9000 ᠲᠦᠮᠡ ᠰᠢᠬᠠᠮ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠠ ᠶᠢ ᠰᠤᠯᠢᠬᠤ ᠶᠢ ᠪᠡᠶᠡᠯᠡᠬᠦᠯᠵᠡᠢ
ᠨᠡᠶᠢᠲᠡᠯᠡᠭᠰᠡᠨ ᠴᠠᠭ᠄
2025/3/26
     ᠰᠤᠷᠪᠤᠯᠵᠢᠯᠠᠭᠴᠢ 2025 ᠣᠨ ᠤ ᠪᠥᠬᠦ ᠤᠯᠤᠰ ᠤᠨ ᠴᠠᠬᠢᠯᠭᠠᠨ ᠬᠡᠷᠡᠭᠰᠡᠯ ᠤᠨ ᠬᠡᠷᠡᠭᠯᠡᠭᠡ ᠶᠢᠨ ᠤᠯᠠᠷᠢᠯ ᠤᠨ ᠡᠬᠢᠯᠡᠯᠲᠡ ᠶᠢᠨ ᠶᠣᠰᠣᠯᠠᠯ ᠠᠴᠠ ᠣᠶᠢᠯᠠᠭᠠᠬᠰᠠᠨ ᠢᠶᠠᠷ᠂ ᠬᠡᠷ ᠤᠨ ᠴᠠᠬᠢᠯᠭᠠᠨ ᠬᠡᠷᠡᠭᠰᠡᠯ ᠤᠨ ᠬᠡᠷᠡᠭᠯᠡᠭᠡ ᠪᠣᠯ ᠳᠣᠲᠣᠭᠠᠳᠤ ᠬᠡᠷᠡᠭᠴᠡᠭᠡ ᠶᠢ ᠳᠠᠶᠢᠴᠢᠯᠠᠬᠤ ᠴᠢᠬᠤᠯᠠ ᠬᠥᠳᠡᠯᠭᠡᠭᠦᠷ ᠮᠥᠨ᠃ ᠬᠤᠳᠠᠯᠳᠤᠭᠠᠨ ᠤ ᠶᠠᠪᠤᠳᠠᠯ ᠤᠨ ᠶᠠᠮᠤᠨ ᠤ 22 ᠤᠨ ᠡᠳᠦᠷ ᠨᠡᠶᠢᠲᠡᠯᠡᠭᠰᠡᠨ ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢᠨ ᠳᠠᠶᠢᠴᠢᠯᠠᠯᠲᠠ ᠳᠤᠤᠷ᠎ᠠ᠂ 2024 ᠣᠨ ᠤ 8 ᠰᠠᠷ᠎ᠠ ᠠᠴᠠ ᠣᠲᠣ ᠪᠣᠯᠲᠠᠯ᠎ᠠ᠂ ᠬᠡᠷᠡᠭᠯᠡᠭᠴᠢᠳ ᠬᠠᠭᠤᠴᠢᠨ ᠢᠶᠠᠷ ᠰᠢᠨ᠎ᠡ ᠶᠢ ᠰᠣᠯᠢᠭᠰᠠᠨ ᠬᠡᠷ ᠤᠨ ᠴᠠᠬᠢᠯᠭᠠᠨ ᠬᠡᠷᠡᠭᠰᠡᠯ 9000 ᠲᠦᠮᠡ ᠰᠢᠬᠠᠮ ᠳᠤ ᠬᠦᠷᠴᠠᠢ᠃ ᠵᠢᠯ ᠤᠨ ᠡᠬᠢᠨ ᠠᠴᠠ ᠨᠠᠭᠠᠰᠢ᠂ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠭᠦᠯᠵᠤ᠂ ᠣᠲᠣ ᠪᠣᠯᠲᠠᠯ᠎ᠠ᠂ ᠪᠥᠬᠦ ᠤᠯᠤᠰ ᠲᠤ ᠨᠡᠶᠢᠲᠡ 2020.8 ᠲᠦᠮᠡᠨ ᠬᠡᠷᠡᠭᠯᠡᠭᠴᠢᠳ 12 ᠶᠡᠭᠡ ᠲᠥᠷᠥᠯ ᠤᠨ ᠬᠡᠷ ᠤᠨ ᠴᠠᠬᠢᠯᠭᠠᠨ ᠬᠡᠷᠡᠭᠰᠡᠯ ᠤᠨ ᠦᠢᠯᠡᠳᠬᠦᠨ ᠢ 2757.2 ᠲᠦᠮᠡ ᠬᠤᠳᠠᠯᠳᠤᠨ ᠠᠪᠴᠤ᠂ 930.8 ᠳ᠋ᠦᠩᠰᠢᠭᠤᠷ ᠲᠥᠭᠦᠷᠢᠭ ᠤᠨ ᠪᠣᠷᠣᠯᠠᠭᠤᠯᠭ᠎ᠠ ᠶᠢ ᠳᠠᠶᠢᠴᠢᠯᠠᠪᠠ᠃      ᠤᠯᠤᠰ ᠤᠨ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠦᠷᠦ ᠶᠢᠨ ᠪᠤᠳᠤᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠡᠷ ᠤᠨ ᠴᠠᠬᠢᠯᠭᠠᠨ ᠬᠡᠷᠡᠭᠰᠡᠯ ᠤᠨ ᠵᠠᠬ᠎ᠠ ᠳᠡᠯᠭᠡᠭᠦᠷ ᠤᠨ ᠬᠥᠭᠵᠢᠯ ᠴᠡᠴᠡᠭᠯᠡᠯ ᠢ ᠠᠬᠢᠭᠤᠯᠬᠤ ᠶᠢᠨ ᠲᠥᠯᠥᠭᠡ᠂ 2025 ᠣᠨ ᠤ ᠪᠦᠬᠦ ᠤᠯᠤᠰ ᠤᠨ ᠴᠠᠬᠢᠯᠭᠠᠨ ᠬᠡᠷᠡᠭᠰᠡᠯ ᠤᠨ ᠬᠡᠷᠡᠭᠯᠡᠭᠡ ᠶᠢᠨ ᠤᠯᠠᠷᠢᠯ ᠢ ᠲᠤᠰ ᠡᠳᠦᠷ ᠱᠠᠩᠬᠠᠢ ᠳᠤ ᠡᠬᠢᠯᠡᠭᠦᠯᠪᠡ᠃ ᠬᠤᠳᠠᠯᠳᠤᠭᠠᠨ ᠤ ᠶᠠᠪᠤᠳᠠᠯ ᠤᠨ ᠶᠠᠮᠤᠨ ᠤ ᠳᠡᠳ᠋ ᠰᠠᠶᠢᠳ ᠱᠧᠩ ᠴᠢᠦ ᠫᠢᠩ ᠪᠠᠶᠠᠷ ᠤᠨ ᠦᠭᠡ ᠬᠡᠯᠡᠬᠦ ᠳᠡᠭᠡᠨ᠂ ᠲᠣᠰ ᠤᠳᠠᠭ᠎ᠠ ᠶᠢᠨ ᠡᠬᠢᠯᠡᠯᠲᠡ ᠶᠢᠨ ᠶᠣᠰᠣᠯᠠᠯ ᠢᠶᠠᠷ ᠠᠵᠠ ᠲᠣᠬᠢᠶᠠᠯ ᠪᠣᠯᠭᠠᠵᠤ᠂ ᠰᠦᠯᠵᠢᠶᠡᠨ ᠳᠡᠭᠡᠷᠡᠬᠢ ᠪᠠ ᠪᠤᠳᠠᠳᠤ ᠴᠤᠭᠴᠠ ᠶᠢᠨ ᠠᠷᠭ᠎ᠠ ᠵᠠᠮ ᠢ ᠤᠯᠠᠮ ᠨᠢᠭᠡ ᠠᠯᠬᠤᠮ ᠨᠢᠭᠡᠳᠦᠯᠲᠡᠶ ᠲᠥᠯᠥᠪᠵᠢᠭᠦᠯᠵᠦ᠂ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ᠲᠥᠷᠥ ᠶᠢᠨ ᠪᠣᠳᠣᠯᠭ᠎ᠠ + ᠠᠵᠢᠯᠯᠠᠭ᠎ᠠ︾ ᠪᠠᠷ ᠬᠥᠳᠡᠯᠭᠡᠭᠦᠷ ᠪᠣᠯᠭᠠᠬᠤ ᠲᠣᠭᠲᠡᠴᠡ ᠶᠢ ᠰᠢᠯᠢᠳᠡᠭᠵᠢᠭᠦᠯᠵᠦ᠂ ᠦᠢᠯᠡᠳᠪᠦᠷᠢ ᠰᠢᠨ᠎ᠠ ᠶᠢ ᠦᠢᠯᠡᠳᠬᠦ᠂ ᠲᠠᠪᠴᠠᠩ ᠨᠢ ᠦᠨ᠎ᠠ ᠬᠠᠩᠰᠢ ᠪᠠᠨ ᠬᠢᠮᠳᠠᠷᠠᠭᠤᠯᠬᠤ᠂ ᠠᠵᠤ ᠠᠬᠤᠶᠢᠯᠠᠯ ᠤᠨ ᠬᠢᠨ ᠬᠠᠷᠠᠭᠠᠯᠵᠠᠯ ᠦᠵᠡᠭᠦᠯᠬᠦ ᠶᠢ ᠵᠣᠷᠢᠭᠵᠢᠭᠤᠯᠵᠤ᠂ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢᠨ ᠦᠢᠯᠡᠳᠦᠯ ᠢ ᠪᠠᠳᠠᠷᠠᠭᠤᠯᠵᠤ᠂ ᠬᠡᠷ ᠤᠨ ᠴᠠᠬᠢᠯᠭᠠᠨ ᠬᠡᠷᠡᠭᠰᠡᠯ ᠢ ᠰᠢᠨᠡᠳᠭᠡᠬᠦ ᠬᠡᠷᠡᠭᠯᠡᠭᠡ ᠶᠢᠨ ᠨᠦᠬᠡᠴᠡ ᠬᠦᠴᠦᠨ ᠢ ᠲᠦᠷᠭᠡᠳᠭᠡᠨ ᠪᠠᠳᠠᠷᠠᠭᠤᠯᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠬᠡᠷᠡᠭᠳᠠᠢ ᠭᠡᠪᠡ᠃ ᠬᠤᠳᠠᠯᠳᠤᠭᠠᠨ ᠤ ᠶᠠᠪᠤᠳᠠᠯ ᠤᠨ ᠶᠠᠮᠤᠨ ᠤ ᠭᠦᠢᠯᠭᠡᠭᠡᠨ ᠬᠥᠭᠵᠢᠯᠲᠡ ᠶᠢᠨ ᠵᠤᠷᠭᠠᠨ ᠤ ᠳᠠᠷᠤᠭ᠎ᠠ ᠯᠢ ᠵᠢᠶᠠ ᠯᠦ᠂ ᠬᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠪᠣᠯ ᠠᠵᠤ ᠠᠬᠤᠶ ᠶᠢᠨ ᠲᠥᠷᠥ ᠶᠢᠨ ᠪᠣᠳᠣᠯᠭ᠎ᠠ ᠮᠥᠨ ᠪᠥᠭᠡᠳ ᠪᠠᠰᠠ ᠴᠤ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠮᠥᠨ᠃ ᠨᠥᠬᠦᠪᠥᠷᠢ ᠬᠦ᠋ᠷᠲᠡᠭᠡᠬᠦ ᠪᠠᠷ ᠳᠠᠮᠵᠢᠨ᠂ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠵᠤ᠂ ᠬᠡᠷᠡᠭᠯᠡᠭᠴᠢᠳ ᠢ ︽ᠰᠣᠯᠢᠵᠤ ᠳᠡᠶᠢᠯᠬᠦ︾ ᠮᠥᠷᠲᠡᠭᠡᠨ ᠪᠠᠰᠠ ︽ᠰᠠᠶᠢᠨ ᠢ ᠰᠣᠯᠢᠵᠤ ᠳᠡᠶᠢᠯᠬᠦ︾ ᠪᠣᠯᠭᠠᠨ᠎ᠠ᠃ ᠲᠠᠷᠠᠭᠠᠴᠢ ᠶᠢᠨ ᠠᠯᠬᠤᠮ ᠳᠤ᠂ ᠶᠠᠪᠤᠴᠠ ᠶᠢ ᠰᠢᠯᠢᠳᠡᠭᠵᠢᠭᠦᠯᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠴᠢᠩᠭᠠᠳᠬᠠᠬᠤ᠂ ᠡᠷᠬᠡ ᠲᠡᠭᠰᠢ ᠲᠥᠪ ᠭᠤᠤᠯᠴᠢ ᠪᠠᠶᠢᠬᠤ ᠶᠢ ᠪᠠᠲᠤᠯᠠᠬᠤ᠂ ᠬᠤᠷᠢᠶᠠᠨ ᠠᠪᠬᠤ ᠰᠢᠰᠲ᠋ᠧᠮ ᠢ ᠲᠡᠭᠦᠯᠳᠡᠷᠵᠢᠭᠦᠯᠬᠦ ᠵᠡᠷᠭᠡ ᠳᠥᠷᠪᠡᠨ ᠲᠠᠯ᠎ᠠ ᠶᠢᠨ ᠲᠣᠭᠤᠷᠢᠨ ᠳᠤ ᠬᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠢ ᠤᠯᠠᠮ ᠨᠢᠭᠡ ᠠᠯᠬᠤᠮ ᠠᠬᠢᠭᠤᠯᠤᠨ᠎ᠠ ᠭᠡᠵᠤ ᠢᠯᠡᠳᠭᠡᠪᠡ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠪᠠᠰᠠ ︽2025 ᠳᠤᠮᠳᠠᠳᠤ ᠤᠯᠤᠰ ᠤᠨ ᠭᠡᠷ ᠤᠨ ᠴᠠᠬᠢᠯᠭᠠᠨ ᠬᠡᠷᠡᠭᠰᠡᠯ ᠤᠨ ᠬᠡᠷᠡᠭᠯᠡᠭᠡ ᠶᠢᠨ ᠬᠠᠨᠳᠤᠰᠢ ᠶᠢᠨ ᠴᠠᠭᠠᠨ ᠭᠠᠳᠠᠷᠳᠤ ᠪᠢᠴᠢᠭ︾ ᠪᠣᠯᠤᠨ ︽2024 ᠣᠨ ᠤ ᠳᠤᠮᠳᠠᠳᠤ ᠤᠯᠤᠰ ᠤᠨ ᠬᠠᠶᠠᠭᠳᠠᠮᠠᠯ ᠴᠠᠬᠢᠯᠭᠠᠨ ᠬᠡᠷᠡᠭᠰᠡᠯ ᠡᠯᠧᠺᠲᠷᠣᠨ ᠦᠢᠯᠡᠳᠬᠦᠨ ᠢ ᠬᠤᠷᠢᠶᠠᠨ ᠠᠪᠴᠤ ᠰᠢᠢᠳᠪᠦᠷᠢᠯᠡᠬᠦ ᠠᠵᠢᠯ ᠲᠥᠷᠥᠯ ᠤᠨ ᠬᠥᠭᠵᠢᠯᠲᠡ ᠶᠢᠨ ᠮᠡᠳᠡᠭᠦᠯᠦᠯᠲᠡ︾   ᠶᠢ ᠨᠡᠶᠢᠲᠡᠯᠡᠪᠡ᠃      ᠳᠤᠮᠳᠠᠳᠤ ᠤᠯᠤᠰ ᠤᠨ ᠭᠡᠷ ᠤᠨ ᠴᠠᠬᠢᠯᠭᠠᠨ ᠬᠡᠷᠡᠭᠰᠡᠯ ᠤᠨ ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ ᠳᠡᠳ᠋ ᠳᠠᠷᠤᠭ᠎ᠠ ᠰᠢᠤᠢ ᠳ᠋ᠦᠩ ᠱᠧᠩ ᠴᠠᠭᠠᠨ ᠭᠠᠳᠠᠷᠳᠤ ᠪᠢᠴᠢᠭ ᠤᠨ ᠠᠭᠤᠯᠭ᠎ᠠ ᠶᠢ ᠲᠠᠨᠢᠯᠴᠠᠭᠤᠯᠬᠤ ᠳᠠᠭᠠᠨ᠂ ᠬᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢ ᠬᠦᠴᠦᠯᠡᠨ ᠥᠷᠭᠡᠳᠭᠡᠬᠦ ᠶᠢ ᠳᠠᠭᠠᠯᠳᠤᠨ᠂ ︽ᠣᠶᠤᠨᠴᠢ ᠬᠡᠷ ᠤᠨ ᠴᠠᠬᠢᠯᠭᠠᠨ ᠬᠡᠷᠡᠭᠰᠡᠯ︾ ᠢᠶᠠᠷ ᠰᠣᠯᠢᠬᠤ ᠨᠢ ᠭᠤᠤᠯ ᠬᠡᠷᠡᠭᠯᠡᠭᠡ ᠶᠢᠨ ᠬᠠᠨᠳᠤᠰᠢ ᠪᠣᠯᠵᠣ᠂ ᠪᠣᠬᠢᠷᠲᠤᠯ ᠥᠬᠡᠶ ᠬᠡᠷᠡᠭᠯᠡᠭᠡ ᠶᠢᠨ ᠣᠶᠢᠯᠠᠭᠠᠭᠳᠠᠬᠤᠨ ᠶᠠᠭ ᠪᠦᠷᠢᠯᠳᠦᠵᠦ᠂ ᠬᠡᠷᠡᠭᠯᠡᠭᠴᠢᠳ ᠤᠨ ᠡᠷᠡᠭᠦᠯ ᠮᠡᠨᠳᠦ ᠬᠡᠷ ᠤᠨ ᠴᠠᠬᠢᠯᠭᠠᠨ ᠬᠡᠷᠡᠭᠰᠡᠯ ᠤᠨ ᠬᠡᠷᠡᠭᠴᠡᠭᠡ ᠴᠦ ᠲᠠᠰᠤᠷᠠᠯᠲᠠ ᠥᠬᠡᠶ ᠳᠡᠭᠡᠭᠰᠢᠯᠡᠵᠦ ᠪᠠᠶᠢᠨ᠎ᠠ ᠭᠡᠵᠤ ᠢᠯᠡᠳᠭᠡᠪᠡ᠃      ᠴᠠᠭᠠᠨ ᠭᠠᠳᠠᠷᠳᠤ ᠪᠢᠴᠢᠭ ᠤᠨ ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂ 2024 ᠣᠨ ᠳᠤ ᠮᠠᠨ ᠤ ᠤᠯᠤᠰ ᠤᠨ ᠪᠤᠳᠤᠭᠳᠤ ᠲᠧᠯᠸᠢᠰ᠂ ᠠᠭᠠᠷ ᠲᠣᠬᠢᠷᠠᠭᠤᠯᠤᠭᠴᠢ᠂ ᠬᠥᠯᠳᠡᠭᠡᠭᠦᠷ᠂ ᠬᠤᠪᠴᠠᠰᠤ ᠤᠬᠢᠶᠠᠬᠤ ᠮᠠᠰᠢᠨ ᠪᠠ ᠲᠣᠭᠤᠭᠠᠨ ᠬᠡᠷ ᠤᠨ ᠴᠠᠬᠢᠯᠭᠠᠨ ᠬᠡᠷᠡᠭᠰᠡᠯ ᠤᠨ ᠵᠠᠬ᠎ᠠ ᠳᠡᠯᠭᠡᠭᠦᠷ ᠤᠨ ᠤᠶᠤᠨᠲᠤ ᠦᠢᠯᠡᠳᠬᠦᠨ ᠤ ᠵᠢᠵᠢᠭᠯᠡᠨ ᠬᠤᠳᠠᠯᠳᠤᠬᠤ ᠬᠡᠮᠵᠢᠶ᠎ᠡ ᠶᠢᠨ ᠡᠵᠡᠯᠡᠬᠦ ᠬᠠᠷᠢᠴᠠᠯ ᠨᠢ ᠴᠥᠮ 50% ᠶᠢ ᠳᠠᠪᠠᠪᠠ᠃      ᠲᠠᠨᠢᠯᠴᠠᠭᠤᠯᠤᠭᠰᠠᠨ ᠢᠶᠠᠷ᠂ ᠲᠣᠰ ᠤᠳᠠᠭ᠎ᠠ ᠶᠢᠨ ᠠᠵᠢᠯᠯᠠᠭ᠎ᠠ ᠶᠢ ᠬᠤᠳᠠᠯᠳᠤᠭᠠᠨ ᠤ ᠶᠠᠪᠤᠳᠠᠯ ᠤᠨ ᠶᠠᠮᠤᠨ᠂ ᠱᠠᠩᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠬᠡᠷ ᠤᠨ ᠴᠠᠬᠢᠯᠭᠠᠨ ᠬᠡᠷᠡᠭᠰᠡᠯ ᠤᠨ ᠠᠵᠢᠯ ᠲᠥᠷᠥᠯ ᠤᠨ ᠬᠤᠯᠪᠣᠭᠳᠠᠯ ᠪᠥᠬᠦᠶ ᠨᠡᠶᠢᠭᠡᠮᠯᠢᠭ ᠪᠠ ᠠᠵᠤ ᠠᠬᠤᠶᠢᠯᠠᠯ ᠤᠨ ᠲᠥᠯᠥᠭᠡᠯᠡᠭᠴᠢ ᠨᠡᠶᠢᠲᠡ 150 ᠭᠠᠷᠤᠶ ᠬᠥᠮᠦᠨ ᠬᠤᠷᠠᠯ ᠳᠤ ᠣᠷᠣᠯᠴᠠᠪᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号