂ ᠠᠵᠤ ᠦᠢᠯᠡᠰ ᠤᠨ ᠦᠷᠳᠡᠭ ᠢ ᠨᠡᠮᠡᠭᠳᠡᠭᠦᠯᠬᠦ᠂ ᠠᠵᠤ ᠠᠬᠤᠶᠢᠯᠠᠯ ᠤᠨ ᠦᠷ᠎ᠡ | ᠠᠰᠢᠭ ᠢ ᠨᠡᠮᠡᠭᠳᠡᠭᠦᠯᠬᠦ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠠᠰᠢᠭ ᠲᠤᠰᠠ ᠶᠢ | ᠬᠠᠮᠲᠤ ᠪᠠᠷ ᠡᠳ᠋ᠯᠡᠬᠦ ᠲᠣᠭᠲᠠᠴᠠ ᠶᠢ ᠢᠳᠡᠪᠬᠢᠲᠡᠢ ᠰᠦᠪᠡᠭᠴᠢᠯᠡᠵᠦ᠂ ᠠᠵᠤ ᠦᠢᠯᠡᠰ ᠤᠨ ᠱᠠᠲᠤᠴᠢ ᠰᠢᠯᠵᠢᠯᠲᠡ ᠶᠢ ᠡᠮᠬᠢ | ᠵᠢᠷᠤᠮ ᠲᠠᠢ ᠭᠥᠯᠢᠶᠡᠨ ᠠᠪᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠶᠦᠨᠨᠠᠨ ᠤ ᠣᠷᠣᠨ ᠪᠠᠶᠢᠷᠢ ᠶᠢᠨ ᠨᠥᠬᠦᠴᠡᠯ ᠥᠪᠡᠷᠮᠢᠴᠡ ᠪᠠᠶᠢᠵᠤ᠂ ᠥᠨᠳᠥᠷ ᠲᠦᠪᠰᠢᠨ ᠪᠦᠬᠦᠢ | ᠭᠠᠳᠠᠭᠠᠳᠤ ᠨᠡᠭᠡᠭᠡᠯᠲᠡ ᠶᠢ ᠢᠳᠡᠪᠬᠢᠲᠡᠢ ᠠᠬᠢᠭᠤᠯᠵᠤ᠂ ᠡᠮᠦᠨᠡᠲᠦ ᠠᠽᠢᠶ᠎ᠠ ᠵᠡᠭᠦᠨ ᠡᠮᠦᠨᠡᠲᠦ ᠠᠽᠢᠶ᠎ᠠ ᠳᠤ ᠬᠠᠨᠳᠤᠭᠤᠯᠤᠭᠰᠠᠨ | ᠨᠥᠯᠥᠭᠡᠯᠡᠨ ᠳᠠᠶᠢᠴᠢᠯᠠᠬᠤ ᠲᠥᠪ ᠢ ᠪᠦᠲᠦᠭᠡᠨ ᠪᠠᠶᠢᠭᠤᠯᠬᠤ ᠬᠡᠷᠡᠭᠲᠡᠢ᠃ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ | ᠣᠷᠣᠨ ᠢ ᠴᠢᠨᠠᠷ ᠰᠠᠶᠢᠲᠠᠢ ᠪᠦᠲᠦᠭᠡᠨ ᠪᠠᠶᠢᠭᠤᠯᠵᠤ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ᠂ ᠡᠨᠧᠷᠭᠢ᠂ | ᠲᠣᠭᠠᠴᠢᠯᠠᠭᠰᠠᠨ ᠮᠡᠳᠡᠭᠡ ᠵᠠᠩᠭᠢ ᠵᠡᠷᠭᠡ ᠶᠡᠭᠡ ᠵᠠᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠲᠦᠷᠦᠯ ᠤᠨ | ᠨᠡᠭᠡᠭᠡᠯᠲᠡᠲᠤ ᠲᠠᠪᠴᠠᠩ ᠢ ᠠᠵᠤ ᠠᠬᠤᠢ ᠶᠢᠨ ᠬᠥᠭᠵᠢᠯᠲᠡ ᠶᠢᠨ ᠨᠡᠮᠡᠭᠳᠡᠯ ᠤᠨ ᠴᠡᠭ ᠪᠤᠯᠭᠠᠬᠤ ᠬᠡᠷᠡᠭᠲᠡᠢ᠃ ᠡᠷᠭᠢᠨ | ᠲᠣᠭᠤᠷᠢᠨ ᠤ ᠤᠯᠤᠰ ᠯᠤᠭ᠎ᠠ ᠶᠢᠨ ᠠᠵᠤ ᠠᠬᠤᠢ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ᠂ ᠴᠢᠳᠠᠪᠤᠷᠢᠲᠠᠨ᠂ ᠡᠮᠴᠢᠯᠡᠭᠡ᠂ | ᠰᠣᠶᠣᠯ ᠵᠡᠷᠭᠡ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠳᠬᠡᠵᠦ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ | ᠬᠠᠮᠲᠤ ᠪᠠᠷ ᠪᠦᠲᠦᠭᠡᠨ ᠪᠠᠶᠢᠭᠤᠯᠬᠤ ᠳᠤ ᠨᠡᠩ ᠰᠠᠶᠢᠨ ᠣᠯᠣᠯᠲᠠ ᠲᠥᠷᠥᠭᠳᠡᠯ ᠲᠠᠢ ᠪᠤᠯᠭᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠶᠦᠨᠨᠠᠨ ᠤ ᠠᠮᠢ ᠠᠬᠤᠢ ᠶᠢᠨ ᠪᠠᠶᠢᠷᠢ ᠰᠠᠭᠤᠷᠢ ᠴᠢᠬᠤᠯᠠ᠂ ᠠᠮᠢ ᠠᠬᠤᠢ ᠶᠢ ᠤᠷᠢᠳ ᠢᠶᠠᠷ | ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠮᠠᠨ ᠤ ᠤᠯᠤᠰ ᠤᠨ | ᠪᠠᠷᠠᠭᠤᠨ ᠡᠮᠦᠨᠡᠲᠦ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ᠃ | ᠤᠯᠤᠰ ᠤᠨ ᠴᠡᠴᠡᠷᠯᠢᠭ ᠢᠶᠠᠷ ᠭᠤᠣᠯ ᠴᠣᠭᠴᠠ ᠪᠤᠯᠭᠠᠬᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠢ | ᠪᠦᠷᠢᠨᠰᠢᠭᠦᠯᠵᠦ᠂ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠪᠠ ᠰᠡᠷᠭᠦᠭᠡᠯᠲᠡ ᠶᠢ ᠴᠢᠩᠭᠠᠳᠬᠠᠵᠤ᠂ ᠬᠠᠶᠢᠷ | ᠴᠢᠯᠠᠭᠤᠵᠢᠬᠤ᠂ ᠬᠥᠷᠥᠰᠥ ᠰᠢᠷᠣᠢ ᠶᠢᠨ ᠢᠳᠡᠭᠳᠡᠯ ᠵᠢᠴᠢ ᠵᠢᠵᠢᠭ ᠰᠠᠪᠠ ᠭᠠᠵᠠᠷ ᠤᠨ ᠶᠡᠷᠦᠩᠬᠡᠶᠢᠯᠡᠭᠰᠡᠨ ᠵᠠᠰᠠᠯᠲᠠ ᠶᠢ | ᠦᠷᠭᠦᠯᠵᠢᠯᠡᠨ ᠥᠷᠨᠢᠭᠦᠯᠬᠦ ᠬᠡᠷᠡᠭᠲᠡᠢ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠬᠡᠷᠡᠭᠴᠡᠭᠡ ᠶᠢᠨ | ᠬᠠᠮᠢᠶᠠᠷᠤᠯᠲᠠ ᠬᠢᠭᠡᠳ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ | ᠵᠣᠯᠭᠠᠭᠤᠯᠬᠤ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶᠡᠨ ᠤ ᠪᠣᠬᠢᠷᠳᠤᠯ ᠢ ᠰᠡᠷᠭᠡᠶᠢᠯᠡᠨ ᠵᠠᠰᠠᠬᠤ ᠪᠠ | ᠭᠤᠣᠯᠳᠠᠯᠭ᠎ᠠ ᠲᠠᠢ ᠨᠠᠭᠤᠷ ᠴᠥᠭᠦᠷᠥᠮ ᠤᠨ ᠣᠷᠴᠢᠨ ᠲᠣᠭᠤᠷᠢᠨ ᠤ ᠵᠠᠰᠠᠯᠲᠠ ᠶᠢ ᠯᠠᠪᠳᠠᠭᠤᠨ ᠪᠠᠲᠤᠲᠠᠢ ᠠᠬᠢᠭᠤᠯᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠶᠦᠨᠨᠠᠨ ᠳᠤ ᠦᠨᠳᠦᠰᠦᠲᠡᠨ ᠤᠯᠠᠨ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ | ᠵᠠᠰᠠᠯᠲᠠ ᠶᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠪᠦᠭᠦ ᠲᠠᠯ᠎ᠠ ᠪᠠᠷ ᠠᠭᠤᠰᠤᠯᠴᠠᠬᠤ ᠦᠢᠯᠡᠳᠦᠯᠭᠡ ᠶᠢᠨ ᠠᠷᠭ᠎ᠠ | ᠵᠠᠮ ᠢ ᠥᠷᠭᠡᠳᠬᠡᠵᠦ᠂ ᠰᠢᠨ᠎ᠡ ᠴᠠᠭ ᠦᠶ᠎ᠡ ᠶᠢᠨ ᠬᠢᠯᠢ ᠬᠢᠵᠠᠭᠠᠷ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ | ᠭᠦᠨᠵᠡᠭᠡᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ᠂ ᠬᠢᠯᠢ ᠬᠢᠵᠠᠭᠠᠷ ᠤᠨ ᠠᠮᠤᠷ ᠲᠣᠭᠲᠠᠭᠤᠨ ᠢ ᠦᠨᠡᠨ ᠬᠦ | ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠠᠮ ᠤᠨ ᠤᠳᠤᠷᠢᠳᠤᠯᠭ᠎ᠠ ᠪᠣᠯ ᠠᠵᠢᠯ ᠦᠢᠯᠡᠰ ᠤᠨ ᠬᠥᠭᠵᠢᠯᠲᠡ ᠶᠢᠨ ᠦᠨᠳᠦᠰᠦᠨ ᠪᠠᠲᠤᠯᠠᠭ᠎ᠠ | ᠮᠥᠨ᠃ ᠨᠢᠭᠡ ᠭᠠᠵᠠᠷ ᠣᠷᠣᠨ ᠤ ᠨᠠᠮ ᠤᠨ ᠤᠳᠤᠷᠢᠳᠤᠯᠭ᠎ᠠ ᠪᠣᠯᠣᠨ ᠨᠠᠮ ᠤᠨ ᠪᠠᠶᠢᠭᠤᠯᠤᠯᠲᠠ ᠶᠢᠨ ᠲᠦᠪᠰᠢᠨ ᠥᠨᠳᠥᠷ | ᠪᠠᠶᠢᠬᠤ ᠡᠰᠡᠬᠦ ᠶᠢ ᠦᠵᠡᠬᠦ ᠳᠤ ᠤᠯᠤᠰ ᠲᠦᠷᠦ ᠶᠢᠨ ᠠᠮᠢ ᠠᠬᠤᠢ ᠰᠠᠶᠢᠨ ᠪᠠᠶᠢᠬᠤ ᠡᠰᠡᠬᠦ ᠶᠢ ᠦᠵᠡᠬᠦ ᠪᠣᠯ ᠨᠢᠭᠡ ᠴᠢᠬᠤᠯᠠ | ᠲᠠᠯ᠎ᠠ ᠪᠣᠯᠣᠨ᠎ᠠ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠪᠠᠨ | ᠦᠨᠡᠨ ᠬᠦ ᠭᠦᠢᠴᠡᠳᠬᠡᠵᠦ᠂ ᠣᠪᠣᠷ ᠰᠤᠷᠲᠠᠯ ᠨᠢ ᠲᠥᠪ ᠴᠢᠬᠡᠴᠢ᠂ ᠲᠥᠪ ᠭᠤᠣᠯᠴᠢ ᠪᠠᠷ ᠠᠵᠢᠯᠯᠠᠵᠤ᠂ ᠲᠤᠰ ᠪᠡᠶ᠎ᠡ ᠶᠢᠨ | ᠵᠢᠱᠢᠶᠡᠴᠢ ᠠᠵᠢᠯᠯᠠᠭ᠎ᠠ ᠪᠠᠷ ᠢᠶᠠᠨ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠴᠡᠪᠡᠷᠰᠢᠭᠦᠯᠬᠦ ᠶᠢ ᠠᠬᠢᠭᠤᠯᠬᠤ | ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠭᠡᠰᠢᠭᠦᠨ᠂ ᠺᠠᠳ᠋ᠷᠴᠤᠳ ᠤᠨ ᠬᠥᠮᠦᠵᠢᠯ | ᠬᠠᠮᠢᠶᠠᠷᠤᠯᠲᠠ ᠪᠠᠨ ᠴᠢᠩᠭᠠᠳᠬᠠᠵᠤ᠂ ᠳᠦᠷᠢᠮ ᠲᠣᠭᠲᠠᠭᠠᠯ ᠰᠠᠬᠢᠯᠭ᠎ᠠ ᠪᠠᠲᠤ ᠶᠢ ᠵᠥᠷᠢᠴᠡᠭᠰᠡᠨ ᠡᠯ᠎ᠡ ᠵᠦᠢᠯ ᠤᠨ ᠦᠢᠯᠡ | ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠭᠠᠵᠢᠭᠤ ᠰᠤᠷᠲᠠᠯ ᠢ ᠵᠠᠬ᠎ᠠ ᠳᠡᠯᠭᠡᠭᠦᠷ ᠦᠭᠡᠢ ᠪᠤᠯᠭᠠᠬᠤ ᠬᠡᠷᠡᠭᠲᠡᠢ᠃ | ᠨᠠᠮ ᠤᠨ ᠲᠥᠪ ᠬᠤᠷᠢᠶ᠎ᠠ ᠠᠴᠠ ᠪᠦᠭᠦ ᠨᠠᠮ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠨᠢᠭᠡᠨᠲᠡ ᠪᠠᠶᠢᠷᠢᠯᠠᠭᠤᠯᠵᠠᠢ᠂ ᠡᠯ᠎ᠡ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷᠴᠤᠳ ᠰᠤᠷᠤᠯᠴᠠᠯᠭ᠎ᠠ | ᠬᠥᠮᠦᠵᠢᠯ ᠤᠨ ᠬᠠᠷᠢᠭᠤᠴᠠᠯᠭᠠᠲᠤ ᠰᠡᠳᠬᠢᠯᠭᠡ ᠲᠤᠯᠭᠠᠮ ᠰᠡᠳᠬᠢᠯᠭᠡ ᠪᠠᠨ ᠤᠬᠠᠮᠰᠠᠷ ᠠᠴᠠ ᠪᠠᠨ ᠴᠢᠩᠭᠠᠳᠬᠠᠵᠤ᠂ ᠨᠠᠮ ᠢ | ᠪᠦᠭᠦ ᠲᠠᠯ᠎ᠠ ᠪᠠᠷ ᠴᠢᠩᠭ᠎ᠠ ᠵᠠᠰᠠᠬᠤ ᠪᠠᠶᠢᠳᠠᠯ ᠡᠭᠦᠷᠭᠡ ᠲᠠᠢ ᠤᠶᠠᠯᠳᠤᠭᠤᠯᠤᠨ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ | ᠲᠤᠰ ᠨᠢᠭᠡᠴᠢ ᠶᠢᠨ ᠢᠶᠠᠨ ᠡᠳᠡᠭᠡᠷ ᠵᠢᠯ ᠤᠨ ᠲᠤᠷᠰᠢᠬᠢ ᠰᠤᠷᠲᠠᠯ ᠤᠨ ᠪᠠᠶᠢᠭᠤᠯᠤᠯᠲᠠ ᠶᠢ ᠠᠳᠬᠤᠭᠰᠠᠨ ᠪᠣᠳᠠᠲᠠᠢ | ᠦᠢᠯᠡᠳᠦᠯᠭᠡ ᠲᠠᠢ ᠤᠶᠠᠯᠳᠤᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠳᠦᠷᠢᠮ ᠤᠨ | ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠨᠡᠪᠲᠡ ᠣᠶᠢᠯᠠᠭᠠᠵᠤ᠂ ᠬᠤᠯᠪᠣᠭᠳᠠᠯ ᠪᠦᠬᠦᠢ ᠰᠠᠬᠢᠯᠭ᠎ᠠ ᠪᠠᠲᠤ ᠶᠢᠨ ᠰᠢᠢᠳᠬᠡᠯ | ᠥᠭᠬᠦ ᠳᠦᠷᠢᠮ ᠲᠣᠭᠲᠠᠭᠠᠯ ᠢ ᠡᠵᠡᠮᠳᠡᠨ᠂ ᠠᠰᠠᠭᠤᠳᠠᠯ ᠢ ᠪᠠᠶᠢᠴᠠᠭᠠᠨ ᠳᠡᠯᠭᠡᠬᠦ᠂ ᠲᠥᠪᠯᠡᠷᠡᠭᠦᠯᠦᠨ ᠴᠡᠭᠴᠡᠯᠡᠨ ᠵᠠᠰᠠᠬᠤ ᠳᠤ | ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠪᠠᠲᠤ ᠲᠠᠯᠪᠢᠬᠤ ᠬᠡᠷᠡᠭᠲᠡᠢ᠃ ᠰᠤᠷᠲᠠᠯ ᠢ ᠲᠥᠪ ᠪᠣᠯᠭᠠᠨ ᠰᠠᠬᠢᠯᠭ᠎ᠠ | ᠪᠠᠲᠤ ᠶᠢ ᠴᠢᠩᠳᠠᠯᠠᠬᠤ ᠢᠯᠵᠢᠷᠡᠯ ᠢ ᠡᠰᠡᠷᠭᠦᠴᠡᠬᠦ ᠶᠢ ᠨᠠᠪᠲᠠᠷᠡᠭᠦᠯᠵᠦ᠂ ᠥᠷᠭᠡᠨ ᠤᠯᠠᠨ ᠨᠠᠮ ᠤᠨ ᠭᠡᠰᠢᠭᠦᠨ᠂ | ᠺᠠᠳ᠋ᠷᠴᠤᠳ ᠤᠨ ᠤᠬᠠᠮᠰᠠᠷ ᠠᠴᠠ ᠪᠠᠨ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠵᠤ᠂ ᠵᠣᠷᠢᠭᠲᠠᠢ ᠪᠠᠷ | ᠠᠵᠢᠯ ᠬᠢᠵᠦ ᠦᠢᠯᠡᠰ ᠪᠣᠰᠬᠠᠬᠤ ᠶᠢ ᠬᠥᠲᠥᠯᠥᠨ ᠵᠢᠯᠤᠭᠤᠳᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ | ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | 3 ᠰᠠᠷ᠎ᠠ ᠶᠢᠨ 20 ᠤ ᠦᠳᠡ ᠶᠢᠨ ᠡᠮᠦᠨ᠎ᠡ᠂ ᠰᠢ ᠶᠢᠨ ᠫᠢᠩ ᠺᠦᠨᠮᠢᠩ ᠳᠤ ᠰᠠᠭᠤᠭ᠎ᠠ ᠴᠡᠷᠢᠭ ᠠᠩᠭᠢ ᠶᠢᠨ | ᠬᠤᠷᠠᠩᠳᠠ ᠠᠴᠠ ᠳᠡᠭᠡᠭᠰᠢᠬᠢ ᠤᠳᠤᠷᠢᠳᠬᠤ ᠺᠠᠳ᠋ᠷ ᠪᠣᠯᠣᠨ ᠦᠨᠳᠦᠰᠦᠨ ᠱᠠᠲᠤᠨ ᠤ ᠲᠡᠷᠢᠭᠦᠨ ᠤ ᠵᠢᠱᠢᠶᠡᠴᠢ᠂ ᠪᠢᠴᠢᠭ ᠤᠨ | ᠲᠤᠰᠢᠶᠠᠯᠲᠠᠨ ᠤ ᠲᠥᠯᠥᠭᠡᠯᠡᠭᠴᠢᠳ ᠲᠠᠢ ᠺᠦᠨᠮᠢᠩ ᠳᠤ ᠳᠣᠲᠣᠨᠣ ᠪᠠᠷ ᠠᠭᠤᠯᠵᠠᠵᠤ᠂ ᠨᠠᠮ ᠤᠨ ᠲᠥᠪ ᠬᠤᠷᠢᠶ᠎ᠠ ᠪᠣᠯᠣᠨ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠺᠦᠨᠮᠢᠩ ᠳᠤ ᠰᠠᠭᠤᠭ᠎ᠠ ᠴᠡᠷᠢᠭ ᠠᠩᠭᠢ ᠶᠢᠨ ᠪᠦᠭᠦ | ᠳᠠᠷᠤᠭ᠎ᠠ ᠪᠠᠶᠢᠯᠳᠤᠭᠴᠢᠳ ᠲᠤ ᠴᠢᠩ ᠰᠡᠳᠬᠢᠯ ᠤᠨ ᠮᠡᠨᠳᠦᠴᠢᠯᠡᠯ ᠬᠦᠷᠭᠡᠭᠰᠡᠨ ᠪᠥᠭᠡᠳ ᠣᠯᠠᠨ ᠲᠠᠢ ᠬᠠᠮᠲᠤ ᠰᠡᠭᠦᠳᠡᠷ | ᠲᠠᠲᠠᠭᠤᠯᠵᠤ ᠳᠤᠷᠠᠰᠬᠠᠯ ᠦᠯᠡᠳᠡᠭᠡᠪᠡ᠃ |