ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 3 ᠳ᠋ᠤᠭᠠᠷ ᠰᠠᠷ᠎ᠠ ᠶᠢᠨ 24 ᠤ ᠡᠳᠦᠷ ᠤᠨ | ᠦᠳᠡ ᠶᠢᠨ ᠬᠤᠶᠢᠨ᠎ᠠ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠠᠽᠢᠶ᠎ᠠ ᠲᠢᠪ ᠤᠨ ᠨᠡᠭᠡᠭᠡᠨ | ᠬᠥᠭᠵᠢᠭᠦᠯᠦᠯᠲᠡ ᠶᠢᠨ ᠪᠠᠩᠬᠢ ᠶᠢᠨ ᠳᠠᠷᠤᠭ᠎ᠠ ᠺᠠᠨᠳᠠ ᠮᠠᠰᠠᠲ᠋ᠤ᠋ ᠲᠠᠢ ᠠᠭᠤᠯᠵᠠᠯᠲᠠ ᠬᠢᠪᠡ᠃ | | | | | | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 3 ᠳ᠋ᠤᠭᠠᠷ ᠰᠠᠷ᠎ᠠ ᠶᠢᠨ 24 ᠤ ᠡᠳᠦᠷ ᠤᠨ | ᠦᠳᠡ ᠶᠢᠨ ᠬᠤᠶᠢᠨ᠎ᠠ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠠᠽᠢᠶ᠎ᠠ ᠲᠢᠪ ᠤᠨ ᠨᠡᠭᠡᠭᠡᠨ | ᠬᠥᠭᠵᠢᠭᠦᠯᠦᠯᠲᠡ ᠶᠢᠨ ᠪᠠᠩᠬᠢ ᠶᠢᠨ ᠳᠠᠷᠤᠭ᠎ᠠ ᠺᠠᠨᠳᠠ ᠮᠠᠰᠠᠲ᠋ᠤ᠋ ᠲᠠᠢ ᠠᠭᠤᠯᠵᠠᠯᠲᠠ ᠬᠢᠪᠡ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢᠦ ᠪᠢᠨ ᠰᠡᠭᠦᠳᠡᠷᠯᠡᠪᠡ | | | ᠯᠢ ᠴᠢᠶᠠᠩ ᠢᠯᠡᠷᠬᠡᠶᠢᠯᠡᠬᠦ ᠳᠤ ᠪᠠᠨ᠂ ᠣᠶᠢᠷ᠎ᠠ ᠶᠢᠨ ᠵᠢᠯ ᠤᠳ ᠲᠤ᠂ ᠭᠠᠵᠠᠷ ᠣᠷᠣᠨ ᠤ ᠤᠯᠤᠰ ᠲᠥᠷᠥ ᠶᠢᠨ | ᠣᠷᠤᠭ᠎ᠠ ᠪᠤᠰᠬᠠᠭ᠎ᠠ ᠪᠠᠶᠢᠳᠠᠯ᠂ ᠬᠠᠮᠠᠭᠠᠯᠠᠬᠤ ᠦᠵᠡᠯ ᠲᠣᠯᠣᠭᠠᠢ ᠥᠨᠳᠡᠶᠢᠬᠦ ᠵᠡᠷᠭᠡ ᠬᠦᠴᠦᠨ ᠵᠦᠢᠯ ᠤᠨ ᠨᠥᠯᠥᠭᠡ ᠠᠴᠠ | ᠪᠣᠯᠵᠤ᠂ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠤᠳᠠᠭᠠᠨ ᠪᠠᠶᠢᠵᠤ᠂ ᠲᠣᠭᠲᠠᠭᠤᠨ ᠪᠤᠰᠤ ᠲᠣᠭᠲᠠᠭᠠᠯᠲᠤ ᠪᠤᠰᠤ | ᠴᠢᠨᠠᠷ ᠨᠡᠮᠡᠭᠳᠡᠵᠦ ᠪᠠᠶᠢᠨ᠎ᠠ᠃ ᠡᠶᠢᠮᠦᠷᠬᠦᠦ ᠠᠬᠤᠢ ᠪᠠᠶᠢᠳᠠᠯ ᠤᠨ ᠳᠣᠣᠷ᠎ᠠ᠂ ᠠᠽᠢᠶ᠎ᠠ ᠲᠢᠪ ᠤᠨ ᠤᠯᠤᠰ ᠤᠳ ᠪᠦᠯᠬᠦᠮᠳᠡᠨ | ᠬᠠᠮᠵᠢᠯᠴᠠᠬᠤ ᠪᠠᠨ ᠴᠢᠩᠭᠠᠳᠬᠠᠵᠤ᠂ ᠤᠯᠠᠨ ᠲᠠᠯᠠᠲᠤ ᠦᠵᠡᠯ ᠢ ᠪᠠᠷᠢᠮᠲᠠᠯᠠᠨ᠂ ᠣᠷᠣᠨ ᠪᠦᠰᠡ ᠶᠢᠨ ᠠᠵᠤ ᠠᠬᠤᠢ ᠶᠢᠨ | ᠨᠢᠭᠡ ᠴᠣᠭᠴᠠᠵᠢᠯᠲᠠ ᠶᠢ ᠴᠢᠷᠮᠠᠶᠢᠨ ᠠᠬᠢᠭᠤᠯᠵᠤ᠂ ᠠᠷᠠᠯᠵᠢᠶ᠎ᠠ᠂ ᠪᠡᠯᠡ ᠣᠷᠣᠭᠤᠯᠤᠯᠲᠠ᠂ ᠮᠡᠷᠭᠡᠵᠢᠯ ᠵᠡᠷᠭᠡ ᠭᠦᠢᠯᠭᠡᠭᠡ ᠶᠢ | ᠬᠠᠷᠰᠢᠯᠠᠵᠤ ᠪᠠᠶᠢᠭ᠎ᠠ ᠡᠯ᠎ᠡ ᠵᠦᠢᠯ ᠤᠨ ᠬᠤᠷᠢᠭ᠎ᠠ ᠰᠠᠭᠠᠳ ᠢ ᠠᠷᠢᠯᠭᠠᠨ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ | ᠬᠡᠯᠬᠢᠶᠡᠨ ᠤ ᠲᠣᠭᠲᠠᠭᠤᠨ ᠪᠥᠭᠡᠳ ᠰᠠᠭᠠᠳ ᠦᠭᠡᠢ ᠪᠠᠶᠢᠬᠤ ᠶᠢ ᠬᠠᠮᠠᠭᠠᠯᠠᠬᠤ ᠶᠢᠨ ᠬᠠᠮᠲᠤ᠂ ᠬᠤᠷᠸ᠎ᠠ ᠲᠦᠷᠦ ᠶᠢᠨ | ᠪᠣᠳᠣᠯᠭ᠎ᠠ ᠶᠢᠨ ᠵᠣᠬᠢᠴᠠᠭᠤᠯᠭ᠎ᠠ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠴᠦ | ᠰᠣᠯᠢᠯᠴᠠᠨ ᠬᠠᠮᠲᠤᠷᠠᠯᠴᠠᠬᠤ ᠪᠠᠨ ᠭᠦᠨᠵᠡᠭᠡᠶᠢᠷᠡᠭᠦᠯᠦᠨ᠂ ᠠᠽᠢᠶ᠎ᠠ ᠲᠢᠪ ᠤᠨ ᠠᠵᠤ ᠠᠬᠤᠢ ᠶᠢᠨ ᠦᠷ᠎ᠡ ᠪᠦᠲᠦᠮᠵᠢ ᠪᠠ | ᠤᠶᠠᠨ ᠬᠠᠳᠠᠨ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠡᠯ᠎ᠡ ᠵᠦᠢᠯ ᠤᠨ ᠲᠦᠭᠰᠢᠭᠦᠷᠢ ᠶᠢ ᠨᠡᠩ ᠰᠠᠶᠢᠲᠤᠷ | ᠡᠰᠡᠷᠭᠦᠴᠡᠨ ᠬᠤᠷᠢᠭᠯᠠᠵᠤ᠂ ᠬᠠᠮᠲᠤ ᠪᠠᠷ ᠬᠥᠭᠵᠢᠬᠦ ᠶᠢ ᠬᠠᠮᠲᠤ ᠳᠤ ᠪᠠᠨ ᠪᠡᠶᠡᠯᠡᠭᠦᠯᠦᠨ᠎ᠡ᠃ ᠳᠤᠮᠳᠠᠳᠤ ᠤᠯᠤᠰ ᠲᠣᠮᠣ | ᠤᠯᠤᠰ ᠤᠨ ᠡᠭᠦᠷᠭᠡᠯᠡᠪᠡᠰᠦ ᠵᠣᠬᠢᠬᠤ ᠬᠠᠷᠢᠭᠤᠴᠠᠯᠭ᠎ᠠ ᠶᠢ ᠡᠭᠦᠷᠭᠡᠯᠡᠵᠦ᠂ ᠯᠠᠪᠳᠠᠭᠤᠨ ᠲᠣᠭᠲᠠᠭᠤᠨ ᠠᠵᠤ ᠠᠬᠤᠢ ᠶᠢᠨ | ᠨᠡᠮᠡᠭᠳᠡᠯ᠂ ᠢᠳᠡᠪᠬᠢᠲᠡᠢ ᠨᠡᠭᠡᠭᠡᠯᠲᠡᠲᠤ ᠬᠠᠮᠲᠤᠷᠠᠯᠴᠠᠭ᠎ᠠ ᠪᠠᠷ ᠠᠽᠢᠶ᠎ᠠ ᠲᠢᠪ ᠪᠠ ᠳᠡᠯᠡᠬᠡᠢ ᠶᠢᠨ ᠬᠥᠭᠵᠢᠯᠲᠡ ᠳᠤ ᠨᠡᠩ ᠤᠯᠠᠨ | ᠲᠣᠭᠲᠠᠪᠤᠷᠢᠲᠤ ᠴᠢᠨᠠᠷ ᠢ ᠨᠡᠮᠡᠷᠢᠯᠡᠨ᠎ᠡ ᠭᠡᠵᠡᠢ᠃ | ᠯᠢ ᠴᠢᠶᠠᠩ ᠵᠢᠭᠠᠵᠤ ᠭᠠᠷᠭᠠᠬᠤ ᠳᠤ ᠪᠠᠨ᠂ ᠠᠽᠢᠶ᠎ᠠ ᠲᠢᠪ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ ᠪᠣᠯ ᠠᠽᠢᠶ᠎ᠠ | ᠲᠢᠪ ᠨᠣᠮᠣᠬᠠᠨ ᠲᠡᠯᠡᠶ ᠶᠢᠨ ᠣᠷᠣᠨ ᠤ ᠣᠯᠠᠨ ᠲᠠᠯᠠᠲᠤ ᠨᠡᠭᠡᠭᠡᠨ ᠬᠥᠭᠵᠢᠭᠦᠯᠦᠯᠲᠡ ᠶᠢᠨ ᠴᠢᠬᠤᠯᠠ ᠪᠠᠶᠢᠭᠤᠯᠤᠮᠵᠢ ᠪᠣᠯᠣᠨ᠎ᠠ᠃ | ᠳᠤᠮᠳᠠᠳᠤ ᠤᠯᠤᠰ ᠳᠤᠷᠠᠲᠠᠶ᠎ᠠ ᠠᠽᠢᠶ᠎ᠠ ᠲᠢᠪ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ ᠯᠤᠭ᠎ᠠ ᠪᠦᠬᠦ ᠲᠠᠯ᠎ᠠ ᠶᠢᠨ | ᠬᠠᠮᠲᠤᠷᠠᠯᠴᠠᠭ᠎ᠠ ᠪᠠᠨ ᠴᠢᠨᠠᠭᠰᠢᠳᠠ ᠥᠷᠭᠡᠳᠬᠡᠵᠦ᠂ ᠬᠤᠶᠠᠷ ᠲᠠᠯ᠎ᠠ ᠶᠢᠨ ᠬᠠᠨᠢᠲᠠᠨ ᠤ ᠬᠠᠷᠢᠯᠴᠠᠭ᠎ᠠ ᠪᠠᠨ ᠰᠢᠨ᠎ᠡ ᠳᠡᠭᠲᠡᠷ ᠲᠤ | ᠭᠠᠷᠭᠠᠬᠤ ᠶᠢ ᠠᠬᠢᠭᠤᠯᠤᠨ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠢ ᠨᠡᠩ ᠰᠠᠶᠢᠲᠤᠷ ᠪᠡᠶᠡᠯᠡᠭᠦᠯᠵᠦ᠂ | ᠲᠤᠰ ᠭᠠᠵᠠᠷ ᠣᠷᠣᠨ ᠳᠤ ᠪᠠᠨ ᠨᠡᠩ ᠤᠯᠠᠨ ᠤᠯᠠᠨ ᠨᠡᠶᠢᠲᠡ ᠶᠢᠨ ᠦᠢᠯᠡᠳᠬᠦᠨ ᠬᠠᠩᠭᠠᠨ᠎ᠠ᠃ ᠬᠤᠶᠠᠷ ᠲᠠᠯ᠎ᠠ ᠪᠠᠷ ᠢᠶᠠᠨ | ᠣᠷᠴᠢᠨ ᠲᠣᠭᠤᠷᠢᠨ ᠤ ᠬᠠᠮᠠᠭᠠᠯᠠᠯᠲᠠ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠂ | ᠨᠠᠰᠤᠵᠢᠯ ᠤᠨ ᠠᠰᠠᠷᠠᠮᠵᠢ ᠪᠠ ᠡᠮᠴᠢᠯᠡᠭᠡ ᠵᠡᠷᠭᠡ ᠬᠦᠷᠢᠶᠡᠨ ᠳᠠᠬᠢ ᠪᠡᠯᠡ ᠮᠥᠩᠭᠦᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ | ᠰᠢᠨ᠎ᠡ ᠪᠠᠷ ᠡᠭᠦᠰᠦᠭᠰᠡᠨ ᠠᠵᠤ ᠦᠢᠯᠡᠰ ᠤᠨ ᠬᠥᠭᠵᠢᠯᠲᠡ᠂ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ | ᠥᠭᠡᠷᠡᠴᠢᠯᠡᠯᠲᠡ᠂ ᠨᠠᠰᠤᠵᠢᠯᠲᠠ ᠶᠢ ᠠᠷᠭᠠᠴᠠᠬᠤ ᠵᠡᠷᠭᠡ ᠬᠦᠷᠢᠶᠡᠨ ᠳᠠᠬᠢ ᠮᠡᠳᠡᠯᠭᠡ ᠶᠢᠨ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠦᠨ᠎ᠡ᠃ ᠳᠤᠮᠳᠠᠳᠤ ᠤᠯᠤᠰ ᠳᠤᠷᠠᠲᠠᠶ᠎ᠠ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠬᠥᠭᠵᠢᠵᠦ | ᠪᠠᠶᠢᠭ᠎ᠠ ᠪᠦᠷᠢᠯᠳᠦᠭᠦᠨ ᠯᠦᠭᠡ ᠶᠠᠳᠠᠭᠤ ᠬᠦᠴᠢᠷᠳᠡᠯᠲᠡᠢ ᠬᠥᠮᠥᠨ ᠠᠮᠠ ᠶᠢ ᠪᠠᠭᠠᠰᠬᠠᠬᠤ᠂ ᠳ᠋ᠢᠭᠢᠳ᠋ᠴᠢᠯᠡᠭᠰᠡᠨ ᠠᠵᠤ ᠠᠬᠤᠢ | ᠵᠡᠷᠭᠡ ᠲᠠᠯ᠎ᠠ ᠪᠠᠷ ᠬᠢ ᠠᠰᠢᠭᠲᠠᠢ ᠲᠤᠷᠰᠢᠯᠭ᠎ᠠ ᠪᠠᠨ ᠬᠤᠪᠢᠶᠠᠯᠴᠠᠵᠤ᠂ ᠲᠡᠳᠡᠨ ᠤ ᠥᠷᠢᠰᠦᠯᠳᠦᠭᠡᠨ ᠢ ᠨᠡᠩ ᠰᠠᠶᠢᠲᠤᠷ | ᠠᠷᠭᠠᠴᠠᠵᠤ᠂ ᠦᠷᠭᠦᠯᠵᠢᠯᠡᠬᠦ᠋ᠢᠴᠡ ᠬᠥᠭᠵᠢᠯᠲᠡ ᠪᠠᠨ ᠪᠡᠶᠡᠯᠡᠭᠦᠯᠬᠦ ᠶᠢ ᠨᠢ ᠳᠡᠮᠵᠢᠨ᠎ᠠ ᠭᠡᠵᠡᠢ᠃ | ᠺᠠᠨᠳᠠ ᠮᠠᠰᠠᠲ᠋ᠤ᠋ ᠢᠯᠡᠷᠬᠡᠶᠢᠯᠡᠬᠦ ᠳᠤ ᠪᠠᠨ᠂ ᠣᠳᠣᠬᠠᠨ ᠳᠤ ᠣᠯᠠᠨ ᠤᠯᠤᠰ ᠤᠨ ᠠᠷᠠᠯᠵᠢᠶᠠᠨ ᠤ ᠬᠡᠰᠡᠭᠵᠢᠯᠲᠡ ᠶᠢᠨ | ᠪᠠᠶᠢᠳᠠᠯ ᠰᠢᠷᠦᠭᠦᠰᠴᠦ ᠪᠠᠶᠢᠨ᠎ᠠ᠂ ᠳᠤᠮᠳᠠᠳᠤ ᠤᠯᠤᠰ ᠥᠭᠡᠷᠡᠴᠢᠯᠡᠯᠲᠡ ᠪᠠ ᠥᠨᠳᠥᠷ ᠲᠦᠪᠰᠢᠨ ᠪᠦᠬᠦᠢ ᠭᠠᠳᠠᠭᠠᠳᠤ | ᠨᠡᠭᠡᠭᠡᠯᠲᠡ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠪᠠᠷ ᠴᠢᠷᠮᠠᠶᠢᠬᠤ ᠨᠢ ᠲᠣᠰ ᠪᠡᠶ᠎ᠡ ᠶᠢᠨ ᠠᠵᠤ ᠠᠬᠤᠢ ᠶᠢᠨ | ᠲᠣᠭᠲᠠᠭᠤᠨ ᠨᠡᠮᠡᠭᠳᠡᠯ ᠢ ᠪᠡᠶᠡᠯᠡᠭᠦᠯᠬᠦ ᠪᠠᠷ ᠪᠠᠷᠠᠬᠤ ᠦᠭᠡᠢ᠂ ᠠᠽᠢᠶ᠎ᠠ ᠲᠢᠪ ᠪᠠ ᠪᠥᠬᠦ ᠪᠥᠮᠪᠥᠷᠴᠡᠭ ᠤᠨ ᠠᠵᠤ ᠠᠬᠤᠢ ᠶᠢᠨ | ᠨᠡᠮᠡᠭᠳᠡᠯ ᠢ ᠠᠬᠢᠭᠤᠯᠬᠤ ᠳᠤ ᠴᠤ ᠴᠢᠬᠤᠯᠠ ᠬᠤᠪᠢ ᠨᠡᠮᠡᠷᠢ ᠦᠵᠡᠭᠦᠯᠬᠦ ᠪᠣᠯᠣᠨ᠎ᠠ᠃ ᠠᠽᠢᠶ᠎ᠠ ᠲᠢᠪ ᠤᠨ ᠨᠡᠭᠡᠭᠡᠨ | ᠬᠥᠭᠵᠢᠭᠦᠯᠦᠯᠲᠡ ᠶᠢᠨ ᠪᠠᠩᠬᠢ ᠶᠢᠨ ᠬᠢᠨ ᠳᠤᠮᠳᠠᠳᠤ ᠤᠯᠤᠰ ᠯᠤᠭ᠎ᠠ ᠶᠢᠨ ᠬᠠᠮᠲᠤᠷᠠᠯᠴᠠᠭ᠎ᠠ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠳᠤᠷᠠᠲᠠᠶ᠎ᠠ ᠢᠷᠡᠬᠦ ᠵᠢᠯ ᠳᠠᠬᠢ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠬᠠᠷᠢᠯᠴᠠᠭ᠎ᠠ ᠪᠠᠶᠢᠭᠤᠯᠤᠭᠰᠠᠨ | 40 ᠵᠢᠯ ᠤᠨ ᠤᠢ ᠶᠢ ᠪᠡᠯᠭᠡᠯᠡᠬᠦ ᠪᠠᠷ ᠠᠵᠠ ᠲᠣᠬᠢᠶᠠᠯ ᠪᠣᠯᠭᠠᠨ᠂ ᠳᠤᠮᠳᠠᠳᠤ ᠤᠯᠤᠰ ᠯᠤᠭ᠎ᠠ ᠮᠡᠳᠡᠯᠭᠡ ᠶᠢᠨ ᠰᠢᠨ᠎ᠡ | ᠡᠭᠦᠳᠦᠯᠲᠡ᠂ ᠪᠣᠬᠢᠷᠲᠤᠯ ᠦᠭᠡᠢ ᠬᠥᠭᠵᠢᠯᠲᠡ ᠵᠡᠷᠭᠡ ᠤᠯᠠᠨ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ | ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠬᠥᠭᠵᠢᠯᠲᠡ ᠶᠢ ᠠᠬᠢᠭᠤᠯᠵᠤ᠂ ᠠᠽᠢᠶ᠎ᠠ ᠲᠢᠪ ᠤᠨ ᠨᠡᠭᠡᠭᠡᠨ | ᠬᠥᠭᠵᠢᠭᠦᠯᠦᠯᠲᠡ ᠶᠢᠨ ᠪᠠᠩᠬᠢ ᠶᠢᠨ ᠬᠢᠨ ᠳᠤᠮᠳᠠᠳᠤ ᠤᠯᠤᠰ ᠯᠤᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠴᠠᠭ᠎ᠠ ᠶᠢᠨ | ᠨᠡᠩ ᠥᠨᠳᠥᠷ ᠲᠦᠪᠰᠢᠨ ᠲᠡᠶᠢᠰᠢ ᠠᠬᠢᠬᠤ ᠶᠢ ᠠᠬᠢᠭᠤᠯᠤᠨ᠎ᠠ ᠭᠡᠪᠡ᠃ |