ᠣᠷᠴᠢᠮ ᠤᠨ ᠡᠳᠦᠷ᠂ ᠠᠶᠢᠮᠠᠭ ᠤᠨ ᠵᠠᠬᠢᠷᠭ᠎ᠠ ᠶᠢᠨ 2025 ᠣᠨ ᠤ ᠵᠢᠰᠦᠳᠦᠭᠡᠷ ᠤᠳᠠᠭ᠎ᠠ ᠶᠢᠨ | ᠪᠠᠶᠢᠩᠭᠤ ᠶᠢᠨ ᠬᠤᠷᠠᠯ ᠵᠢᠴᠢ ᠠᠶᠢᠮᠠᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2025 ᠣᠨ ᠤ | ᠬᠤᠶᠠᠳᠤᠭᠠᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠪᠠ᠃ ᠠᠶᠢᠮᠠᠭ ᠤᠨ | ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠭᠦᠸᠧ ᠢᠦᠢ ᠹᠧᠩ ᠬᠤᠷᠠᠯ ᠢ ᠡᠷᠭᠢᠯᠡᠪᠡ᠃ | ᠬᠤᠷᠠᠯ ᠠᠴᠠ ᠠᠶᠤᠯᠭᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠶᠠᠪᠤᠳᠠᠯ ᠢ ᠰᠤᠳᠤᠯᠵᠤ᠂ ᠠᠶᠤᠯ | ᠲᠦᠭᠰᠢᠭᠦᠷᠢ ᠶᠢᠨ ᠤᠬᠠᠮᠰᠠᠷ ᠪᠣᠯᠣᠨ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠭᠤᠣᠯᠳᠠᠯᠭ᠎ᠠ ᠲᠠᠢ | ᠬᠦᠷᠢᠶ᠎ᠡ ᠪᠣᠯᠣᠨ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠤᠨ᠂ ᠡᠷᠲᠡ ᠠᠴᠠ ᠠᠳᠬᠤᠵᠦ | ᠪᠠᠭ᠎ᠠ ᠠᠴᠠ ᠨᠢ ᠠᠳᠬᠤᠨ ᠡᠬᠢ ᠡᠭᠦᠰᠦᠯ ᠠᠴᠠ ᠨᠢ ᠠᠳᠬᠤᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ | ᠭᠡᠮ ᠰᠣᠭᠤᠭ ᠢ ᠴᠠᠭ ᠲᠤᠬᠠᠢ ᠳᠤᠨᠢ ᠪᠠᠶᠢᠴᠠᠭᠠᠨ ᠰᠶᠢᠳᠪᠦᠷᠢᠯᠡᠵᠦ᠂ ᠡᠯ᠎ᠡ ᠲᠦᠷᠦᠯ ᠤᠨ ᠦᠢᠯᠡᠳᠪᠦᠷᠢᠯᠡᠯ ᠤᠨ | ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠤᠨ | ᠰᠢᠰᠲ᠋ᠧᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠭᠠᠬᠤ | ᠰᠣᠷᠢᠯᠲᠠ ᠶᠢ ᠵᠣᠬᠢᠶᠠᠨ ᠪᠠᠶᠢᠭᠤᠯᠤᠨ ᠰᠠᠶᠢᠲᠤᠷ ᠥᠷᠨᠢᠭᠦᠯᠵᠦ᠂ ᠡᠯ᠎ᠡ ᠲᠥᠷᠥᠯ ᠤᠨ ᠭᠠᠢ ᠭᠠᠮᠰᠢᠭ ᠤᠨ ᠠᠳᠡᠯ ᠢ | ᠠᠷᠭᠠᠴᠠᠭᠠᠨ ᠰᠶᠢᠳᠪᠦᠷᠢᠯᠡᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠶᠠᠰᠤ ᠴᠢᠨᠠᠷ ᠢᠶᠠᠷ ᠠᠶᠢᠮᠠᠭ ᠢᠶᠠᠨ ᠬᠦᠴᠦᠷᠬᠡᠭᠵᠢᠭᠦᠯᠬᠦ ᠠᠵᠢᠯ ᠢ ᠰᠤᠳᠤᠯᠵᠤ᠂ ︽ᠶᠠᠰᠤ | ᠴᠢᠨᠠᠷ ᠢ ᠲᠡᠷᠢᠭᠦᠨ ᠳᠤ ᠲᠠᠯᠪᠢᠬᠤ︾ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠪᠠᠷᠢᠮᠵᠢᠶ᠎ᠠ ᠶᠢ ᠲᠡᠭᠦᠯᠳᠡᠷᠵᠢᠭᠦᠯᠬᠦ᠂ | ᠠᠵᠤ ᠠᠬᠤᠶᠢᠯᠠᠯ ᠢ ᠬᠦᠴᠦᠷᠬᠡᠭᠵᠢᠭᠦᠯᠦᠨ ᠬᠡᠯᠬᠢᠶ᠎ᠡ ᠶᠢ ᠴᠢᠩᠭᠠᠳᠬᠠᠬᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ᠂ ᠶᠠᠰᠤ ᠴᠢᠨᠠᠷ ᠢ ᠬᠢᠨᠠᠨ ᠬᠠᠮᠢᠶᠠᠷᠬᠤ ᠵᠡᠷᠭᠡ ᠠᠵᠢᠯ ᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠠᠳᠬᠤᠵᠤ᠂ ᠪᠦᠳᠦᠭᠡᠭᠳᠡᠭᠦᠨ ᠤ ᠶᠠᠰᠤ ᠴᠢᠨᠠᠷ ᠢ ᠲᠣᠭᠲᠠᠭᠤᠨ ᠰᠠᠶᠢᠵᠢᠷᠠᠭᠤᠯᠤᠨ᠂ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠰᠢᠯᠢᠳᠡᠭ | ᠦᠢᠯᠡᠴᠢᠯᠡᠭᠡ ᠬᠠᠩᠭᠠᠯᠭ᠎ᠠ ᠶᠢ ᠶᠡᠬᠡᠪᠡᠷ ᠨᠡᠮᠡᠭᠳᠡᠭᠦᠯᠦᠨ᠂ ᠡᠵᠡᠩᠨᠡᠯᠲᠡ ᠶᠢᠨ ᠭᠤᠣᠯ ᠴᠣᠭᠴᠠ ᠶᠢᠨ ᠶᠠᠰᠤ ᠴᠢᠨᠠᠷ ᠤᠨ | ᠬᠥᠭᠵᠢᠯᠲᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠶᠠᠰᠤ ᠴᠢᠨᠠᠷ ᠢᠶᠠᠷ ᠠᠶᠢᠮᠠᠭ ᠢᠶᠠᠨ ᠬᠦᠴᠦᠷᠬᠡᠭᠵᠢᠭᠦᠯᠬᠦ | ᠪᠦᠲᠦᠭᠡᠨ ᠪᠠᠶᠢᠭᠤᠯᠤᠯᠲᠠ ᠶᠢ ᠨᠠᠩ ᠥᠨᠳᠥᠷ ᠲᠦᠪᠰᠢᠨ ᠳᠤ ᠬᠦᠷᠭᠡᠬᠦ ᠶᠢ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠬᠤᠯᠪᠣᠭᠳᠠᠯ | ᠪᠦᠬᠦᠢ ᠵᠦᠢᠯᠡᠰ ᠢ ᠰᠤᠳᠤᠯᠵᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠠᠵᠢᠯ ᠤᠨ ᠰᠢᠰᠲ᠋ᠧᠮ ᠢ ᠤᠯᠠᠮ ᠨᠢᠭᠡ ᠠᠯᠬᠤᠮ ᠪᠦᠷᠢᠨᠰᠢᠭᠦᠯᠤᠨ᠂ ᠶᠡᠭᠡ ᠬᠢᠨᠠᠯᠲᠠ ᠲᠠᠯᠪᠢᠵᠤ ᠬᠠᠮᠵᠢᠯᠴᠠᠬᠤ | ᠲᠣᠭᠲᠠᠴᠠ ᠶᠢ ᠪᠠᠶᠢᠭᠤᠯᠵᠤ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠠᠰᠠᠭᠤᠳᠠᠯ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠬᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠦᠷᠳᠡᠭ ᠢ ᠪᠠᠲᠤᠯᠠᠵᠤ | ᠦᠷᠳᠡᠭ ᠢ ᠨᠡᠮᠡᠭᠳᠡᠭᠦᠯᠬᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠬᠦᠴᠦᠷᠬᠡᠭᠵᠢᠭᠦᠯᠦᠨ | ᠰᠢᠯᠢᠳᠡᠭᠵᠢᠭᠦᠯᠬᠦ ᠳᠤ ᠭᠦᠴᠦᠳᠠᠢ ᠪᠠᠳᠤᠯᠠᠭ᠎ᠠ ᠬᠠᠨᠭ᠍ᠭᠠᠬᠤ ᠭᠡᠷᠡᠭᠳᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |