ᠰᠥᠨᠢᠳ ᠵᠡᠬᠦᠨ ᠬᠤᠰᠢᠭᠤᠨ ᠤ ᠲᠠᠷᠢᠶᠠᠯᠠᠩ ᠤᠨ ᠬᠤᠲᠠᠯᠲᠤᠭᠠᠨ ᠤ ᠪᠠᠩᠭᠢ ᠨᠢ ᠠᠵᠤ ᠠᠬᠤᠶᠢᠯᠠᠯ ᠢ | ᠲᠡᠳᠬᠦᠨ ᠲᠡᠮᠵᠢᠬᠦ ᠠᠵᠢᠯᠯᠠᠭ᠎ᠠ ᠶᠢ ᠢᠲᠡᠪᠬᠢᠲᠡᠢ ᠥᠷᠨᠢᠬᠦᠯᠵᠥ᠂ ᠲᠤᠰ ᠪᠡᠶ᠎ᠠ ᠶᠢᠨ ᠲᠠᠪᠠᠭᠤᠯᠢᠭ ᠢᠶᠠᠨ ᠪᠠᠲᠠᠷᠠᠭᠤᠯᠤᠨ | ᠮᠥᠡᠭᠭᠦᠨ ᠬᠥᠢᠯᠭᠡᠭᠡᠨ ᠤ ᠥᠢᠯᠡᠴᠢᠯᠡᠭᠡ ᠶᠢᠨ ᠵᠠᠬᠪᠤᠷ ᠤᠨ ᠰᠢᠨ᠎ᠠ ᠶᠢ ᠡᠬᠦᠳᠴᠥ᠂ ᠲᠥᠷᠥ ᠶᠢᠨ ᠪᠤᠲᠤᠯᠭ᠎ᠠ ᠶᠢᠨ | ᠲᠡᠮᠵᠢᠯᠭᠡ᠂ ᠮᠥᠡᠭᠭᠦᠨ ᠬᠥᠢᠯᠭᠡᠭᠡᠨ ᠤ ᠲᠡᠮᠵᠢᠯᠭᠡ᠂ ᠥᠢᠯᠡᠴᠢᠯᠡᠭᠡ ᠶᠢ ᠰᠢᠯᠢᠲᠡᠭᠵᠢᠬᠦᠯᠬᠦ ᠵᠡᠷᠭᠡ ᠤᠯᠠᠨ ᠲᠠᠯ᠎ᠠ ᠠᠴᠠ | ᠭᠠᠷᠲᠠᠨ ᠪᠠᠭ᠎ᠠ ᠵᠢᠵᠢᠭ ᠠᠵᠤ ᠠᠬᠤᠶᠢᠯᠠᠯ᠂ ᠬᠤᠪᠢ ᠶᠢᠨ ᠥᠢᠯᠡᠳᠪᠤᠷᠢ ᠬᠤᠲᠠᠯᠲᠤᠭᠠᠨ ᠤ ᠡᠷᠥᠭᠡ᠂ ᠮᠠᠯᠵᠢᠬᠤ | ᠡᠷᠥᠭᠡ ᠳᠤ ᠪᠥᠬᠦ ᠲᠠᠯ᠎ᠠ ᠶᠢᠨ᠂ ᠤᠯᠠᠨ ᠲᠡᠰ ᠲᠠᠪᠬᠤᠷᠭ᠎ᠠ ᠶᠢᠨ ᠮᠥᠡᠭᠭᠦᠨ ᠬᠥᠢᠯᠭᠡᠭᠡᠨ ᠤ ᠲᠡᠮᠵᠢᠯᠭᠡ ᠬᠠᠨᠭ᠍ᠭᠠᠬᠤ ᠪᠠᠷ | ᠲᠠᠮᠵᠢᠭᠤᠯᠤᠨ ᠠᠵᠤ ᠠᠬᠤᠶᠢᠯᠠᠯ ᠤᠨ ᠬᠥᠭᠵᠢᠯᠲᠡ ᠶᠢᠨ ᠰᠢᠨ᠎ᠠ ᠠᠮᠢᠵᠢᠷᠠᠯ ᠤᠨ ᠬᠥᠴᠥᠨ ᠢ ᠬᠥᠭᠵᠢᠬᠡᠵᠥ ᠪᠠᠶᠢᠨ᠎ᠠ᠃ | ᠮᠥᠡᠭᠭᠦᠨ ᠬᠥᠢᠯᠭᠡᠭᠡᠨ ᠤ ᠥᠢᠯᠡᠴᠢᠯᠡᠭᠡ ᠶᠢ ᠰᠢᠯᠢᠲᠡᠭᠵᠢᠬᠦᠯᠬᠦ ᠲᠠᠯ᠎ᠠ ᠪᠠᠷ᠂ ᠲᠤᠰ ᠬᠤᠰᠢᠭᠤᠨ ᠤ | ᠲᠠᠷᠢᠶᠠᠯᠠᠩ ᠤᠨ ᠬᠤᠲᠠᠯᠲᠤᠭᠠᠨ ᠤ ᠪᠠᠩᠭᠢ ᠨᠢ ᠰᠥᠯᠵᠢᠶ᠎ᠠ ᠪᠠ ᠪᠤᠲᠠᠲᠤ ᠲᠠᠯᠠᠪᠤᠷ ᠢ ᠬᠠᠷᠢᠯᠴᠠᠨ ᠤᠶᠠᠯᠲᠤᠭᠤᠯᠬᠤ | ᠬᠡᠯᠪᠡᠷᠢ ᠶᠢ ᠬᠥᠢᠴᠡᠳ ᠠᠰᠢᠭᠯᠠᠨ᠂ ᠵᠢᠭᠡᠯᠡᠯᠭᠡ ᠶᠢᠨ ᠲᠥᠷᠥ ᠶᠢᠨ ᠪᠤᠲᠤᠯᠭ᠎ᠠ᠂ ᠶᠠᠪᠤᠴᠠ ᠵᠢᠴᠢ ᠮᠥᠡᠭᠭᠦᠨ | ᠬᠥᠢᠯᠭᠡᠭᠡᠨ ᠤ ᠪᠥᠲᠥᠭᠡᠭᠲᠡᠬᠦᠨ ᠤ ᠰᠤᠷᠠᠭ ᠵᠠᠩᠭᠢ ᠶᠢ ᠪᠥᠬᠦ ᠲᠠᠯ᠎ᠠ ᠪᠠᠷ ᠢᠯᠡ ᠨᠡᠶᠢᠲᠡᠯᠡᠪᠡ᠃ ᠡᠯ᠎ᠠ ᠡᠵᠡᠩᠨᠡᠯᠲᠡ ᠶᠢᠨ | ᠴᠡᠭ ᠲᠤ ᠪᠠᠭ᠎ᠠ ᠵᠢᠵᠢᠭ ᠠᠵᠤ ᠠᠬᠤᠶᠢᠯᠠᠯ ᠤᠨ ᠪᠡᠯᠡ ᠬᠤᠷᠠᠮᠲᠤᠭᠤᠯᠬᠤ ᠱᠠᠭᠠᠷᠲᠠᠯᠭ᠎ᠠ ᠶᠢᠨ ᠠᠰᠠᠭᠤᠨ ᠯᠠᠪᠯᠠᠬᠤ | ᠴᠤᠩᠬᠤᠪᠴᠢ ᠲᠤᠬᠢᠷᠠᠭᠤᠯᠤᠨ ᠬᠠᠮᠢᠶ᠎ᠠ ᠪᠥᠬᠦᠢ ᠶᠠᠪᠤᠴᠠ ᠶᠢ ᠨᠠᠭᠠᠵᠥ᠂ ᠸᠢᠴᠠᠲ ᠤᠨ ᠤᠯᠠᠨ ᠨᠡᠶᠢᠲᠡ ᠶᠢᠨ | ᠲᠠᠪᠴᠠᠩ ᠵᠡᠷᠭᠡ ᠨᠡᠶᠢᠭᠡᠮ ᠤᠨ ᠬᠠᠷᠢᠯᠴᠠᠭᠠᠨ ᠤ ᠲᠠᠪᠴᠠᠩ ᠢᠶᠠᠷ ᠲᠠᠮᠵᠢᠭᠤᠯᠤᠨ ᠢᠲᠡᠭᠡᠮᠵᠢᠲᠤ ᠵᠢᠭᠡᠯᠡᠯᠭᠡ ᠶᠢᠨ | ᠪᠥᠲᠥᠭᠡᠭᠲᠡᠬᠦᠨ ᠢ ᠨᠡᠶᠢᠲᠡᠯᠡᠨ ᠲᠠᠨᠢᠯᠴᠠᠭᠤᠯᠵᠥ᠂ ᠬᠡᠷᠡᠭᠯᠡᠭᠴᠢ ᠶᠢᠨ ᠲᠥᠭᠦᠮ ᠲᠥᠲᠡ ᠠᠷᠭ᠎ᠠ ᠪᠠᠷ ᠮᠥᠡᠭᠭᠦᠨ | ᠬᠥᠢᠯᠭᠡᠭᠡᠨ ᠤ ᠥᠢᠯᠡᠴᠢᠯᠡᠭᠡᠨ ᠤ ᠰᠤᠷᠠᠭ ᠵᠠᠩᠭᠢ ᠤᠯᠬᠤ ᠶᠢ ᠪᠠᠲᠤᠯᠠᠵᠠᠢ᠃ ᠪᠡᠯᠡ ᠬᠤᠷᠠᠮᠲᠤᠭᠤᠯᠬᠤ ᠠᠷᠭ᠎ᠠ ᠵᠠᠮ ᠢ | ᠥᠷᠭᠡᠳᠭᠡᠬᠦ ᠲᠠᠯ᠎ᠠ ᠪᠠᠷ ︽ᠮᠢᠩᠭᠠᠨ ᠠᠵᠤ ᠠᠬᠤᠶᠢᠯᠠᠯ ᠲᠥᠮᠡᠨ ᠡᠷᠥᠭᠡ ᠪᠠᠷ ᠲᠤᠭᠤᠷᠢᠨ ᠰᠤᠷᠪᠤᠯᠵᠢᠯᠠᠬᠤ︾ | ᠠᠵᠢᠯᠯᠠᠭ᠎ᠠ ᠶᠢ ᠢᠲᠡᠪᠬᠢᠲᠡᠢ ᠥᠷᠨᠢᠬᠦᠯᠵᠥ᠂ ᠠᠵᠤ ᠠᠬᠤᠶᠢᠯᠠᠯ ᠢ ᠲᠡᠳᠬᠦᠨ ᠲᠡᠮᠵᠢᠬᠦ ᠠᠵᠢᠯᠯᠠᠭ᠎ᠠ ᠲᠠᠢ | ᠤᠶᠠᠯᠲᠤᠭᠤᠯᠤᠨ ᠵᠠᠬ᠎ᠠ ᠲᠡᠯᠭᠡᠭᠦᠷ ᠤᠨ ᠭᠤᠤᠯ ᠴᠤᠭᠴᠠ ᠳᠤ ᠲᠡᠬᠢᠨ ᠲᠠᠪᠳᠠᠨ ᠵᠢᠭᠰᠠᠭᠠᠨ ᠪᠠᠶᠢᠴᠠᠭᠠᠯᠲᠠ᠂ | ᠲᠤᠭᠤᠷᠢᠨ ᠰᠤᠷᠪᠤᠯᠵᠢᠯᠠᠭ᠎ᠠ᠂ ᠵᠤᠯᠭᠠᠯᠴᠠᠭᠤᠯᠭᠠ ᠬᠢᠵᠥ᠂ ᠲᠥᠭᠡᠮᠡᠯ ᠬᠠᠷᠠᠭᠠᠯᠵᠠᠯᠲᠤ ᠮᠥᠡᠭᠭᠦᠨ ᠬᠥᠢᠯᠭᠡᠭᠡᠨ ᠤ | ᠲᠥᠷᠥ ᠶᠢᠨ ᠪᠤᠲᠤᠯᠭ᠎ᠠ ᠵᠢᠴᠢ ᠪᠥᠲᠥᠭᠡᠭᠲᠡᠬᠦᠨ ᠢ ᠥᠷᠭᠡᠨ ᠢᠶᠠᠷ ᠤᠬᠠᠭᠤᠯᠪᠠ᠃ ︽ᠥᠪᠤᠷ ᠮᠤᠩᠭᠤᠯ ᠤᠨ ᠲᠥᠭᠡᠮᠡᠯ | ᠬᠠᠷᠠᠭᠠᠯᠵᠠᠯᠲᠤ ᠮᠥᠡᠭᠭᠦᠨ ᠬᠥᠢᠯᠭᠡᠭᠡᠨ ᠤ ᠬᠠᠮ ᠲᠡᠯᠭᠡᠭᠦᠷ︾ ᠵᠡᠷᠭᠡ ᠰᠥᠯᠵᠢᠶᠡᠨ ᠲᠠᠪᠴᠠᠩ ᠳᠤ ᠲᠥᠰᠢᠭᠯᠡᠨ ︽ | ᠪᠠᠭ᠎ᠠ ᠵᠢᠵᠢᠭ ᠠᠵᠤ ᠠᠬᠤᠶᠢᠯᠠᠯ ᠤᠨ ᠡᠵᠡᠩᠨᠡᠯᠲᠡ ᠶᠢᠨ ᠬᠤᠲᠠᠯᠲᠤᠭᠠᠨ ᠤ ᠵᠢᠭᠡᠯᠡᠯᠭᠡ︾ ᠵᠡᠷᠭᠡ ᠤᠨᠴᠠᠯᠢᠭᠲᠤ | ᠢᠲᠡᠭᠡᠮᠵᠢᠲᠤ ᠵᠢᠭᠡᠯᠡᠯᠭᠡ ᠶᠢᠨ ᠪᠥᠲᠥᠭᠡᠭᠲᠡᠬᠦᠨ ᠢ ᠲᠠᠨᠢᠯᠴᠠᠭᠤᠯᠤᠨ ᠲᠡᠯᠭᠡᠷᠡᠬᠦᠯᠵᠥ᠂ ᠪᠠᠭ᠎ᠠ ᠵᠢᠵᠢᠭ ᠠᠵᠤ | ᠠᠬᠤᠶᠢᠯᠠᠯ ᠤᠨ ᠪᠡᠯᠡ ᠮᠥᠡᠭᠬᠦᠨ ᠤ ᠬᠥᠴᠢᠷᠲᠡᠯ ᠢ ᠰᠶᠢᠳᠪᠤᠷᠢᠯᠡᠵᠡᠢ᠃ ᠲᠤᠰ ᠬᠤᠰᠢᠭᠤ ᠠᠵᠤ ᠠᠬᠤᠶᠢᠯᠠᠯ ᠢ | ᠲᠡᠳᠬᠦᠨ ᠲᠡᠮᠵᠢᠬᠦ ᠠᠵᠢᠯᠯᠠᠭ᠎ᠠ ᠶᠢ ᠥᠷᠨᠢᠬᠦᠯᠥᠭᠰᠡᠨ ᠠᠴᠠ ᠨᠠᠭᠠᠰᠢ᠂ ᠤᠷᠢᠳ ᠬᠤᠵᠢᠳ 491 ᠪᠠᠭ᠎ᠠ ᠵᠢᠵᠢᠭ | ᠠᠵᠤ ᠠᠬᠤᠶᠢᠯᠠᠯ ᠳᠤ ᠵᠢᠭᠰᠠᠭᠠᠨ ᠪᠠᠶᠢᠴᠠᠭᠠᠯᠲᠠ ᠬᠢᠵᠥ᠂ 17649.25 ᠲᠥᠮᠡᠨ ᠲᠥᠭᠦᠷᠢᠭ ᠤᠨ ᠢᠲᠡᠭᠡᠮᠵᠢᠲᠤ | ᠵᠢᠭᠡᠯᠡᠯᠭᠡ ᠲᠠᠷᠬᠠᠭᠠᠭᠰᠠᠨ ᠪᠠᠶᠢᠨ᠎ᠠ᠃ | ᠪᠠᠭ᠎ᠠ ᠵᠢᠵᠢᠭ ᠠᠵᠤ ᠠᠬᠤᠶᠢᠯᠠᠯ ᠤᠨ ᠮᠥᠡᠭᠭᠦᠨ ᠬᠥᠢᠯᠭᠡᠭᠡᠨ ᠤ ᠥᠢᠯᠡᠴᠢᠯᠡᠭᠡᠨ ᠤ ᠴᠢᠲᠠᠪᠬᠢ ᠶᠢ | ᠲᠡᠭᠡᠭᠰᠢᠯᠡᠬᠦᠯᠬᠦ ᠲᠠᠯ᠎ᠠ ᠪᠠᠷ᠂ ᠲᠤᠰ ᠬᠤᠰᠢᠭᠤᠨ ᠤ ᠲᠠᠷᠢᠶᠠᠯᠠᠩ ᠤᠨ ᠬᠤᠲᠠᠯᠲᠤᠭᠠᠨ ᠤ ᠪᠠᠩᠭᠢ ᠨᠢ ᠲᠠᠬᠢᠨ ᠵᠢᠭᠡᠯᠡᠯᠭᠡ | ᠠᠪᠬᠤ ᠵᠡᠷᠭᠡ ᠪᠥᠲᠥᠴᠡ ᠶᠢᠨ ᠴᠢᠨᠠᠷᠲᠠᠢ ᠵᠤᠭᠤᠰ ᠤᠨ ᠲᠥᠷᠥ ᠶᠢᠨ ᠪᠤᠲᠤᠯᠭ᠎ᠠ ᠶᠢᠨ ᠪᠠᠭᠠᠵᠢ ᠶᠢ ᠠᠰᠢᠭᠯᠠᠨ | ᠥᠢᠯᠡᠴᠢᠯᠡᠭᠡᠨ ᠤ ᠴᠢᠲᠠᠪᠬᠢ ᠪᠠᠨ ᠲᠡᠭᠡᠭᠰᠢᠯᠡᠬᠦᠯᠪᠡ᠃ ᠤᠲᠤᠬᠠᠨ ᠪᠤᠯᠲᠠᠯ᠎ᠠ᠂ ᠲᠠᠬᠢᠨ ᠵᠢᠭᠡᠯᠡᠯᠭᠡ ᠤᠯᠭᠤᠬᠰᠠᠨ | ᠲᠤᠭ᠎ᠠ 7793 ᠲᠥᠮᠡᠨ ᠲᠥᠭᠦᠷᠢᠭ ᠬᠥᠷᠴᠥ᠂ ᠡᠬᠦᠨ ᠳᠤ ᠵᠢᠵᠢᠭ ᠠᠵᠤ ᠠᠬᠤᠶᠢᠯᠠᠯ ᠳᠤ 3938 ᠲᠥᠮᠡᠨ | ᠲᠥᠭᠦᠷᠢᠭ ᠤᠨ ᠲᠠᠬᠢᠨ ᠵᠢᠭᠡᠯᠡᠯᠭᠡ ᠤᠯᠭᠤᠵᠥ᠂ ᠨᠡᠶᠢᠲᠡ 22 ᠪᠠᠭ᠎ᠠ ᠵᠢᠵᠢᠭ ᠠᠵᠤ ᠠᠬᠤᠶᠢᠯᠠᠯ ᠢ ᠲᠡᠮᠵᠢᠵᠡᠢ᠃ | ᠡᠬᠦᠨ ᠤ ᠬᠠᠮᠲᠤ ᠵᠢᠭᠡᠯᠡᠯᠭᠡ ᠪᠠᠨ ᠥᠷᠬᠦᠯᠵᠢᠯᠡᠬᠦᠯᠵᠥ ᠪᠤᠯᠬᠤ ᠠᠵᠢᠯ ᠢ ᠢᠲᠡᠪᠬᠢᠲᠡᠢ ᠰᠠᠶᠢᠲᠤᠷ ᠬᠢᠵᠥ᠂ ᠪᠠᠭ᠎ᠠ | ᠵᠢᠵᠢᠭ ᠠᠵᠤ ᠠᠬᠤᠶᠢᠯᠠᠯ ᠤᠨ ᠪᠡᠯᠡ ᠬᠤᠷᠠᠮᠲᠤᠭᠤᠯᠬᠤ ᠥᠷᠲᠡᠭ ᠢ ᠲᠤᠷᠤᠭᠰᠢᠯᠠᠭᠤᠯᠪᠠ᠃ ᠤᠲᠤᠬᠠᠨ ᠪᠤᠯᠲᠠᠯ᠎ᠠ᠂ | ᠪᠠᠭ᠎ᠠ ᠵᠢᠵᠢᠭ ᠠᠵᠤ ᠠᠬᠤᠶᠢᠯᠠᠯ ᠤᠨ ᠵᠢᠭᠡᠯᠡᠯᠭᠡ ᠶᠢᠨ ᠨᠡᠮᠡᠬᠦᠷᠢ ᠶᠢᠨ ᠲᠤᠮᠲᠠᠴᠢ ᠬᠥᠥ ᠮᠥᠡᠭᠭᠦ ᠶᠢᠨ ᠨᠤᠷᠮ᠎ᠠ ᠶᠢ | ᠲᠤᠷᠤᠭᠰᠢᠯᠠᠭᠤᠯᠤᠭᠠᠳ 6.95% ᠪᠤᠯᠭᠠᠵᠥ᠂ ᠤᠷᠢᠳ ᠬᠤᠵᠢᠳ ᠭᠡᠷᠡᠭᠯᠡᠭᠴᠢᠳ ᠲᠤ 12800 ᠲᠥᠮᠡᠨ | ᠲᠥᠭᠦᠷᠢᠭ ᠤᠨ ᠠᠰᠢᠭ ᠤᠯᠭᠤᠵᠠᠢ᠃ | ᠲᠠᠷᠠᠭᠠᠴᠢ ᠪᠠᠷ᠂ ᠲᠤᠰ ᠬᠤᠰᠢᠭᠤ ᠠᠵᠤ ᠠᠬᠤᠶᠢᠯᠠᠯ ᠢ ᠲᠡᠳᠬᠦᠨ ᠲᠡᠮᠵᠢᠬᠦ ᠠᠵᠢᠯᠯᠠᠭ᠎ᠠ ᠶᠢ ᠪᠥᠬᠦ ᠲᠠᠯ᠎ᠠ ᠪᠠᠷ | ᠠᠬᠢᠭᠤᠯᠵᠥ᠂ ᠠᠷᠠᠳ ᠤᠨ ᠡᠵᠡᠩᠨᠡᠯᠲᠡ ᠶᠢᠨ ᠪᠠᠭ᠎ᠠ ᠵᠢᠵᠢᠭ ᠠᠵᠤ ᠠᠬᠤᠶᠢᠯᠠᠯ ᠳᠠᠬᠢ ᠮᠥᠡᠭᠭᠦᠨ ᠬᠥᠢᠯᠭᠡᠭᠡᠨ ᠤ | ᠥᠢᠯᠡᠴᠢᠯᠡᠭᠡ ᠶᠢ ᠥᠷᠬᠦᠯᠵᠢᠯᠡᠨ ᠴᠢᠩᠭᠠᠳᠬᠠᠵᠥ᠂ ᠵᠠᠰᠠᠭ ᠠᠵᠤ ᠠᠬᠤᠶᠢᠯᠠᠯ ᠪᠠ ᠪᠠᠩᠭᠢ ᠠᠵᠤ ᠠᠬᠤᠶᠢᠯᠠᠯ ᠢ | ᠵᠤᠯᠭᠠᠯᠴᠠᠭᠤᠯᠬᠤ ᠲᠤᠭᠲᠠᠴᠠ ᠶᠢ ᠪᠠᠶᠢᠭᠤᠯᠤᠨ ᠪᠥᠷᠢᠨᠰᠢᠬᠦᠯᠵᠥ᠂ ︽ᠥᠨᠲᠤᠰᠤᠨ ᠱᠠᠲᠤᠨ ᠳᠤ ᠰᠢᠭᠤᠳ ᠬᠥᠷᠭᠡᠬᠦ᠂ | ᠲᠥᠷᠭᠡᠨ ᠲᠥᠭᠦᠮ᠂ ᠬᠥᠥ ᠮᠥᠡᠭᠭᠦ ᠲᠤᠬᠢᠷᠠᠮᠵᠢᠲᠠᠢ︾ ᠱᠠᠭᠠᠷᠲᠠᠯᠭ᠎ᠠ ᠪᠠᠷ ᠪᠠᠩᠭᠢ ᠠᠵᠤ ᠠᠬᠤᠶᠢᠯᠠᠯ ᠤᠨ ᠪᠡᠯᠡ | ᠮᠥᠡᠭᠭᠦᠨ ᠤ ᠬᠠᠨᠭ᠍ᠭᠠᠯᠭ᠎ᠠ ᠬᠡᠷᠡᠭᠴᠡᠭᠡᠨ ᠤ ᠨᠠᠷᠢᠯᠢᠭ ᠤᠨᠤᠪᠴᠢᠲᠠᠢ ᠵᠤᠯᠭᠠᠯᠴᠠᠭ᠎ᠠ ᠶᠢ ᠠᠬᠢᠭᠤᠯᠤᠨ᠎ᠠ᠃ ᠠᠵᠤ ᠥᠢᠯᠡᠰ | ᠭᠠᠶᠢᠯᠢ ᠰᠥᠢᠳᠭᠡᠯ᠂ ᠮᠥᠡᠭᠭᠦᠨ ᠬᠥᠢᠯᠭᠡᠭᠡ ᠵᠡᠷᠭᠡ ᠲᠠᠯ᠎ᠠ ᠶᠢᠨ ᠲᠥᠷᠥ ᠶᠢᠨ ᠪᠤᠲᠤᠯᠭ᠎ᠠ ᠠᠷᠭ᠎ᠠ ᠬᠡᠮᠵᠢᠶᠡᠨ ᠤ | ᠲᠤᠭᠤᠷᠢᠨ ᠳᠤ᠂ ᠠᠵᠤ ᠠᠬᠤᠶᠢᠯᠠᠯ ᠤᠨ ᠬᠥᠭᠵᠢᠯᠲᠡ ᠶᠢᠨ ᠠᠮᠢᠵᠢᠷᠠᠯ ᠤᠨ ᠬᠥᠴᠥᠨ ᠢ ᠬᠥᠭᠵᠢᠭᠡᠵᠥ᠂ ᠪᠥᠬᠦ | ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ |