ᠪᠠᠷᠠᠭᠤᠨ ᠥᠵᠥᠮᠥᠴᠢᠨ ᠬᠤᠰᠢᠭᠤ ᠮᠠᠯ ᠠᠵᠤ ᠠᠬᠤᠢ ᠶᠢᠨ ᠥᠢᠯᠡᠰ ᠤᠨ ᠠᠶᠤᠯ ᠲᠥᠭᠰᠢᠬᠦᠷᠢ ᠶᠢ | ᠪᠠᠲᠤᠯᠠᠬᠤ ᠴᠢᠲᠠᠪᠤᠷᠢ ᠶᠢ ᠲᠡᠭᠡᠭᠰᠢᠯᠡᠬᠦᠯᠬᠦ ᠠᠷᠭ᠎ᠠ ᠵᠠᠮ ᠢ ᠢᠲᠡᠪᠬᠢᠲᠡᠢ ᠬᠠᠶᠢᠨ ᠰᠥᠪᠡᠭᠴᠢᠯᠡᠵᠥ᠂ ᠮᠠᠯ ᠰᠥᠷᠥᠭ ᠢ | ᠲᠥᠷᠥ ᠶᠢᠨ ᠪᠤᠲᠤᠯᠭ᠎ᠠ ᠶᠢᠨ ᠴᠢᠨᠠᠷᠲᠠᠢ ᠲᠠᠭᠠᠳᠬᠠᠯ ᠳᠤ ᠤᠷᠤᠭᠤᠯᠬᠤ ᠪᠠᠷ ᠲᠠᠮᠵᠢᠭᠤᠯᠤᠨ ᠴᠠᠭ ᠠᠭᠤᠷ ᠤᠨ | ᠨᠥᠯᠥᠭᠡ ᠪᠤᠯᠤᠨ ᠡᠪᠡᠳᠴᠢᠨ ᠬᠡᠮ ᠠᠴᠠ ᠪᠤᠯᠬᠤ ᠬᠤᠬᠢᠷᠠᠯ ᠢ ᠪᠠᠭᠠᠰᠬᠠᠵᠥ᠂ ᠮᠠᠯ ᠠᠵᠤ ᠠᠬᠤᠢ ᠶᠢᠨ | ᠥᠷᠬᠦᠯᠵᠢᠯᠡᠭᠰᠡᠨ ᠲᠤᠭᠲᠠᠭᠤᠨ ᠬᠥᠭᠵᠢᠯᠲᠠ ᠳᠤ ᠬᠥᠴᠥᠲᠠᠢ ᠪᠠᠲᠤᠯᠠᠭ᠎ᠠ ᠬᠠᠨᠭ᠍ᠭᠠᠵᠥ ᠪᠠᠶᠢᠨ᠎ᠠ᠃ | ᠲᠤᠮᠲᠠᠲᠤ ᠤᠯᠤᠰ ᠤᠨ ᠠᠷᠠᠳ ᠤᠨ ᠡᠳ᠋ ᠬᠥᠷᠥᠩᠭᠡ ᠶᠢᠨ ᠲᠠᠭᠠᠳᠬᠠᠯ ᠤᠨ ᠬᠤᠪᠢ ᠤᠷᠤᠭᠤᠯᠤᠭᠰᠠᠨ | ᠬᠢᠵᠠᠭᠠᠷᠲᠤ ᠺᠤᠮᠫᠠᠨᠢ ᠶᠢᠨ ᠪᠠᠷᠠᠭᠤᠨ ᠥᠵᠥᠮᠥᠴᠢᠨ ᠬᠤᠰᠢᠭᠤᠨ ᠳᠠᠬᠢ ᠰᠠᠯᠪᠤᠷᠢ ᠺᠤᠮᠫᠠᠨᠢ ᠶᠢᠨ ᠥᠷᠨᠢᠬᠦᠯᠥᠭᠰᠡᠨ | ᠥᠵᠥᠮᠥᠴᠢᠨ ᠬᠤᠨᠢᠨ ᠤ ᠴᠠᠭ ᠠᠭᠤᠷ ᠤᠨ ᠵᠢᠭᠠᠯᠲᠠ ᠲᠤᠭᠠᠨ ᠤ ᠲᠠᠭᠠᠳᠬᠠᠯ ᠨᠢ ᠮᠡᠲᠡᠭᠲᠡᠮ᠎ᠠ ᠥᠷ᠎ᠠ ᠪᠥᠲᠥᠮᠵᠢ | ᠤᠯᠵᠠᠢ᠃ ᠲᠤᠰ ᠲᠠᠭᠠᠳᠬᠠᠯ ᠨᠢ ᠴᠠᠭ ᠠᠭᠤᠷ ᠤᠨ ᠵᠢᠭᠠᠯᠲᠠ ᠲᠤᠭ᠎ᠠ ᠪᠠᠷ ᠲᠥᠯᠥᠪᠤᠷᠢ ᠥᠭᠭᠦ ᠨᠥᠬᠦᠴᠡᠯ ᠪᠤᠯᠭᠠᠵᠥ | ᠥᠵᠥᠮᠥᠴᠢᠨ ᠬᠤᠨᠢ ᠮᠠᠯᠵᠢᠬᠤ ᠲᠤᠮᠲᠠ ᠠᠭᠤᠷ ᠠᠮᠢᠰᠬᠤᠯ ᠤᠨ ᠨᠥᠯᠥᠭᠡ ᠠᠴᠠ ᠪᠤᠯᠤᠭᠰᠠᠨ ᠬᠤᠬᠢᠷᠠᠯ ᠢ | ᠪᠠᠭᠠᠰᠬᠠᠵᠥ᠂ ᠪᠥᠬᠦ ᠬᠤᠰᠢᠭᠤᠨ ᠤ ᠮᠠᠯ ᠠᠵᠤ ᠠᠬᠤᠢ ᠶᠢᠨ ᠲᠤᠭᠲᠠᠭᠤᠨ ᠬᠥᠭᠵᠢᠯᠲᠡ ᠶᠢ ᠠᠬᠢᠭᠤᠯᠵᠥ᠂ | ᠲᠤᠬᠠᠢ ᠶᠢᠨ ᠭᠠᠵᠠᠷ ᠤᠨ ᠲᠥᠷᠥ ᠶᠢᠨ ᠪᠤᠲᠤᠯᠭ᠎ᠠ ᠶᠢᠨ ᠴᠢᠨᠠᠷᠲᠠᠢ ᠲᠠᠭᠠᠳᠬᠠᠯ ᠢᠶᠠᠷ ᠠᠵᠤ ᠥᠢᠯᠡᠰ ᠤᠨ ᠲᠡᠰ | ᠲᠠᠪᠰᠢᠯᠲᠠ ᠳᠤ ᠬᠥᠴᠥᠨ ᠨᠡᠮᠡᠷᠢᠯᠡᠬᠦ ᠰᠢᠯᠢᠲᠡᠭ ᠵᠢᠱᠢᠶ᠎ᠠ ᠪᠤᠯᠤᠭᠰᠠᠨ ᠪᠠᠶᠢᠨ᠎ᠠ᠃ | ᠥᠨᠥᠭᠡᠨ᠂ ᠲᠤᠮᠲᠠᠲᠤ ᠤᠯᠤᠰ ᠤᠨ ᠠᠷᠠᠳ ᠤᠨ ᠡᠳ᠋ ᠬᠥᠷᠥᠩᠭᠡ ᠶᠢᠨ ᠲᠠᠭᠠᠳᠬᠠᠯ ᠤᠨ ᠬᠤᠪᠢ | ᠤᠷᠤᠭᠤᠯᠤᠭᠰᠠᠨ ᠬᠢᠵᠠᠭᠠᠷᠲᠤ ᠺᠤᠮᠫᠠᠨᠢ ᠶᠢᠨ ᠪᠠᠷᠠᠭᠤᠨ ᠥᠵᠥᠮᠥᠴᠢᠨ ᠬᠤᠰᠢᠭᠤᠨ ᠤ ᠰᠠᠯᠪᠤᠷᠢ ᠺᠤᠮᠫᠠᠨᠢ ᠨᠢ | ᠤᠬᠤᠷᠬᠠᠨ 25 ᠡᠲᠥᠷ ᠲᠤ 17.5 ᠲᠥᠮᠡᠨ ᠥᠵᠥᠮᠥᠴᠢᠨ ᠬᠤᠨᠢ ᠶᠢ ᠲᠠᠭᠠᠳᠬᠠᠯ ᠳᠤ ᠤᠷᠤᠭᠤᠯᠬᠤ ᠠᠵᠢᠯ | ᠢ ᠥᠨᠲᠤᠷ ᠪᠥᠲᠥᠮᠵᠢᠲᠡᠢ ᠪᠡᠶᠡᠯᠡᠬᠦᠯᠵᠥ᠂ ᠲᠠᠭᠠᠳᠬᠠᠯ ᠤᠨ ᠰᠥᠢᠳᠭᠡᠯ ᠨᠢ 262.5 ᠲᠥᠮᠡᠨ ᠲᠥᠭᠦᠷᠢᠭ | ᠬᠥᠷᠴᠡᠢ᠃ ᠡᠨᠡᠬᠦ ᠠᠮᠵᠢᠯᠲᠠ ᠨᠢ ᠲᠤᠰ ᠺᠤᠮᠫᠠᠨᠢ ᠪᠠᠷᠠᠭᠤᠨ ᠥᠵᠥᠮᠥᠴᠢᠨ ᠬᠤᠰᠢᠭᠤᠨ ᠤ ᠤᠲᠤ ᠥᠶ᠎ᠠ ᠶᠢᠨ ᠮᠠᠯ | ᠠᠵᠤ ᠠᠬᠤᠢ ᠶᠢᠨ ᠬᠥᠭᠵᠢᠯᠲᠡ ᠳᠤ ᠬᠥᠢᠴᠡᠳ ᠰᠠᠭᠤᠷᠢ ᠲᠠᠯᠪᠢᠵᠥ᠂ ᠠᠶᠤᠯ ᠲᠥᠭᠰᠢᠬᠦᠷᠢ ᠶᠢ ᠲᠤᠭᠤᠯᠬᠤ ᠪᠠᠲᠤ | ᠪᠠᠬᠢ ︽ᠬᠠᠮᠠᠭᠠᠯᠠᠭᠴᠢ︾ ᠪᠤᠯᠤᠭᠰᠠᠨ ᠪᠠᠶᠢᠨ᠎ᠠ᠃ ᠤᠷᠲᠤ ᠬᠤᠭᠤᠴᠠᠭᠠᠨ ᠤ ᠲᠤᠷᠰᠢ᠂ ᠲᠤᠰ ᠬᠤᠰᠢᠭᠤ ᠮᠠᠯ ᠠᠵᠤ | ᠠᠬᠤᠢ ᠶᠢᠨ ᠥᠢᠯᠡᠰ ᠤᠨ ᠠᠶᠤᠯ ᠲᠥᠭᠰᠢᠬᠦᠷᠢ ᠶᠢ ᠲᠤᠭᠤᠯᠬᠤ ᠴᠢᠲᠠᠪᠤᠷᠢ ᠶᠢ ᠨᠡᠮᠡᠭᠲᠡᠬᠦᠯᠬᠦ ᠪᠠᠷ ᠴᠢᠷᠮᠠᠶᠢᠵᠥ᠂ | ᠤᠤᠯ ᠤᠨ ᠪᠠᠶᠢᠭᠰᠠᠨ ᠰᠠᠭᠤᠷᠢ ᠡᠬᠡ ᠮᠠᠯ ᠤᠨ ᠲᠥᠷᠥ ᠶᠢᠨ ᠪᠤᠲᠤᠯᠭ᠎ᠠ ᠶᠢᠨ ᠴᠢᠨᠠᠷᠲᠠᠢ ᠲᠠᠭᠠᠳᠬᠠᠯ ᠤᠨ ᠰᠠᠭᠤᠷᠢᠨ | ᠲᠡᠭᠡᠷ᠎ᠠ᠂ ᠥᠵᠥᠮᠥᠴᠢᠨ ᠬᠤᠨᠢᠨ ᠤ ᠴᠠᠭ ᠠᠭᠤᠷ ᠤᠨ ᠵᠢᠭᠠᠯᠲᠠ ᠲᠤᠭᠠᠨ ᠤ ᠲᠥᠷᠥ ᠶᠢᠨ ᠪᠤᠲᠤᠯᠭ᠎ᠠ ᠶᠢᠨ ᠴᠢᠨᠠᠷᠲᠠᠢ | ᠲᠠᠭᠠᠳᠬᠠᠯ ᠢ ᠰᠢᠨ᠎ᠠ ᠪᠠᠷ ᠨᠡᠮᠡᠭᠲᠡᠬᠦᠯᠵᠥ᠂ ᠬᠤᠤᠰ ᠲᠠᠭᠠᠳᠬᠠᠯ ᠢᠶᠠᠷ ᠬᠠᠮᠵᠢᠯᠴᠡᠨ ᠬᠥᠴᠥᠯᠡᠵᠥ᠂ ᠮᠠᠯ ᠠᠵᠤ | ᠠᠬᠤᠢ ᠶᠢᠨ ᠤᠷᠤᠯᠭ᠎ᠠ ᠶᠢ ᠲᠤᠭᠲᠠᠪᠤᠷᠢᠵᠢᠭᠤᠯᠵᠠᠢ᠃ ᠤᠯᠠᠭᠠᠨᠬᠠᠭᠠᠯᠭ᠎ᠠ ᠰᠤᠮᠤ ᠶᠢᠨ ᠪᠠᠶᠠᠨᠨᠠᠭᠤᠷ ᠭᠠᠴᠠᠭᠠᠨ ᠤ | ᠮᠠᠯᠴᠢᠨ ᠪᠤᠶᠠᠨᠲᠤᠭᠲᠠᠬᠤ ᠪᠤᠯ ᠡᠨᠡᠬᠦ ᠲᠥᠷᠥ ᠶᠢᠨ ᠪᠤᠲᠤᠯᠭ᠎ᠠ ᠶᠢᠨ ᠰᠢᠭᠤᠳ ᠠᠰᠢᠭ ᠬᠥᠷᠲᠡᠭᠴᠢ ᠪᠤᠯᠤᠨ᠎ᠠ᠃ | 2023 ᠤᠨ ᠠᠴᠠ ᠲᠡᠷᠡ ᠵᠢᠯ ᠪᠥᠷᠢ ᠥᠭᠡᠷ ᠤᠨ ᠰᠥᠷᠥᠭ ᠢᠶᠠᠨ ᠲᠠᠭᠠᠳᠬᠠᠯ ᠳᠤ ᠤᠷᠤᠭᠤᠯᠵᠥ᠂ ᠡᠨᠡ ᠵᠢᠯ 40 | ᠥᠭᠡᠷ ᠢᠶᠠᠨ ᠲᠠᠭᠠᠳᠬᠠᠯ ᠳᠤ ᠤᠷᠤᠭᠤᠯᠵᠥ᠂ ᠥᠭᠡᠷ ᠪᠥᠷᠢ ᠶᠢᠨ ᠲᠠᠭᠠᠳᠬᠠᠯ ᠤᠨ ᠵᠠᠷᠤᠲᠠᠯ ᠨᠢ 300 ᠲᠥᠭᠦᠷᠢᠭ | ᠬᠥᠷᠴᠡᠢ᠃ ᠡᠬᠦᠨ ᠳᠤ ᠵᠠᠰᠠᠭ ᠤᠨ ᠤᠷᠲᠤᠨ ᠠᠴᠠ 80% ᠶᠢ ᠨᠥᠬᠦᠪᠤᠷᠢᠯᠡᠵᠥ᠂ 240 ᠲᠥᠭᠦᠷᠢᠭ ᠤᠨ | ᠨᠥᠬᠦᠪᠤᠷᠢ ᠤᠯᠭᠤᠭᠰᠠᠨ ᠢᠶᠠᠷ ᠬᠤᠪᠢ ᠬᠥᠮᠥᠨ ᠵᠥᠪᠭᠡᠨ 60 ᠲᠥᠭᠦᠷᠢᠭ ᠢ ᠡᠬᠦᠷᠭᠡᠯᠡᠭᠰᠡᠨ ᠪᠠᠶᠢᠨ᠎ᠠ᠃ ᠨᠢᠲᠤᠨᠤᠨ | ᠡᠲᠡᠨᠡᠶᠢᠬᠢᠨ ᠤ ᠡᠪᠡᠳᠴᠢᠨ ᠬᠡᠮ ᠠᠴᠠ ᠪᠤᠯᠵᠥ ᠬᠤᠶᠠᠷ ᠥᠭᠡᠷ ᠨᠢ ᠬᠤᠬᠢᠷᠠᠵᠥ᠂ ᠲᠤᠮᠲᠠᠲᠤ ᠤᠯᠤᠰ ᠤᠨ ᠠᠷᠠᠳ ᠤᠨ | ᠡᠳ᠋ ᠬᠥᠷᠥᠩᠭᠡ ᠶᠢᠨ ᠲᠠᠭᠠᠳᠬᠠᠯ ᠤᠨ ᠬᠤᠪᠢ ᠤᠷᠤᠭᠤᠯᠤᠭᠰᠠᠨ ᠬᠢᠵᠠᠭᠠᠷᠲᠤ ᠺᠤᠮᠫᠠᠨᠢ ᠶᠢᠨ ᠪᠠᠷᠠᠭᠤᠨ ᠥᠵᠥᠮᠥᠴᠢᠨ | ᠬᠤᠰᠢᠭᠤᠨ ᠤ ᠰᠠᠯᠪᠤᠷᠢ ᠺᠤᠮᠫᠠᠨᠢ ᠳᠤ ᠪᠠᠶᠢᠲᠠᠯ ᠢᠶᠠᠨ ᠲᠤᠰᠬᠠᠭᠰᠠᠨ ᠤ ᠲᠠᠷᠠᠭ᠎ᠠ᠂ ᠠᠵᠢᠯᠲᠠᠳ ᠲᠤᠬᠠᠢ ᠶᠢᠨ | ᠲᠠᠯᠠᠪᠤᠷ ᠲᠤ ᠬᠥᠷᠴᠥ ᠬᠠᠷᠭᠤᠭᠤᠯᠤᠨ ᠲᠤᠲᠤᠯᠠᠬᠤ ᠪᠠᠷ ᠲᠠᠮᠵᠢᠨ ᠥᠭᠡᠷ ᠪᠥᠷᠢ ᠳᠤ 8000 ᠲᠥᠭᠦᠷᠢᠭ ᠤᠨ | ᠲᠥᠯᠥᠪᠤᠷᠢ ᠤᠯᠭᠤᠵᠥ᠂ ᠠᠵᠤ ᠠᠬᠤᠢ ᠶᠢᠨ ᠲᠠᠷᠤᠭᠠᠰᠤ ᠶᠢ ᠨᠢ ᠶᠡᠭᠡ ᠪᠠᠷ ᠬᠥᠡᠭᠭᠡᠷᠡᠬᠦᠯᠵᠥ ᠥᠭᠴᠡᠢ᠃ 2024 | ᠤᠨ ᠳᠤ ᠥᠵᠥᠮᠥᠴᠢᠨ ᠬᠤᠨᠢᠨ ᠤ ᠴᠠᠭ ᠠᠭᠤᠷ ᠤᠨ ᠵᠢᠭᠠᠯᠲᠠ ᠲᠤᠭᠠᠨ ᠤ ᠲᠠᠭᠠᠳᠬᠠᠯ ᠤᠨ ᠲᠥᠷᠥ ᠶᠢᠨ | ᠪᠤᠲᠤᠯᠭ᠎ᠠ ᠶᠢ ᠬᠡᠷᠡᠭᠵᠢᠬᠦᠯᠥᠭᠰᠡᠨ ᠤ ᠲᠠᠷᠠᠭ᠎ᠠ ᠪᠤᠶᠠᠨᠲᠤᠭᠲᠠᠬᠤ ᠬᠠᠮᠤᠭ ᠤᠨ ᠲᠥᠷᠥᠬᠦᠨ ᠳᠤ 172 ᠬᠤᠨᠢ ᠪᠠᠨ | ᠲᠠᠭᠠᠳᠬᠠᠯ ᠳᠤ ᠤᠷᠤᠭᠤᠯᠵᠥ᠂ ᠬᠤᠨᠢ ᠪᠥᠷᠢ ᠶᠢᠨ ᠲᠠᠭᠠᠳᠬᠠᠯ ᠤᠨ ᠵᠠᠷᠤᠲᠠᠯ ᠨᠢ 15 ᠲᠥᠭᠦᠷᠢᠭ᠂ ᠵᠠᠰᠠᠭ ᠤᠨ | ᠤᠷᠲᠤᠨ ᠠᠴᠠ 12 ᠲᠥᠭᠦᠷᠢᠭ ᠨᠥᠬᠦᠪᠤᠷᠢᠯᠡᠵᠥ᠂ ᠮᠠᠯᠵᠢᠬᠤ ᠡᠷᠥᠭᠡ 3 ᠲᠥᠭᠦᠷᠢᠭ ᠲᠤᠰᠢᠶᠠᠵᠠᠢ᠃ | ᠥᠵᠥᠮᠥᠴᠢᠨ ᠬᠤᠨᠢᠨ ᠤ ᠥᠢᠯᠡᠰ ᠪᠤᠯ ᠲᠤᠰ ᠬᠤᠰᠢᠭᠤᠨ ᠤ ᠠᠵᠤ ᠠᠬᠤᠢ ᠶᠢᠨ ᠴᠢᠬᠤᠯᠠ ᠲᠤᠯᠭᠠᠭᠤᠷᠢ | ᠮᠥᠨ᠃ ᠬᠡᠪᠡᠴᠥ ᠤᠷᠲᠤ ᠬᠤᠭᠤᠴᠠᠭ᠎ᠠ ᠪᠠᠷ ᠪᠠᠶᠢᠭᠠᠯᠢ ᠶᠢᠨ ᠭᠠᠮᠰᠢᠭ ᠪᠠ ᠡᠪᠡᠳᠴᠢᠨ ᠡᠮᠭᠡᠭ ᠵᠡᠷᠭᠡ ᠠᠶᠤᠯ | ᠲᠥᠭᠰᠢᠬᠦᠷᠢ ᠳᠤ ᠤᠴᠠᠷᠠᠵᠥ ᠪᠠᠶᠢᠪᠠ᠃ ᠮᠠᠯᠵᠢᠬᠤ ᠡᠷᠥᠭᠡ ᠶᠢᠨ ᠡᠨᠡᠬᠦ ᠠᠶᠤᠯ ᠲᠥᠭᠰᠢᠬᠦᠷᠢ ᠪᠠ ᠬᠤᠬᠢᠷᠠᠯ ᠢ | ᠪᠠᠭᠠᠰᠬᠠᠬᠤ ᠶᠢᠨ ᠲᠥᠯᠥᠭᠡ᠂ ᠲᠤᠮᠲᠠᠲᠤ ᠤᠯᠤᠰ ᠤᠨ ᠠᠷᠠᠳ ᠤᠨ ᠡᠳ᠋ ᠬᠥᠷᠥᠩᠭᠡ ᠶᠢᠨ ᠲᠠᠭᠠᠳᠬᠠᠯ ᠤᠨ ᠬᠤᠪᠢ | ᠤᠷᠤᠭᠤᠯᠤᠭᠰᠠᠨ ᠬᠢᠵᠠᠭᠠᠷᠲᠤ ᠺᠤᠮᠫᠠᠨᠢ ᠶᠢᠨ ᠪᠠᠷᠠᠭᠤᠨ ᠥᠵᠥᠮᠥᠴᠢᠨ ᠬᠤᠰᠢᠭᠤᠨ ᠤ ᠰᠠᠯᠪᠤᠷᠢ ᠺᠤᠮᠫᠠᠨᠢ ᠲᠥᠷᠥ ᠶᠢᠨ | ᠪᠤᠲᠤᠯᠭ᠎ᠠ ᠶᠢᠨ ᠤᠷᠢᠶᠠᠯᠠᠭ᠎ᠠ ᠶᠢ ᠢᠲᠡᠪᠬᠢᠲᠡᠢ ᠲᠠᠭᠠᠵᠥ᠂ ᠰᠠᠨᠠᠭᠠᠴᠢᠯᠠᠭ᠎ᠠ ᠠᠴᠠ ᠪᠠᠨ ᠵᠢᠷ ᠤᠨ ᠭᠤᠤᠯ ᠪᠠᠯᠭᠠᠰᠤ᠂ | ᠬᠤᠭᠤᠯᠠᠲᠤ ᠶᠢᠨ ᠭᠤᠤᠯ ᠪᠠᠯᠭᠠᠰᠤ᠂ ᠪᠠᠶᠠᠨᠬᠤᠰᠢᠭᠤ ᠰᠤᠮᠤ ᠵᠢᠴᠢ ᠤᠯᠠᠭᠠᠨᠬᠠᠭᠠᠯᠭ᠎ᠠ ᠰᠤᠮᠤ ᠵᠡᠷᠭᠡ ᠲᠥᠷᠪᠡᠨ ᠰᠤᠮᠤ | ᠪᠠᠯᠭᠠᠰᠤᠨ ᠳᠤ ᠬᠥᠨᠵᠡᠭᠡᠶᠢᠷᠡᠨ ᠮᠠᠯᠵᠢᠬᠤ ᠡᠷᠥᠭᠡ ᠲᠠᠢ ᠨᠢᠭᠤᠷᠲᠠᠨ ᠶᠠᠷᠢᠯᠴᠠᠵᠥ᠂ ᠥᠵᠥᠮᠥᠴᠢᠨ ᠬᠤᠨᠢᠨ ᠤ | ᠲᠠᠭᠠᠳᠬᠠᠯ ᠤᠨ ᠲᠥᠷᠥ ᠶᠢᠨ ᠪᠤᠲᠤᠯᠭ᠎ᠠ ᠶᠢᠨ ᠠᠭᠤᠯᠭ᠎ᠠ᠂ ᠪᠠᠲᠤᠯᠠᠭ᠎ᠠ ᠶᠢᠨ ᠬᠡᠪᠴᠢᠶ᠎ᠠ ᠪᠠ ᠲᠥᠯᠥᠪᠤᠷᠢ ᠥᠭᠭᠦ | ᠠᠯᠬᠤᠮ ᠲᠠᠷᠠᠭ᠎ᠠ ᠶᠢ ᠨᠢᠮᠪᠠᠢ ᠲᠠᠶᠢᠯᠪᠤᠷᠢᠯᠠᠵᠥ᠂ ᠲᠠᠭᠠᠳᠬᠠᠯ ᠤᠨ ᠴᠢᠬᠤᠯᠠ ᠴᠢᠨᠠᠷ ᠪᠠ ᠪᠤᠲᠠᠲᠠᠢ ᠠᠰᠢᠭ ᠲᠤᠰᠠ ᠶᠢ | ᠬᠥᠢᠴᠡᠳ ᠲᠠᠨᠢᠭᠤᠯᠬᠤ ᠶᠢᠨ ᠤᠯᠠᠮ ᠢᠶᠠᠷ ᠮᠠᠯ ᠰᠥᠷᠥᠭ ᠢᠶᠠᠨ ᠲᠠᠭᠠᠳᠬᠠᠯ ᠳᠤ ᠤᠷᠤᠭᠤᠯᠬᠤ ᠢᠲᠡᠪᠬᠢᠵᠢᠯ ᠢ ᠨᠢ | ᠲᠠᠶᠢᠴᠢᠯᠠᠪᠠ᠃ ᠥᠡᠭᠭᠡᠷᠡᠭᠰᠡᠨ ᠨᠢᠭᠡ ᠵᠢᠯ ᠳᠤ᠂ ᠲᠤᠮᠲᠠᠲᠤ ᠤᠯᠤᠰ ᠤᠨ ᠠᠷᠠᠳ ᠤᠨ ᠡᠳ᠋ ᠬᠥᠷᠥᠩᠭᠡ ᠶᠢᠨ | ᠲᠠᠭᠠᠳᠬᠠᠯ ᠤᠨ ᠬᠤᠪᠢ ᠤᠷᠤᠭᠤᠯᠤᠭᠰᠠᠨ ᠬᠢᠵᠠᠭᠠᠷᠲᠤ ᠺᠤᠮᠫᠠᠨᠢ ᠶᠢᠨ ᠪᠠᠷᠠᠭᠤᠨ ᠥᠵᠥᠮᠥᠴᠢᠨ ᠬᠤᠰᠢᠭᠤᠨ ᠤ | ᠰᠠᠯᠪᠤᠷᠢ ᠺᠤᠮᠫᠠᠨᠢ ᠲᠠᠭᠠᠳᠬᠠᠯ ᠤᠨ ᠥᠢᠯᠡᠴᠢᠯᠡᠭᠡᠨ ᠤ ᠲᠠᠯ᠎ᠠ ᠪᠠᠷ ᠰᠢᠯᠢᠲᠡᠭ ᠬᠢᠷᠢ ᠪᠥᠲᠥᠮᠵᠢ ᠤᠯᠵᠥ᠂ ᠨᠡᠶᠢᠲᠡ | 234 ᠮᠠᠯᠵᠢᠬᠤ ᠡᠷᠥᠭᠡ ᠳᠤ ᠲᠠᠭᠠᠳᠬᠠᠯ ᠤᠨ ᠥᠢᠯᠡᠴᠢᠯᠡᠭᠡ ᠬᠠᠨᠭ᠍ᠭᠠᠵᠥ᠂ 15017 ᠰᠠᠭᠠᠯᠢ ᠶᠢᠨ ᠥᠨᠢᠶ᠎ᠠ ᠶᠢ | ᠲᠠᠭᠠᠳᠬᠠᠯ ᠳᠤ ᠤᠷᠤᠭᠤᠯᠵᠥ᠂ 1081 ᠥᠨᠢᠶᠡᠨ ᠳᠤ ᠨᠡᠶᠢᠲᠡ 864.2 ᠲᠥᠮᠡᠨ ᠲᠥᠭᠦᠷᠢᠭ ᠤᠨ ᠲᠥᠯᠥᠪᠤᠷᠢ | ᠥᠭᠴᠥ᠂ ᠲᠤᠬᠠᠢ ᠶᠢᠨ ᠭᠠᠵᠠᠷ ᠤᠨ ᠰᠢᠯᠢᠲᠡᠭ ᠡᠬᠦᠯᠲᠡᠷ ᠤᠨ ᠮᠢᠬᠠᠨ ᠤ ᠥᠭᠡᠷ ᠲᠡᠵᠢᠭᠡᠨ ᠥᠷᠡᠵᠢᠬᠦᠯᠬᠦ | ᠥᠢᠯᠡᠰ ᠤᠨ ᠲᠤᠭᠲᠠᠭᠤᠨ ᠢᠶᠠᠷ ᠬᠥᠭᠵᠢᠬᠦ ᠶᠢ ᠬᠥᠴᠥᠲᠡᠢ ᠪᠠᠲᠤᠯᠠᠭᠰᠠᠨ ᠪᠠᠶᠢᠨ᠎ᠠ᠃ | ᠳᠤᠮᠳᠠᠳᠤ ᠤᠯᠤᠰ ᠤᠨ ᠠᠷᠠᠳ ᠤᠨ ᠡᠳ᠋ ᠬᠥᠷᠥᠩᠭᠡ ᠶᠢᠨ ᠲᠠᠭᠠᠳᠬᠠᠯ ᠤᠨ ᠬᠤᠪᠢ ᠤᠷᠤᠭᠤᠯᠤᠭᠰᠠᠨ | ᠬᠢᠵᠠᠭᠠᠷᠲᠤ ᠺᠤᠮᠫᠠᠨᠢ ᠶᠢᠨ ᠪᠠᠷᠠᠭᠤᠨ ᠥᠵᠥᠮᠥᠴᠢᠨ ᠬᠤᠰᠢᠭᠤᠨ ᠤ ᠰᠠᠯᠪᠤᠷᠢ ᠺᠤᠮᠫᠠᠨᠢ ᠶᠢᠨ ᠬᠠᠷᠢᠭᠤᠴᠠᠯᠭᠠᠲᠠᠨ | ᠭᠥᠸᠧ ᠪᠢᠨ᠄ ︽2023 ᠤᠨ ᠠᠴᠠ ᠡᠬᠢᠯᠡᠨ ᠮᠠᠨ ᠤ ᠺᠤᠮᠫᠠᠨᠢ ᠵᠢᠷ ᠤᠨ ᠭᠤᠤᠯ ᠪᠠᠯᠭᠠᠰᠤ᠂ ᠬᠤᠭᠤᠯᠠᠲᠤ ᠶᠢᠨ | ᠭᠤᠤᠯ ᠪᠠᠯᠭᠠᠰᠤ᠂ ᠪᠠᠶᠠᠨᠬᠤᠰᠢᠭᠤ ᠰᠤᠮᠤ᠂ ᠤᠯᠠᠭᠠᠨᠬᠠᠭᠠᠯᠭ᠎ᠠ ᠰᠤᠮᠤ ᠵᠡᠷᠭᠡ ᠲᠥᠷᠪᠡᠨ ᠭᠠᠵᠠᠷ ᠤᠨ ᠲᠥᠷᠥ ᠶᠢᠨ | ᠪᠤᠲᠤᠯᠭ᠎ᠠ ᠶᠢᠨ ᠴᠢᠨᠠᠷᠲᠠᠢ ᠰᠠᠭᠠᠯᠢ ᠶᠢᠨ ᠥᠨᠢᠶ᠎ᠠ ᠲᠡᠵᠢᠭᠡᠬᠦ ᠥᠢᠯᠡᠰ ᠤᠨ ᠲᠠᠭᠠᠳᠬᠠᠯ ᠤᠨ ᠡᠬᠦᠷᠭᠡ ᠶᠢ ᠡᠬᠦᠷᠭᠡᠯᠡᠵᠥ᠂ | ᠲᠠᠭᠠᠳᠬᠠᠯ ᠳᠤ ᠤᠷᠤᠭᠤᠯᠬᠤ ᠠᠴᠠ ᠠᠪᠤᠭᠠᠳ ᠲᠥᠯᠥᠪᠤᠷᠢ ᠥᠭᠭᠦ ᠬᠥᠷᠲᠡᠯᠡᠬᠢ ᠶᠠᠪᠤᠴᠠ ᠶᠢ ᠴᠥᠮ ᠬᠠᠮᠤᠭ | ᠰᠠᠶᠢᠨ ᠪᠡᠶᠡᠯᠡᠬᠦᠯᠬᠦ ᠪᠠᠷ ᠴᠢᠷᠮᠠᠶᠢᠵᠥ ᠢᠷᠡᠪᠡ᠃ ᠬᠤᠰᠢᠭᠤᠨ ᠤ ᠵᠠᠰᠠᠭ ᠤᠨ ᠤᠷᠲᠤᠨ ᠠᠴᠠ ᠪᠠᠰᠠ ᠠᠷᠠᠳ ᠲᠤ | ᠠᠰᠢᠭ ᠬᠥᠷᠲᠡᠭᠡᠬᠦ ᠲᠥᠷᠥ ᠶᠢᠨ ᠪᠤᠲᠤᠯᠭ᠎ᠠ ᠶᠢ ᠢᠲᠡᠪᠬᠢᠲᠡᠢ ᠬᠡᠷᠡᠭᠵᠢᠬᠦᠯᠤᠨ ᠬᠤᠨᠢ ᠪᠥᠷᠢ ᠳᠤ 12 ᠲᠥᠭᠦᠷᠢᠭ | ᠨᠥᠬᠦᠪᠤᠷᠢᠯᠡᠵᠥ᠂ ᠮᠠᠯᠴᠢᠳ ᠥᠪᠡᠷᠲᠡᠭᠡᠨ 3 ᠲᠥᠭᠦᠷᠢᠭ ᠲᠤᠰᠢᠶᠠᠪᠠᠯ ᠪᠤᠯᠴᠢᠬᠠᠬᠤ ᠤᠴᠢᠷ ᠠᠴᠠ ᠮᠠᠯᠴᠢᠳ ᠤᠨ | ᠢᠲᠡᠪᠬᠢᠵᠢᠯ ᠴᠥ ᠲᠤᠩ ᠥᠨᠲᠤᠷ ᠪᠠᠶᠢᠨ᠎ᠠ᠃ ᠲᠠᠷᠠᠭᠠᠴᠢ ᠪᠠᠷ ᠮᠠᠨ ᠤ ᠺᠤᠮᠫᠠᠨᠢ ᠮᠠᠯᠴᠢᠳ ᠲᠤ ᠥᠢᠯᠡᠴᠢᠯᠡᠬᠦ ᠤᠭ | ᠰᠠᠨᠠᠭ᠎ᠠ ᠪᠠᠨ ᠥᠷᠬᠦᠯᠵᠢᠯᠡᠨ ᠪᠠᠷᠢᠮᠲᠠᠯᠠᠵᠥ᠂ ᠲᠠᠭᠠᠳᠬᠠᠯ ᠤᠨ ᠥᠢᠯᠡᠴᠢᠯᠡᠭᠡ ᠪᠠᠨ ᠲᠠᠰᠤᠷᠠᠯᠲᠠ ᠥᠭᠡᠢ | ᠰᠢᠯᠢᠲᠡᠭᠵᠢᠬᠦᠯᠵᠥ᠂ ᠪᠥᠬᠦ ᠬᠤᠰᠢᠭᠤᠨ ᠤ ᠮᠠᠯ ᠠᠵᠤ ᠠᠬᠤᠢ ᠶᠢᠨ ᠬᠥᠭᠵᠢᠯᠲᠡ ᠳᠤ ᠪᠠᠲᠤᠯᠠᠭ᠎ᠠ ᠬᠠᠨᠭ᠍ᠭᠠᠨ᠎ᠠ︾ ᠬᠡᠵᠥ | ᠲᠠᠨᠢᠯᠴᠠᠭᠤᠯᠪᠠ᠃ |