ᠤᠶᠢᠷ᠎ᠠ ᠶᠢᠨ ᠵᠢᠯ ᠳᠤ᠂ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠠᠵᠢᠯ ᠤᠨ ᠡᠷᠴᠢᠮᠳᠠᠢ | ᠶᠠᠪᠤᠭᠳᠠᠬᠤ ᠶᠢ ᠳᠠᠭᠠᠯᠳᠤᠨ ᠮᠠᠯᠴᠢᠳ ᠮᠠᠨᠢ ᠮᠠᠯ ᠪᠡᠯᠴᠢᠬᠡᠷ ᠤᠨ ᠲᠡᠩᠴᠡᠬᠦᠷᠢ ᠶᠢ ᠪᠠᠲᠤᠯᠠᠬᠤ ᠶᠢᠨ ᠬᠠᠮᠲᠤ | ᠤᠷᠤᠯᠭ᠎ᠠ ᠪᠠᠨ ᠨᠡᠮᠡᠭᠳᠡᠬᠦᠯᠬᠦ ᠠᠷᠭ᠎ᠠ ᠵᠠᠮ ᠬᠠᠶᠢᠨ ᠰᠦᠪᠡᠭᠴᠢᠯᠡᠬᠦ ᠪᠤᠯᠤᠭᠰᠠᠨ ᠪᠠᠶᠢᠨ᠎ᠠ᠃ ᠶᠤᠨᠳᠤᠨ ᠪᠤᠯ ᠮᠠᠯᠵᠢᠬᠤ | ᠦᠢᠯᠡᠳᠪᠦᠷᠢᠯᠡᠯ ᠳᠡᠭᠡᠨ ᠵᠤᠷᠢᠭᠲᠠᠢ ᠦᠬᠡᠷᠡᠴᠢᠯᠡᠯᠳᠡ ᠬᠢᠵᠦ ᠢᠷᠡᠭᠰᠡᠨ ᠮᠠᠯᠴᠢᠨ ᠵᠠᠯᠠᠭᠤ ᠪᠤᠯᠤᠨ᠎ᠠ᠃ | ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠰᠢᠭᠤ ᠰᠤᠮᠤᠨ ᠤ ᠪᠦᠷᠢᠳᠤᠨ ᠭᠠᠴᠠᠭᠠᠨ ᠤ ᠮᠠᠯᠴᠢᠨ | ᠶᠤᠨᠳᠤᠨ ᠤ ᠬᠢᠨ 5500 ᠮᠤ ᠨᠤᠲᠤᠭ ᠪᠡᠯᠴᠢᠬᠡᠷ ᠲᠡᠭᠡᠷ᠎ᠡ ᠪᠠᠨ ᠤᠨᠲᠤᠷᠬᠤ ᠡᠭᠡ ᠮᠠᠯ 110᠂ ᠲᠦᠴᠢᠭᠡᠳ ᠦᠭᠡᠷ | ᠮᠠᠯᠵᠢᠵᠦ ᠪᠠᠶᠢᠭ᠎ᠠ ᠲᠦᠪᠬᠢᠨᠡᠬᠦᠨ ᠠᠮᠢᠳᠤᠷᠠᠯ ᠲᠠᠢ ᠠᠶᠢᠯ ᠪᠤᠯᠤᠨ᠎ᠠ᠃ ᠡᠳᠡᠨᠡᠶᠢᠬᠢᠨ ᠦᠩᠭᠡᠷᠡᠭᠰᠡᠨ ᠵᠢᠯ | ᠬᠠᠳᠤᠯᠠᠩ ᠠᠴᠠ ᠪᠠᠨ 70 ᠲᠤᠨ ᠡᠪᠡᠰᠦ ᠬᠤᠷᠢᠶᠠᠵᠦ᠂ 6 ᠲᠤᠨ ᠲᠡᠵᠢᠬᠡᠯ ᠪᠤᠷᠳᠤᠭ᠎ᠠ ᠬᠤᠳᠠᠯᠳᠤᠨ ᠠᠪᠴᠦ | ᠡᠪᠡᠰᠦ ᠪᠤᠷᠳᠤᠭ᠎ᠠ ᠬᠦᠢᠴᠡᠳ ᠰᠠᠶᠢᠨ ᠬᠤᠷᠢᠶᠠᠨ ᠨᠦᠭᠡᠴᠡᠯᠡᠭᠰᠡᠨ ᠪᠦᠬᠡᠳ 2 ᠰᠠᠷ᠎ᠠ ᠶᠢᠨ ᠡᠬᠢᠨ ᠠᠴᠠ ᠲᠦᠯ s | ᠲᠤᠰᠴᠦ ᠡᠬᠢᠯᠡᠵᠠᠢ᠃ | ᠶᠤᠨᠳᠤᠨ ᠲᠦᠷᠦᠭᠦᠦ ᠬᠡᠳᠦᠨ ᠵᠢᠯ ᠬᠤᠨᠢ ᠪᠠᠨ ᠨᠡᠯᠢᠶᠡᠳ ᠴᠦᠭᠡᠳᠭᠡᠵᠦ ᠮᠠᠯ ᠪᠡᠯᠴᠢᠬᠡᠷ ᠤᠨ ᠲᠡᠩᠴᠡᠬᠦᠷᠢ ᠶᠢ | ᠪᠡᠶᠡᠯᠡᠬᠦᠯᠦᠭᠰᠡᠨ ᠴᠤ ᠠᠵᠦ ᠠᠬᠤᠢ ᠶᠢᠨ ᠤᠷᠤᠯᠭ᠎ᠠ ᠨᠢ ᠲᠠᠭᠠᠯᠳᠤᠨ ᠪᠠᠭᠠᠰᠤᠭᠰᠠᠨ ᠪᠠᠶᠢᠯ᠎ᠠ᠃ ᠡᠨᠡᠬᠦ ᠪᠠᠶᠢᠳᠠᠯ ᠳᠤ | ᠲᠡᠷᠡ ᠨᠢᠬᠡ ᠲᠠᠯ᠎ᠠ ᠪᠠᠷ ᠭᠠᠴᠠᠭᠠᠨ ᠤ ᠪᠠᠨ ᠮᠠᠯᠴᠢᠳ ᠤᠨ ᠪᠠᠶᠢᠭᠤᠯᠤᠭᠰᠠᠨ ᠮᠠᠯᠵᠢᠯ ᠤᠨ ᠬᠤᠷᠰᠢᠶᠠᠵᠢᠯ ᠳᠤ | ᠭᠡᠰᠢᠬᠦᠨ ᠢᠶᠠᠷ ᠤᠷᠤᠵᠦ ᠬᠤᠶᠠᠷ ᠢᠵᠢ ᠮᠠᠰᠢᠨ ᠲᠷᠠᠺᠲ᠋ᠤᠷ ᠬᠤᠳᠠᠯᠳᠤᠨ ᠠᠪᠴᠦ᠂ ᠡᠪᠡᠰᠦ ᠬᠠᠳᠤᠯᠠᠩ ᠤᠨ | ᠠᠵᠢᠯ ᠳᠤ ᠤᠷᠤᠯᠴᠠᠵᠦ ᠡᠬᠢᠯᠡᠪᠡ᠃ | ᠶᠤᠨᠳᠤᠨ ᠪᠠᠰᠠ ᠨᠠᠷᠢᠨ ᠳᠠᠩᠰᠠ ᠪᠤᠲᠤᠵᠦ ᠡᠪᠦᠯ ᠬᠠᠪᠤᠷ ᠤᠨ ᠭᠡᠷᠡᠭᠰᠡᠬᠦ ᠡᠪᠡᠰᠦ ᠪᠠᠨ ᠬᠦᠢᠴᠡᠳ ᠰᠠᠶᠢᠨ | ᠪᠡᠯᠡᠳᠭᠡᠭᠰᠡᠨ ᠰᠠᠭᠤᠷᠢᠨ ᠲᠡᠭᠡᠷ᠎ᠡ ᠦᠯᠡᠳᠡᠭᠰᠡᠨ ᠡᠪᠡᠰᠦ ᠪᠠᠨ ᠬᠤᠳᠠᠯᠳᠤᠨ ᠪᠤᠷᠤᠯᠠᠭᠤᠯᠳᠠᠭ ᠪᠠᠶᠢᠯ᠎ᠠ᠃ ᠲᠡᠬᠦᠨ ᠤ | ᠡᠪᠡᠰᠦ ᠬᠠᠳᠤᠵᠦ ᠪᠤᠭᠤᠵᠢᠯᠠᠬᠤ ᠠᠵᠢᠯ ᠬᠢᠭᠰᠡᠨ ᠪᠡ ᠬᠠᠳᠤᠯᠠᠩ ᠠᠴᠠ ᠪᠠᠨ ᠡᠪᠡᠰᠦ ᠬᠤᠳᠠᠯᠳᠤᠭᠰᠠᠨ ᠤᠷᠤᠯᠭ᠎ᠠ | ᠨᠡᠶᠢᠳᠡ 5 ᠲᠦᠮᠡ ᠭᠠᠷᠤᠢ ᠲᠦᠭᠦᠷᠢᠭ ᠬᠦᠷᠴᠦ᠂ ᠮᠠᠯᠵᠢᠯ ᠤᠨ ᠤᠷᠤᠯᠭ᠎ᠠ ᠲᠠᠢ ᠪᠠᠨ ᠨᠡᠶᠢᠳᠡ 10 ᠲᠦᠮᠡᠨ | ᠲᠦᠭᠦᠷᠢᠭ ᠤᠨ ᠴᠡᠪᠡᠷ ᠤᠷᠤᠯᠭ᠎ᠠ ᠤᠯᠤᠭᠰᠠᠨ ᠪᠠᠶᠢᠨ᠎ᠠ᠃ ᠡᠶᠢᠨᠬᠦ ᠲᠡᠷᠡ ᠪᠠᠷ ᠤᠬᠠᠭᠠᠨ ᠬᠦᠳᠡᠯᠮᠦᠷᠢ ᠳᠡᠭᠡᠨ | ᠲᠦᠰᠢᠭᠯᠡᠨ ᠨᠤᠲᠤᠭ ᠪᠡᠯᠴᠢᠬᠡᠷ ᠲᠡᠭᠡᠨ ᠵᠤᠬᠢᠴᠠᠭᠤᠯᠤᠨ᠂ ᠮᠠᠯ ᠮᠠᠯᠵᠢᠬᠤ ᠶᠢᠨ ᠲᠠᠭᠠᠤ ᠤᠯᠠᠨ ᠲᠠᠯ᠎ᠠ ᠶᠢᠨ | ᠡᠵᠡᠩᠨᠡᠯᠳᠡ ᠬᠢᠵᠤ᠂ ᠠᠵᠦ ᠠᠬᠤᠢ ᠶᠢᠨ ᠠᠰᠢᠭ ᠤᠷᠤᠯᠭ᠎ᠠ ᠪᠠᠨ ᠨᠡᠮᠡᠭᠳᠡᠬᠦᠯᠦᠨ ᠠᠵᠦ ᠠᠮᠢᠳᠤᠷᠠᠯ ᠢᠶᠠᠨ ᠦᠭᠡᠳᠡ ᠨᠢ | ᠲᠠᠲᠠᠵᠦ ᠶᠠᠪᠤᠨ᠎ᠠ᠃ | |