ᠰᠥᠨᠢᠳ ᠪᠠᠷᠠᠭᠤᠨ ᠬᠤᠰᠢᠭᠤᠨ ᠤ 7 ᠰᠤᠮᠤ ᠪᠠᠯᠭᠠᠰᠤ ᠶᠢᠨ 58 ᠭᠠᠴᠠᠭᠠᠨ ᠤ ᠮᠠᠯ ᠪᠡᠯᠴᠢᠭᠡᠷ ᠢ | ᠲᠡᠩᠴᠡᠬᠦᠷᠢᠰᠢᠬᠦᠯᠬᠦ ᠤᠷᠤᠨ ᠤ 3092.16 ᠲᠥᠮᠡᠨ ᠮᠥ ᠨᠤᠲᠤᠭ ᠪᠡᠯᠴᠢᠭᠡᠷ ᠲᠤ 45 ᠬᠤᠨᠤᠭ ᠤᠨ | ᠬᠤᠭᠤᠴᠠᠭ᠎ᠠ ᠲᠠᠢ ᠬᠠᠪᠤᠷ ᠤᠨ ᠤᠯᠠᠷᠢᠯ ᠤᠨ ᠡᠪᠡᠰᠥᠨ ᠤ ᠤᠷᠭᠤᠯᠲᠠ ᠶᠢᠨ ᠬᠤᠭᠤᠴᠠᠭᠠᠨ ᠳᠤ ᠪᠡᠯᠴᠢᠭᠡᠷᠯᠡᠬᠦᠯᠬᠦ ᠶᠢ | ᠵᠤᠭᠰᠤᠭᠠᠬᠤ ᠠᠵᠢᠯ ᠪᠥᠬᠦ ᠲᠠᠯ᠎ᠠ ᠪᠠᠷ ᠡᠬᠢᠯᠡᠪᠡ᠃ | ᠬᠠᠰᠢᠶᠠᠯᠠᠭ᠎ᠠ ᠡᠬᠢᠯᠡᠭᠰᠡᠨ ᠠᠩᠬᠠᠨ ᠤ ᠡᠲᠥᠷ᠂ ᠰᠠᠶᠢᠬᠠᠬᠤᠢᠯᠵᠡᠢ ᠰᠤᠮᠤ ᠶᠢᠨ ᠨᠤᠭᠤᠭᠠᠨᠲᠠᠯ᠎ᠠ ᠭᠠᠴᠠᠭᠠᠨ ᠤ | ᠮᠠᠯᠴᠢᠨ ᠡᠷᠲᠡᠨᠢᠪᠠᠶᠠᠷ ᠤᠨ ᠬᠢᠨ ᠡᠷᠲᠡ ᠠᠴᠠ ᠨᠥᠭᠡᠴᠡᠯᠡᠭᠰᠡᠨ ᠡᠪᠡᠰᠥ ᠪᠤᠷᠲᠤᠭ᠎ᠠ ᠪᠠᠷ ᠢᠶᠠᠨ ᠬᠤᠨᠢ ᠥᠭᠡᠷ ᠢᠶᠠᠨ | ᠬᠤᠷᠢᠵᠥ ᠲᠡᠵᠢᠭᠡᠵᠤ᠂ ᠬᠤᠲᠠ ᠬᠤᠷᠤᠭᠠᠨ ᠳᠠᠭᠠᠨ ᠶᠠᠭᠠᠷᠠᠨ᠎ᠠ᠃ ᠲᠤᠰ ᠰᠤᠮᠤᠨ ᠤ ᠶᠡᠷᠥᠩᠭᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠬᠦᠯᠬᠦ ᠠᠩᠭᠢ ᠶᠢᠨ ᠠᠵᠢᠯᠲᠠᠳ ᠡᠷᠲᠡᠨᠢᠪᠠᠶᠠᠷ ᠤᠨ ᠳᠤ ᠬᠥᠷᠴᠥ ᠮᠠᠯᠵᠢᠬᠤ | ᠥᠢᠯᠡᠳᠪᠤᠷᠢᠯᠡᠯ ᠤᠨ ᠬᠠᠮᠢᠶ᠎ᠠ ᠪᠥᠬᠦᠢ ᠲᠥᠷᠥ ᠶᠢᠨ ᠪᠤᠲᠤᠯᠭ᠎ᠠ ᠶᠢ ᠤᠬᠠᠭᠤᠯᠬᠤ ᠶᠢᠨ ᠵᠡᠷᠭᠡᠪᠡᠷ ᠪᠡᠯᠴᠢᠭᠡᠷ ᠰᠡᠷᠬᠦᠭᠡᠬᠦ | ᠠᠵᠢᠯ ᠢ ᠬᠢᠨᠠᠨ ᠵᠢᠯᠤᠭᠤᠳᠴᠠᠢ᠃ ᠤᠶᠢᠯᠠᠭᠠᠭᠰᠠᠨ ᠢᠶᠠᠷ᠂ ᠡᠨᠡ ᠵᠢᠯ ᠲᠤᠰ ᠬᠤᠰᠢᠭᠤᠨ ᠤ 3092.16 ᠲᠥᠮᠡᠨ | ᠮᠥ ᠨᠤᠲᠤᠭ ᠪᠡᠯᠴᠢᠭᠡᠷ ᠲᠤ ᠬᠠᠪᠤᠷ ᠤᠨ ᠤᠯᠠᠷᠢᠯ ᠤᠨ ᠡᠪᠡᠰᠥᠨ ᠤ ᠤᠷᠭᠤᠯᠲᠠ ᠶᠢᠨ ᠬᠤᠭᠤᠴᠠᠭᠠᠨ ᠳᠤ | ᠪᠡᠯᠴᠢᠭᠡᠷᠯᠡᠬᠦᠯᠬᠦ ᠶᠢ ᠲᠥᠷ ᠵᠤᠭᠰᠤᠭᠠᠬᠤ ᠠᠷᠭ᠎ᠠ ᠬᠡᠮᠵᠢᠶ᠎ᠠ ᠬᠡᠷᠡᠭᠵᠢᠬᠦᠯᠪᠠ᠃ ᠪᠡᠯᠴᠢᠭᠡᠷ ᠰᠡᠷᠬᠦᠭᠡᠬᠦ ᠠᠵᠢᠯ ᠤᠨ | ᠪᠤᠲᠠᠲᠤ ᠥᠷ᠎ᠠ ᠪᠥᠲᠥᠮᠵᠢ ᠤᠯᠬᠤ ᠶᠢ ᠥᠨᠡᠨᠬᠦ ᠪᠠᠲᠤᠯᠠᠬᠤ ᠶᠢᠨ ᠲᠥᠯᠥᠭᠡ᠂ ᠮᠠᠯᠵᠢᠬᠤ ᠡᠷᠥᠭᠡ ᠶᠢᠨ ᠨᠤᠲᠤᠭ | ᠪᠡᠯᠴᠢᠭᠡᠷ ᠤᠨ ᠲᠠᠯᠠᠪᠠᠢ ᠪᠠᠷ ᠨᠢ ᠪᠠᠷᠢᠮᠵᠢᠶᠠᠯᠠᠨ ᠮᠥ ᠪᠥᠷᠢ ᠳᠤ 1.125 ᠲᠥᠭᠦᠷᠢᠭ ᠤᠨ ᠨᠥᠬᠦᠪᠤᠷᠢ ᠥᠭᠴᠥ᠂ | ᠡᠯ᠎ᠠ ᠬᠠᠮᠢᠶ᠎ᠠ ᠪᠥᠬᠦᠢ ᠰᠠᠯᠠᠭ᠎ᠠ ᠮᠥᠴᠢᠷ ᠬᠠᠮᠢᠶ᠎ᠠ ᠪᠥᠬᠦᠢ ᠪᠠᠲᠤᠯᠠᠭ᠎ᠠ᠂ ᠵᠢᠯᠤᠭᠤᠲᠤᠯᠭ᠎ᠠ ᠪᠠ ᠬᠢᠨᠠᠯᠲᠠ ᠲᠠᠯᠪᠢᠬᠤ | ᠠᠵᠢᠯ ᠢ ᠰᠠᠶᠢᠲᠤᠷ ᠬᠢᠵᠥ᠂ ᠡᠪᠡᠰᠥ ᠪᠤᠷᠲᠤᠭ᠎ᠠ ᠨᠥᠭᠡᠴᠡᠯᠡᠬᠦ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠵᠢᠴᠢ | ᠮᠡᠷᠭᠡᠵᠢᠯ ᠤᠨ ᠵᠢᠯᠤᠭᠤᠲᠤᠯᠭ᠎ᠠ ᠬᠢᠬᠦ᠂ ᠮᠠᠯ ᠤᠨ ᠤᠰᠤ ᠤᠮᠲᠠ ᠶᠢᠨ ᠪᠠᠲᠤᠯᠠᠭ᠎ᠠ ᠵᠡᠷᠭᠡ ᠠᠵᠢᠯ ᠢ ᠨᠢᠭᠡᠲᠥᠯᠲᠡᠢ | ᠲᠥᠯᠥᠪᠯᠡᠨ ᠵᠤᠬᠢᠴᠠᠭᠤᠯᠬᠤ ᠪᠤᠯᠤᠨ᠎ᠠ᠃ | ᠤᠶᠢᠷ᠎ᠠ ᠶᠢᠨ ᠵᠢᠯ ᠳᠤ᠂ ᠲᠤᠰ ᠬᠤᠰᠢᠭᠤ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢ | ᠴᠢᠬᠤᠯᠠ ᠪᠠᠶᠢᠷᠢᠨ ᠳᠤ ᠲᠠᠯᠪᠢᠵᠥ᠂ ᠮᠠᠯ ᠪᠡᠯᠴᠢᠭᠡᠷ ᠢ ᠲᠡᠩᠴᠡᠬᠦᠷᠢ ᠲᠠᠢ ᠪᠠᠶᠢᠯᠭᠠᠬᠤ ᠪᠠ ᠪᠡᠯᠴᠢᠭᠡᠷᠯᠡᠬᠦᠬᠦ ᠶᠢ | ᠵᠤᠭᠰᠤᠭᠠᠵᠥ ᠰᠡᠯᠬᠦᠨ ᠮᠠᠯᠵᠢᠬᠤ ᠲᠥᠷᠢᠮ ᠢ ᠴᠢᠩᠭ᠎ᠠ ᠨᠠᠶᠢᠲᠠᠪᠤᠷᠢᠵᠢᠭᠤᠯᠵᠥ᠂ ᠲᠥᠷᠥ ᠶᠢᠨ ᠪᠤᠲᠤᠯᠭ᠎ᠠ ᠪᠠᠷ | ᠬᠥᠲᠤᠯᠤᠨ ᠵᠢᠯᠤᠭᠤᠳᠬᠤ᠂ ᠪᠡᠯᠡ ᠮᠥᠡᠭᠭᠦ ᠪᠠᠷ ᠲᠡᠳᠬᠦᠬᠦ᠂ ᠮᠡᠷᠭᠡᠵᠢᠯ ᠤᠨ ᠥᠢᠯᠡᠴᠢᠯᠡᠭᠡ ᠬᠠᠨᠭ᠍ᠭᠠᠬᠤ ᠵᠡᠷᠭᠡ ᠤᠯᠠᠨ | ᠵᠥᠢᠯ ᠤᠨ ᠠᠷᠭ᠎ᠠ ᠬᠡᠮᠵᠢᠶ᠎ᠠ ᠪᠠᠷ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠪᠠ ᠪᠥᠲᠥᠭᠡᠨ | ᠪᠠᠶᠢᠭᠤᠯᠤᠯᠲᠠ ᠶᠢ ᠲᠠᠰᠤᠷᠠᠯᠲᠠ ᠥᠭᠡᠢ ᠴᠢᠩᠭᠠᠳᠬᠠᠪᠠ᠃ ᠲᠠᠷᠠᠭᠠᠴᠢ ᠪᠠᠷ᠂ ᠲᠤᠰ ᠬᠤᠰᠢᠭᠤ ᠬᠠᠤᠯᠢ ᠬᠡᠷᠡᠭᠵᠢᠬᠦᠯᠬᠦ | ᠬᠢᠨᠠᠯᠲᠠ ᠬᠠᠮᠢᠶᠠᠷᠤᠯᠲᠠ ᠪᠠᠨ ᠥᠷᠬᠦᠯᠵᠢᠯᠡᠨ ᠴᠢᠩᠭᠠᠳᠬᠠᠵᠥ᠂ ᠤᠢ ᠮᠤᠲᠤ ᠡᠪᠡᠰᠥᠨ ᠤ ᠬᠤᠴᠢᠯᠭ᠎ᠠ ᠶᠢ | ᠨᠡᠮᠡᠭᠲᠡᠬᠦᠯᠵᠥ᠂ ᠠᠮᠢ ᠠᠬᠤᠢ ᠶᠢᠨ ᠤᠷᠴᠢᠨ ᠲᠤᠭᠤᠷᠢᠨ ᠢ ᠰᠠᠶᠢᠵᠢᠷᠠᠭᠤᠯᠵᠥ᠂ ᠠᠮᠢ ᠠᠬᠤᠢ ᠶᠢᠨ ᠬᠠᠮᠠᠭᠠᠯᠠᠯᠲᠠ ᠶᠢᠨ | ᠥᠷ᠎ᠠ ᠠᠰᠢᠭ ᠢ ᠤᠯᠠᠮ ᠨᠢᠭᠡ ᠠᠯᠬᠤᠮ ᠲᠡᠭᠡᠭᠰᠢᠯᠡᠬᠦᠯᠥᠨ᠎ᠠ᠃ |