ᠰᠤᠷᠪᠤᠯᠵᠢᠯᠠᠭᠴᠢ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯᠣᠨ ᠲᠤᠭ᠎ᠠ ᠪᠠᠷᠢᠮᠲᠠ ᠶᠢᠨ | ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 2024 ᠣᠨ ᠤ ᠰᠡᠭᠦᠯᠴᠢ ᠠᠴᠠ ᠨᠠᠭᠠᠰᠢ᠂ ᠮᠠᠨ ᠤ | ᠠᠶᠢᠮᠠᠭ ᠤᠨ ᠡᠯ᠎ᠡ ᠱᠠᠲᠤᠨ ᠤ ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠪᠠᠶᠢᠭᠤᠯᠭ᠎ᠠ ᠤᠯᠤᠰ ᠤᠨ ᠬᠢᠨᠠᠯᠲᠠ | ᠬᠠᠮᠢᠶᠠᠷᠤᠯᠲᠠ ᠶᠢᠨ ᠵᠦᠢᠯᠡᠰ ᠤᠨ ᠭᠦᠳᠦᠯᠪᠤᠷᠢ ᠪᠣᠯᠣᠨ ᠣᠷᠣᠨ ᠨᠤᠲᠤᠭ ᠤᠨ ᠭᠦᠳᠦᠯᠪᠦᠷᠢ ᠲᠠᠢ ᠪᠦᠬᠦ ᠲᠠᠯ᠎ᠠ ᠪᠠᠷ | ᠬᠠᠷᠭᠤᠭᠤᠯᠵᠦ᠂ ᠬᠢᠨᠠᠨ ᠬᠠᠮᠢᠶᠠᠷᠬᠤ ᠵᠦᠢᠯᠡᠰ ᠢ ᠨᠢᠭᠡᠳ ᠨᠢᠭᠡ ᠪᠠᠷ ᠡᠮᠬᠢᠯᠡᠨ᠂ ᠬᠢᠨᠠᠯᠲᠠ ᠬᠠᠮᠢᠶᠠᠷᠤᠯᠲᠠ ᠶᠢᠨ | ᠵᠦᠢᠯᠡᠰ ᠢ ᠪᠠᠷᠢᠮᠵᠢᠶᠠᠵᠢᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠬᠥᠳᠡᠯᠦᠩᠭᠦᠢ ᠪᠠᠷ ᠰᠢᠨᠡᠳᠬᠡᠭᠦ | ᠬᠢᠨᠠᠯᠲᠠ ᠬᠠᠮᠢᠶᠠᠷᠤᠯᠲᠠ ᠶᠢᠨ ᠵᠦᠢᠯᠡᠰ ᠤᠨ ᠭᠦᠳᠦᠯᠪᠦᠷᠢ ᠶᠢᠨ ᠨᠠᠷᠢᠨ ᠳᠠᠩᠰᠠ ᠶᠢ ᠪᠦᠷᠢᠯᠳᠦᠭᠦᠯᠵᠡᠢ᠃ | ᠣᠲᠣᠬᠠᠨ ᠪᠣᠯᠲᠠᠯ᠎ᠠ᠂ ᠰᠢᠰᠲ᠋ᠧᠮ ᠲᠠᠢ ᠬᠠᠷᠭᠤᠭᠤᠯᠤᠨ ᠪᠠᠶᠢᠴᠠᠭᠠᠬᠤ ᠪᠠ ᠲᠥᠪᠯᠡᠷᠡᠭᠦᠯᠦᠨ ᠬᠢᠨᠠᠨ | ᠬᠠᠷᠭᠤᠭᠤᠯᠬᠤ ᠪᠠᠷ ᠳᠡᠮᠵᠢᠨ᠂ ᠳᠠᠪᠬᠤᠷᠳᠠᠭᠰᠠᠨ᠂ ᠬᠦᠴᠦᠨ ᠦᠭᠡᠢ ᠪᠣᠯᠤᠭᠰᠠᠨ 188 ᠬᠢᠨᠠᠯᠲᠠ | ᠬᠠᠮᠢᠶᠠᠷᠤᠯᠲᠠ ᠶᠢᠨ ᠵᠦᠢᠯᠡᠰ ᠢ ᠢᠯᠭᠠᠷᠠᠭᠤᠯᠤᠨ ᠳᠢᠭᠯᠡᠵᠦ᠂ 4405 ᠬᠢᠨᠠᠯᠲᠠ ᠬᠠᠮᠢᠶᠠᠷᠤᠯᠲᠠ ᠶᠢᠨ ᠵᠦᠢᠯᠡᠰ ᠢ | ᠬᠥᠳᠡᠯᠦᠩᠭᠦᠢ ᠪᠠᠷ ᠲᠣᠬᠢᠷᠠᠭᠤᠯᠤᠨ ᠰᠢᠯᠢᠳᠡᠭᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠬᠡᠪᠴᠢᠶ᠎ᠡ ᠶᠢ ᠨᠡᠶᠢᠳᠡᠮ | ᠪᠦᠷᠬᠦᠭᠦᠯᠪᠡ᠃ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ | ᠬᠠᠮᠢᠶᠠᠷᠤᠯᠲᠠ ᠶᠢᠨ ᠲᠣᠪᠴᠢᠶ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠶᠢᠨ ᠠᠵᠢᠯᠲᠠᠨ | ᠬᠠᠷᠠᠭᠦᠦ᠄ ︽ᠪᠠᠷᠢᠮᠵᠢᠶᠠᠵᠢᠭᠤᠯᠤᠬᠰᠠᠨ ᠪᠦᠲᠦᠭᠡᠨ ᠪᠠᠶᠢᠭᠤᠯᠤᠯᠲᠠ ᠪᠠᠷ ᠳᠠᠮᠵᠢᠭᠤᠯᠤᠨ᠂ ᠡᠯ᠎ᠡ ᠰᠠᠯᠠᠭ᠎ᠠ ᠮᠥᠴᠢᠷ ᠤᠨ | ᠬᠢᠨᠠᠯᠳᠠ ᠬᠠᠮᠢᠶᠠᠷᠤᠯᠳᠠ ᠶᠢᠨ ᠲᠤᠰᠢᠶᠠᠯ ᠬᠠᠷᠢᠭᠤᠴᠠᠯᠭ᠎ᠠ ᠶᠢᠨ ᠵᠠᠭᠠᠭ ᠬᠢᠵᠠᠭᠠᠷ ᠢ ᠤᠯᠠᠮ ᠲᠣᠳᠣᠷᠬᠠᠢ ᠪᠣᠯᠭᠠᠵᠤ᠂ | ᠬᠢᠨᠠᠨ ᠬᠠᠮᠢᠶᠠᠷᠬᠤ ᠶᠠᠪᠤᠴᠠ ᠶᠢ ᠲᠦᠷᠢᠮᠵᠢᠭᠦᠯᠦᠨ ᠨᠢᠭᠡᠳᠬᠡᠬᠦ᠂ ᠲᠤᠭ᠎ᠠ ᠪᠠᠷᠢᠮᠲᠠ ᠶᠢ ᠬᠠᠷᠢᠯᠴᠠᠨ ᠨᠠᠪᠲᠠᠷᠡᠭᠦᠯᠵᠦ | ᠬᠠᠮᠲᠤ ᠪᠠᠷ ᠡᠳ᠋ᠯᠡᠬᠦ ᠶᠢ ᠠᠬᠢᠭᠤᠯᠪᠠ᠂ ᠬᠢᠨᠠᠯᠳᠠ ᠬᠠᠮᠢᠶᠠᠷᠤᠯᠳᠠ ᠶᠢᠨ ᠵᠦᠢᠯᠡᠰ ᠤᠨ ᠭᠦᠳᠦᠯᠪᠦᠷᠢ ᠶᠢᠨ ᠲᠣᠳᠣᠷᠬᠠᠢ | ᠬᠠᠭᠤᠳᠠᠰᠤ ᠶᠢ ᠬᠥᠳᠡᠯᠦᠩᠭᠦᠢ ᠪᠠᠷ ᠰᠢᠨᠡᠳᠬᠡᠭᠰᠡᠨ ᠨᠢ ︿ᠢᠨᠲ᠋ᠧᠷ ᠰᠦᠯᠵᠢᠶ᠎ᠡ + ᠬᠢᠨᠠᠯᠳᠠ ᠬᠠᠮᠢᠶᠠᠷᠤᠯᠲᠠ﹀ ᠶᠢᠨ | ᠰᠢᠰᠲ᠋ᠧᠮ ᠤᠨ ᠠᠵᠢᠯᠯᠠᠭᠠᠨ᠂ ᠰᠠᠯᠠᠭ᠎ᠠ ᠮᠥᠴᠢᠷ ᠠᠯᠤᠰᠯᠠᠨ ᠬᠠᠮᠵᠢᠯᠴᠠᠨ ᠬᠢᠨᠠᠨ ᠬᠠᠮᠢᠶᠠᠷᠬᠤ ᠵᠢᠴᠢ ᠨᠠᠷᠢᠯᠢᠭ | ᠤᠨᠤᠪᠴᠢᠳᠠᠢ ᠬᠢᠨᠠᠨ ᠬᠠᠮᠢᠶᠠᠷᠬᠤ ᠳᠤ ᠪᠠᠲᠤ ᠪᠠᠬᠢ ᠰᠠᠭᠤᠷᠢ ᠲᠠᠯᠪᠢᠵᠤ᠂ ᠡᠵᠡᠩᠨᠡᠯᠲᠡ ᠶᠢᠨ ᠭᠤᠣᠯ ᠴᠣᠭᠴᠠ ᠶᠢᠨ | ᠳᠠᠷᠤᠭᠠᠰᠤ ᠶᠢ ᠦᠨᠡᠨ ᠬᠦ ᠬᠥᠩᠭᠡᠷᠡᠭᠦᠯᠵᠠᠢ︾ ᠭᠡᠪᠡ᠃ | ᠣᠶᠢᠯᠠᠭᠠᠭᠰᠠᠨ ᠢᠶᠠᠷ᠂ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ | ᠬᠠᠮᠢᠶᠠᠷᠤᠯᠲᠠ ᠶᠢᠨ ᠲᠣᠪᠴᠢᠶ᠎ᠠ ᠨᠢ ᠬᠢᠨᠠᠯᠳᠠ ᠬᠠᠮᠢᠶᠠᠷᠤᠯᠳᠠ ᠶᠢᠨ ᠵᠦᠢᠯᠡᠰ ᠢ ᠪᠠᠷᠢᠮᠵᠢᠶᠠᠵᠢᠭᠤᠯᠬᠤ ᠠᠵᠢᠯ ᠢᠶᠠᠷ | ᠲᠣᠬᠢᠶᠠᠯ ᠪᠣᠯᠭᠠᠨ᠂ ᠬᠢᠨᠠᠯᠳᠠ ᠬᠠᠮᠢᠶᠠᠷᠤᠯᠳᠠ ᠶᠢᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ | ᠭᠦᠳᠦᠯᠪᠦᠷᠢ ᠶᠢᠨ ᠬᠥᠳᠡᠯᠦᠩᠭᠦᠢ ᠬᠠᠮᠢᠶᠠᠷᠤᠯᠲᠠ ᠶᠢ ᠴᠢᠩᠭᠠᠳᠬᠠᠨ᠂ ᠨᠡᠶᠢᠭᠡᠮ ᠤᠨ ᠬᠢᠨᠠᠯᠲᠠ ᠶᠢ ᠴᠢᠩᠭᠠᠳᠬᠠᠵᠤ᠂ | ᠲᠥᠪ ᠭᠤᠥᠯᠴᠢ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠣᠷᠴᠢᠨ ᠨᠦᠭᠦᠴᠡᠯ ᠢ ᠪᠥᠬᠦ ᠬᠦᠴᠦᠨ ᠢᠶᠠᠷ ᠡᠭᠦᠳᠭᠦ | ᠪᠤᠯᠤᠨ᠎ᠠ᠃ | |