ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 23 ᠤ ᠴᠠᠬᠢᠯᠭᠠᠨ ᠮᠡᠳᠡᠭᠡ ︵ᠰᠣᠷᠪᠤᠯᠵᠢᠯᠠᠭᠴᠢ ᠬᠠᠨ ᠵᠢᠢ | ᠳ᠋ᠦᠩ ᠰᠢᠤᠸᠠᠢ︶ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ 3 ᠰᠠᠷ᠎ᠠ ᠶᠢᠨ 23 ᠤ | ᠦᠳᠡ ᠶᠢᠨ ᠡᠮᠦᠨ᠎ᠡ ᠪᠡᠭᠡᠵᠢᠩ ᠳᠤ ᠳᠤᠮᠳᠠᠳᠤ ᠤᠯᠤᠰ ᠤᠨ ᠬᠥᠭᠵᠢᠯᠲᠡ ᠶᠢᠨ ᠳᠡᠭᠡᠳᠦ ᠳᠠᠪᠬᠤᠷᠭ᠎ᠠ ᠶᠢᠨ ᠶᠠᠷᠢᠶᠠᠨ ᠤ | ᠲᠠᠪᠴᠠᠩ ᠤᠨ 2025 ᠣᠨ ᠤ ᠣᠨ ᠤ ᠬᠤᠷᠠᠯ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠬᠰᠡᠨ ᠪᠥᠭᠡᠳ ᠭᠤᠣᠯ | ᠵᠣᠷᠢᠯᠲᠠᠲᠤ ᠶᠠᠷᠢᠶ᠎ᠠ ᠲᠠᠯᠪᠢᠪᠠ᠃ | ᠯᠢ ᠴᠢᠶᠠᠩ᠂ ᠲᠡᠷᠢᠭᠦᠯᠡᠭᠴᠢ ᠰᠢ ᠶᠢᠨ ᠫᠢᠩ ᠤᠨ ᠵᠢᠭᠠᠵᠤ ᠭᠠᠷᠭᠠᠭᠰᠠᠨᠴᠢᠯᠠᠨ᠂ ᠬᠥᠭᠵᠢᠯᠲᠡ ᠪᠣᠯ ᠬᠥᠮᠥᠨ | ᠲᠥᠷᠥᠯᠬᠢᠲᠡᠨ ᠤ ᠨᠡᠶᠢᠭᠡᠮ ᠤᠨ ᠥᠨᠢᠳᠡ ᠶᠢᠨ ᠭᠤᠣᠯ ᠰᠡᠳᠦᠪ ᠮᠥᠨ᠃ ᠤᠯᠠᠨ ᠢᠶᠠᠷ ᠢᠶᠠᠨ ᠳᠤᠮᠳᠠᠳᠤ ᠤᠯᠤᠰ ᠤᠨ ᠠᠵᠤ | ᠠᠬᠤᠢ ᠶᠢᠨ ᠬᠥᠭᠵᠢᠯᠲᠡ ᠶᠢᠨ ᠪᠠᠶᠢᠳᠠᠯ ᠢ ᠮᠠᠰᠢ ᠠᠩᠬᠠᠷᠴᠤ ᠪᠠᠶᠢᠨ᠎ᠠ᠂ ᠪᠦᠭᠦ ᠪᠥᠮᠪᠥᠷᠴᠡᠭ ᠤᠨ ᠬᠥᠭᠵᠢᠯᠲᠡ ᠶᠢᠨ | ᠬᠠᠨᠳᠤᠰᠢ ᠶᠢ ᠴᠤ ᠮᠠᠰᠢ ᠠᠩᠬᠠᠷᠴᠤ ᠪᠠᠶᠢᠨ᠎ᠠ᠃ ᠬᠡᠰᠡᠭ ᠬᠤᠭᠤᠴᠠᠭᠠᠨ ᠤ ᠲᠤᠷᠰᠢ᠂ ᠳᠤᠮᠳᠠᠳᠤ ᠤᠯᠤᠰ ᠤᠨ ᠠᠵᠤ ᠠᠬᠤᠢ | ᠪᠣᠯᠣᠨ ᠳᠡᠯᠡᠬᠡᠢ ᠶᠢᠨ ᠪᠠᠶᠢᠳᠠᠯ ᠤᠨ ᠲᠤᠬᠠᠢ᠂ ᠠᠳᠠᠯᠢ ᠪᠤᠰᠤ ᠳᠠᠪᠬᠤᠷᠭ᠎ᠠ᠂ ᠠᠳᠠᠯᠢ ᠪᠤᠰᠤ ᠬᠠᠷᠠᠭᠠᠰᠤ ᠠᠴᠠ ᠠᠵᠢᠭᠯᠠᠬᠤ | ᠪᠠ ᠵᠠᠳᠠᠯᠤᠭᠰᠠᠨ ᠨᠢ ᠮᠠᠰᠢ ᠣᠯᠠᠨ ᠭᠡᠵᠦ ᠬᠡᠯᠡᠵᠦ ᠪᠣᠯᠣᠨ᠎ᠠ᠂ ᠡᠭᠦᠨ ᠳᠤ ᠦᠨᠡᠨ ᠮᠡᠳᠡᠯᠭᠡ ᠨᠡᠪᠲᠡᠷᠬᠡᠢ ᠦᠵᠡᠯᠲᠡ ᠮᠤᠩ | ᠦᠭᠡᠢ ᠤᠯᠠᠨ ᠪᠤᠢ᠃ ᠠᠳᠡ ᠪᠢ ᠪᠠᠰᠠ ᠭᠤᠷᠪᠠᠨ ᠬᠠᠷᠠᠭᠠᠰᠤ ᠠᠴᠠ ᠣᠯᠠᠨ ᠳᠤ ᠠᠵᠢᠭᠯᠠᠯᠲᠠ ᠪᠠ ᠪᠣᠳᠣᠯᠬᠢᠯᠠᠯ ᠢᠶᠠᠨ | ᠬᠤᠪᠢᠶᠠᠯᠴᠠᠶ᠎ᠠ ᠭᠡᠵᠦ ᠪᠤᠳᠤᠵᠤ ᠪᠠᠶᠢᠨ᠎ᠠ᠃ | ᠨᠢᠭᠡᠳᠦᠭᠡᠷ ᠬᠠᠷᠠᠭᠠᠰᠤ᠄ ︽ᠴᠠᠭᠠᠨ ᠰᠠᠷ᠎ᠠ ᠶᠢᠨ ᠠᠵᠤ ᠠᠬᠤᠢ︾ ᠠᠴᠠ ᠳᠤᠮᠳᠠᠳᠤ ᠤᠯᠤᠰ ᠤᠨ ᠬᠥᠭᠵᠢᠯᠲᠡ ᠶᠢᠨ | ᠠᠮᠢᠵᠢᠷᠠᠯ ᠤᠨ ᠬᠦᠴᠦᠨ ᠢ ᠠᠵᠢᠬᠤᠢ᠃ ᠡᠨᠡ ᠵᠢᠯ ᠤᠨ ᠴᠠᠭᠠᠨ ᠰᠠᠷ᠎ᠠ ᠶᠢᠨ ᠤᠷᠢᠳ ᠬᠤᠵᠢᠳ᠂ ᠳᠤᠮᠳᠠᠳᠤ ᠤᠯᠤᠰ ᠤᠨ | ᠠᠵᠤ ᠠᠬᠤᠢ ᠳᠤ ᠨᠢᠭᠡ ᠪᠦᠯᠦᠭ ᠦᠵᠡᠭᠳᠡᠯ ᠤᠨ ᠲᠠᠰ ᠤᠨ ᠭᠢᠯᠠᠰ ᠴᠡᠭ ᠢᠯᠡᠷᠡᠪᠡ᠃ ᠺᠢᠨᠣ᠋᠂ ᠮᠥᠰᠥ ᠴᠠᠰᠤ᠂ ᠰᠣᠶᠣᠯ | ᠵᠢᠭᠤᠯᠴᠢᠯᠠᠯ ᠵᠡᠷᠭᠡ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠠᠯᠠᠮᠰᠢᠯ ᠴᠡᠭ ᠵᠠᠯᠭᠠᠭ᠎ᠠ ᠪᠠᠷ ᠢᠯᠡᠷᠡᠵᠦ᠂ ᠤᠯᠤᠰ ᠤᠨ | ᠳᠣᠲᠣᠭᠠᠳᠤ ᠶᠢᠨ ᠠᠵᠤ ᠠᠬᠤᠢ ᠶᠢᠨ ᠣᠷᠴᠢᠯ ᠤᠨ ᠯᠤᠲᠤ ᠶᠡᠭᠡ ᠳᠠᠯᠳᠠ ᠬᠦᠴᠦᠨ ᠢ ᠢᠯᠡᠷᠡᠭᠦᠯᠪᠡ᠃ ︽ᠬᠠᠩᠵᠧᠦ ᠶᠢᠨ | ᠵᠢᠷᠭᠤᠭᠠᠨ ᠰᠢᠨᠵᠢᠯᠡᠬᠦ ᠮᠡᠷᠭᠡᠵᠢᠯ ᠤᠨ ᠠᠵᠤ ᠠᠬᠤᠶᠢᠯᠠᠯ︾ ᠵᠡᠷᠭᠡ ᠠᠩᠬ᠎ᠠ ᠪᠠᠶᠢᠭᠤᠯᠵᠤ ᠪᠠᠶᠢᠭ᠎ᠠ ᠠᠵᠤ ᠠᠬᠤᠶᠢᠯᠠᠯ ᠢᠶᠠᠷ | ᠲᠥᠯᠥᠭᠡᠯᠡᠭᠦᠯᠦᠭᠰᠡᠨ ᠰᠢᠨᠵᠢᠯᠡᠬᠦ ᠮᠡᠷᠭᠡᠵᠢᠯ ᠤᠨ ᠰᠢᠪᠲᠤᠯᠤᠯᠲᠠ ᠲᠠᠰᠤᠷᠠᠯᠲᠠ ᠦᠭᠡᠢ ᠢᠯᠡᠷᠡᠵᠦ᠂ ᠰᠢᠨ᠎ᠡ ᠶᠢ ᠡᠭᠦᠳᠴᠦ | ᠡᠭᠦᠳᠦᠨ ᠪᠦᠲᠦᠭᠡᠬᠦ ᠯᠤᠲᠤ ᠶᠡᠭᠡ ᠡᠨᠧᠷᠭᠢ ᠶᠢ ᠢᠯᠡᠷᠡᠭᠦᠯᠪᠡ᠃ ᠪᠣᠬᠢᠷᠳᠤᠯ ᠦᠭᠡᠢ ᠭᠡᠷ ᠤᠨ ᠴᠠᠬᠢᠯᠭᠠᠨ ᠬᠡᠷᠡᠭᠰᠡᠯ᠂ ᠰᠢᠨ᠎ᠡ | ᠡᠨᠧᠷᠭᠢ ᠶᠢᠨ ᠠᠵᠤ ᠦᠢᠯᠡᠰ ᠵᠡᠷᠭᠡ ᠪᠣᠬᠢᠷᠳᠤᠯ ᠦᠭᠡᠢ ᠠᠵᠤ ᠠᠬᠤᠢ ᠨᠢ ᠬᠡᠪ ᠵᠠᠩᠰᠢᠯ ᠪᠣᠯᠵᠤ᠂ ᠭᠡᠯᠪᠡᠷᠢ ᠪᠠᠨ | ᠬᠤᠪᠢᠷᠠᠭᠤᠯᠤᠨ ᠬᠥᠭᠵᠢᠬᠦ ᠯᠤᠲᠤ ᠶᠡᠭᠡ ᠣᠷᠣᠨ ᠵᠠᠢ ᠶᠢ ᠢᠯᠡᠷᠡᠭᠦᠯᠪᠡ᠃ ᠠᠳᠠᠯᠢ ᠪᠤᠰᠤ ᠬᠦᠷᠢᠶᠡᠨ ᠳᠠᠬᠢ ᠰᠢᠨ᠎ᠡ | ᠬᠦᠳᠡᠯᠭᠡᠬᠦ ᠡᠨᠧᠷᠭᠢ ᠲᠠᠰᠤᠷᠠᠯᠲᠠ ᠦᠭᠡᠢ ᠬᠤᠷᠠᠮᠳᠤᠨ ᠪᠤᠵᠠᠭᠠᠶᠢᠷᠠᠵᠤ᠂ ᠳᠤᠮᠳᠠᠳᠤ ᠤᠯᠤᠰ ᠤᠨ ᠠᠵᠤ ᠠᠬᠤᠢ ᠳᠤ ᠥᠨᠢ | ᠤᠳᠠᠭᠠᠨ ᠬᠥᠭᠵᠢᠨ ᠴᠡᠴᠡᠭᠯᠡᠬᠦ ᠬᠥᠭᠵᠢᠯᠲᠡ ᠶᠢᠨ ᠬᠥᠳᠡᠯᠭᠡᠬᠦ ᠬᠦᠴᠦᠨ ᠢ ᠠᠪᠴᠢᠷᠠᠬᠤ ᠨᠢ ᠯᠠᠪᠲᠠᠢ ᠶᠤᠮ᠃ | ᠬᠤᠶᠠᠳᠤᠭᠠᠷ ᠬᠠᠷᠠᠭᠠᠰᠤ᠄ ᠪᠦᠭᠦ ᠤᠯᠤᠰ ᠤᠨ ᠬᠤᠶᠠᠷ ᠬᠤᠷᠠᠯ ᠠᠴᠠ ᠳᠤᠮᠳᠠᠳᠤ ᠤᠯᠤᠰ ᠤᠨ ᠠᠵᠤ ᠠᠬᠤᠢ ᠶᠢᠨ | ᠲᠥᠷᠥ ᠶᠢᠨ ᠪᠣᠳᠣᠯᠭ᠎ᠠ ᠶᠢ ᠤᠩᠰᠢᠬᠤᠢ᠃ ᠡᠨᠡ ᠵᠢᠯ ᠳᠤᠮᠳᠠᠳᠤ ᠤᠯᠤᠰ ᠠᠵᠤ ᠠᠬᠤᠢ ᠶᠢᠨ ᠨᠡᠮᠡᠭᠳᠡᠯ ᠤᠨ ᠬᠠᠷᠠᠯᠲᠠ ᠶᠢ | 5% ᠣᠷᠴᠢᠮ ᠢᠶᠠᠷ ᠲᠣᠭᠲᠠᠭᠠᠭᠰᠠᠨ ᠨᠢ ᠳᠤᠮᠳᠠᠳᠤ ᠤᠯᠤᠰ ᠤᠨ ᠠᠵᠤ ᠠᠬᠤᠢ ᠶᠢᠨ ᠰᠠᠭᠤᠷᠢ ᠨᠥᠬᠦᠴᠡᠯ ᠢ ᠭᠦᠨᠵᠡᠭᠡᠢ | ᠡᠵᠡᠮᠳᠡᠭᠰᠡᠨ ᠠᠴᠠ ᠪᠣᠯᠤᠭᠰᠠᠨ ᠪᠥᠭᠡᠳ ᠪᠠᠰᠠ ᠲᠤᠰ ᠪᠡᠶ᠎ᠡ ᠶᠢᠨ ᠵᠠᠰᠠᠯᠲᠠ ᠶᠢᠨ ᠴᠢᠳᠠᠪᠤᠷᠢ ᠪᠠ ᠢᠷᠡᠭᠡᠳᠦᠢ ᠶᠢᠨ | ᠬᠥᠭᠵᠢᠯᠲᠡ ᠶᠢᠨ ᠲᠠᠯᠳᠠ ᠬᠦᠴᠦᠨ ᠤ ᠲᠤᠬᠠᠢ ᠪᠠᠲᠤ ᠴᠢᠩᠭ᠎ᠠ ᠢᠲᠡᠭᠡᠯ ᠠᠴᠠ ᠪᠣᠯᠤᠭᠰᠠᠨ ᠶᠤᠮ᠃ ᠪᠢᠳᠡ ᠲᠥᠷᠥ ᠶᠢᠨ | ᠪᠣᠳᠣᠯᠭ᠎ᠠ ᠶᠢᠨ ᠡᠷᠴᠢᠮ ᠢᠶᠠᠨ ᠴᠢᠩᠭᠠᠷᠠᠭᠤᠯᠬᠤ ᠶᠢ ᠵᠠᠬ᠎ᠠ ᠳᠡᠯᠭᠡᠭᠦᠷ ᠤᠨ ᠬᠦᠴᠦᠨ ᠢ ᠬᠥᠭᠵᠢᠭᠡᠬᠦ ᠲᠠᠢ ᠤᠶᠠᠯᠳᠤᠭᠤᠯᠬᠤ ᠶᠢ | ᠴᠢᠬᠤᠯᠠᠴᠢᠯᠠᠵᠤ᠂ ᠡᠨᠡ ᠬᠦ ᠵᠢᠱᠢᠭᠰᠡᠨ ᠬᠠᠷᠠᠯᠲᠠ ᠪᠠᠨ ᠴᠢᠷᠮᠠᠶᠢᠨ ᠪᠡᠶᠡᠯᠡᠭᠦᠯᠦᠨ᠎ᠡ᠃ ᠨᠢᠭᠡ ᠲᠠᠯ᠎ᠠ ᠪᠠᠷ ᠨᠡᠩ ᠢᠳᠡᠪᠬᠢᠲᠡᠢ | ᠵᠢᠳᠬᠦᠯ ᠴᠢᠷᠮᠠᠶᠢᠯᠭ᠎ᠠ ᠲᠠᠢ ᠬᠤᠷᠸ᠎ᠠ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠰᠦᠷᠭᠡᠦ ᠦᠶᠡᠯᠡᠯ ᠤᠨ ᠬᠤᠭᠤᠴᠠᠭᠠᠨ ᠤ | ᠲᠣᠬᠢᠷᠠᠭᠤᠯᠤᠯᠲᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠴᠢᠬᠤᠯᠠᠲᠠᠢ ᠦᠶ᠎ᠡ ᠳᠤ ᠰᠢᠨ᠎ᠡ ᠨᠡᠮᠡᠭᠳᠡᠯ ᠤᠨ | ᠲᠦᠷᠦ ᠶᠢᠨ ᠪᠣᠳᠣᠯᠭ᠎ᠠ ᠶᠢ ᠲᠣᠭᠲᠠᠭᠠᠵᠤ᠂ ᠠᠵᠤ ᠠᠬᠤᠢ ᠶᠢᠨ ᠦᠷᠭᠦᠯᠵᠢᠯᠡᠨ ᠰᠠᠶᠢᠵᠢᠷᠠᠬᠤ᠂ ᠲᠣᠭᠲᠠᠭᠤᠨ ᠡᠷᠭᠢᠯᠲᠡ ᠳᠤ | ᠬᠦᠴᠦᠲᠡᠢ ᠲᠤᠯᠭᠠᠭᠤᠷᠢᠯᠠᠯ ᠬᠠᠩᠭᠠᠨ᠎ᠠ᠃ ᠨᠥᠭᠦᠭᠡ ᠲᠠᠯ᠎ᠠ ᠪᠠᠷ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠪᠦᠭᠦ ᠤᠯᠤᠰ ᠤᠨ ᠨᠢᠭᠡᠲᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠲᠠᠰᠤᠷᠠᠯᠲᠠ ᠦᠭᠡᠢ | ᠠᠬᠢᠭᠤᠯᠵᠤ᠂ ᠠᠵᠤ ᠠᠬᠤᠢ ᠶᠢᠨ ᠡᠷᠭᠢᠯᠲᠡ ᠶᠢᠨ ᠲᠦᠭᠵᠢᠷᠡᠯ ᠬᠤᠷᠢᠭ᠎ᠠ ᠴᠡᠭ ᠢ ᠬᠦᠴᠦᠯᠡᠨ ᠨᠠᠪᠲᠠᠷᠡᠭᠦᠯᠵᠦ᠂ ᠡᠯ᠎ᠡ | ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠳᠤ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠨᠥᠬᠦᠴᠡᠯ ᠢ ᠤᠯᠠᠮ | ᠨᠢᠭᠡ ᠠᠯᠬᠤᠮ ᠪᠤᠶ ᠪᠤᠯᠭᠠᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠪᠠ ᠡᠭᠦᠳᠦᠨ ᠪᠦᠲᠦᠭᠡᠬᠦ ᠳᠤ ᠦᠵᠡᠭᠦᠯᠭᠦ | ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠵᠤ᠂ ᠬᠥᠭᠵᠢᠯᠲᠡ ᠶᠢᠨ ᠳᠣᠲᠣᠭᠠᠳᠤ ᠬᠥᠳᠡᠯᠭᠡᠭᠴᠢ ᠬᠦᠴᠦᠨ ᠢ | ᠴᠢᠩᠭᠠᠷᠠᠭᠤᠯᠤᠨ᠎ᠠ᠃ | ᠭᠤᠷᠪᠠᠳᠤᠭᠠᠷ ᠬᠠᠷᠠᠭᠠᠰᠤ᠄ ᠳᠡᠯᠡᠬᠡᠢ ᠶᠢᠨ ᠬᠤᠪᠢᠷᠠᠯᠲᠠ ᠠᠴᠠ ᠳᠡᠯᠡᠬᠡᠢ ᠶᠢᠨ ᠬᠥᠭᠵᠢᠯᠲᠡ ᠳᠠᠪᠰᠢᠯᠲᠠ ᠶᠢᠨ ᠬᠥᠮᠥᠨ ᠤ | ᠶᠢᠷᠲᠢᠨᠴᠦ ᠶᠢᠨ ᠵᠥᠪ ᠵᠠᠮ ᠢ ᠪᠣᠳᠣᠯᠬᠢᠯᠠᠬᠤᠢ᠃ ᠣᠳᠣᠬᠠᠨ ᠤ ᠳᠡᠯᠡᠬᠡᠢ ᠶᠢᠨ ᠠᠵᠤ ᠠᠬᠤᠢ ᠶᠢᠨ ᠬᠡᠰᠡᠭᠵᠢᠯᠲᠡ | ᠰᠢᠷᠦᠭᠦᠰᠴᠦ᠂ ᠲᠣᠭᠲᠠᠪᠤᠷᠢᠲᠤ ᠪᠤᠰᠤ ᠲᠣᠬᠲᠠᠭᠠᠯᠲᠤ ᠪᠤᠰᠤ ᠴᠢᠨᠠᠷ ᠳᠡᠭᠡᠭᠰᠢᠯᠡᠵᠦ ᠪᠠᠶᠢᠬᠤ ᠨᠢ ᠨᠡᠩ ᠴᠤ ᠤᠯᠤᠰ ᠠᠴᠠ | ᠵᠠᠬ᠎ᠠ ᠳᠡᠯᠭᠡᠭᠦᠷ ᠢ ᠨᠡᠭᠡᠭᠡᠵᠦ᠂ ᠠᠵᠤ ᠠᠬᠤᠶᠢᠯᠠᠯ ᠡᠬᠢ ᠪᠠᠶᠠᠯᠢᠭ ᠢ ᠬᠠᠮᠲᠤ ᠪᠠᠷ ᠡᠳ᠋ᠯᠡᠵᠦ᠂ ᠠᠶᠤᠯ ᠲᠦᠭᠰᠢᠭᠦᠷᠢ | ᠥᠷᠢᠰᠦᠯᠳᠦᠭᠡᠨ ᠢ ᠭᠠᠷ ᠬᠤᠯᠪᠣᠨ ᠡᠰᠡᠷᠭᠦᠴᠡᠵᠦ᠂ ᠬᠠᠮᠲᠤ ᠶᠢᠨ ᠬᠥᠭᠵᠢᠯ ᠴᠡᠴᠡᠭᠯᠡᠯ ᠢ ᠪᠡᠶᠡᠯᠡᠭᠦᠯᠬᠦ ᠶᠢ ᠱᠠᠭᠠᠷᠳᠠᠵᠤ | ᠪᠠᠶᠢᠨ᠎ᠠ᠃ ᠳᠤᠮᠳᠠᠳᠤ ᠤᠯᠤᠰ ᠢᠮᠠᠭᠲᠠ ᠲᠤᠰ ᠪᠡᠶ᠎ᠡ ᠶᠢᠨ ᠬᠥᠭᠵᠢᠯᠲᠡ ᠪᠠᠨ ᠪᠦᠭᠦ ᠪᠥᠮᠪᠥᠷᠴᠡᠭ ᠤᠨ ᠬᠥᠭᠵᠢᠯᠲᠡ ᠲᠠᠢ | ᠨᠢᠭᠲᠠ ᠤᠶᠠᠯᠳᠤᠭᠤᠯᠵᠤ᠂ ᠠᠵᠤ ᠠᠬᠤᠢ ᠶᠢᠨ ᠳᠡᠯᠡᠬᠡᠶᠢᠵᠢᠯᠲᠡ ᠶᠢᠨ ᠵᠥᠪ ᠴᠢᠭᠯᠡᠯ ᠢ ᠪᠠᠷᠢᠮᠲᠠᠯᠠᠵᠤ᠂ ᠵᠢᠩᠬᠢᠨᠢ ᠤᠯᠠᠨ | ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠪᠦᠭᠦ ᠪᠥᠮᠪᠥᠷᠴᠡᠭ ᠤᠨ ᠡᠩᠬᠡ ᠲᠠᠶᠢᠪᠤᠩ ᠬᠥᠭᠵᠢᠯᠲᠡ ᠶᠢᠨ ᠦᠢᠯᠡᠰ ᠤᠨ | ᠲᠣᠭᠲᠠᠪᠤᠷᠢᠲᠤ ᠴᠢᠨᠠᠷ᠂ ᠲᠣᠬᠲᠠᠭᠠᠯᠲᠤ ᠴᠢᠨᠠᠷ ᠤᠨ ᠬᠦᠴᠦᠨ ᠪᠤᠯᠬᠤ ᠪᠠᠷ ᠴᠢᠷᠮᠠᠶᠢᠨ᠎ᠠ᠃ ᠪᠢᠳᠡ ᠨᠡᠭᠡᠭᠡᠯᠲᠡ ᠬᠢᠵᠦ | ᠬᠠᠮᠲᠤᠷᠠᠯᠴᠠᠬᠤ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠣᠯᠠᠨ ᠤᠯᠤᠰ ᠤᠨ ᠨᠡᠶᠢᠳᠡᠮ ᠬᠡᠷᠡᠭᠯᠡᠬᠦ ᠳᠦᠷᠢᠮ ᠳᠣᠣᠷᠠᠬᠢ | ᠡᠷᠬᠡ ᠲᠡᠭᠰᠢ ᠥᠷᠢᠰᠦᠯᠳᠦᠭᠡᠨ ᠢ ᠰᠠᠨᠠᠭᠠᠴᠢᠯᠠᠵᠤ᠂ ᠴᠢᠯᠦᠭᠡᠲᠦ ᠠᠷᠠᠯᠵᠢᠶ᠎ᠠ ᠪᠣᠯᠣᠨ ᠪᠦᠭᠦ ᠪᠥᠮᠪᠥᠷᠴᠡᠭ ᠤᠨ ᠠᠵᠤ | ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠰᠠᠭᠠᠳ ᠦᠭᠡᠢ ᠪᠥᠭᠡᠳ ᠲᠣᠭᠲᠠᠭᠤᠨ ᠪᠠᠶᠢᠬᠤ ᠶᠢ ᠬᠠᠮᠠᠭᠠᠯᠠᠵᠤ᠂ | ᠡᠯ᠎ᠡ ᠤᠯᠤᠰ ᠤᠨ ᠠᠵᠤ ᠠᠬᠤᠶᠢᠯᠠᠯ ᠢ ᠦᠷᠭᠦᠯᠵᠢᠯᠡᠨ ᠪᠠᠶᠠᠷᠯᠠᠨ ᠤᠭᠲᠤᠵᠤ᠂ ᠵᠠᠬ᠎ᠠ ᠳᠡᠯᠭᠡᠭᠦᠷ ᠲᠤ ᠣᠷᠣᠬᠤ | ᠵᠥᠪᠰᠢᠶᠡᠷᠡᠯ ᠢ ᠤᠯᠠᠮ ᠨᠢᠭᠡ ᠠᠯᠬᠤᠮ ᠥᠷᠭᠡᠳᠬᠡᠵᠦ᠂ ᠠᠵᠤ ᠠᠬᠤᠶᠢᠯᠠᠯ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠢ | ᠢᠳᠡᠪᠬᠢᠲᠡᠢ ᠰᠢᠢᠳᠪᠦᠷᠢᠯᠡᠵᠦ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠢ ᠬᠠᠪᠰᠤᠷᠤᠨ ᠳᠤᠮᠳᠠᠳᠤ ᠤᠯᠤᠰ ᠤᠨ ᠵᠠᠬ᠎ᠠ | ᠳᠡᠯᠭᠡᠭᠦᠷ ᠲᠤ ᠭᠦᠨᠵᠡᠭᠡᠢ ᠠᠭᠤᠰᠤᠯᠴᠠᠭᠤᠯᠤᠨ᠎ᠠ᠃ ᠠᠵᠤ ᠠᠬᠤᠶᠢᠯᠠᠯᠲᠠᠳ ᠳᠡᠯᠡᠬᠡᠶᠢᠵᠢᠯᠲᠡ ᠶᠢᠨ ᠡᠷᠡᠰ ᠪᠠᠲᠤ | ᠬᠠᠮᠠᠭᠠᠯᠠᠭᠴᠢ᠂ ᠠᠬᠢᠭᠤᠯᠤᠭᠴᠢ ᠪᠣᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠦᠨᠡᠨ ᠰᠡᠳᠬᠢᠯ ᠠᠴᠠ ᠪᠠᠨ | ᠬᠠᠮᠲᠤᠷᠠᠯᠴᠠᠵᠤ᠂ ᠭᠠᠭᠴᠠ ᠲᠠᠯᠠᠲᠤ ᠦᠵᠡᠯ ᠪᠣᠯᠣᠨ ᠬᠠᠮᠠᠭᠠᠯᠠᠬᠤ ᠦᠵᠡᠯ ᠢ ᠡᠰᠡᠷᠭᠦᠴᠡᠵᠦ᠂ ᠬᠠᠷᠢᠯᠴᠠᠨ ᠠᠰᠢᠭᠲᠠᠢ | ᠬᠠᠷᠢᠯᠴᠠᠨ ᠬᠠᠷᠠᠭᠠᠯᠵᠠᠬᠤ ᠳᠤᠮᠳᠠ ᠨᠡᠩ ᠶᠡᠭᠡ ᠬᠥᠭᠵᠢᠯᠲᠡ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ | ᠲᠣᠰ ᠤᠳᠠᠭ᠎ᠠ ᠶᠢᠨ ᠣᠨ ᠤ ᠬᠤᠷᠠᠯ ᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠥᠭᠵᠢᠯᠲᠡ ᠶᠢᠨ ᠰᠤᠳᠤᠯᠭᠠᠨ ᠤ | ᠲᠥᠪ ᠠᠴᠠ ᠭᠤᠣᠯᠯᠠᠨ ᠡᠷᠭᠢᠯᠡᠪᠡ᠃ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠳᠠᠷᠤᠭ᠎ᠠ ᠯᠦᠸᠧᠰᠠᠶᠢᠹᠦ᠋᠂ | ᠠᠽᠢᠶ᠎ᠠ ᠲᠢᠪ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠳᠠᠷᠤᠭ᠎ᠠ ᠱᠧᠨᠵᠢ ᠺᠠᠨᠳᠠ ᠵᠢᠴᠢ ᠤᠯᠤᠰ ᠤᠨ ᠳᠣᠲᠣᠭᠠᠳᠤ | ᠭᠠᠳᠠᠭᠠᠳᠤ ᠶᠢᠨ ᠠᠵᠤ ᠠᠬᠤᠶᠢᠯᠠᠯᠲᠠᠨ᠂ ᠵᠠᠰᠠᠭ ᠤᠨ ᠣᠷᠳᠣᠨ ᠤ ᠠᠯᠪᠠᠨ ᠲᠤᠰᠢᠶᠠᠯᠲᠠᠨ᠂ ᠲᠤᠰᠬᠠᠢ ᠮᠡᠷᠭᠡᠵᠢᠯᠲᠡᠨ | ᠡᠷᠳᠡᠮᠳᠡᠨ ᠪᠣᠯᠣᠨ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢ ᠵᠡᠷᠭᠡ 720 ᠰᠢᠬᠠᠮ ᠬᠦᠮᠦᠨ | ᠡᠬᠢᠯᠡᠯᠲᠡ ᠶᠢᠨ ᠶᠣᠰᠣᠯᠠᠯ ᠳᠤ ᠣᠷᠣᠯᠴᠠᠵᠠᠢ᠃ |