ᠵᠠᠰᠠᠭ ᠤᠨ ᠤᠷᠳᠤᠨ ᠪᠠᠩᠬᠢ ᠠᠵᠤ ᠠᠬᠤᠶᠢᠯᠠᠯ ᠬᠤᠯᠪᠤᠭᠠᠯᠠᠨ ᠬᠥᠳᠡᠯᠦᠯᠴᠡᠵᠦ ᠵᠢᠵᠢᠭ ᠪᠢᠴᠢᠯ ᠠᠵᠤ ᠠᠬᠤᠶᠢᠯᠠᠯ ᠤᠨ ᠬᠦᠭᠵᠢᠯᠲᠡ ᠶᠢ ᠲᠦᠷᠭᠡᠳᠬᠡᠨ᠎ᠠ
ᠨᠡᠶᠢᠲᠡᠯᠡᠭᠰᠡᠨ ᠴᠠᠭ᠄
2025/3/25
     ᠣᠶᠢᠷ᠎ᠠ ᠳᠤ᠂ ᠰᠢᠯᠢ ᠶᠢᠨ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠣᠨ ᠲᠠᠷᠢᠶᠠᠯᠠᠩ ᠤᠨ ᠪᠠᠩᠬᠢ ᠶᠢᠨ ᠰᠢᠯᠢ ᠶᠢᠨ ᠭᠤᠣᠯ ᠤᠨ ᠬᠤᠪᠢᠶᠠᠷᠢ ᠪᠠᠩᠬᠢ ᠠᠴᠠ ᠬᠠᠮᠲᠤᠷᠠᠨ ᠡᠷᠬᠢᠯᠡᠭᠰᠡᠨ ︽ᠰᠡᠳᠬᠢᠯ ᠨᠢᠭᠡᠳᠦᠨ ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠰᠢᠨ᠎ᠡ ᠬᠠᠭᠤᠳᠠᠰᠤ ᠶᠢ ᠪᠢᠴᠢᠭᠯᠡᠶ᠎ᠠ︾ ᠭᠡᠬᠦ ᠭᠤᠣᠯ ᠰᠡᠳᠦᠪᠳᠦ ᠮᠥᠩᠭᠦᠨ ᠭᠦᠢᠯᠭᠡᠭᠡ ᠪᠠᠷ ᠠᠷᠠᠳ ᠤᠨ ᠡᠵᠡᠩᠨᠡᠯᠲᠡ ᠶᠢᠨ ᠵᠢᠵᠢᠭ ᠪᠢᠴᠢᠯ ᠠᠵᠤ ᠠᠬᠤᠶᠢᠯᠠᠯ ᠢ ᠳᠡᠮᠵᠢᠬᠦ ᠪᠦᠲᠦᠭᠡᠭᠳᠡᠬᠦᠨ ᠤ ᠲᠠᠨᠢᠯᠴᠠᠭᠤᠯᠭ᠎ᠠ ᠶᠢᠨ ᠬᠤᠷᠠᠯ ᠰᠢᠯᠢ ᠶᠢᠨ ᠬᠤᠲᠠ ᠳᠤ ᠶᠠᠪᠤᠭᠳᠠᠪᠠ᠃ ᠠᠵᠢᠯᠯᠠᠭ᠎ᠠ ᠶᠢᠨ ᠵᠣᠷᠢᠯᠭ᠎ᠠ ᠨᠢ ︽ᠵᠢᠷᠭᠤᠭᠠᠨ ᠠᠵᠢᠯᠯᠠᠭ᠎ᠠ︾ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠳᠤ ᠬᠦᠴᠢᠷᠲᠡᠢ ᠪᠠᠶᠢᠬᠤ ᠠᠰᠠᠭᠤᠳᠠᠯ ᠢ ᠦᠨᠡᠨ ᠬᠦ ᠰᠶᠢᠳᠪᠦᠷᠢᠯᠡᠨ᠂ ᠠᠷᠠᠳ ᠤᠨ ᠡᠵᠡᠩᠨᠡᠯᠲᠠ ᠶᠢᠨ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠶᠢᠨ ᠲᠥᠯᠥᠭᠡ ᠶᠤᠮ᠃      ᠠᠵᠢᠯᠯᠠᠭ᠎ᠠ ᠳᠤ 50 ᠠᠵᠤ ᠠᠬᠤᠶᠢᠯᠠᠯ ᠤᠨ 80 ᠭᠠᠷᠤᠢ ᠲᠥᠯᠥᠭᠡᠯᠡᠭᠴᠢ ᠣᠷᠣᠯᠴᠠᠵᠠᠢ᠃ ᠬᠤᠷᠠᠯ ᠳᠡᠭᠡᠷ᠎ᠡ  ᠲᠠᠷᠢᠶᠠᠯᠠᠩ ᠤᠨ ᠪᠠᠩᠬᠢ ᠶᠢᠨ ᠰᠢᠯᠢ ᠶᠢᠨ ᠭᠤᠣᠯ ᠤᠨ ᠬᠤᠪᠢᠶᠠᠷᠢ ᠪᠠᠩᠬᠢ ᠶᠢᠨ ᠠᠵᠢᠯᠲᠠᠳ ᠲᠤᠰᠬᠠᠶᠢᠯᠠᠨ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠵᠣᠷᠢᠭᠤᠯᠤᠬᠰᠠᠨ ᠣᠯᠠᠨ ᠵᠦᠢᠯ ᠤᠨ ᠢᠲᠡᠭᠡᠮᠵᠢᠲᠦ ᠵᠢᠭᠡᠯᠡᠯᠭᠡ ᠶᠢᠨ ᠪᠦᠲᠦᠭᠡᠭᠳᠡᠬᠦᠨ ᠢ ᠨᠠᠷᠢᠨ ᠲᠠᠨᠢᠯᠴᠠᠭᠤᠯᠵᠤ᠂ ᠪᠦᠲᠦᠭᠡᠭᠳᠡᠬᠦᠨ ᠤ ᠴᠢᠳᠠᠮᠵᠢ᠂ ᠣᠨᠴᠠᠯᠢᠭ᠂ ᠢᠲᠡᠭᠡᠮᠵᠢ ᠣᠯᠭᠤᠬᠤ ᠲᠤᠭ᠎ᠠ ᠬᠡᠮᠵᠢᠶ᠎ᠡ᠂ ᠵᠢᠭᠡᠯᠡᠯᠭᠡ ᠶᠢᠨ ᠬᠤᠭᠤᠴᠠᠭ᠎ᠠ ᠬᠢᠵᠠᠭᠠᠷ ᠵᠢᠴᠢ ᠳᠠᠭᠠᠭᠠᠨ ᠪᠠᠳᠤᠯᠠᠯᠳᠡ ᠬᠢᠬᠦ ᠠᠷᠭ᠎ᠠ ᠮᠠᠶ᠋ᠢᠭ ᠵᠡᠷᠭᠡ ᠠᠵᠤ ᠠᠬᠤᠶᠢᠯᠠᠯ ᠤᠨ ᠨᠡᠶᠢᠳᠡᠮ ᠠᠩᠬᠠᠷᠴᠤ ᠪᠠᠶᠢᠭ᠎ᠠ ᠠᠰᠠᠭᠤᠳᠠᠯ ᠢ ᠬᠠᠮᠤᠷᠤᠠ᠂ ᠵᠢᠵᠢᠭ ᠪᠢᠴᠢᠯ ᠠᠵᠤ ᠠᠬᠤᠶᠢᠯᠠᠯ ᠤᠨ ᠣᠯᠠᠨ ᠶᠠᠩᠵᠤᠲᠦ ᠬᠡᠷᠡᠭᠴᠡᠭᠡ ᠶᠢ ᠬᠠᠩᠭᠠᠵᠤ᠂ ᠠᠵᠤ ᠠᠬᠤᠶᠢᠯᠠᠯ ᠤᠨ ᠲᠣᠭᠲᠠᠭᠤᠨ ᠬᠥᠭᠵᠢᠯᠲᠡ ᠳᠤ ᠬᠦᠴᠦᠨ ᠨᠡᠮᠡᠷᠢᠯᠡᠪᠡ᠃      ᠰᠠᠨᠠᠯ ᠪᠤᠳᠤᠯ ᠢᠶᠠᠨ ᠰᠣᠯᠢᠯᠴᠠᠬᠤ ᠭᠤᠬᠴᠤᠭ᠎ᠠ ᠳᠤ᠂ ᠣᠯᠠᠨ ᠠᠵᠤ ᠠᠬᠤᠶᠢᠯᠠᠯ ᠤᠨ ᠲᠥᠯᠥᠭᠡᠯᠡᠭᠴᠢ ᠪᠡᠯᠡ ᠬᠤᠷᠠᠮᠳᠤᠭᠤᠯᠬᠤ ᠳᠤ ᠬᠦᠴᠢᠷᠲᠡᠢ᠂ ᠪᠡᠯᠡ ᠬᠤᠷᠠᠮᠳᠤᠭᠤᠯᠬᠤ ᠳᠤ ᠦᠨᠡᠲᠡᠢ ᠪᠠᠶᠢᠬᠤ ᠵᠡᠷᠭᠡ ᠪᠣᠳᠠᠲᠠᠢ ᠠᠰᠠᠭᠤᠳᠠᠯ ᠤᠨ ᠲᠠᠯ᠎ᠠ ᠪᠠᠷ ᠲᠠᠷᠢᠶᠠᠯᠠᠩ ᠤᠨ ᠪᠠᠩᠬᠢ ᠠᠴᠠ ᠠᠰᠠᠭᠤᠨ ᠯᠠᠪᠯᠠᠵᠠᠢ᠃ ᠲᠠᠷᠢᠶᠠᠯᠠᠩ ᠤᠨ ᠪᠠᠩᠬᠢ ᠶᠢᠨ ᠠᠵᠢᠯᠲᠠᠠ ᠬᠦᠯᠢᠴᠡᠩᠭᠦᠢ ᠪᠠᠷ ᠬᠠᠷᠢᠭᠤᠯᠲᠠ ᠥᠭᠬᠦ ᠶᠢᠨ ᠬᠠᠮᠲᠤ ᠬᠠᠨᠳᠤᠯᠭᠠᠲᠤ ᠴᠢᠨᠠᠷᠲᠠᠢ ᠰᠶᠢᠳᠪᠦᠷᠢᠯᠡᠬᠦ ᠲᠥᠰᠥᠯ ᠬᠠᠩᠭᠠᠭᠰᠠᠨ ᠪᠠᠶᠢᠨ᠎ᠠ᠃ ᠰᠢᠯᠢ ᠶᠢᠨ ᠭᠤᠣᠯ ᠠᠶᠢᠮᠠᠭ ᠤᠨ ᠴᠢᠨ ᠮᠦ ᠢᠳᠡᠭᠡᠨ ᠤᠮᠳᠠᠭᠠᠨ ᠤ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠸᠠᠩ ᠯᠢ ᠹᠧᠢ ᠢᠯᠡᠷᠬᠡᠶᠢᠯᠡᠬᠦ ᠳᠡᠭᠡᠨ᠂ ᠮᠠᠨ ᠤ ᠺᠣᠮᠫᠠᠨᠢ ᠭᠤᠣᠯᠳᠠᠭᠤ ᠦᠬᠡᠷ ᠬᠤᠨᠢᠨ ᠮᠢᠬ᠎ᠠ ᠶᠢ ᠨᠠᠷᠢᠯᠢᠭ ᠪᠣᠯᠪᠠᠰᠤᠷᠠᠭᠤᠯᠬᠤ ᠠᠵᠢᠯ ᠡᠷᠭᠢᠯᠡᠵᠦ ᠪᠠᠶᠢᠨ᠎ᠠ᠂ ᠲᠣᠰ ᠤᠳᠠᠭᠠᠨ ᠤ ᠠᠵᠤ ᠠᠬᠤᠶᠢᠯᠠᠯ ᠢ ᠲᠤᠰᠠᠯᠠᠬᠤ ᠮᠥᠩᠭᠦᠨ ᠭᠦᠢᠯᠭᠡᠭᠡᠨ ᠤ ᠲᠠᠨᠢᠯᠴᠠᠭᠤᠯᠭ᠎ᠠ ᠶᠢᠨ ᠬᠤᠷᠠᠯ ᠢᠶᠠᠷ ᠳᠠᠮᠵᠢᠭᠤᠯᠤᠨ᠂ ᠬᠠᠮᠤᠭ ᠤᠨ ᠰᠢᠨ᠎ᠡ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠪᠠ ᠠᠵᠤ ᠠᠬᠤᠶᠢᠯᠠᠯ ᠳᠠᠭᠠᠨ ᠲᠣᠬᠢᠷᠠᠬᠤ ᠮᠥᠩᠭᠦᠨ ᠭᠦᠢᠯᠭᠡᠭᠡᠨ ᠤ ᠪᠦᠲᠦᠭᠡᠭᠳᠡᠬᠦᠨ ᠢ ᠭᠦᠨᠵᠡᠭᠡᠢ ᠣᠶᠢᠯᠠᠭᠠᠯ᠎ᠠ᠃ ᠡᠲᠡᠭᠡᠷ ᠮᠥᠩᠭᠦᠨ ᠭᠦᠢᠯᠭᠡᠭᠡᠨ ᠤ ᠪᠦᠲᠦᠭᠡᠭᠳᠡᠬᠦᠨ ᠨᠢ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠳᠤ ᠬᠦᠴᠢᠷᠲᠡᠢ ᠪᠠᠶᠢᠬᠤ ᠠᠰᠠᠭᠤᠳᠠᠯ ᠢ ᠬᠠᠪᠰᠤᠷᠤᠨ ᠰᠶᠢᠳᠪᠦᠷᠢᠯᠡᠵᠦ ᠲᠡᠶᠢᠯᠦᠨ᠎ᠠ᠂ ᠣᠳᠣᠬᠠᠨ ᠳᠤ ᠪᠢᠳᠡ ᠨᠢᠭᠡᠨᠲᠡ ᠢᠲᠡᠭᠡᠮᠵᠢᠲᠦ ᠵᠢᠭᠡᠯᠡᠯᠭᠡ ᠲᠠᠯᠪᠢᠭᠴᠢ ᠲᠠᠢ ᠬᠠᠮᠢᠶ᠎ᠠ ᠪᠦᠬᠦᠢ ᠵᠦᠢᠯᠡᠰ ᠢ ᠵᠣᠯᠭᠠᠭᠤᠯᠵᠤ᠂ ᠤᠳᠠᠯ ᠦᠭᠡᠢ ᠪᠡᠯᠡ ᠮᠥᠩᠭᠦ ᠣᠯᠵᠤ ᠳᠡᠶᠢᠯᠬᠦ ᠮᠥᠷᠲᠡᠭᠡᠨ ᠪᠥᠬᠦ ᠶᠠᠪᠤᠴᠠ ᠶᠢ ᠴᠥᠮ ᠰᠦᠯᠵᠢᠶᠡᠨ ᠳᠡᠭᠡᠷ᠎ᠡ ᠭᠦᠢᠴᠡᠳᠬᠡᠵᠦ ᠪᠤᠯᠬᠤ ᠳᠤᠯᠠ ᠮᠠᠰᠢ ᠲᠥᠬᠦᠮ ᠶᠤᠮ︾ ᠭᠡᠵᠡᠢ᠃      ᠲᠣᠰ ᠤᠳᠠᠭᠠᠨ ᠤ ᠵᠠᠰᠠᠭ ᠤᠨ ᠣᠷᠳᠣᠨ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ ᠨᠢ ᠮᠠᠨ ᠤ ᠠᠶᠢᠮᠠᠭ ᠤᠨ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠨᠠᠶᠢᠳᠠᠪᠤᠷᠢᠵᠢᠭᠤᠯᠬᠤ᠂ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠲᠠᠯ᠎ᠠ ᠪᠠᠷ ᠯᠠᠪᠳᠠᠭᠤᠨ ᠪᠠᠲᠤᠲᠠᠢ ᠨᠢᠭᠡ ᠠᠯᠬᠤᠮ ᠢ ᠠᠯᠬᠤᠭᠰᠠᠨ ᠢ ᠬᠠᠷᠠᠭᠤᠯᠵᠤ ᠪᠠᠶᠢᠨ᠎ᠠ᠃ ᠵᠠᠰᠠᠭ ᠤᠨ ᠣᠷᠳᠣᠨ ᠪᠠᠩᠬᠢ ᠠᠵᠤ ᠠᠬᠤᠶᠢᠯᠠᠯ ᠤᠨ ᠰᠣᠯᠢᠯᠴᠠᠭᠠᠨ ᠤ ᠲᠠᠪᠴᠠᠩ ᠢ ᠪᠠᠶᠢᠭᠤᠯᠬᠤ ᠪᠠᠷ ᠳᠠᠮᠵᠢᠭᠤᠯᠤᠨ᠂ ᠡᠯ᠎ᠡ ᠲᠠᠯ᠎ᠠ ᠶᠢᠨ ᠬᠢᠨ ᠨᠠᠩ ᠪᠦᠲᠦᠮᠵᠢᠲᠡᠶ ᠪᠠᠷ ᠨᠡᠪᠲᠡᠷᠡᠯᠴᠡᠨ ᠬᠠᠮᠲᠤᠷᠠᠯᠴᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠬᠠᠮᠲᠤ ᠪᠠᠷ ᠠᠬᠢᠭᠤᠯᠵᠤ ᠴᠢᠳᠠᠨ᠎ᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号