ᠣᠷᠴᠢᠮ ᠰᠢᠯᠢ ᠶᠢᠨ ᠭᠤᠣᠯ ᠠᠶᠢᠮᠠᠭ ᠤᠨ 2025 ᠣᠨ ᠤ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ | ᠭᠠᠵᠠᠷ ᠤᠨ ᠰᠥᠨᠥᠭᠡᠯᠲᠠ ᠶᠢᠨ ᠲᠠᠶᠢᠯᠠᠯᠳᠤᠭᠠᠨ ᠰᠢᠯᠢ ᠶᠢᠨ ᠬᠤᠲᠠ ᠶᠢᠨ ᠪᠠᠶᠠᠠᠬᠦ᠋ᠷᠢᠶᠠ ᠮᠠᠯᠵᠢᠯ ᠤᠨ ᠲᠠᠯᠠᠪᠠᠢ ᠶᠢᠨ | ᠰᠠᠭᠦᠰᠤᠲᠠᠢ ᠬᠤᠪᠢᠶᠠᠷᠢ ᠲᠠᠯᠠᠪᠠᠢ ᠳᠤ ᠡᠬᠢᠯᠡᠵᠦ᠂ ᠰᠢᠨ᠎ᠡ ᠨᠢᠭᠡ ᠡᠭᠡᠯᠵᠢ ᠶᠢᠨ ᠡᠯᠡᠰᠦᠷᠭᠡᠭᠵᠢᠯ ᠢ ᠰᠡᠷᠭᠡᠶᠢᠯᠡᠠ | ᠡᠯᠡᠰᠦ ᠶᠢ ᠵᠠᠰᠠᠬᠤ ᠳᠠᠶᠢᠯᠠᠯᠳᠤᠭᠠᠨ ᠪᠦᠬᠦ ᠲᠠᠯ᠎ᠠ ᠪᠠᠷ ᠦᠷᠨᠢᠭᠰᠡᠨ ᠪᠠᠶᠢᠨ᠎ᠠ᠃ ᠡᠨᠡ ᠵᠢᠯ ᠮᠠᠨ ᠤ ᠠᠶᠢᠮᠠᠭ 19.05 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 566 ᠲᠦᠮᠡᠨ ᠮᠦ ᠶᠢᠨ ᠡᠯᠡᠰᠦᠷᠬᠡᠭ ᠭᠠᠵᠠᠷ ᠢ ᠵᠠᠰᠠᠬᠤ ᠪᠠᠷ | ᠲᠥᠯᠥᠪᠯᠡᠪᠡ᠃ | ᠲᠤᠬᠠᠢ ᠶᠢᠨ ᠲᠠᠯᠠᠪᠠᠢ ᠳᠤ᠂ ᠴᠢᠬᠢ ᠮᠣᠳᠣ ᠶᠢ ᠳᠡᠭᠦᠵᠢᠯᠡᠨ ᠵᠥᠭᠡᠭᠡᠪᠦᠷᠢᠯᠡᠬᠦ ᠵᠢᠯᠣᠭᠤᠴᠢ ᠦᠭᠡᠢ ᠨᠢᠰᠬᠡᠯ᠂ | ᠡᠯ᠎ᠡ ᠲᠦᠷᠦᠯ ᠤᠨ ᠡᠯᠡᠰᠦ ᠶᠢ ᠵᠠᠰᠠᠬᠤ ᠰᠢᠨ᠎ᠡ ᠮᠠᠶ᠋ᠢᠭ ᠤᠨ ᠮᠠᠰᠢᠨ ᠲᠦᠬᠦᠭᠡᠷᠦᠮᠵᠢ ᠶᠠᠭᠠᠷᠠᠯᠲᠠᠢ ᠠᠵᠢᠯᠯᠠᠵᠦ᠂ 550 | ᠭᠠᠷᠤᠢ ᠨᠠᠮ ᠤᠨ ᠭᠡᠰᠢᠭᠦᠨ ᠺᠠᠳ᠋ᠷ ᠠᠵᠢᠯᠲᠠᠨ᠂ ᠮᠠᠯᠴᠢᠨ ᠲᠦᠮᠡᠨ᠂ ᠡᠷᠦᠭᠡ ᠶᠢᠨ ᠴᠡᠷᠢᠭ᠂ ᠰᠠᠶᠢᠨ ᠳᠤᠷᠠᠴᠦᠦᠯ | ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠷᠴᠢ ᠵᠣᠷᠢᠭ ᠢᠶᠠᠨ ᠬᠦᠪᠴᠢᠯᠡᠨ᠂ ᠮᠡᠷᠭᠡᠵᠢᠯ ᠤᠨ ᠠᠵᠢᠯᠲᠠᠨ ᠤ | ᠵᠢᠯᠣᠭᠤᠳᠤᠯᠭ᠎ᠠ ᠳᠣᠣᠷ᠎ᠠ᠂ ᠱᠤᠭᠤᠮ ᠵᠢᠷᠤᠵᠤ᠂ ᠨᠦᠬᠡ ᠮᠠᠯᠲᠠᠠ᠂ ᠴᠢᠬᠢ ᠮᠤᠳᠦ ᠰᠠᠭᠤᠯᠭᠠᠨ᠎ᠠ᠃ | ︽ᠣᠳᠣᠬᠠᠨ ᠳᠤ ᠶᠠᠭ ᠰᠠᠶᠢᠬᠠᠨ ᠰᠢᠷ᠎ᠠ ᠪᠤᠷᠭᠠᠰᠤ ᠪᠠᠷ 4 ᠮᠧᠲᠷ × 4 ᠮᠧᠲᠷ ᠤᠨ ᠡᠯᠡᠰᠦᠨ | ᠬᠠᠯᠬᠠᠪᠴᠢ ᠶᠢ ᠪᠣᠰᠬᠠᠵᠤ ᠪᠠᠶᠢᠨ᠎ᠠ᠂ ᠰᠢᠷ᠎ᠠ ᠪᠤᠷᠭᠠᠰᠤ ᠪᠣᠯ ᠰᠠᠯᠬᠢ ᠶᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ | ᠮᠣᠳᠣᠨ ᠤ ᠲᠥᠷᠥᠯ ᠪᠠᠶᠢᠵᠦ᠂ ᠳᠠᠷᠢᠵᠤ ᠤᠷᠭᠤᠭᠤᠯᠤᠭᠰᠠᠨ ᠤ ᠳᠠᠷᠠᠭᠠᠬᠢ 3 ᠵᠢᠯ ᠤᠨ ᠳᠣᠲᠣᠷ᠎ᠠ ᠡᠯᠡᠰᠦ ᠶᠢ | ᠲᠣᠭᠲᠠᠪᠤᠷᠢᠵᠢᠭᠤᠯᠤᠨ ᠨᠣᠭᠤᠭᠠᠷᠠᠭᠤᠯᠤᠯᠲᠠ ᠶᠢ ᠰᠡᠷᠭᠦᠬᠡᠬᠦ ᠬᠠᠷᠠᠯᠲᠠ ᠳᠠᠭᠠᠨ ᠬᠦᠷᠴᠦ ᠲᠡᠶᠢᠯᠳᠡᠭ᠃︾ ᠰᠢᠯᠢ ᠶᠢᠨ | ᠬᠤᠲᠠ ᠶᠢᠨ ᠨᠤᠲᠤᠭ ᠪᠡᠯᠴᠢᠭᠡᠷ ᠤᠨ ᠠᠵᠢᠯᠯᠠᠬᠤ ᠥᠷᠲᠡᠭᠡᠨ ᠤ ᠳᠠᠷᠤᠭ᠎ᠠ ᠰᠠᠴᠤᠷᠠ ᠲᠠᠨᠢᠯᠴᠠᠭᠤᠯᠬᠤ ᠳᠠᠭᠠᠨ᠄ ︽ | ᠡᠨᠡ ᠵᠢᠯ ᠰᠢᠯᠢ ᠶᠢᠨ ᠬᠤᠲᠠ ︿ᠤᠮᠠᠷᠠᠲᠤ ᠶᠢᠨ ᠭᠤᠷᠪᠠᠨ ᠣᠷᠣᠨ﹀ ᠤ ᠢᠨᠵᠧᠨᠧᠷᠢᠩ ᠤᠢ ᠰᠢᠭᠤᠢ ᠨᠤᠳᠤᠭ | ᠪᠡᠯᠴᠢᠭᠡᠷ ᠨᠤᠭᠤ ᠭᠠᠵᠠᠷ ᠴᠦᠯᠯᠡᠷᠭᠡᠭᠵᠢᠯ ᠢ ᠬᠠᠮᠠᠭᠠᠯᠠᠵᠤ ᠵᠠᠰᠠᠨ ᠰᠡᠷᠭᠦᠭᠡᠭᠦ᠂ ᠬᠤᠯᠠᠨ ᠰᠢᠷᠭ᠎ᠠ ᠳᠠᠭ᠎ᠠ ᠶᠢᠨ | ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ᠂ ᠡᠯᠡᠰᠦᠷᠭᠡᠭᠵᠢᠯ ᠢ ᠰᠡᠷᠭᠡᠶᠢᠯᠡᠠ ᠡᠯᠡᠰᠦ ᠶᠢ ᠵᠠᠰᠠᠬᠤ ᠪᠠ ᠰᠠᠯᠬᠢᠨ | ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠲᠦᠷᠦᠯ ᠵᠦᠢᠯ ᠢ ᠭᠦᠨᠵᠡᠭᠡᠢ ᠬᠡᠷᠡᠭᠵᠢᠭᠦᠯᠵᠦ᠂ ᠣᠨ ᠤ ᠵᠠᠰᠠᠯᠲᠠ ᠶᠢᠨ | ᠡᠭᠦᠷᠭᠡ ᠶᠢ 38.5 ᠲᠦᠮᠡᠨ ᠮᠦ ᠪᠡᠶᠡᠯᠡᠭᠦᠯᠬᠦ ᠪᠠᠷ ᠪᠠᠶᠢᠨ᠎ᠠ︾ ᠭᠡᠵᠠᠢ᠃ | ᠲᠦᠷᠦᠯ ᠵᠦᠢᠯ ᠤᠨ ᠵᠠᠰᠠᠯᠲᠠ ᠶᠢᠨ ᠣᠷᠣᠨ ᠳᠤ᠂ 60 ᠭᠠᠷᠤᠢ ᠲᠤᠰᠬᠠᠢ ᠬᠤᠷᠰᠢᠶᠠᠵᠢᠯ ᠤᠨ ᠲᠥ᠋ᠯᠥᠭᠡᠯᠡᠭᠴᠢ | ᠮᠠᠯᠴᠢᠳ ᠲᠠᠢ ᠳᠤᠭᠤᠶᠢᠯᠠᠩ ᠬᠤᠪᠢᠶᠠᠨ ᠬᠠᠮᠵᠢᠯᠴᠠᠨ ᠠᠵᠢᠯᠯᠠᠵᠠᠭᠠᠨ᠎ᠠ᠃ ︽ᠣᠯᠠᠨ ᠵᠢᠯ ᠤᠨ ᠵᠠᠰᠠᠯᠲᠠ ᠪᠠᠷ | ᠳᠡᠮᠵᠢᠭᠠᠳ᠂ ᠢᠯᠠᠩᠭᠤᠶ᠎ᠠ ᠨᠢᠳᠤᠨᠤᠨ ᠠᠴᠠ ᠨᠠᠭᠠᠰᠢ ᠡᠯ᠎ᠡ ᠵᠦᠢᠯ ᠤᠨ ᠠᠮᠢ ᠠᠬᠤᠢ ᠶᠢᠨ ᠵᠠᠰᠠᠯᠲᠠ ᠶᠢᠨ ᠲᠥᠷᠥᠯ | ᠵᠦᠢᠯ ᠢ ᠬᠡᠷᠡᠭᠵᠢᠭᠦᠯᠦᠭᠰᠡᠨ ᠢᠶᠠᠷ ᠭᠠᠴᠠᠭᠠᠨ ᠤ 8 ᠲᠦᠮᠡ ᠭᠠᠷᠤᠢ ᠮᠦ ᠡᠯᠡᠰᠦᠷᠬᠡᠭ ᠭᠠᠵᠠᠷ ᠤᠨ ᠵᠠᠰᠠᠯᠲᠠ ᠢᠯᠡᠳᠲᠡ | ᠦᠷ᠎ᠠ ᠪᠦᠲᠦᠮᠵᠢ ᠤᠯᠵᠦ᠂ ᠠᠮᠢ ᠠᠬᠤᠢ ᠣᠷᠴᠢᠨ ᠲᠤᠭᠤᠷᠢᠨ ᠰᠠᠶᠢᠵᠢᠷᠠᠭᠰᠠᠨ ᠢᠶᠠᠷ ᠪᠠᠷᠠᠬᠤ ᠦᠬᠡᠢ ᠪᠢᠳᠡᠨ ᠤ | ᠣᠷᠣᠯᠭ᠎ᠠ ᠴᠤ ᠨᠡᠮᠡᠭᠳᠡᠵᠡᠢ᠂ ᠨᠢᠳᠤᠨᠤᠨ ᠬᠤᠷᠰᠢᠶᠠᠵᠢᠯ ᠤᠨ 30 ᠭᠠᠷᠤᠢ ᠭᠡᠰᠢᠭᠦᠨ ︿ᠠᠵᠢᠯ ᠣᠯᠭᠤᠯᠲᠠ ᠪᠠᠷ | ᠲᠡᠳᠬᠦᠮᠵᠢ ᠶᠢ ᠣᠷᠣᠯᠠᠭᠤᠯᠬᠤ﹀ ᠪᠠᠷ ᠳᠡᠮᠵᠢᠨ ᠡᠯᠡᠰᠦᠷᠬᠡᠭ ᠭᠠᠵᠠᠷ ᠤᠨ ᠵᠠᠰᠠᠯᠲᠠ ᠳᠤ ᠣᠷᠣᠯᠴᠠᠵᠤ᠂ ᠬᠥᠮᠥᠨ | ᠳᠤᠮᠳᠠᠴᠢ ᠶᠢᠨ ᠣᠷᠣᠯᠭ᠎ᠠ ᠪᠠᠨ 1.2 ᠲᠦᠮᠡᠨ ᠲᠥᠭᠦᠷᠢᠭ ᠨᠡᠮᠡᠭᠳᠡᠬᠦᠯᠪᠡ᠃ ᠡᠯᠡᠰᠦᠷᠬᠡᠭ ᠭᠠᠵᠠᠷ ᠢ ᠵᠠᠰᠠᠬᠤ᠂ ᠲᠠᠯ᠎ᠠ | ᠨᠤᠲᠤᠭ ᠤᠨ ᠠᠮᠢ ᠠᠬᠤᠢ ᠶᠢ ᠬᠠᠮᠠᠭᠠᠯᠠᠬᠤ ᠪᠣᠯ ᠮᠠᠯᠴᠢᠳ ᠤᠨ ᠵᠠᠶᠢᠯᠠᠭᠤᠯᠵᠤ ᠪᠣᠯᠣᠰᠢ ᠦᠭᠡᠢ ᠬᠠᠷᠢᠭᠤᠴᠠᠯᠭ᠎ᠠ | ᠮᠥᠨ᠂ ᠪᠢᠳᠡ ᠥᠩᠭᠡᠷᠡᠭᠰᠡᠨ ᠲᠠᠢ ᠪᠠᠨ ᠠᠳᠠᠯᠢ ᠪᠠᠷ ᠡᠯᠡᠰᠦ ᠶᠢ ᠵᠠᠰᠠᠬᠤ ᠲᠦᠷᠦᠯ ᠵᠦᠢᠯ ᠤᠨ ᠵᠠᠰᠠᠯᠲᠠ ᠳᠤ | ᠣᠷᠣᠯᠴᠠᠵᠤ᠂ ᠡᠯᠡᠰᠦᠷᠬᠡᠭ ᠭᠠᠵᠠᠷ ᠢ ᠨᠣᠭᠤᠭᠠᠨ ᠪᠦᠷᠢᠳᠦ ᠪᠣᠯᠭᠠᠬᠤ ᠪᠠᠷ ᠴᠢᠷᠮᠠᠶᠢᠨ ᠠᠵᠢᠯᠯᠠᠨ᠎ᠠ︾ ᠭᠡᠵᠦ | ᠪᠠᠶᠠᠠᠬᠦ᠋ᠷᠢᠶᠠ ᠮᠠᠯᠵᠢᠯ ᠤᠨ ᠲᠠᠯᠠᠪᠠᠢ ᠶᠢᠨ ᠪᠠᠶ᠋ᠬᠠᠠᠭᠤᠯᠠ ᠬᠤᠪᠢᠶᠠᠷᠢ ᠲᠠᠯᠠᠪᠠᠢ ᠶᠢᠨ ᠶᠠᠩ ᠬᠠᠢ ᠱᠧᠩ | ᠣᠶᠢᠵᠢᠭᠤᠯᠤᠯᠲᠠ ᠶᠢᠨ ᠬᠤᠷᠰᠢᠶᠠᠵᠢᠯ ᠤᠨ ᠬᠠᠷᠢᠭᠤᠴᠠᠯᠭᠠᠲᠠᠨ ᠸᠧᠢ ᠶᠦᠩ ᠯᠢᠶᠠᠩ ᠶᠠᠷᠢᠯ᠎ᠠ᠃ | ᠨᠢᠳᠤᠨᠤᠨ ᠵᠢᠯ᠂ ᠮᠠᠨ ᠤ ᠠᠶᠢᠮᠠᠭ ᠡᠯᠡᠰᠦᠷᠭᠡᠭᠵᠢᠯ ᠢ ᠰᠡᠷᠭᠡᠶᠢᠯᠡᠠ ᠡᠯᠡᠰᠦ ᠶᠢ ᠵᠠᠰᠠᠬᠤ ᠠᠵᠢᠯ ᠢ ᠪᠥᠬᠦ | ᠠᠶᠢᠮᠠᠭ ᠤᠨ ︽ᠲᠡᠷᠢᠭᠦᠨ ᠢᠨᠵᠧᠨᠧᠷᠢᠩ︾ ᠪᠠ ︽ᠨᠢᠭᠡᠳᠦᠭᠡᠷ ᠭᠠᠷ ᠤᠨ ᠢᠨᠵᠧᠨᠧᠷᠢᠩ︾ ᠪᠣᠯᠭᠠᠵᠤ᠂ ᠬᠤᠯᠠᠨ | ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠠ ᠶᠢᠨ ᠲᠠᠶᠢᠯᠠᠯᠳᠤᠭᠠᠨ ᠢ ᠪᠥᠬᠦ ᠬᠦᠴᠦᠨ ᠢᠶᠠᠷ | ᠠᠬᠢᠭᠤᠯᠵᠤ᠂ 378.55 ᠲᠦᠮᠡᠨ ᠮᠦ ᠡᠯᠡᠰᠦᠷᠬᠡᠭ ᠭᠠᠵᠠᠷ ᠢ ᠵᠠᠰᠠᠵᠤ᠂ ᠥᠪᠡᠷᠲᠡᠭᠡᠨ ᠵᠠᠰᠠᠬᠤ ᠣᠷᠣᠨ ᠤ | ᠪᠠᠭᠤᠯᠭᠠᠭᠰᠠᠨ ᠡᠭᠦᠷᠭᠡ ᠶᠢ 106.9% ᠪᠠᠷ ᠪᠡᠶᠡᠯᠡᠭᠦᠯᠵᠡᠢ᠃ ︽ᠠᠵᠢᠯ ᠣᠯᠭᠤᠯᠲᠠ ᠪᠠᠷ ᠲᠡᠳᠬᠦᠮᠵᠢ ᠶᠢ | ᠣᠷᠣᠯᠠᠭᠤᠯᠬᠤ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ︾ ᠵᠡᠷᠭᠡ ᠵᠠᠭᠪᠤᠷ ᠢᠶᠠᠷ ᠳᠡᠮᠵᠢᠨ᠂ ᠨᠡᠶᠢᠲᠡ | 137 ᠮᠠᠯᠴᠢᠨ ᠲᠠᠷᠢᠶᠠᠴᠢᠨ ᠤ ᠬᠤᠷᠰᠢᠭᠰᠠᠨ ᠵᠣᠬᠢᠶᠠᠨ ᠪᠠᠶᠢᠭᠤᠯᠤᠯᠲᠠ ᠶᠢᠨ 6000 ᠭᠠᠷᠤᠢ ᠮᠠᠯᠴᠢᠨ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠵᠤ᠂ | ᠬᠥᠮᠥᠨ ᠳᠤᠮᠳᠠᠴᠢ ᠶᠢᠨ ᠣᠷᠣᠯᠭ᠎ᠠ ᠪᠠᠨ 1.2 ᠲᠦᠮᠡᠨ ᠲᠥᠭᠦᠷᠢᠭ ᠨᠡᠮᠡᠭᠳᠡᠬᠦᠯᠵᠠᠢ᠃ | ᠡᠨᠡ ᠵᠢᠯ᠂ ᠮᠠᠨ ᠤ ᠠᠶᠢᠮᠠᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢᠶᠠᠨ ᠭᠦᠢᠴᠡᠳ | ᠪᠠᠳᠠᠷᠠᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠦᠪᠡᠭᠴᠢᠯᠡᠨ ᠦᠢᠯᠡᠳᠦᠯᠭᠡᠵᠢᠭᠦᠯᠵᠦ᠂ | ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠠ ᠶᠢᠨ ᠲᠠᠶᠢᠯᠠᠯᠳᠤᠭᠠᠨ ᠤ ᠲᠥᠷᠥᠯ ᠵᠦᠢᠯ ᠤᠨ | ᠢᠨᠵᠧᠨᠧᠷᠢᠩ ᠢ ᠴᠢᠨᠠᠷ ᠰᠠᠶᠢᠲᠠᠢ ᠠᠬᠢᠭᠤᠯᠤᠨ᠎ᠠ᠃ ︽ᠢᠨᠵᠧᠨᠧᠷᠢᠩ ᠤᠨ ᠲᠥᠯᠦᠪᠵᠢᠭᠦᠯᠭᠡ ᠪᠣᠯᠣᠨ ᠬᠡᠷᠡᠭᠵᠢᠭᠦᠯᠬᠦ | ᠶᠠᠪᠤᠴᠠ ᠳᠤ᠂ ᠪᠢᠳᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠡᠯᠡᠰᠦ ᠶᠢ ᠵᠠᠰᠠᠬᠤ ᠶᠢ ᠪᠦᠬᠦ ᠶᠠᠪᠤᠴᠠ ᠳᠤ | ᠲᠤᠭᠤᠰᠢᠯᠠᠭᠤᠯᠵᠦ᠂ ᠪᠠᠶᠢᠷᠢᠰᠢᠭᠤᠯᠤᠯᠲᠠ ᠶᠢᠨ ᠲᠠᠯ᠎ᠠ ᠪᠠᠷ ᠡᠯᠡᠰᠦᠷᠭᠡᠭᠵᠢᠭᠰᠡᠨ ᠭᠠᠵᠠᠷ ᠰᠢᠷᠣᠢ ᠶᠢᠨ ᠪᠠᠶᠢᠳᠠᠯ ᠢ | ᠦᠨᠳᠦᠰᠦᠯᠡᠵᠦ᠂ ︿ᠲᠠᠪᠤᠨ ᠣᠷᠣᠨ ᠬᠤᠶᠠᠷ ᠪᠦᠰᠡ ᠤᠯᠠᠨ ᠴᠡᠭ﹀ ᠤᠨ ᠶᠡᠷᠦᠩᠬᠡᠢ ᠪᠠᠶᠢᠷᠢᠰᠢᠭᠤᠯᠤᠯᠲᠠ | ᠶᠣᠰᠣᠭᠠᠷ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠪᠡ︔ ᠮᠡᠷᠭᠡᠵᠢᠯ ᠤᠨ ᠲᠠᠯ᠎ᠠ ᠪᠠᠷ᠂ ᠤᠰᠤ ᠠᠷᠪᠢᠯᠠᠬᠤ | ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠲᠤᠬᠠᠢ ᠶᠢᠨ ᠭᠠᠵᠠᠷ ᠤᠨ ᠤᠰᠤᠨ ᠤ ᠡᠬᠢ ᠪᠠᠶᠠᠯᠢᠭ ᠤᠨ ᠳᠠᠭᠠᠭᠠᠴᠠ ᠶᠢᠨ | ᠴᠢᠳᠠᠪᠤᠷᠢ ᠶᠢ ᠦᠨᠡᠯᠡᠨ ᠵᠢᠱᠢᠬᠦ ᠪᠠᠷ ᠳᠠᠮᠵᠢᠭᠤᠯᠤᠨ᠂ ᠪᠣᠳᠠᠲᠤ ᠪᠠᠶᠢᠳᠠᠯ ᠢᠶᠠᠨ ᠦᠨᠳᠦᠰᠦᠯᠡᠨ ᠢᠨᠵᠧᠨᠧᠷᠢᠩ ᠤᠨ | ᠠᠷᠭ᠎ᠠ ᠪᠠᠷᠢᠯ ᠢᠶᠠᠷ ᠡᠯᠡᠰᠦ ᠶᠢ ᠲᠣᠭᠲᠠᠪᠤᠷᠢᠵᠢᠭᠤᠯᠬᠤ᠂ ᠪᠤᠲᠠ ᠮᠤᠳᠦ ᠲᠠᠷᠢᠬᠤ᠂ ᠬᠦᠷᠢᠶᠡᠯᠡᠨ ᠪᠢᠲᠡᠭᠦᠮᠵᠢᠯᠡᠵᠦ | ᠤᠶᠢᠵᠢᠭᠤᠯᠬᠤ ᠵᠡᠷᠭᠡ ᠡᠯᠡᠰᠦᠷᠭᠡᠭᠵᠢᠯ ᠢ ᠰᠡᠷᠭᠡᠶᠢᠯᠡᠠ ᠡᠯᠡᠰᠦ ᠶᠢ ᠵᠠᠰᠠᠬᠤ ᠵᠠᠭᠪᠤᠷ ᠢ ᠰᠣᠩᠭᠤᠠ ᠠᠰᠢᠬᠯᠠᠵᠦ ᠪᠤᠢ︾᠃ | ᠠᠶᠢᠮᠠᠭ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠶᠡᠷᠦᠩᠬᠡᠢ ᠢᠨᠵᠧᠨᠧᠷ ᠬᠥᠩ ᠾᠧ ᠫᠢᠩ | ᠲᠠᠨᠢᠯᠴᠠᠭᠤᠯᠬᠤ ᠳᠠᠭᠠᠨ᠂ ᠡᠨᠡ ᠵᠢᠯ ᠮᠠᠨ ᠤ ᠠᠶᠢᠮᠠᠭ ︽ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ︾ | ᠬᠦᠷᠢᠶ᠎ᠡ ᠬᠡᠪᠴᠢᠶ᠎ᠡ ᠶᠢ ᠥᠷᠭᠡᠳᠬᠡᠵᠦ᠂ 120 ᠮᠠᠯᠴᠢᠨ ᠲᠠᠷᠢᠶᠠᠴᠢᠨ ᠤ ᠬᠤᠷᠰᠢᠭᠰᠠᠨ ᠵᠣᠬᠢᠶᠠᠨ ᠪᠠᠶᠢᠭᠤᠯᠤᠯᠲᠠ᠂ | 120 ᠭᠠᠷᠤᠢ ᠠᠵᠤ ᠠᠬᠤᠶᠢᠯᠠᠯ ᠡᠯᠡᠰᠦᠷᠭᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠳᠤ ᠣᠷᠣᠯᠴᠠᠵᠤ᠂ ᠮᠠᠯᠴᠢᠨ | ᠲᠠᠷᠢᠶᠠᠴᠢᠨ ᠣᠯᠠᠨ ᠲᠦᠮᠡᠨ ᠵᠢᠴᠢ ᠲᠡᠭᠦᠨ ᠤ ᠬᠤᠷᠰᠢᠭᠰᠠᠨ ᠵᠣᠬᠢᠶᠠᠨ ᠪᠠᠶᠢᠭᠤᠯᠤᠯᠲᠠ ᠶᠢᠨ ᠣᠷᠣᠯᠴᠠᠬᠤ ᠲᠥᠷᠥᠯ | ᠵᠦᠢᠯ ᠤᠨ ᠡᠭᠦᠷᠭᠡ ᠨᠢ ᠣᠨ ᠤ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠡᠭᠦᠷᠭᠡ ᠶᠢᠨ ᠲᠠᠯᠠᠪᠠᠶ ᠶᠢᠨ | 90% ᠠᠴᠠ ᠳᠡᠭᠡᠭᠰᠢᠬᠢ ᠶᠢ ᠡᠵᠡᠯᠡᠵᠦ᠂ ᠵᠢᠱᠢᠯᠲᠡ ᠪᠠᠷ 1.2 ᠲᠦᠮᠡᠨ ᠮᠠᠯᠴᠢᠨ ᠲᠠᠷᠢᠶᠠᠴᠢᠨ ᠢ ᠬᠠᠮᠤᠷᠴᠤ᠂ | ᠬᠥᠮᠥᠨ ᠳᠤᠮᠳᠠᠴᠢ ᠶᠢᠨ ᠣᠷᠣᠯᠭ᠎ᠠ ᠶᠢ 1.8 ᠲᠦᠮᠡᠨ ᠲᠥᠭᠦᠷᠢᠭ ᠣᠷᠴᠢᠮ ᠨᠡᠮᠡᠭᠳᠡᠬᠦᠯᠬᠦ ᠪᠣᠯᠣᠨ᠎ᠠ ᠭᠡᠵᠠᠢ᠃ | ᠣᠳᠣᠬᠠᠨ ᠳᠤ᠂ ᠪᠥᠬᠦ ᠠᠶᠢᠮᠠᠭ ᠤᠨ ᠡᠯ᠎ᠡ ᠭᠠᠵᠠᠷ ᠤᠨ ᠬᠢᠨ ᠬᠠᠪᠤᠷ ᠤᠨ ᠤᠯᠠᠷᠢᠯ ᠤᠨ ᠡᠯᠡᠰᠦᠷᠭᠡᠭᠵᠢᠯ ᠢ | ᠰᠡᠷᠭᠡᠶᠢᠯᠡᠨ ᠡᠯᠡᠰᠦ ᠶᠢ ᠵᠠᠰᠠᠬᠤ ᠳᠠᠭᠠᠷᠢᠯᠲᠠ ᠶᠢᠨ ᠪᠦᠷᠢᠶ᠎ᠡ ᠶᠢ ᠵᠠᠯᠭᠠᠭ᠎ᠠ ᠪᠠᠷ ᠬᠠᠩᠭᠢᠨᠠᠭᠤᠯᠵᠤ᠂ ᠠᠪᠠᠭ᠎ᠠ ᠬᠤᠰᠢᠭᠤ᠂ | ᠰᠢᠯᠤᠭᠤᠨ ᠬᠥᠪᠡᠭᠡᠲᠦ ᠴᠠᠭᠠᠨ ᠬᠤᠰᠢᠭᠤ᠂ ᠬᠥᠪᠡᠭᠡᠲᠦ ᠰᠢᠷ᠎ᠠ ᠬᠤᠰᠢᠭᠤ᠂ ᠰᠥᠨᠢᠳ ᠪᠠᠷᠠᠭᠤᠨ ᠬᠤᠰᠢᠭᠤ᠂ | ᠳᠣᠯᠣᠨ ᠨᠤᠤᠷ ᠰᠢᠶᠠᠨ ᠡᠯᠡᠰᠦ ᠶᠢ ᠵᠠᠰᠠᠬᠤ ᠢᠨᠵᠧᠨᠧᠷᠢᠩ ᠢ ᠤᠷᠢᠳᠠᠪᠠᠷ ᠡᠬᠢᠯᠡᠭᠦᠯᠵᠦ᠂ ᠰᠢᠯᠢ ᠶᠢᠨ ᠬᠤᠲᠠ᠂ | ᠰᠢᠯᠤᠭᠤᠨ ᠬᠥᠬᠡ ᠬᠤᠰᠢᠭᠤ᠂ ᠲᠠᠶᠢᠹᠦᠰᠧ ᠬᠤᠰᠢᠭᠤ 4 ᠰᠠᠷ᠎ᠠ ᠶᠢᠨ 9 ᠤ ᠡᠳᠦᠷ ᠠᠵᠢᠯ ᠡᠬᠢᠯᠡᠭᠦᠯᠵᠦ᠂ ᠪᠤᠰᠤᠳ | ᠭᠠᠵᠠᠷ ᠣᠷᠣᠨ ᠤ ᠬᠢᠨ ᠣᠶᠢᠷ᠎ᠠ ᠶᠢᠨ ᠬᠤᠭᠤᠴᠠᠭᠠᠨ ᠳᠤ ᠠᠵᠢᠯ ᠡᠬᠢᠯᠡᠭᠦᠯᠬᠦ ᠪᠤᠯᠤᠨ᠎ᠠ᠃ | | | | |