ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠰᠠᠶᠢᠨ ᠳᠤᠷ᠎ᠠ ᠶᠢᠨ ᠦᠢᠯᠡᠴᠢᠯᠡᠭᠡ ᠡᠬᠢᠯᠡᠪᠡ
ᠨᠡᠶᠢᠲᠡᠯᠡᠭᠰᠡᠨ ᠴᠠᠭ᠄
2025/3/25
     ᠲᠦᠷᠦᠬᠦᠬᠡᠨ 2025 ᠣᠨ ᠤ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠡᠬᠢᠯᠡᠯᠲᠡ ᠶᠢᠨ ᠶᠣᠰᠣᠯᠠᠯ ᠬᠦᠬᠡᠬᠤᠲᠠ ᠳᠤ ᠡᠬᠢᠯᠡᠵᠦ᠂ 24 ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠣᠯᠤᠨ 56 ᠨᠡᠶᠢᠭᠡᠮ ᠤᠨ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ 1000 ᠭᠠᠷᠤᠶ ᠬᠥᠮᠦᠨ ᠣᠷᠣᠯᠴᠠᠵᠠᠶ᠃      ᠮᠠᠨ ᠤ ᠤᠷᠤᠨ ᠤ ᠪᠡᠶ᠎ᠡ ᠶᠢᠨ ᠲᠠᠮᠢᠷ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠢᠵᠢᠮ ᠤᠨ ᠲᠣᠭᠤᠷᠢᠨ ᠳᠤ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠰᠠᠶᠢᠨ ᠳᠤᠷ᠎ᠠ ᠶᠢᠨ ᠦᠢᠯᠡᠴᠢᠯᠡᠭᠡᠨ ᠤ ᠵᠤᠷᠢᠭ ᠰᠠᠨᠠᠭ᠎ᠠ ᠯᠤᠭ᠎ᠠ ᠭᠦᠨᠵᠡᠭᠡᠶ ᠠᠭᠤᠰᠤᠯᠴᠠᠭᠤᠯᠵᠤ᠂ ︽ᠤᠮᠠᠷᠠᠲᠤ ᠬᠢᠯᠢ ᠶᠢᠨ ᠪᠡᠶ᠎ᠡ ᠶᠢᠨ ᠲᠠᠮᠢᠷ ᠤᠨ ᠬᠥᠩᠭᠡᠨ ᠮᠣᠷᠢᠲᠤ ᠴᠡᠷᠢᠭ︾ ᠪᠡᠶ᠎ᠡ ᠶᠢᠨ ᠲᠠᠮᠢᠷ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢ ᠵᠣᠬᠢᠶᠠᠨ ᠪᠠᠶᠢᠭᠤᠯᠵᠤ᠂ ᠪᠡᠶ᠎ᠡ ᠶᠢᠨ ᠲᠠᠮᠢᠷ ᠤᠨ ᠰᠠᠶᠢᠨ ᠳᠤᠷ᠎ᠠ ᠶᠢᠨ ᠦᠢᠯᠡᠴᠢᠯᠡᠭᠡ ᠶᠢ ᠬᠢᠯᠢ ᠬᠢᠵᠠᠭᠠᠷ ᠣᠷᠣᠨ ᠳᠤ ᠬᠦᠷᠭᠡᠵᠦ᠂ ᠮᠠᠯᠵᠢᠬᠤ ᠲᠠᠷᠢᠶᠠᠯᠠᠬᠤ ᠤᠷᠤᠨ ᠬᠥᠳᠡᠭᠡ ᠲᠣᠰᠬᠤᠨ ᠳᠤ ᠬᠦᠷᠭᠡᠵᠦ᠂ ᠨᠠᠰᠤᠲᠠᠶᠢᠴᠤᠳ ᠤᠨ ᠳᠡᠷᠭᠡᠳᠡ ᠬᠦᠷᠭᠡᠵᠦ᠂ ᠬᠢᠯᠢ ᠬᠢᠵᠠᠭᠠᠷ ᠢ ᠬᠥᠭᠵᠢᠭᠦᠯᠦᠨ ᠠᠷᠠᠳ ᠤᠯᠠᠨ ᠤ ᠪᠡᠶ᠎ᠡ ᠮᠠᠬᠠᠪᠣᠳ ᠢ ᠴᠢᠭᠢᠷᠠᠭᠵᠢᠭᠤᠯᠬᠤ ᠳᠤ ᠴᠢᠨᠠᠷ ᠰᠠᠶᠢᠳᠠᠢ ᠪᠡᠶ᠎ᠡ ᠶᠢᠨ ᠲᠠᠮᠢᠷ ᠤᠨ ᠦᠢᠯᠡᠴᠢᠯᠡᠭᠡ ᠬᠠᠩᠭᠠᠬᠤ ᠪᠤᠯᠤᠨ᠎ᠠ  ᠃      ᠲᠤᠰ ᠤᠳᠠᠭᠠᠨ ᠤ ᠠᠵᠢᠯᠯᠠᠭ᠎ᠠ ᠲᠡᠭᠡᠷ᠎ᠡ ︽ᠨᠢᠭᠡ ᠭᠤᠤᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ︾ ᠬᠠᠷᠠᠯᠲᠠ ᠶᠢᠨ ᠲᠣᠭᠤᠷᠢᠨ ᠳᠤ ᠨᠠᠩ ᠣᠯᠠᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠬᠦᠨᠵᠡᠭᠡᠶᠢᠷᠡᠭᠦᠯᠵᠦ ᠪᠡᠶ᠎ᠡ ᠴᠢᠭᠢᠷᠠᠭᠵᠢᠭᠤᠯᠬᠤ ᠵᠢᠭᠠᠨ ᠵᠢᠯᠣᠭᠤᠳᠣᠯᠭ᠎ᠠ ᠬᠢᠵᠡᠢ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号