ᠳᠣᠲᠣᠭᠠᠳᠤ ᠶᠢ ᠬᠠᠮᠠᠭᠠᠯᠠᠬᠤ ᠶᠠᠮᠤᠨ ᠬᠠᠭᠤᠷᠮᠠᠭ ᠴᠢᠨᠠᠷ ᠮᠠᠭᠤ ᠲᠠᠷᠢᠶᠠᠯᠠᠩ ᠤᠨ ᠬᠡᠷᠡᠭᠰᠡᠯ ᠦᠢᠯᠡᠳᠪᠦᠷᠢᠯᠡᠵᠤ ᠪᠣᠷᠣᠯᠠᠭᠤᠯᠤᠭᠰᠠᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ ᠲᠤᠬᠠᠶ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2025/3/25
     ᠳᠣᠲᠣᠭᠠᠳᠤ ᠶᠢ ᠬᠠᠮᠠᠭᠠᠯᠠᠬᠤ ᠶᠠᠮᠤᠨ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ ᠪᠠ ᠪᠥᠬᠦ ᠵᠢᠯ ᠤᠨ ᠠᠮᠤ ᠪᠤᠳᠠᠭᠠᠨ ᠤ ᠦᠢᠯᠡᠳᠪᠦᠷᠢᠯᠡᠯ ᠢ ᠪᠥᠬᠦ ᠬᠦᠴᠦᠨ ᠢᠶᠠᠷ ᠢᠶᠠᠨ ᠪᠠᠲᠤᠯᠠᠬᠤ ᠶᠢᠨ ᠲᠥᠯᠥᠭᠡ᠂ 2025 ᠣᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ ᠤᠨ ᠬᠤᠭᠤᠴᠠᠭᠠᠨ ᠳᠠᠬᠢ ᠬᠠᠭᠤᠷᠮᠠᠭ ᠴᠢᠨᠠᠷ ᠮᠠᠭᠤ ᠲᠠᠷᠢᠶᠠᠯᠠᠩ ᠤᠨ ᠬᠡᠷᠡᠭᠰᠡᠯ ᠦᠢᠯᠡᠳᠪᠦᠷᠢᠯᠡᠨ ᠪᠤᠷᠤᠯᠠᠭᠤᠯᠬᠤ ᠠᠵᠢᠯᠯᠠᠭ᠎ᠠ ᠳᠤ ᠴᠣᠬᠢᠯᠲᠠ ᠥᠭᠬᠦ ᠠᠵᠢᠯ ᠤᠨ ᠨᠢᠭᠡᠳᠦᠯᠲᠡᠶ ᠲᠣᠬᠢᠷᠠᠭᠤᠯᠤᠯᠲᠠ ᠶᠣᠰᠣᠭᠠᠷ᠂ ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠣᠷᠴᠢᠨ ᠲᠣᠭᠤᠷᠢᠨ ᠤ ᠢᠳᠡᠭᠡᠨ ᠪᠠ ᠡᠮ ᠤᠨ ᠵᠦᠢᠯ ᠢ ᠲᠤᠷᠰᠢᠨ ᠪᠠᠶᠢᠴᠠᠭᠠᠬᠤ ᠰᠠᠯᠠᠭ᠎ᠠ ᠮᠥᠴᠢᠷ ᠲᠤ ᠬᠠᠭᠤᠷᠮᠠᠭ ᠴᠢᠨᠠᠷ ᠮᠠᠭᠤ ᠲᠠᠷᠢᠶᠠᠯᠠᠩ ᠤᠨ ᠬᠡᠷᠡᠭᠰᠡᠯ ᠦᠢᠯᠡᠳᠪᠦᠷᠢᠯᠡᠵᠤ ᠪᠣᠷᠣᠯᠠᠭᠤᠯᠬᠤ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠲᠠᠷᠢᠶᠠᠯᠠᠩ ᠤᠨ ᠦᠢᠯᠡᠳᠪᠦᠷᠢᠯᠡᠯ ᠤᠨ ᠡᠮᠬᠢ ᠲᠢᠭᠯᠢᠮ ᠪᠠ ᠥᠷᠭᠡᠨ ᠣᠯᠠᠨ ᠲᠠᠷᠢᠶᠠᠴᠢᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠡᠷᠡᠰ ᠬᠠᠮᠠᠭᠠᠯᠠᠬᠤ ᠲᠤᠬᠠᠶ ᠪᠠᠶᠢᠷᠢᠯᠠᠭᠤᠯᠪᠠ᠃      ᠳᠣᠲᠣᠭᠠᠳᠤ ᠶᠢ ᠬᠠᠮᠠᠭᠠᠯᠠᠬᠤ ᠶᠠᠮᠤᠨ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ ᠳᠤ ᠬᠡᠷᠡᠭᠯᠡᠬᠦ ᠪᠣᠷᠲᠣᠭᠤᠷ ᠬᠡᠷᠡᠭᠯᠡᠬᠦ ᠡᠮ ᠤᠨ ᠬᠡᠷᠡᠭᠴᠡᠭᠡ ᠶᠢᠨ ᠣᠷᠭᠢᠯ ᠤᠨ ᠦᠶ᠎ᠡ ᠪᠠ ᠲᠠᠷᠢᠶᠠᠯᠠᠩ ᠤᠨ ᠬᠡᠷᠡᠭᠰᠡᠯ ᠤᠨ ᠦᠢᠯᠡᠳᠪᠦᠷᠢᠯᠡᠯ᠂ ᠨᠥᠭᠡᠴᠡᠯᠡᠯᠲᠡ ᠶᠢᠨ ᠬᠡᠮᠵᠢᠶ᠎ᠡ ᠶᠡᠭᠡ ᠪᠠᠶᠢᠬᠤ ᠵᠠᠩᠭᠢᠯᠠᠭ᠎ᠠ ᠶᠢᠨ ᠴᠠᠭ ᠢ ᠠᠳᠬᠤᠵᠤ᠂ ᠬᠠᠭᠤᠷᠮᠠᠭ ᠴᠢᠨᠠᠷ ᠮᠠᠭᠤ ᠲᠠᠷᠢᠶᠠᠯᠠᠩ ᠤᠨ ᠬᠡᠷᠡᠭᠰᠡᠯ ᠦᠢᠯᠡᠳᠪᠦᠷᠢᠯᠡᠨ ᠪᠣᠷᠣᠯᠠᠭᠤᠯᠬᠤ ︽ᠬᠠᠦᠯᠢ ᠪᠤᠰᠤ ᠡᠭᠦᠷ ᠴᠡᠭ︾᠂ ︽ᠬᠠᠦᠯᠢ ᠪᠤᠰᠤ ᠦᠢᠯᠡᠳᠭᠡᠯ ᠤᠨ ᠭᠠᠵᠠᠷ︾᠂ ᠬᠢᠷᠢ ᠬᠡᠮ ᠲᠠᠢ ᠠᠵᠤ ᠠᠬᠤᠶᠢᠯᠠᠯ ᠤᠨ ᠬᠠᠭᠤᠷᠮᠠᠭ ᠴᠢᠨᠠᠷ ᠮᠠᠭᠤ ᠲᠠᠷᠢᠶᠠᠯᠠᠩ ᠤᠨ ᠬᠡᠷᠡᠭᠰᠡᠯ ᠦᠢᠯᠡᠳᠪᠦᠷᠢᠯᠡᠬᠦ᠂ ᠰᠦᠯᠵᠢᠶ᠎ᠡ ᠪᠠᠷ ᠬᠠᠭᠤᠷᠮᠠᠭ ᠴᠢᠨᠠᠷ ᠮᠠᠭᠤ ᠲᠠᠷᠢᠶᠠᠯᠠᠩ ᠤᠨ ᠬᠡᠷᠡᠭᠰᠡᠯ ᠪᠣᠷᠣᠯᠠᠭᠤᠯᠬᠤ᠂ ᠨᠡᠬᠦᠳᠡᠯ ᠬᠤᠳᠠᠯᠳᠤᠭ᠎ᠠ ᠪᠠᠷ ᠬᠠᠭᠤᠷᠮᠠᠭ ᠮᠠᠭᠤ ᠲᠠᠷᠢᠶᠠᠯᠠᠩ ᠤᠨ ᠬᠡᠷᠡᠭᠰᠡᠯ ᠪᠣᠷᠣᠯᠠᠭᠤᠯᠬᠤ᠂ ᠲᠠᠷᠢᠶᠠᠯᠠᠩ ᠤᠨ ᠬᠡᠷᠡᠭᠰᠡᠯ ᠤᠨ ︽ᠮᠡᠬᠡᠯᠡᠯ ᠤᠨ ᠪᠦᠯᠬᠦᠮ︾ ᠪᠠ ︽ᠵᠠᠬᠢᠶᠠᠯᠠᠭ᠎ᠠ ᠶᠢᠨ ᠲᠠᠷᠢᠶᠠᠯᠠᠩ︾ ᠭᠡᠬᠦ ᠨᠡᠷ᠎ᠡ ᠪᠠᠷ ᠬᠠᠭᠤᠷᠮᠠᠭ ᠴᠢᠨᠠᠷ ᠮᠠᠭᠤ ᠲᠠᠷᠢᠶᠠᠯᠠᠩ ᠤᠨ ᠬᠡᠷᠡᠭᠰᠡᠯ ᠦᠢᠯᠡᠳᠪᠦᠷᠢᠯᠡᠨ ᠪᠣᠷᠣᠯᠠᠭᠤᠯᠬᠤ ᠵᠡᠷᠭᠡ ᠶᠠᠯᠠᠲᠤ ᠠᠵᠢᠯᠯᠠᠭ᠎ᠠ ᠳᠤ ᠣᠨᠣᠪᠴᠢᠲᠠᠶ ᠴᠣᠬᠢᠯᠲᠠ ᠥᠭᠴᠦ᠂ ᠭᠦᠨᠵᠡᠭᠡᠶ ᠴᠣᠬᠢᠯᠲᠠ ᠥᠭᠴᠦ᠂ ᠬᠡᠪᠴᠢᠶᠡᠲᠦ ᠴᠣᠬᠢᠯᠲᠠ ᠥᠭᠴᠦ᠂ ᠬᠤᠯᠪᠣᠭᠠᠯᠠᠨ ᠴᠣᠬᠢᠯᠲᠠ ᠥᠭᠴᠦ᠂ ᠥᠨᠳᠥᠷ ᠳᠠᠷᠤᠯᠲᠠᠲᠤ ᠰᠦᠷᠳᠡᠭᠦᠯᠬᠦ ᠪᠠᠶᠢᠳᠠᠯ ᠢ ᠲᠦᠷᠭᠡᠨ ᠪᠣᠶ ᠪᠣᠯᠭᠠᠬᠤ ᠬᠡᠷᠡᠭᠲᠡᠶ᠃ ︽ᠠᠷᠠᠳ ᠲᠤ ᠠᠰᠢᠭ ᠬᠦᠷᠲᠡᠭᠡᠬᠦ ᠠᠵᠤ ᠠᠬᠤᠶᠢᠯᠠᠯ︾ ᠤᠨ ᠪᠠᠶᠢᠴᠠᠭᠠᠨ ᠰᠤᠳᠤᠯᠤᠯᠲᠠ ᠪᠠ ᠰᠤᠷᠪᠤᠯᠵᠢᠯᠠᠭ᠎ᠠ ᠶᠢ ᠦᠷᠭᠦᠯᠵᠢᠯᠡᠨ ᠥᠷᠨᠢᠭᠦᠯᠵᠦ᠂ ᠦᠷ᠎ᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ ᠪᠠ ᠦᠢᠯᠡᠳᠪᠦᠷᠢᠯᠡᠯ ᠤᠨ ᠠᠵᠤ ᠠᠬᠤᠶᠢᠯᠠᠯ ᠯᠤᠭ᠎ᠠ ᠶᠢᠨ ᠬᠠᠷᠢᠯᠴᠠᠬᠤ ᠦᠢᠯᠡᠴᠢᠯᠡᠭᠡᠨ ᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠦᠷ᠎ᠡ ᠶᠢᠨ ᠦᠢᠯᠡᠰ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ ᠳᠤ ᠬᠦᠴᠦᠨ ᠨᠡᠮᠡᠷᠢᠯᠡᠬᠦ ᠬᠡᠷᠡᠭᠳᠡᠢ ᠭᠡᠵᠦ ᠱᠠᠭᠠᠷᠳᠠᠪᠠ᠃ ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ︽ᠺᠦᠨᠯᠦ᠋ᠨ︾ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠠᠭᠤᠷᠮᠠᠭ ᠲᠠᠷᠢᠶᠠᠨ ᠦᠷ᠎ᠡ᠂ ᠬᠢᠮᠢ ᠶᠢᠨ ᠪᠣᠷᠲᠣᠭᠤᠷ᠂ ᠲᠠᠷᠢᠶᠠᠨ ᠡᠮ ᠵᠡᠷᠭᠡ ᠬᠠᠭᠤᠷᠮᠠᠭ ᠴᠢᠨᠠᠷ ᠮᠠᠭᠤ ᠲᠠᠷᠢᠶᠠᠯᠠᠩ ᠤᠨ ᠬᠡᠷᠡᠭᠰᠡᠯ ᠢ ᠦᠢᠯᠡᠳᠪᠦᠷᠢᠯᠡᠵᠤ ᠪᠣᠷᠣᠯᠠᠭᠤᠯᠤᠭᠰᠠᠨ ᠶᠠᠯᠠᠲᠤ ᠠᠵᠢᠯᠯᠠᠭ᠎ᠠ ᠳᠤ ᠦᠷᠭᠦᠯᠵᠢᠯᠡᠨ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠪᠥᠬᠦ ᠵᠢᠯ ᠳᠤ ᠬᠤᠯᠪᠣᠭᠳᠠᠯ ᠪᠥᠬᠦᠶ ᠡᠷᠡᠭᠦᠦ ᠶᠢᠨ ᠬᠡᠷᠡᠭ ᠢ ᠨᠡᠶᠢᠲᠡ 500 ᠭᠠᠷᠤᠶ ᠬᠡᠷᠡᠭ ᠪᠣᠯᠭᠠᠨ ᠳᠡᠩᠰᠡᠯᠡᠵᠦ ᠳᠡᠩᠨᠡᠨ ᠰᠢᠢᠳᠪᠦᠷᠢᠯᠡᠵᠦ᠂ ᠨᠢᠭᠡ ᠪᠦᠯᠦᠭ ᠴᠢᠬᠤᠯᠠ ᠶᠡᠭᠡ ᠬᠡᠷᠡᠭ ᠢ ᠠᠮᠵᠢᠯᠲᠠ ᠲᠠᠢ ᠳᠡᠩᠨᠡᠨ ᠢᠯᠡᠷᠡᠭᠦᠯᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠠᠮᠤᠷ ᠲᠦᠪᠰᠢᠨ ᠢ ᠦᠨᠡᠨ ᠬᠦ ᠪᠠᠲᠤᠯᠠᠪᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号