ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ | ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠮᠡᠷᠭᠡᠵᠢᠯ ᠤᠨ ᠵᠥᠪᠯᠡᠯ ᠤᠨ ᠬᠤᠭᠤᠴᠠᠭ᠎ᠠ ᠰᠣᠯᠢᠬᠤ ᠬᠤᠷᠠᠯ ᠵᠢᠴᠢ | ᠪᠠᠷᠢᠮᠵᠢᠶᠠᠵᠢᠭᠤᠯᠤᠯᠲᠠ ᠶᠢᠨ ᠪᠣᠯᠪᠠᠰᠤᠷᠠᠯ ᠤᠨ ᠬᠤᠷᠠᠯ ᠬᠥᠬᠡᠬᠤᠲᠠ ᠳᠤ ᠬᠤᠷᠠᠯᠳᠤᠪᠠ᠃ | ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ | ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠮᠡᠷᠭᠡᠵᠢᠯ ᠤᠨ ᠵᠥᠪᠯᠡᠯ ᠠᠴᠠ ᠪᠥᠬᠦ ᠣᠷᠣᠨ ᠤ ᠰᠣᠶᠣᠯ᠂ | ᠵᠢᠭᠤᠯᠴᠢᠯᠠᠯ ᠤᠨ ᠬᠦᠷᠢᠶᠡᠨ ᠳᠠᠬᠢ ᠪᠠᠷᠢᠮᠵᠢᠶ᠎ᠠ ᠶᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠵᠢᠴᠢ ᠤᠬᠠᠭᠤᠯᠤᠨ | ᠲᠤᠭᠤᠰᠢᠯᠠᠭᠤᠯᠵᠤ ᠬᠡᠷᠡᠭᠵᠢᠭᠦᠯᠬᠦ ᠵᠡᠷᠭᠡ ᠠᠵᠢᠯ ᠢ ᠬᠠᠷᠢᠭᠤᠴᠠᠨ᠎ᠠ᠃ ᠣᠶᠢᠷ᠎ᠠ ᠶᠢᠨ ᠵᠢᠯ ᠳᠤ᠂ ᠥᠪᠡᠷᠲᠡᠭᠡᠨ ᠵᠠᠰᠠᠬᠤ | ᠣᠷᠣᠨ ᠤ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠬᠢᠨ ᠵᠢᠭᠤᠯᠴᠢᠯᠠᠯ ᠤᠨ ᠠᠷᠠᠳ ᠤᠨ ᠣᠷᠣᠨ | ᠰᠠᠭᠤᠴᠠ᠂ ᠠᠮᠢ ᠠᠬᠤᠢ ᠶᠢᠨ ᠵᠢᠭᠤᠯᠴᠢᠯᠠᠯ᠂ ᠢᠳᠡᠭᠡᠨ ᠤᠮᠳᠠᠭᠠᠨ ᠤ ᠦᠢᠯᠡᠴᠢᠯᠡᠭᠡ᠂ ᠵᠢᠭᠤᠯᠴᠢᠯᠠᠯ ᠤᠨ ᠲᠠᠸᠠᠷ᠂ | ᠣᠨᠴᠠ ᠲᠥᠷᠥᠯ ᠤᠨ ᠦᠢᠯᠡᠴᠢᠯᠡᠭᠡᠨ ᠤ ᠲᠥᠷᠥᠯ ᠵᠦᠢᠯ ᠵᠡᠷᠭᠡ ᠣᠯᠠᠨ ᠬᠦᠷᠢᠶ᠎ᠡ ᠴᠠᠷᠠᠭ᠎ᠠ ᠳᠤ ᠬᠤᠯᠪᠣᠭᠳᠠᠭᠰᠠᠨ | ᠪᠠᠷᠢᠮᠵᠢᠶ᠎ᠠ ᠶᠢ ᠨᠡᠶᠢᠲᠡᠯᠡᠵᠦ᠂ ᠠᠵᠢᠯ ᠲᠥᠷᠥᠯ ᠤᠨ ᠵᠢᠷᠤᠮᠵᠢᠭᠰᠠᠨ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ | ᠬᠠᠩᠭᠠᠭᠰᠠᠨ ᠪᠠᠶᠢᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠬᠤᠭᠤᠴᠠᠭᠠᠨ ᠤ | ᠰᠣᠶᠣᠯ ᠪᠠ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠢᠢᠨ ᠮᠡᠷᠭᠡᠵᠢᠯ ᠤᠨ ᠵᠥᠪᠯᠡᠯ ᠨᠢ ᠶᠡᠭᠡ ᠳᠡᠭᠡᠳᠦ | ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠠᠵᠢᠯ ᠲᠥᠷᠥᠯ ᠤᠨ ᠠᠵᠤ ᠠᠬᠤᠶᠢᠯᠠᠯ᠂ | ᠡᠭᠦᠷᠭᠡ ᠴᠢᠳᠠᠪᠬᠢᠲᠤ ᠰᠠᠯᠠᠭ᠎ᠠ ᠮᠥᠴᠢᠷ ᠵᠡᠷᠭᠡ ᠨᠢᠭᠡᠴᠢ ᠶᠢᠨ 49 ᠭᠡᠰᠢᠭᠦᠨ ᠪᠠ 4 ᠵᠥᠪᠯᠡᠭᠴᠢ ᠪᠠᠷ ᠪᠦᠷᠢᠯᠳᠦᠵᠦ᠂ | ᠭᠡᠰᠢᠭᠦᠳ ᠠᠴᠠ ᠬᠦᠴᠦ ᠪᠠᠨ ᠬᠠᠮᠲᠤᠳᠬᠠᠨ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠠᠵᠢᠯ ᠲᠥᠷᠥᠯ ᠤᠨ | ᠡᠯ᠎ᠡ ᠵᠦᠢᠯ ᠤᠨ ᠬᠡᠪ ᠳᠠᠭᠤᠷᠢᠶᠠᠯ ᠢ ᠨᠠᠩ ᠪᠠᠲᠤ ᠪᠠᠬᠢ ᠡᠬᠦᠳᠦᠨ ᠴᠤᠬᠴᠠᠯᠠᠬᠤ ᠪᠤᠯᠤᠨ᠎ᠠ᠃ | — ᠪᠠᠷᠢᠮᠵᠢᠶ᠎ᠠ ᠶᠢᠨ ᠬᠥᠲᠥᠯᠥᠨ ᠳᠠᠭᠠᠭᠤᠯᠬᠤ ᠪᠠ ᠵᠢᠱᠢᠶ᠎ᠡ ᠦᠵᠡᠭᠦᠯᠬᠦ ᠦᠢᠯᠡᠳᠦᠯ ᠢ ᠭᠦᠢᠴᠡᠳ | ᠪᠠᠳᠠᠷᠠᠭᠤᠯᠵᠤ᠂ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠭᠤᠣᠯᠳᠠᠯᠭ᠎ᠠ ᠲᠠᠢ ᠬᠦᠷᠢᠶ᠎ᠡ ᠪᠣᠯᠣᠨ ᠬᠠᠮᠢᠶ᠎ᠠ ᠪᠦᠬᠦᠢ | ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠷᠢᠮᠵᠢᠶ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ | ᠴᠢᠨᠠᠭᠰᠢᠳᠠ ᠲᠡᠭᠦᠯᠳᠡᠷᠵᠢᠭᠦᠯᠵᠦ᠂ ᠪᠠᠷᠢᠮᠵᠢᠶ᠎ᠠ ᠶᠢ ᠲᠣᠭᠲᠠᠭᠠᠬᠤ ᠪᠠ ᠬᠡᠷᠡᠭᠵᠢᠭᠦᠯᠬᠦ ᠶᠢ ᠳᠠᠰᠤᠷᠠᠯᠳᠠ ᠦᠭᠡᠢ | ᠴᠢᠩᠭᠠᠳᠬᠠᠵᠤ᠂ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ | ᠬᠤᠪᠢ ᠨᠡᠮᠡᠷᠢ ᠦᠵᠡᠭᠦᠯᠦᠨ᠎ᠡ ᠭᠡᠵᠦ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ | ᠰᠢᠨᠵᠢᠯᠡᠬᠦ ᠮᠡᠷᠭᠡᠵᠢᠯ ᠰᠤᠷᠭᠠᠨ ᠬᠥᠮᠦᠵᠢᠯ ᠤᠨ ᠭᠠᠵᠠᠷ ᠤᠨ ᠳᠠᠷᠤᠭ᠎ᠠ ᠬᠡᠯᠡᠪᠡ᠃ | ᠲᠠᠨᠢᠯᠴᠠᠭᠤᠯᠤᠭᠰᠠᠨ ᠢᠶᠠᠷ᠂ ᠲᠠᠷᠠᠭᠠᠴᠢ ᠶᠢᠨ ᠠᠯᠬᠤᠮ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠰᠣᠶᠣᠯ ᠪᠠ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠮᠡᠷᠭᠡᠵᠢᠯ ᠤᠨ ᠵᠥᠪᠯᠡᠯ ᠠᠴᠠ ᠪᠠᠷᠢᠮᠵᠢᠶ᠎ᠠ ᠶᠢᠨ | ᠰᠢᠰᠲ᠋ᠧᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠠᠷᠢᠮᠵᠢᠶ᠎ᠠ ᠶᠢᠨ ᠬᠡᠷᠡᠭᠵᠢᠭᠦᠯᠦᠯᠲᠡ | ᠪᠠ ᠬᠢᠨᠠᠯᠲᠠ ᠶᠢ ᠴᠢᠩᠭᠠᠳᠬᠠᠨ᠂ ᠪᠠᠷᠢᠮᠵᠢᠶᠠᠵᠢᠭᠤᠯᠤᠯᠲᠠ ᠪᠠ ᠰᠢᠨᠵᠢᠯᠡᠬᠦ ᠮᠡᠷᠭᠡᠵᠢᠯ ᠤᠨ ᠰᠢᠨ᠎ᠡ ᠶᠢ ᠡᠭᠦᠳᠬᠦ ᠶᠢᠨ | ᠠᠭᠤᠰᠤᠯᠴᠠᠯ ᠢ ᠠᠬᠢᠭᠤᠯᠵᠤ᠂ ᠡᠯ᠎ᠡ ᠲᠠᠯ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠲᠠᠰᠤᠷᠠᠯᠲᠠ ᠦᠭᠡᠢ | ᠴᠢᠩᠭᠠᠳᠬᠠᠨ᠂ ᠪᠠᠷᠢᠮᠵᠢᠶᠠᠵᠢᠭᠤᠯᠤᠯᠲᠠ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠷᠮᠠᠶᠢᠨ | ᠳᠡᠭᠡᠭᠰᠢᠯᠡᠭᠦᠯᠵᠦ᠂ ᠮᠠᠨ ᠤ ᠣᠷᠣᠨ ᠤ ᠰᠣᠶᠣᠯ ᠪᠠ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ | ᠨᠡᠮᠡᠷᠢᠯᠡᠨ᠎ᠡ᠃ |