ᠣᠶᠢᠷ᠎ᠠ ᠳᠤ᠂ ᠰᠢᠯᠢ ᠶᠢᠨ ᠭᠤᠣᠯ ᠠᠶᠢᠮᠠᠭ ᠤᠨ ᠮᠢᠩ ᠶᠠᠩ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ | ᠰᠢᠯᠢ ᠶᠢᠨ ᠭᠤᠣᠯ ᠠᠶᠢᠮᠠᠭ ᠤᠨ ᠠᠵᠢᠯ ᠤᠨ ᠪᠠᠶᠢᠷᠢ ᠶᠢᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠲᠠᠪᠴᠠᠩ ᠢᠶᠠᠷ | ᠳᠠᠮᠵᠢᠭᠤᠯᠤᠨ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠪᠠᠨ ᠨᠡᠶᠢᠲᠡᠯᠡᠵᠦ᠂ ︽ᠡᠭᠦᠯᠡᠨ ᠦᠵᠦᠭᠦᠷ ᠢᠶᠠᠷ | ᠠᠵᠢᠯ ᠤᠨ ᠪᠠᠶᠢᠷᠢ ᠶᠢ ᠲᠠᠶᠢᠴᠢᠯᠠᠬᠤ︾ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠳᠤ ᠣᠷᠣᠯᠴᠠᠨ᠂ ᠰᠦᠯᠵᠢᠶᠡᠨ | ᠲᠡᠭᠡᠷ᠎ᠠ ᠠᠴᠠ ᠴᠢᠳᠠᠪᠤᠷᠢᠳᠡᠨ ᠲᠠᠳᠠᠨ ᠤᠷᠤᠭᠤᠯᠬᠤ ᠠᠵᠢᠯ ᠢ ᠥᠨᠳᠥᠷ ᠪᠦᠲᠦᠮᠵᠢᠲᠡᠶ ᠵᠣᠯᠭᠠᠭᠤᠯᠬᠤ ᠶᠢ | ᠪᠡᠶᠡᠯᠡᠭᠦᠯᠪᠡ᠃ | ᠰᠢᠯᠢ ᠶᠢᠨ ᠬᠤᠳᠠ ᠶᠢᠨ ᠤᠶᠤᠨᠴᠢ ᠬᠥᠮᠥᠷᠭᠡ ᠶᠢᠨ ᠦᠢᠯᠡᠰ ᠪᠤᠰᠠᠬᠬᠤ ᠪᠡᠯᠡ ᠣᠷᠣᠭᠤᠯᠤᠯᠲᠠ ᠶᠢᠨ | ᠯᠠᠪᠯᠠᠯᠳᠠ ᠶᠢᠨ ᠬᠢᠵᠠᠭᠠᠷᠲᠤ ᠺᠣᠮᠫᠠᠨᠢ ᠳᠤ᠂ ᠬᠠᠷᠢᠭᠤᠴᠠᠯᠭᠠᠲᠠᠨ ᠸᠠᠩ ᠬᠠᠢ ᠶᠠᠨ ᠶᠠᠭ ᠰᠤᠷᠤᠭᠴᠢᠳ ᠢ ᠵᠢᠯᠣᠭᠤᠳᠤᠨ | ᠰᠢᠭᠤᠳ ᠨᠡᠪᠲᠡᠷᠡᠭᠦᠯᠭᠡ ᠶᠢᠨ ᠪᠤᠳᠠᠳᠠᠢ ᠰᠤᠷᠢᠯᠳᠠ ᠬᠢᠯᠭᠡᠵᠦ ᠪᠠᠶᠢᠯ᠎ᠠ᠃ ᠲᠤᠰ ᠺᠤᠮᠫᠠᠨᠢ ᠪᠤᠯ ᠡᠵᠡᠩᠨᠡᠯᠲᠡ ᠶᠢᠨ | ᠴᠢᠨᠠᠷᠲᠠᠢ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠮᠥᠨ᠂ ᠦᠡᠭᠭᠡᠷᠡᠭᠦ ᠵᠢᠯ | ᠰᠢᠭᠤᠳ ᠨᠡᠪᠲᠡᠷᠡᠭᠦᠯᠭᠡ ᠶᠢᠨ ᠡᠵᠡᠩᠨᠡᠯᠲᠡ ᠶᠢᠨ ᠠᠩᠭᠢ ᠳᠤ ᠪᠤᠯᠪᠠᠰᠤᠷᠠᠯ ᠭᠦᠷᠳᠡᠭᠰᠡᠨ ᠤᠯᠠᠩᠭᠢ ᠰᠤᠷᠤᠭᠴᠢ | ᠤᠳᠤᠬᠠᠨ ᠳᠤ ᠨᠢᠭᠡᠨᠳᠡ ᠨᠡᠯᠢᠶᠡᠳ ᠣᠷᠣᠯᠭ᠎ᠠ ᠡᠭᠦᠳᠴᠠᠢ᠃ ᠸᠠᠩ ᠬᠠᠢ ᠶᠠᠨ᠄ ︽ᠪᠢᠳᠡ ︿ᠪᠣᠯᠪᠠᠰᠤᠷᠠᠯ + ᠠᠵᠢᠯ | ᠣᠯᠭᠤᠯᠲᠠ﹀ ᠶᠢᠨ ᠵᠠᠬᠪᠤᠷ ᠢ ᠪᠠᠶᠢᠭᠤᠯᠵᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠳᠤ ᠮᠡᠷᠭᠡᠵᠢᠯ ᠤᠷ᠎ᠠ | ᠴᠢᠳᠠᠪᠤᠷᠢ ᠶᠢᠨ ᠪᠤᠯᠪᠠᠰᠤᠷᠠᠯ ᠬᠦᠷᠳᠡᠭᠡᠬᠦ ᠪᠠᠷ ᠪᠠᠷᠠᠬᠤ ᠦᠭᠡᠢ ᠪᠠᠰᠠ ᠲᠣᠰ ᠬᠤᠭᠤᠴᠠᠭᠠᠨ ᠤ ᠲᠡᠭᠦᠰᠬᠦ | ᠰᠤᠷᠤᠭᠴᠢᠳ ᠲᠤ ᠠᠵᠢᠯ ᠮᠡᠷᠭᠡᠵᠢᠯ ᠤᠨ ᠲᠥᠯᠦᠪᠵᠢᠭᠦᠯᠭᠡ ᠲᠣᠭᠲᠠᠭᠠᠵᠦ ᠦᠭᠳᠡᠭ︾ ᠭᠡᠮᠡᠨ ᠲᠠᠨᠢᠯᠴᠠᠭᠤᠯᠤᠯ᠎ᠠ᠃ | ᠤᠶᠢᠯᠠᠭᠠᠭᠰᠠᠨ ᠢᠶᠠᠷ᠂ ᠰᠤᠷᠭᠠᠭᠤᠯᠢ ᠠᠴᠠ ᠵᠢᠯ ᠪᠦᠷᠢ 700 ᠭᠠᠷᠤᠢ ᠬᠥᠮᠥᠨ ᠤᠳᠠᠭ᠎ᠠ ᠳᠤ ᠪᠤᠯᠪᠠᠰᠤᠷᠠᠯ | ᠭᠦᠷᠳᠡᠭᠡᠵᠦ ᠪᠠᠶᠢᠬᠤ ᠪᠥᠭᠡᠳ ᠣᠯᠠᠨ ᠠᠵᠤ ᠠᠬᠤᠶᠢᠯᠠᠯ ᠲᠠᠢ ᠬᠠᠮᠳᠤᠷᠠᠨ ᠴᠢᠳᠠᠪᠤᠷᠢᠲᠠᠨ ᠢ ᠬᠦᠷᠭᠡᠬᠦ ᠵᠠᠮ ᠢ | ᠨᠡᠭᠡᠭᠡᠵᠡᠢ᠃ | ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ︾ ᠬᠤᠯᠪᠤᠭᠠᠯᠠᠨ ᠬᠥᠳᠡᠯᠦᠯᠴᠡᠬᠦ ᠰᠢᠨ᠎ᠡ ᠵᠠᠭᠪᠤᠷ ᠨᠢ | ᠮᠠᠨ ᠤ ᠠᠶᠢᠮᠠᠭ ᠤᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠰᠢᠨ᠎ᠠ ᠶᠢ ᠡᠭᠦᠳᠦᠭᠰᠡᠨ | ᠬᠤᠷᠢᠶᠠᠩᠭᠤᠢ ᠳᠦᠷᠰᠤ ᠪᠣᠯᠣᠨ᠎ᠠ᠃ ᠣᠶᠢᠷ᠎ᠠ ᠶᠢᠨ ᠵᠢᠯ᠂ ᠮᠠᠨ ᠤ ᠠᠶᠢᠮᠠᠭ ᠴᠢᠳᠠᠪᠤᠷᠢᠲᠠᠨ ᠤ ᠬᠠᠩᠭᠠᠯᠭ᠎ᠠ | ᠬᠡᠷᠡᠭᠴᠡᠭᠡ ᠶᠢᠨ ᠪᠦᠲᠦᠴᠡ ᠶᠢᠨ ᠴᠢᠨᠠᠷᠲᠠᠢ ᠵᠥᠷᠢᠴᠡᠯ ᠢ ᠬᠦᠴᠦᠯᠡᠨ ᠰᠶᠢᠳᠪᠦᠷᠢᠯᠡᠵᠦ᠂ ᠦᠢᠯᠡᠴᠢᠯᠡᠭᠡᠨ ᠤ | ᠲᠠᠪᠴᠠᠩ ᠢ ᠪᠠᠶᠢᠭᠤᠯᠬᠤ ᠪᠠᠷ ᠳᠠᠮᠵᠢᠨ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠢ ᠬᠥᠭᠵᠢᠭᠡᠪᠡ᠃ | ᠣᠳᠣᠬᠠᠨ ᠳᠤ᠂ ᠪᠥᠬᠦ ᠠᠶᠢᠮᠠᠭ ᠢᠶᠠᠷ ᠢᠶᠠᠨ ᠨᠢᠭᠡᠨᠳᠡ 26 ᠣᠯᠠᠨ ᠨᠡᠶᠢᠲᠡ ᠶᠢᠨ ᠬᠥᠮᠥᠨ ᠤ ᠬᠦᠴᠦᠨ ᠤ ᠡᠬᠢ | ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠶᠢ ᠪᠠᠶᠢᠭᠤᠯᠵᠤ᠂ ᠪᠥᠬᠦ ᠲᠠᠯ᠎ᠠ ᠶᠢᠨ ᠪᠥᠭᠡᠳ ᠰᠠᠭᠤᠷᠢ ᠪᠣᠯᠬᠤ | ᠠᠵᠢᠯ ᠣᠯᠭᠤᠯᠲᠠ ᠶᠢᠨ ᠵᠢᠯᠣᠭᠤᠳᠤᠯᠭ᠎ᠠ ᠪᠠ ᠦᠢᠯᠡᠴᠢᠯᠡᠭᠡ ᠬᠠᠨᠭ᠍ᠭᠠᠪᠠ︔ ᠡᠵᠡᠩᠨᠡᠯᠲᠡ ᠶᠢᠨ ᠴᠢᠨᠠᠷᠲᠠᠢ ᠬᠥᠮᠥᠨ ᠤ | ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ 21 ᠪᠠᠶᠢᠭᠤᠯᠤᠮᠵᠢ ᠨᠢ ᠡᠯ᠎ᠡ ᠲᠥᠷᠥᠯ ᠤᠨ ᠠᠵᠤ ᠠᠬᠤᠶᠢᠯᠠᠯ ᠤᠨ | ᠥᠪᠡᠷᠮᠢᠴᠡ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠶ ᠲᠣᠬᠢᠷᠠᠭᠤᠯᠵᠤ᠂ ᠰᠠᠭᠤᠷᠢ ᠦᠢᠯᠡᠴᠢᠯᠡᠭᠡ ᠶᠢ | ᠭᠦᠨᠵᠡᠭᠡᠶᠢᠷᠡᠭᠦᠯᠬᠦ ᠶᠢᠨ ᠬᠠᠮᠳᠦ ᠬᠥᠮᠥᠨ ᠤ ᠬᠦᠴᠦᠨ ᠤ ᠡᠬᠢ ᠪᠠᠶᠠᠯᠢᠭ ᠤᠨ ᠥᠷᠲᠡᠭ ᠤᠨ ᠨᠡᠮᠡᠭᠳᠡᠯ ᠤᠨ | ᠦᠢᠯᠡᠴᠢᠯᠡᠭᠡ ᠶᠢ ᠥᠷᠭᠡᠳᠬᠡᠵᠦ᠂ ᠠᠵᠤ ᠠᠬᠤᠶᠢᠯᠠᠯ ᠤᠨ ᠬᠠᠮᠢᠶᠠᠷᠤᠯᠲᠠ ᠶᠢᠨ ᠡᠪᠡᠷᠰᠢᠶᠡᠯ ᠳᠤ ᠴᠢᠭᠯᠡᠭᠦᠯᠦᠨ᠂ | ᠵᠥᠪᠯᠡᠯᠭᠡ ᠥᠭᠬᠦ᠂ ᠪᠣᠯᠪᠠᠰᠤᠷᠠᠯ ᠭᠦᠷᠳᠡᠭᠡᠭᠦ᠂ ᠰᠢᠯᠭᠠᠨ ᠦᠨᠡᠯᠡᠬᠦ ᠶᠢ ᠬᠠᠮᠤᠷᠤᠭᠰᠠᠨ ᠪᠥᠬᠦ ᠬᠡᠯᠬᠢᠶᠡᠰᠦ ᠶᠢᠨ | ᠦᠢᠯᠡᠴᠢᠯᠡᠭᠡᠨ ᠤ ᠪᠦᠳᠦᠭᠡᠭᠳᠡᠭᠦᠨ ᠢ ᠨᠡᠭᠡᠭᠡᠨ ᠭᠦᠭᠵᠢᠭᠦᠯᠪᠡ᠃ 2024 ᠣᠨ ᠳᠤ᠂ ᠮᠠᠨ ᠤ ᠠᠶᠢᠮᠠᠭ ᠨᠡᠶᠢᠲᠡ 89 | ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠡᠷᠭᠢᠯᠡᠵᠦ᠂ 5.8 ᠲᠦᠮᠡᠨ ᠬᠥᠮᠥᠨ ᠤᠳᠠᠭ᠎ᠠ ᠠᠵᠢᠯ ᠣᠯᠬᠤ ᠰᠠᠨᠠᠮᠵᠢ | ᠳ᠋ᠤᠭᠳᠠᠵᠦ᠂ ᠰᠦᠯᠵᠢᠶᠡᠨ ᠳᠡᠭᠡᠷᠡᠬᠢ ᠲᠠᠪᠴᠠᠩ ᠢᠶᠠᠷ ᠳᠠᠮᠵᠢᠭᠤᠯᠤᠨ ᠠᠵᠢᠯ ᠤᠨ ᠪᠠᠶᠢᠷᠢ ᠶᠢ ᠨᠠᠷᠢᠯᠢᠭ ᠤᠨᠤᠪᠴᠢᠳᠠᠢ | ᠬᠦᠷᠭᠡᠨ ᠥᠭᠴᠦ᠂ 1.1 ᠲᠦᠮᠡ ᠭᠠᠷᠤᠢ ᠬᠥᠮᠥᠨ ᠤᠳᠠᠭ᠎ᠠ ᠶᠢᠨ ᠠᠵᠢᠯ ᠣᠯᠭᠤᠯᠲᠠ ᠶᠢ ᠬᠠᠪᠰᠤᠷᠤᠨ | ᠪᠡᠶᠡᠯᠡᠭᠦᠯᠵᠡᠢ᠃ 366 ᠠᠵᠤ ᠠᠬᠤᠶᠢᠯᠠᠯ ᠳᠤ ᠥᠪᠡᠷᠮᠢᠴᠡ ᠬᠠᠮᠢᠶᠠᠷᠤᠯᠲᠠ ᠶᠢᠨ ᠲᠥᠰᠥᠯ ᠬᠠᠩᠭᠠᠵᠤ᠂ 169 | ᠬᠤᠭᠤᠴᠠᠭᠠᠨ ᠤ ᠲᠤᠰᠬᠠᠢ ᠪᠣᠯᠪᠠᠰᠤᠷᠠᠯ ᠤᠨ ᠠᠩᠭᠢ ᠡᠷᠭᠢᠯᠡᠨ᠂ 5767 ᠬᠥᠮᠥᠨ ᠤᠳᠠᠭ᠎ᠠ ᠶᠢ ᠬᠠᠮᠤᠷᠴᠤ᠂ | ᠰᠢᠨᠵᠢᠯᠡᠬᠦ ᠤᠬᠠᠭᠠᠨᠴᠢ ᠪᠠᠷ ᠰᠢᠯᠭᠠᠨ ᠦᠨᠡᠯᠡᠬᠦ ᠪᠠᠭᠠᠵᠢ ᠪᠠᠷ 1.99 ᠲᠦᠮᠡᠨ ᠬᠥᠮᠥᠨ ᠤᠳᠠᠭ᠎ᠠ ᠶᠢᠨ | ᠴᠢᠳᠠᠪᠤᠷᠢᠲᠠᠨ ᠤ ᠦᠨᠡᠯᠡᠯᠲᠡ ᠶᠢ ᠪᠡᠶᠡᠯᠡᠭᠦᠯᠪᠡ᠃ |