ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠪᠠ ᠰᠦᠨ ᠱᠤᠤ ᠴᠧᠩ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2025/3/5
   2 ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠬᠢᠯᠡᠪᠡ᠃    ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠦᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ ᠱᠦᠵᠢ ᠨᠡᠷ ᠤᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠶᠢᠨ ᠪᠢᠴᠢᠭ ᠤᠨ ᠬᠡᠯᠪᠡᠷᠢ ᠶᠢᠨ ᠲᠤᠰᠢᠶᠠᠯ ᠤᠨ ᠮᠡᠳᠡᠭᠦᠯᠦᠯᠲᠡ ᠶᠢ ᠬᠢᠨᠠᠨ ᠦᠵᠡᠬᠦ ᠦᠶ᠎ᠡ ᠳᠤ ᠳᠤᠷᠠᠳᠤᠭᠰᠠᠨ ᠴᠢᠬᠤᠯᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠢᠮᠠᠭᠲᠠ ︽ᠬᠤᠶᠠᠷ ᠢ ᠲᠣᠭᠲᠠᠭᠠᠭᠰᠠᠨ︾ ᠢ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠪᠠᠷ ᠬᠠᠮᠤᠭ ᠤᠨ ᠳᠡᠭᠡᠳᠦ ᠤᠯᠤᠰ ᠲᠥᠷᠥ ᠶᠢᠨ ᠵᠠᠷᠴᠢᠮ ᠪᠠ ᠤᠯᠤᠰ ᠲᠥᠷᠥ ᠶᠢᠨ ᠶᠣᠰᠣ ᠲᠦᠷᠢᠮ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠪᠠᠲᠤᠲᠠᠢ ᠦᠢᠯᠡᠳᠦᠯᠭᠡᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠭᠦᠢᠴᠡᠳᠭᠡᠵᠦ᠂ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠬᠤᠷᠳᠤᠴᠠ ᠶᠢ ᠲᠦᠷᠭᠡᠳᠭᠡᠨ ᠦᠷ᠎ᠡ ᠪᠦᠲᠦᠮᠵᠢ ᠶᠢ ᠲᠡᠭᠡᠭᠰᠢᠯᠡᠭᠦᠯᠦᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠡᠰᠡᠷᠭᠦᠴᠡᠵᠦ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠶᠢ ᠳᠠᠳᠬᠠᠯ ᠪᠠ ᠤᠬᠠᠮᠰᠠᠷ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠥᠬᠦ ᠤᠯᠤᠰ ᠤᠨ ᠨᠡᠶᠢᠭᠡᠮ ᠤᠨ ᠠᠵᠢᠯ ᠤᠨ ᠭᠡᠯᠳᠡᠰ ᠤᠨ ᠲᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ᠨᠡᠶᠢᠭᠡᠮ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠤᠷᠠᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠪᠥᠬᠦ ᠣᠷᠣᠨ ᠤ ᠨᠡᠶᠢᠭᠡᠮ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠡᠯ᠎ᠡ ᠱᠠᠲᠤᠨ ᠤ ᠨᠠᠮ ᠤᠨ ᠬᠤᠷᠢᠶ᠎ᠠ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠨᠡᠶᠢᠭᠡᠮ ᠤᠨ ᠠᠵᠢᠯ ᠤᠨ ᠰᠠᠯᠠᠭ᠎ᠠ ᠮᠥᠴᠢᠷ ᠤᠨ ᠠᠵᠢᠯ ᠢᠶᠠᠨ ᠥᠷᠨᠢᠭᠦᠯᠬᠦ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠢ᠃ ᠡᠯ᠎ᠡ ᠱᠠᠲᠤᠨ ᠤ ᠨᠡᠶᠢᠭᠡᠮ ᠤᠨ ᠠᠵᠢᠯ ᠤᠨ ᠰᠠᠯᠠᠭ᠎ᠠ ᠮᠥᠴᠢᠷ ᠪᠣᠳᠠᠲᠤ ᠳᠠᠶᠢᠯᠠᠯᠳᠤᠭᠠᠨ ᠠᠴᠠ ᠡᠭᠦᠰᠴᠦ᠂ ᠠᠵᠢᠯ ᠤᠨ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠴᠦ᠂ ᠠᠵᠢᠯ ᠤᠨ ᠲᠥᠷᠥᠯ ᠲᠡᠮᠳᠡᠭ ᠢ ᠠᠯᠳᠠᠷᠰᠢᠭᠤᠯᠵᠤ᠂ ᠨᠡᠶᠢᠭᠡᠮ ᠤᠨ ᠵᠠᠰᠠᠯᠲᠠ ᠶᠢᠨ ᠰᠢᠯᠢᠳᠡᠭ ᠦᠷ᠎ᠡ ᠪᠦᠲᠦᠮᠵᠢ ᠪᠠᠷ ᠥᠪᠡᠷᠲᠡᠭᠡᠨ ᠵᠠᠰᠠᠬᠤ ᠣᠷᠣᠨ ᠤ ᠡᠬᠡ ᠤᠯᠤᠰ ᠤᠨ ︽ᠤᠮᠠᠷᠠᠲᠤ ᠶᠡᠭᠡ ᠬᠠᠭᠠᠯᠭ᠎ᠠ︾ ᠶᠢ ᠰᠠᠶᠢᠲᠤᠷ ᠰᠠᠬᠢᠵᠤ᠂ ᠨᠡᠶᠢᠰᠯᠡᠯ ᠤᠨ ᠰᠠᠶᠢᠨ ︽ᠬᠠᠮᠠᠭᠠᠯᠠᠯᠲᠠ ᠶᠢᠨ ᠭᠤᠤᠯ︾ ᠪᠣᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠬᠢᠨᠠᠯᠲᠠ ᠶᠢ ᠨᠡᠪᠲᠡᠷᠡᠭᠦᠯᠦᠨ ᠵᠣᠬᠢᠴᠠᠭᠤᠯᠬᠤ ᠠᠵᠢᠯ ᠤᠨ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠡᠯ᠎ᠡ ᠲᠦᠷᠦᠯ ᠤᠨ ᠬᠢᠨᠠᠯᠲᠠ ᠶᠢ ᠨᠡᠪᠲᠡᠷᠡᠭᠦᠯᠦᠨ ᠵᠣᠬᠢᠴᠠᠭᠤᠯᠬᠤ ᠶᠢ ᠠᠬᠢᠭᠤᠯᠬᠤ ᠲᠤᠬᠠᠢ ᠠᠵᠢᠯ ᠤᠨ ᠠᠷᠭ᠎ᠠ︾ ᠶᠢ ᠬᠢᠨᠠᠨ ᠵᠥᠪᠯᠡᠵᠦ᠂ ᠬᠢᠨᠠᠯᠲᠠ ᠲᠠᠯᠪᠢᠬᠤ ᠲᠣᠣᠷ ᠢ ᠤᠯᠠᠮ ᠨᠢᠭᠡ ᠠᠯᠬᠤᠮ ᠨᠢᠭᠲᠠ ᠰᠦᠯᠵᠢᠵᠦ᠂ ᠪᠦᠲᠦᠮᠵᠢᠲᠡᠢ ᠬᠢᠨᠠᠯᠲᠠ ᠪᠠᠷ ᠠᠵᠢᠯ ᠢᠶᠠᠨ ᠵᠢᠷᠤᠮᠵᠢᠭᠤᠯᠵᠤ᠂ ᠺᠠᠳ᠋ᠷ ᠤᠨ ᠠᠵᠢᠯᠯᠠᠭ᠎ᠠ ᠶᠢ ᠬᠢᠵᠠᠭᠠᠷᠯᠠᠬᠤ ᠬᠡᠷᠡᠭᠲᠡᠢ᠃ ᠨᠡᠪᠲᠡᠷᠡᠭᠦᠯᠦᠨ ᠵᠣᠬᠢᠴᠠᠭᠤᠯᠬᠤ ᠶᠢ ᠴᠢᠩᠭᠠᠳᠬᠠᠬᠤ ᠲᠠᠯ᠎ᠠ ᠪᠠᠷ ᠨᠡᠩ ᠶᠡᠭᠡ ᠬᠦᠴᠦ ᠣᠷᠣᠭᠤᠯᠵᠤ᠂ ᠡᠯ᠎ᠡ ᠲᠠᠯ᠎ᠠ ᠶᠢᠨ ᠬᠢᠨ ᠠᠰᠠᠭᠤᠳᠠᠯ ᠤᠨ ᠰᠦᠪᠡᠭᠴᠢ ᠶᠢ ᠰᠠᠨᠠᠭᠠᠴᠢᠯᠠᠭ᠎ᠠ ᠠᠴᠠ ᠪᠠᠨ ᠬᠤᠪᠢᠶᠠᠯᠴᠠᠵᠤ᠂ ᠬᠦᠴᠦ ᠪᠠᠨ ᠬᠠᠮᠲᠤᠳᠬᠠᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ︽ᠨᠢᠭᠡ ᠱᠤᠭᠤᠮ︾ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠰᠠᠶᠢᠲᠤᠷ ᠬᠡᠷᠡᠭᠯᠡᠵᠦ᠂ ᠡᠯ᠎ᠡ ᠱᠠᠲᠤᠨ ᠤ ᠬᠢᠨ ᠢ ᠱᠠᠯᠠᠪᠳᠠᠭᠤᠯᠤᠨ ᠠᠰᠠᠭᠤᠳᠠᠯ ᠢ ᠪᠣᠳᠠᠲᠠᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠴᠢᠩᠭᠠᠳᠬᠠᠵᠤ᠂ ᠲᠣᠭᠲᠠᠴᠠ ᠶᠢᠨ ᠠᠵᠢᠯᠯᠠᠭᠠᠨ ᠢ ᠨᠡᠪᠲᠡᠷᠡᠭᠦᠯᠬᠦ ᠳᠤᠮᠳᠠᠬᠢ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠴᠢᠩᠭ᠎ᠠ ᠠᠩᠬᠠᠷᠴᠤ᠂ ᠬᠤᠯᠪᠣᠭᠳᠠᠯ ᠪᠦᠬᠦᠢ ᠲᠦᠷᠢᠮ ᠢ ᠴᠠᠭ ᠲᠤᠬᠠᠢ ᠳᠤᠨᠢ ᠲᠡᠭᠦᠯᠳᠡᠷᠵᠢᠭᠦᠯᠵᠦ᠂ ᠬᠢᠨᠠᠯᠲᠠ ᠲᠠᠯᠪᠢᠬᠤ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ 2024 ᠣᠨ ᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ ᠠᠵᠢᠯ ᠤᠨ ᠭᠤᠣᠯᠳᠠᠯᠭ᠎ᠠ︾ ᠶᠢ ᠬᠢᠨᠠᠨ ᠵᠥᠪᠯᠡᠵᠦ᠂ ᠡᠯ᠎ᠡ ᠱᠠᠲᠤᠨ ᠤ ᠬᠢᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠬᠦ ᠬᠡᠷᠡᠭᠲᠡᠢ᠃ ︽ᠬᠤᠶᠠᠷ ᠢ ᠬᠠᠮᠠᠭᠠᠯᠠᠬᠤ︾ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠵᠤ᠂ ᠶᠠᠮᠠᠷᠪᠠ ᠠᠵᠢᠯ ᠢ ᠤᠬᠠᠭᠠᠯᠠᠨ ᠲᠦᠯᠦᠪᠯᠡᠬᠦ ᠳᠡᠭᠡᠨ ᠴᠥᠮ ᠨᠠᠮ ᠤᠨ ᠲᠥᠪ ᠬᠤᠷᠢᠶ᠎ᠠ ᠶᠢᠨ ᠵᠣᠷᠢᠭ ᠰᠠᠨᠠᠭ᠎ᠠ ᠪᠠᠷ ᠪᠠᠷᠢᠮᠵᠢᠶᠠᠯᠠᠵᠤ᠂ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠠᠴᠠ ᠶᠠᠭᠠᠬᠢᠵᠤ ᠱᠠᠭᠠᠷᠳᠠᠭᠰᠠᠨ ᠪᠣᠯ ᠲᠡᠭᠡᠵᠦ ᠬᠢᠬᠦ ᠬᠡᠷᠡᠭᠲᠡᠢ᠃ ᠨᠠᠮ ᠤᠨ ᠰᠢᠨ᠎ᠡ ᠡᠭᠦᠳᠦᠯᠲᠡ ᠶᠢᠨ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠤᠨᠤᠯ ᠤᠨ ᠰᠤᠷᠤᠯᠴᠠᠯᠭ᠎ᠠ ᠪᠠ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠶᠢ ᠠᠭᠤᠰᠤᠯᠴᠠᠭᠤᠯᠤᠨ ᠠᠬᠢᠭᠤᠯᠵᠤ᠂ ᠨᠠᠮ ᠤᠨ ᠭᠡᠰᠢᠭᠦᠨ᠂ ᠺᠠᠳ᠋ᠷ ᠢ ᠬᠦᠳᠦᠯᠦᠨ ᠵᠢᠯᠣᠭᠤᠳᠴᠤ ᠪᠠᠶᠢᠭᠠᠳ ᠡᠳᠦᠷ ᠳᠤᠳᠤᠮ ᠤᠨ ᠰᠤᠷᠤᠯᠴᠠᠯᠭ᠎ᠠ ᠶᠢᠨ ᠳᠠᠳᠬᠠᠯ ᠲᠠᠢ ᠪᠣᠯᠭᠠᠵᠤ᠂ ᠲᠦᠷᠦ ᠶᠢᠨ ᠪᠤᠳᠤᠯᠭ᠎ᠠ ᠶᠢᠨ ᠤᠨᠤᠯ ᠤᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠲᠥᠷᠥ ᠶᠢᠨ ᠪᠣᠳᠣᠯᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠤᠳᠤᠷᠢᠳᠬᠤ ᠺᠠᠳ᠋ᠷ ᠤᠨ ᠳᠡᠪᠰᠢᠵᠦ ᠪᠠᠭᠤᠵᠤ ᠪᠦᠷ ᠪᠣᠯᠬᠤ ᠶᠢ ᠪᠠᠶᠢᠩᠭᠤᠵᠢᠭᠤᠯᠬᠤ ᠶᠢ ᠠᠬᠢᠭᠤᠯᠵᠤ᠂ ︽ᠪᠠᠭᠤᠬᠤ︾ ᠶᠢᠨ ᠰᠡᠷᠡᠮᠵᠢᠯᠡᠭᠦᠯᠬᠦ ᠦᠢᠯᠡᠳᠦᠯ ᠢ ᠨᠠᠩ ᠰᠠᠶᠢᠲᠤᠷ ᠪᠠᠳᠠᠷᠠᠭᠤᠯᠬᠤ ᠬᠡᠷᠡᠭᠲᠡᠶ᠃ ᠨᠠᠮ ᠢ ᠬᠠᠮᠢᠶᠠᠷᠴᠤ ᠨᠠᠮ ᠢ ᠵᠠᠰᠠᠬᠤ ᠪᠠ ᠨᠡᠶᠢᠭᠡᠮ ᠤᠨ ᠬᠡᠮ ᠰᠣᠭᠤᠭ ᠢ ᠴᠡᠭᠴᠡᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠰᠢᠯᠢᠳᠡᠭ ᠨᠠᠮ ᠤᠨ ᠰᠤᠷᠲᠠᠯ ᠵᠠᠰᠠᠭ ᠤᠨ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠤᠨ ᠰᠠᠶᠢᠵᠢᠷᠠᠯᠳᠠ ᠶᠢ ᠳᠠᠶᠢᠴᠢᠯᠠᠬᠤ ᠬᠡᠷᠡᠭᠲᠡᠢ᠃ ᠢᠯᠵᠢᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶᠢᠷᠡᠭᠦᠯᠵᠦ ᠭᠤᠣᠯᠳᠠᠯᠭ᠎ᠠ ᠲᠠᠢ ᠬᠦᠷᠢᠶᠡᠨ ᠳᠠᠬᠢ ᠢᠯᠵᠢᠷᠠᠯ ᠢ ᠴᠢᠩᠭ᠎ᠠ ᠵᠠᠯᠬᠠᠭᠠᠨ ᠰᠢᠢᠳᠭᠡᠵᠦ᠂ ︽ᠪᠠᠭ᠎ᠠ ᠱᠠᠮᠰᠢᠯ ᠪᠢᠴᠢᠯ ᠢᠯᠵᠢᠷᠠᠯ︾ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号