ᠣᠳᠣᠬᠠᠨ ᠪᠤᠯ ᠶᠠᠭ ᠰᠠᠶᠢᠬᠠᠨ ᠲᠥᠯ ᠲᠤᠰᠴᠤ ᠪᠤᠶᠢᠵᠢᠭᠤᠯᠬᠤ ᠵᠠᠩᠭᠢᠯᠠᠭ᠎ᠠ ᠶᠢᠨ ᠬᠤᠭᠤᠴᠠᠭ᠎ᠠ ᠪᠠᠶᠢᠵᠦ᠂ | ᠮᠦᠨ ᠴᠦ ᠬᠠᠪᠤᠷ ᠤᠨ ᠤᠯᠠᠷᠢᠯ ᠤᠨ ᠮᠠᠯᠵᠢᠬᠤ ᠦᠢᠯᠡᠳᠪᠦᠷᠢᠯᠡᠯ ᠤᠨ ᠴᠢᠬᠤᠯᠠ ᠱᠠᠲᠤ ᠦᠶ᠎ᠡ ᠪᠤᠯᠤᠨ᠎ᠠ᠂ ᠲᠥᠯ | ᠲᠤᠰᠴᠤ ᠪᠤᠶᠢᠵᠢᠭᠤᠯᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠪᠥᠬᠦ ᠠᠶᠢᠮᠠᠭ ᠤᠨ ᠡᠯ᠎ᠡ ᠭᠠᠵᠠᠷ ᠤᠨ ᠬᠢᠨ | ᠡᠷᠲᠡ ᠠᠴᠠ ᠲᠥᠯᠥᠪᠯᠡᠨ ᠪᠠᠶᠢᠷᠢᠯᠠᠭᠤᠯᠵᠦ᠂ ᠣᠯᠠᠨ ᠠᠷᠭ᠎ᠠ ᠶᠢ ᠵᠡᠷᠭᠡ ᠪᠠᠷ ᠬᠡᠷᠡᠭᠯᠡᠨ᠂ ᠮᠠᠯᠴᠢᠳ ᠤᠨ | ᠦᠢᠯᠡᠳᠪᠦᠷᠢᠯᠡᠯ ᠠᠮᠢᠳᠤᠷᠠᠯ᠂ ᠡᠪᠡᠰᠦ ᠪᠣᠷᠳᠣᠭᠠᠨ ᠤ ᠨᠥᠭᠡᠴᠡ ᠵᠢᠴᠢ ᠬᠢᠵᠢᠭ ᠭᠡᠮ ᠢ ᠰᠡᠷᠭᠡᠶᠢᠯᠡᠨ ᠡᠵᠡᠮᠳᠡᠬᠦ ᠵᠡᠷᠭᠡ | ᠪᠠᠶᠢᠳᠠᠯ ᠢ ᠪᠠᠶᠢᠩᠭᠤ ᠶᠢᠨ ᠴᠢᠨᠠᠷᠲᠠᠢ ᠡᠵᠡᠮᠰᠢᠵᠦ᠂ ᠲᠥᠯ ᠲᠤᠰᠴᠦ ᠪᠤᠶᠢᠵᠢᠭᠤᠯᠬᠤ ᠠᠵᠢᠯ ᠤᠨ ᠡᠮᠬᠢ ᠵᠢᠷᠤᠮ ᠲᠠᠢ | ᠶᠠᠪᠤᠭᠳᠠᠬᠤ ᠶᠢ ᠪᠠᠲᠤᠯᠠᠠ᠂ ᠮᠠᠯ ᠰᠦᠷᠦᠭ ᠤᠨ ᠦᠨᠢᠷ ᠦᠰᠦᠯᠲᠡ ᠳᠤ ᠪᠠᠲᠦ ᠰᠠᠶᠢᠨ ᠰᠠᠭᠤᠷᠢ ᠲᠠᠯᠪᠢᠵᠦ ᠪᠠᠶᠢᠨ᠎ᠠ᠃ | ᠵᠢᠯ ᠤᠨ ᠠᠵᠢᠯ ᠬᠠᠪᠤᠷ ᠲᠠᠭᠠᠨ ᠭᠡᠳᠡᠭᠴᠢᠯᠡᠨ ᠰᠢᠯᠢ ᠨᠤᠲᠤᠭ ᠤᠨ ᠬᠦᠳᠡᠯᠮᠦᠷᠢᠴᠢ ᠮᠠᠯᠴᠢᠳ ᠮᠠᠨᠢ ᠬᠠᠪᠤᠷ ᠤᠨ | ᠤᠷᠢᠨ ᠳᠤᠯᠠᠭᠠᠨ ᠢ ᠠᠮᠵᠢᠵᠦ᠂ ᠲᠦᠯ ᠲᠤᠰᠬᠤ ᠠᠵᠢᠯ ᠳᠠᠭᠠᠨ ᠶᠠᠭᠠᠷᠠᠵᠠᠭᠠᠨ᠎ᠠ᠃ ᠰᠢᠯᠢ ᠶᠢᠨ ᠬᠤᠲᠠ ᠶᠢᠨ | ᠪᠤᠯᠠᠭᠠᠨ ᠰᠤᠮᠤᠨ ᠤ ᠰᠢᠷᠠᠲᠠᠯ᠎ᠠ ᠭᠠᠴᠠᠭᠠᠨ ᠤ ᠮᠠᠯᠴᠢᠨ ᠤᠯᠠᠭᠠᠠᠭᠡᠷᠡᠯ ᠤᠨ ᠬᠢᠨ ᠦᠩᠭᠡᠷᠡᠬᠦ ᠡᠪᠦᠯ ᠵᠠᠭᠤᠭᠠᠳ ᠡᠬᠡ | ᠮᠠᠯ ᠡᠪᠦᠯᠵᠢᠬᠦᠯᠵᠦ᠂ 2 ᠰᠠᠷ᠎ᠠ ᠠᠴᠠ ᠨᠠᠭᠠᠰᠢ ᠲᠦᠯ ᠲᠤᠰᠬᠤ ᠠᠵᠢᠯ ᠳᠠᠭᠠᠨ ᠶᠠᠭᠠᠷᠠᠵᠦ᠂ ᠤᠳᠤᠬᠠᠨ ᠪᠤᠯᠲᠠᠯ᠎ᠠ | 100 ᠭᠠᠷᠤᠢ ᠬᠤᠷᠠᠭ᠎ᠠ ᠲᠤᠰᠴᠠᠢ᠃ ᠤᠳᠠᠭᠠᠨ ᠵᠢᠯ ᠤᠨ ᠮᠠᠯᠵᠢᠯ ᠤᠨ ᠲᠤᠷᠰᠢᠯᠭ᠎ᠠ ᠲᠠᠢ ᠲᠡᠷᠡ ᠪᠠᠷ ᠲᠦᠯ ᠲᠤᠰᠬᠤ | ᠪᠡᠯᠡᠳᠬᠡᠯ ᠢᠶᠠᠨ ᠡᠷᠲᠡ ᠠᠴᠠ ᠡᠬᠢᠯᠡᠬᠦᠯᠵᠦ᠂ ᠡᠪᠡᠰᠦ ᠪᠤᠷᠳᠤᠭ᠎ᠠ ᠪᠠᠨ ᠨᠦᠭᠡᠴᠡᠯᠡᠨ᠂ ᠫᠧᠩ ᠬᠤᠷᠤᠭ᠎ᠠ ᠪᠠᠨ | ᠳᠤᠯᠠᠭᠠᠨ ᠲᠤᠬᠢᠯᠢᠭ ᠪᠤᠯᠭᠠᠵᠠᠢ᠃ ︽ᠮᠠᠨ ᠤ ᠬᠢ ᠤᠶᠢᠷ᠎ᠠ ᠶᠢᠨ ᠵᠢᠯ ᠠᠴᠠ ᠬᠠᠪᠤᠷ ᠤᠨ ᠲᠦᠯ ᠲᠤᠰᠴᠦ ᠪᠤᠢ᠂ | ᠡᠷᠲᠡ ᠶᠢᠨ ᠲᠦᠯ ᠲᠤᠰᠬᠤ ᠨᠢ ᠲᠦᠯ ᠤᠨ ᠪᠤᠶᠢᠵᠢᠯᠲᠠ ᠳᠤ ᠠᠰᠢᠬᠲᠠᠢ ᠪᠠᠶᠢᠵᠦ᠂ ᠪᠠᠭ᠎ᠠ ᠰᠠᠭ᠎ᠠ ᠡᠪᠡᠰᠦ ᠲᠡᠵᠢᠭᠡᠯ | ᠨᠦᠬᠦᠪᠦᠷᠢᠯᠡᠪᠡᠯ᠂ ᠵᠤᠨ ᠡᠷᠲᠡ ᠰᠢᠭ ᠵᠠᠷᠤᠴᠠᠭᠤᠯᠵᠦ ᠲᠡᠶᠢᠯᠦᠨ᠎ᠠ᠂ ᠡᠨᠡ ᠨᠢ ᠡᠬᠡ ᠮᠠᠯ ᠤᠨ ᠲᠠᠷᠭᠤ ᠬᠦᠴᠦ ᠶᠢ | ᠪᠠᠲᠤᠯᠠᠵᠦ ᠴᠢᠳᠠᠬᠤ ᠮᠦᠷᠲᠡᠭᠡᠨ ᠪᠡᠯᠴᠢᠭᠡᠷ ᠤᠨ ᠳᠠᠷᠤᠯᠲᠠ ᠶᠢ ᠴᠦ ᠵᠤᠬᠢᠬᠤ ᠬᠡᠮᠵᠢᠶ᠎ᠠ ᠪᠠᠷ ᠬᠦᠩᠭᠡᠷᠡᠭᠦᠯᠳᠡᠭ︾ | ᠭᠡᠵᠦ ᠬᠡᠯᠡᠪᠡ᠃ | ᠮᠠᠯᠴᠢᠨ ᠤ ᠬᠤᠲᠠᠨ ᠳᠤ ᠬᠦᠭᠡᠷᠦᠬᠦᠨ ᠲᠦᠯ ᠤᠨ ᠳᠠᠭᠤᠨ ᠬᠠᠨᠭ᠍ᠭᠢᠨᠠᠵᠦ᠂ ᠮᠠᠯᠴᠢ ᠡᠵᠡᠨ ᠤ ᠴᠢᠷᠠᠢ ᠳᠤ | ᠪᠠᠶᠠᠷ ᠤᠨ ᠮᠦᠰᠢᠶᠡᠳᠦ ᠲᠤᠳᠤᠬᠠᠨ᠃ ᠬᠥᠪᠡᠭᠡᠲᠦ ᠰᠢᠷ᠎ᠠ ᠬᠤᠰᠢᠭᠤᠨ ᠤ ᠪᠣᠭᠳᠠ ᠶᠢᠨ ᠭᠤᠣᠯ ᠰᠤᠮᠤᠨ ᠤ | ᠪᠤᠷᠤᠳᠠᠪᠤᠰᠦ ᠭᠠᠴᠠᠭᠠᠨ ᠤ ᠮᠠᠯᠴᠢᠨ ᠲᠤᠷᠠᠰᠬᠠᠯᠲᠦ ᠶᠢᠨ ᠬᠢᠨ ᠵᠠᠭᠤ ᠲᠠᠪᠢᠭᠠᠳ ᠴᠠᠬᠠᠷ ᠬᠤᠨᠢ ᠮᠠᠯᠵᠢᠵᠦ᠂ | ᠤᠳᠤᠬᠠᠨ ᠪᠤᠯᠲᠠᠯ᠎ᠠ ᠨᠢᠭᠡᠨᠲᠡ ᠵᠢᠷᠠᠭᠠᠳ ᠲᠦᠯ ᠲᠣᠰᠤᠬᠰᠠᠨ ᠪᠠᠶᠢᠨ᠎ᠠ᠃ ᠡᠳᠡᠨ ᠤ ᠬᠢᠨ ︽ᠴᠥᠭᠡᠨ ᠮᠠᠯᠵᠢᠵᠦ | ᠨᠠᠷᠢᠯᠢᠭ ᠮᠠᠯᠵᠢᠬᠤ︾ ᠵᠠᠭᠪᠤᠷ ᠢᠶᠠᠷ ᠨᠤᠲᠤᠭ ᠪᠡᠯᠴᠢᠭᠡᠷ ᠤᠨ ᠢᠶᠠᠨ ᠳᠠᠭᠠᠭᠠᠴᠠ ᠳᠤ ᠵᠤᠬᠢᠴᠠᠭᠤᠯᠤᠨ ᠮᠠᠯᠵᠢᠵᠦ᠂ ᠠᠮᠢ | ᠠᠬᠤᠢ ᠶᠢᠨ ᠳᠠᠷᠤᠭᠠᠰᠤ ᠪᠠᠨ ᠶᠡᠭᠡ ᠪᠠᠷ ᠬᠦᠡᠭᠭᠡᠯᠡᠵᠠᠢ᠃ ︽ᠵᠠᠰᠠᠭ ᠤᠨ ᠣᠷᠳᠣᠨ ᠠᠴᠠ ᠵᠢᠯ ᠪᠦᠷᠢ ᠴᠠᠬᠠᠷ ᠬᠤᠨᠢ | ᠮᠠᠯᠵᠢᠬᠤ ᠳᠤ ᠵᠣᠬᠢᠬᠤ ᠬᠡᠮᠵᠢᠶᠡᠨ ᠤ ᠨᠥᠬᠦᠪᠦᠷᠢ ᠤᠯᠭᠤᠳᠠᠭ᠂ ᠤᠶᠢᠷ᠎ᠠ ᠶᠢᠨ ᠵᠢᠯ ᠤᠳ ᠲᠤ ᠠᠵᠤ ᠠᠬᠤᠢ ᠶᠢᠨ | ᠦᠷ᠎ᠡ ᠠᠰᠢᠭ ᠪᠠᠰᠠ ᠮᠠᠰᠢ ᠰᠠᠶᠢᠨ ᠪᠠᠶᠢᠨ᠎ᠠ᠃ ᠡᠨᠡ ᠵᠢᠯ ᠮᠠᠨ ᠤ ᠬᠢ ᠢᠬᠡᠷ᠎ᠠ ᠲᠦᠯ ᠤᠯᠠᠨ ᠪᠠᠶᠢᠵᠦ᠂ | ᠪᠤᠶᠢᠵᠢᠯᠲᠠ ᠶᠢᠨ ᠨᠣᠷᠮ᠎ᠠ ᠨᠢ ᠴᠦ 100% ᠳᠤ ᠬᠦᠷᠴᠡᠢ︾ ᠭᠡᠵᠦ ᠲᠤᠷᠠᠰᠬᠠᠯᠲᠤ ᠬᠡᠯᠡᠪᠡ᠃ | ᠡᠬᠡ ᠮᠠᠯ ᠤᠨ ᠲᠠᠷᠭᠤ ᠬᠦᠴᠦ ᠶᠢ ᠪᠠᠲᠤᠯᠠᠵᠤ᠂ ᠲᠦᠯ ᠢᠶᠠᠨ ᠮᠡᠨᠳᠦ ᠪᠤᠶᠢᠵᠢᠭᠤᠯᠬᠤ ᠶᠢᠨ ᠲᠥᠯᠥᠭᠡ | ᠡᠳᠡᠨ ᠤ ᠬᠢᠨ ᠦᠡᠭᠭᠡᠷᠡᠬᠦ ᠨᠠᠮᠤᠷ 20 ᠭᠠᠷᠤᠢ ᠲᠣᠨ ᠲᠡᠵᠢᠭᠡᠯ ᠡᠪᠡᠰᠦ ᠨᠦᠭᠡᠴᠡᠯᠡᠬᠦ ᠶᠢᠨ ᠬᠠᠮᠲᠤ ᠫᠧᠩ | ᠬᠤᠷᠤᠭᠠᠨ ᠤ ᠪᠡᠯᠡᠳᠬᠡᠯ ᠢ ᠡᠷᠲᠡ ᠠᠴᠠ ᠰᠠᠶᠢᠳᠤᠷ ᠬᠢᠵᠠᠢ᠃ | ︽ᠮᠠᠢ ᠮᠠᠢ ᠁︾ ᠰᠥᠨᠢᠳ ᠪᠠᠷᠠᠭᠤᠨ ᠬᠤᠰᠢᠭᠤᠨ ᠤ ᠡᠷᠢᠶᠡᠨᠨᠠᠭᠤᠷ ᠰᠤᠮᠤᠨ ᠤ ᠠᠮᠬᠠᠤᠰᠦ | ᠭᠠᠴᠠᠭᠠᠨ ᠤ ᠮᠠᠯᠴᠢᠨ ᠪᠤᠯᠤᠳᠪᠠᠭᠠᠲᠤᠷ ᠤᠨ ᠳᠤᠯᠠᠭᠠᠨ ᠫᠧᠩ ᠳᠤ᠂ ᠲᠦᠯ ᠤᠨ ᠮᠠᠶᠢᠯᠠᠬᠤ ᠲᠠᠭᠤᠨ ᠰᠤᠨᠤᠰᠳᠠᠵᠦ᠂ | ᠮᠠᠯᠵᠢᠬᠤ ᠦᠢᠯᠡᠳᠪᠦᠷᠢᠯᠡᠯ ᠤᠨ ︽ᠰᠠᠶᠢᠨ ᠡᠬᠢᠯᠡᠯᠲᠡ︾ ᠶᠢ ᠪᠡᠯᠭᠡᠰᠢᠶᠡᠵᠦ ᠪᠠᠶᠢᠯ᠎ᠠ᠃ ᠡᠳᠡᠨ ᠤ ᠬᠢᠨ 300 ᠭᠠᠷᠤᠢ | ᠰᠠᠭᠤᠷᠢ ᠡᠬᠡ ᠮᠠᠯ ᠮᠠᠯᠵᠢᠵᠦ᠂ ᠣᠳᠤᠬᠠᠨ ᠪᠤᠯᠲᠠᠯ᠎ᠠ ᠨᠢᠭᠡᠨᠲᠡ 140 ᠭᠠᠷᠤᠢ ᠲᠦᠯ ᠲᠤᠰᠴᠦ᠂ ᠡᠨᠡ ᠵᠢᠯ | ᠵᠢᠱᠢᠯᠲᠡ ᠪᠠᠷ 280 ᠲᠦᠯ ᠲᠤᠰᠬᠤ ᠪᠠᠷ ᠲᠦᠯᠦᠪᠯᠡᠵᠦ ᠪᠤᠢ᠃ | ᠪᠤᠯᠤᠳᠪᠠᠭᠠᠲᠤᠷ ᠤᠨ ᠬᠢ ᠪᠤᠯ ᠰᠥᠨᠢᠳ ᠬᠤᠨᠢᠨ ᠤ ᠭᠤᠣᠯᠳᠠᠯᠭᠠᠲᠦ ᠰᠦᠷᠦᠭ ᠤᠨ ᠡᠷᠦᠬᠡ ᠪᠠᠶᠢᠵᠦ᠂ 20 | ᠭᠠᠷᠤᠢ ᠵᠢᠯ ᠤᠨ ᠬᠤᠭᠤᠴᠠᠭᠠᠨ ᠳᠤ ᠬᠤᠨᠢᠨ ᠤ ᠪᠠᠨ ᠡᠭᠦᠯᠳᠡᠷ ᠢ ᠲᠠᠰᠤᠷᠠᠯᠲᠠ ᠦᠬᠡᠢ ᠰᠢᠯᠢᠳᠡᠭᠵᠢᠭᠦᠯᠵᠦ᠂ | ᠰᠢᠯᠢᠳᠡᠭ ᠡᠭᠦᠯᠳᠡᠷ ᠢ ᠰᠣᠩᠭᠤᠨ ᠪᠤᠶᠢᠵᠢᠭᠤᠯᠬᠤ ᠠᠵᠢᠯ ᠢ ᠴᠢᠬᠤᠯᠠᠴᠢᠯᠠᠨ ᠠᠳᠬᠤᠵᠦ᠂ ᠲᠣᠭᠲᠠᠮᠠᠯ | ᠬᠤᠭᠤᠴᠠᠭ᠎ᠠ ᠲᠠᠢ ᠪᠠᠷ ᠰᠠᠭᠤᠷᠢ ᠡᠬᠡ ᠮᠠᠯ ᠢᠶᠠᠨ ᠰᠢᠭᠰᠢᠭᠳᠡᠭᠦᠯᠬᠦ᠂ ᠬᠤᠴᠠ ᠰᠣᠯᠢᠬᠤ᠂ ᠰᠢᠨᠵᠢᠯᠡᠬᠦ ᠤᠬᠠᠭᠠᠨᠴᠢ ᠪᠠᠷ | ᠲᠡᠵᠢᠭᠡᠯ ᠪᠤᠷᠳᠤᠭ᠎ᠠ ᠨᠦᠬᠦᠪᠦᠷᠢᠯᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠡᠭᠦᠯᠳᠡᠷ ᠨᠢ ᠰᠢᠯᠢᠳᠡᠭ᠂ ᠴᠢᠨᠠᠷ | ᠰᠠᠶᠢᠲᠠᠢ ᠰᠥᠨᠢᠳ ᠬᠤᠨᠢ ᠶᠢ ᠰᠤᠩᠭᠤᠨ ᠪᠤᠶᠢᠵᠢᠭᠤᠯᠵᠠᠢ᠃ ᠪᠤᠯᠤᠳᠪᠠᠭᠠᠲᠤᠷ᠄ ︽ᠥᠩᠭᠡᠷᠡᠭᠰᠡᠨ ᠳᠤ ᠲᠤᠭ᠎ᠠ | ᠲᠤᠯᠤᠭᠠᠢ ᠶᠢ ᠬᠦᠭᠡᠭᠡᠴᠡᠯᠳᠦᠵᠦ ᠪᠠᠶᠢᠭᠰᠠᠨ ᠢᠶᠠᠨ ᠣᠲᠣ ᠶᠠᠰᠤ ᠴᠢᠨᠠᠷ ᠤᠨ ᠲᠠᠯ᠎ᠠ ᠪᠠᠷ ᠨᠡᠩ ᠢᠯᠡᠬᠦᠦ ᠠᠩᠬᠠᠷᠤᠯ | ᠲᠠᠯᠪᠢᠬᠤ ᠪᠤᠯᠵᠠᠢ᠂ ᠢᠡᠭᠭᠢᠭᠰᠡᠨ ᠢᠶᠠᠷ ᠠᠵᠤ ᠠᠬᠤᠢ ᠪᠠ ᠠᠮᠢ ᠠᠬᠤᠢ ᠶᠢᠨ ᠬᠤᠤᠰ ᠦᠷ᠎ᠡ ᠠᠰᠢᠭ ᠭᠥᠷᠳᠡᠵᠦ ᠪᠤᠢ᠂ | ᠦᠡᠭᠭᠡᠷᠡᠬᠦ ᠵᠤᠨ ᠬᠠᠳᠤᠯᠠᠩ ᠪᠡᠯᠴᠢᠭᠡᠷ ᠤᠨ ᠤᠷᠭᠤᠴᠠ ᠮᠠᠰᠢ ᠰᠠᠶᠢᠨ ᠪᠠᠶᠢᠵᠤ᠂ ᠡᠪᠡᠰᠦ ᠪᠣᠷᠳᠣᠭᠠᠨ ᠤ | ᠣᠷᠣᠭᠤᠯᠤᠯᠲᠠ ᠥᠩᠭᠡᠷᠡᠭᠰᠡᠨ ᠵᠢᠯ ᠤᠳ ᠤᠨ ᠬᠢ ᠠᠴᠠ 50% ᠪᠠᠷ ᠪᠠᠭᠤᠷᠠᠬᠰᠠᠨ ᠪᠠᠶᠢᠨ᠎ᠠ︾ ᠭᠡᠵᠦ ᠬᠡᠯᠡᠪᠡ᠃ | ᠨᠢᠳᠤᠨᠤᠨ ᠤ ᠮᠠᠯ ᠤᠨ ᠵᠠᠷᠤᠴᠠᠭᠤᠯᠤᠯᠲᠠ ᠶᠢᠨ ᠤᠯᠠᠷᠢᠯ ᠳᠤ᠂ ᠪᠤᠯᠤᠳᠪᠠᠭᠠᠲᠤᠷ ᠤᠨ ᠬᠢᠨ 200 ᠭᠠᠷᠤᠢ ᠬᠤᠷᠠᠭ᠎ᠠ | ᠬᠤᠳᠠᠯᠳᠤᠵᠤ᠂ ᠣᠷᠣᠯᠭ᠎ᠠ ᠨᠢ 20 ᠲᠦᠮᠡᠨ ᠲᠥᠭᠦᠷᠢᠭ ᠢ ᠳᠠᠪᠠᠭᠰᠠᠨ ᠪᠠᠶᠢᠪᠠ᠃ | ᠮᠠᠨ ᠤ ᠠᠶᠢᠮᠠᠭ ᠲᠡᠵᠢᠭᠡᠯ ᠡᠪᠡᠰᠤᠨ ᠤ ᠲᠤᠭᠳᠠᠪᠤᠷᠢᠳᠠᠢ ᠬᠠᠩᠭᠠᠯᠭ᠎ᠠ ᠶᠢ ᠴᠢᠬᠤᠯᠠᠴᠢᠯᠠᠨ ᠠᠳᠬᠤᠵᠤ᠂ | ᠡᠪᠡᠰᠦ ᠪᠤᠷᠳᠤᠭᠠᠨ ᠤ ᠬᠠᠩᠭᠠᠯᠭ᠎ᠠ ᠬᠡᠷᠡᠭᠴᠡᠭᠡ ᠶᠢᠨ ᠲᠡᠩᠴᠡᠭᠦᠷᠢ ᠪᠠ ᠦᠨ᠎ᠡ ᠬᠠᠩᠰᠢ ᠶᠢᠨ ᠲᠤᠬᠲᠠᠭᠤᠨ ᠢ | ᠪᠠᠲᠤᠯᠠᠬᠤ ᠡᠭᠦᠳᠡᠨ ᠠᠴᠠ ᠦᠩᠭᠡᠷᠡᠬᠦ ᠵᠢᠯ ᠬᠤᠰᠢᠭᠤ᠂ ᠰᠤᠮᠤ ᠪᠠᠯᠭᠠᠰᠦ᠂ ᠭᠠᠴᠠᠭ᠎ᠠ ᠭᠤᠷᠪᠠᠨ ᠱᠠᠲᠤᠨ ᠤ ᠡᠪᠡᠰᠦ | ᠪᠤᠷᠳᠤᠭ᠎ᠠ ᠨᠦᠭᠡᠴᠡᠯᠡᠬᠦ ᠰᠢᠰᠲ᠋ᠧᠮ ᠢ ᠪᠠᠶᠢᠭᠤᠯᠵᠦ᠂ ᠭᠤᠷᠪᠠᠨ ᠱᠠᠲᠤᠨ ᠤ ᠲᠡᠵᠢᠭᠡᠯ ᠡᠪᠡᠰᠦ ᠨᠦᠭᠡᠴᠡᠯᠡᠬᠦ ᠬᠦᠮᠦᠷᠭᠡ | 153 ᠶᠢ ᠪᠠᠶᠢᠭᠤᠯᠵᠦ᠂ ᠵᠢᠯ ᠤᠨ ᠡᠪᠡᠰᠦ ᠨᠦᠭᠡᠴᠡᠯᠡᠬᠦ ᠴᠢᠳᠠᠪᠤᠷᠢ ᠶᠢ 50 ᠲᠦᠮᠡᠨ ᠲᠤᠨ ᠳᠤ ᠬᠦᠷᠭᠡᠭᠰᠡᠨ | ᠪᠠᠶᠢᠨ᠎ᠠ᠃ ᠡᠭᠦᠨ ᠤ ᠬᠠᠮᠲᠦ ᠪᠦᠬᠦ ᠠᠶᠢᠮᠠᠭ ᠢᠶᠠᠷ ᠢᠶᠠᠨ ᠨᠡᠶᠢᠲᠡ 286 ᠲᠦᠮᠡᠨ ᠲᠤᠨ ᠲᠡᠵᠢᠭᠡᠯ ᠡᠪᠡᠰᠦ | ᠨᠦᠭᠡᠴᠡᠯᠡᠵᠦ᠂ ᠤᠳᠤᠬᠠᠨ ᠳᠤ ᠡᠪᠡᠰᠦ ᠪᠤᠷᠳᠤᠭᠠᠨ ᠤ ᠬᠠᠨᠭ᠍ᠭᠠᠯᠭ᠎ᠠ ᠬᠦᠢᠴᠡᠳ ᠪᠠᠶᠢᠨ᠎ᠠ᠃ ᠤᠶᠢᠯᠠᠭᠠᠬᠰᠠᠨ ᠢᠶᠠᠷ᠂ | ᠤᠳᠤᠬᠠᠨ ᠪᠤᠯᠲᠠᠯ᠎ᠠ᠂ ᠪᠦᠬᠦ ᠠᠶᠢᠮᠠᠭ ᠢᠶᠠᠷ ᠢᠶᠠᠨ ᠨᠡᠶᠢᠲᠡ 128.88 ᠲᠦᠮᠡᠨ ᠪᠤᠳᠠ ᠪᠤᠭ ᠮᠠᠯ ᠤᠨ ᠲᠦᠯ | ᠲᠤᠰᠴᠦ᠂ ᠡᠭᠦᠨ ᠳᠤ᠂ ᠪᠤᠳᠠ ᠮᠠᠯ ᠤᠨ ᠲᠦᠯ 24.74 ᠲᠦᠮᠡ᠂ ᠪᠤᠭ ᠮᠠᠯ ᠤᠨ ᠲᠦᠯ 104.13 ᠲᠦᠮᠡ | ᠪᠠᠶᠢᠵᠦ᠂ ᠪᠤᠶᠢᠵᠢᠯᠳᠡ ᠶᠢᠨ ᠨᠤᠷᠮ᠎ᠠ ᠨᠢ 99.42% ᠲᠤ ᠬᠦᠷᠦᠭᠰᠡᠨ ᠪᠠᠶᠢᠨ᠎ᠠ᠃ |