ᠡᠨᠡ ᠵᠢᠯ ᠠᠴᠠ ᠨᠠᠭᠠᠰᠢ᠂ ᠮᠠᠨ ᠤ ᠠᠶᠢᠮᠠᠭ ᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠡᠵᠤ | ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ᠂ ᠢᠳᠡᠪᠬᠢᠲᠡᠢ ᠠᠵᠢᠯᠯᠠᠨ᠂ ᠠᠵᠤ ᠠᠬᠤᠶᠢᠯᠠᠯ ᠢ ᠲᠤᠰᠠᠯᠠᠬᠤ ᠠᠯᠢ ᠤᠯᠠᠨ ᠠᠷᠭ᠎ᠠ ᠬᠡᠮᠵᠢᠶ᠎ᠡ | ᠭᠠᠷᠭᠠᠨ᠂ ᠪᠦᠬᠦ ᠠᠶᠢᠮᠠᠭ ᠤᠨ ᠬᠡᠪᠴᠢᠶᠡᠨ ᠳᠤ ᠠᠵᠤ ᠠᠬᠤᠶᠢᠯᠠᠯ ᠳᠤ ᠦᠢᠯᠡᠴᠢᠯᠡᠬᠦ᠂ ᠬᠥᠭᠵᠢᠯᠲᠡ ᠶᠢ ᠠᠬᠢᠭᠤᠯᠬᠤ | ᠬᠠᠯᠠᠭᠤᠨ ᠥᠷᠨᠢᠯᠲᠡ ᠭᠠᠷᠭᠠᠵᠤ᠂ ᠪᠦᠬᠦ ᠵᠢᠯ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠪᠠᠲᠤ | ᠪᠠᠬᠢ ᠰᠠᠭᠤᠷᠢ ᠶᠢ ᠲᠠᠯᠪᠢᠪᠠ᠃ | ᠲᠠᠩ ᠾᠧ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ︵ᠥᠪᠥᠷ ᠮᠣᠩᠭᠤᠯ︶ ᠤᠨ ᠬᠤᠪᠢ ᠣᠷᠣᠭᠤᠯᠤᠭᠰᠠᠨ | ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ ᠲᠤ᠂ ᠠᠵᠢᠯᠳᠠᠳ ᠠᠯᠮᠠᠰ ᠢ ᠵᠢᠷᠭᠤᠭᠠᠨ ᠲᠠᠯᠠᠲᠤ | ᠰᠢᠬᠠᠭᠤᠷ ᠮᠠᠰᠢᠨ ᠢᠶᠠᠷ ᠡᠳ᠋ᠰᠢᠭᠦᠯᠦᠨ ᠶᠠᠭᠠᠷᠠᠯᠳᠤᠨ᠎ᠠ᠂ ᠲᠤᠰ ᠰᠢᠬᠠᠭᠤᠷ ᠮᠠᠰᠢᠨ ᠢ ᠠᠵᠤ ᠠᠬᠤᠶᠢᠯᠠᠯ ᠪᠡᠶ᠎ᠡ ᠪᠠᠨ | ᠳᠠᠭᠠᠭᠠᠵᠤ ᠰᠤᠳᠤᠯᠤᠨ ᠦᠢᠯᠡᠳᠴᠡᠢ᠃ ᠲᠠᠩ ᠾᠧ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠣᠳᠣᠬᠠᠨ ᠳᠤ 24 | ᠵᠦᠢᠯ ᠤᠨ ᠬᠤᠯᠪᠣᠭᠳᠠᠯ ᠪᠦᠬᠦᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠ ᠲᠤᠰᠬᠠᠢ ᠠᠰᠢᠭ ᠤᠨ | ᠡᠷᠬᠡ ᠶᠢ ᠡᠵᠡᠮᠰᠢᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠲᠤᠰᠬᠠᠢ ᠨᠠᠷᠢᠯᠢᠭ ᠣᠨᠴᠠ | ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠢᠶᠠᠷ ᠦᠨᠡᠯᠡᠭᠳᠡᠪᠡ᠃ | ᠡᠨᠡ ᠵᠢᠯ ᠤᠨ ᠡᠬᠢᠨ ᠳᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠦᠬᠦ ᠠᠶᠢᠮᠠᠭ ᠤᠨ ᠡᠨᠧᠷᠭᠢ ᠶᠢᠨ ᠪᠤᠰᠤ | 135 ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠲᠤ | ᠭᠦᠨᠵᠡᠭᠡᠶᠢᠷᠡᠵᠦ᠂ ᠡᠷᠦᠬᠡ ᠳᠠᠷᠠᠭᠠᠯᠠᠨ ᠠᠵᠢᠯ ᠢᠶᠠᠨ ᠰᠡᠷᠭᠦᠭᠡᠨ ᠦᠢᠯᠡᠳᠪᠦᠷᠢᠯᠡᠯ ᠢᠶᠠᠨ ᠰᠡᠷᠭᠦᠭᠡᠬᠦ᠂ ᠲᠦᠭᠦᠬᠡᠢ | ᠮᠠᠲ᠋ᠧᠷᠢᠶᠠᠯ ᠤᠨ ᠪᠠᠲᠤᠯᠠᠭ᠎ᠠ᠂ ᠦᠢᠯᠡᠳᠪᠦᠷᠢᠯᠡᠯ ᠤᠨ ᠲᠥᠯᠥᠪᠯᠡᠭᠡ᠂ ᠦᠢᠯᠡᠳᠪᠦᠷᠢᠯᠡᠯ ᠪᠣᠷᠤᠯᠠᠭᠤᠯᠭ᠎ᠠ ᠶᠢ | ᠵᠣᠯᠭᠠᠭᠤᠯᠬᠤ ᠵᠡᠷᠭᠡ ᠪᠠᠶᠢᠳᠠᠯ ᠢ ᠣᠶᠢᠯᠠᠭᠠᠵᠤ᠂ ᠣᠯᠣᠯᠴᠠᠭ᠎ᠠ ᠵᠤᠬᠢᠴᠠᠭᠤᠯᠭ᠎ᠠ ᠶᠢᠨ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠠᠰᠠᠭᠤᠳᠠᠯ ᠢ ᠢᠯᠡᠷᠡᠭᠦᠯᠬᠦ ᠪᠠ ᠰᠶᠢᠳᠪᠦᠷᠢᠯᠡᠬᠦ ᠬᠤᠭᠤᠴᠠᠭᠠᠲᠤ ᠴᠢᠨᠠᠷ ᠢ ᠦᠨᠡᠨ ᠬᠦ | ᠳᠡᠭᠡᠭᠰᠢᠯᠡᠭᠦᠯᠤᠨ᠂ ᠠᠵᠤ ᠠᠬᠤᠶᠢᠯᠠᠯ ᠢ ᠬᠠᠪᠰᠤᠷᠤᠨ ᠲᠦᠭᠵᠢᠷᠡᠯ ᠤᠨ ᠠᠰᠠᠭᠤᠳᠠᠯ ᠢ ᠰᠶᠢᠳᠪᠦᠷᠢᠯᠡᠵᠦ᠂ ᠠᠵᠤ | ᠠᠬᠤᠶᠢᠯᠠᠯ ᠤᠨ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠵᠠᠢ᠃ | ᠠᠵᠤ ᠠᠬᠤᠶᠢᠯᠠᠯ ᠤᠨ ᠪᠡᠯᠡ ᠮᠥᠩᠭᠦᠨ ᠤ ᠳᠠᠷᠤᠯᠲᠠ ᠶᠢ ᠬᠥᠩᠭᠡᠷᠡᠭᠦᠯᠬᠦ ᠶᠢᠨ ᠲᠥᠯᠥᠭᠡ᠂ ᠠᠶᠢᠮᠠᠭ ᠤᠨ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠠᠴᠠ ᠤᠳᠤᠬᠠᠨ ᠳᠤ ᠶᠠᠭ ᠠᠵᠤ ᠠᠬᠤᠶᠢᠯᠠᠯ ᠢ | ᠵᠣᠬᠢᠶᠠᠨ ᠪᠠᠶᠢᠭᠤᠯᠵᠤ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ | ᠲᠤᠰᠬᠠᠢ ᠪᠡᠯᠡ ᠮᠥᠩᠭᠦ ᠶᠢ ᠣᠯᠬᠤ ᠪᠠᠷ ᠭᠦᠴᠦᠯᠡᠵᠦ᠂ ︽ᠲᠤᠰᠬᠠᠢ ᠨᠠᠷᠢᠯᠢᠭ ᠣᠨᠴᠠ ᠰᠢᠨ᠎ᠡ︾᠂ ᠲᠣᠭᠠᠴᠢᠯᠠᠭᠰᠠᠨ | ᠪᠣᠬᠢᠷᠲᠤᠯ ᠦᠭᠡᠢ ᠲᠡᠶᠢᠰᠢ ᠬᠡᠯᠪᠡᠷᠢ ᠶᠢ ᠬᠤᠪᠢᠷᠠᠭᠤᠯᠬᠤ ᠵᠡᠷᠭᠡ ᠲᠥᠷᠥᠯ ᠬᠡᠯᠪᠡᠷᠢ ᠶᠢᠨ ᠠᠵᠤ ᠠᠬᠤᠶᠢᠯᠠᠯ ᠢ | ᠱᠠᠩᠨᠠᠬᠤ ᠪᠠᠷ ᠪᠤᠢ᠃ ︽ᠪᠠᠲᠤᠯᠠᠭᠠᠲᠤ ᠵᠢᠭᠡᠯᠡᠯᠭᠡ︾ ᠪᠡᠯᠡ ᠬᠤᠷᠠᠮᠳᠤᠭᠤᠯᠭ᠎ᠠ ᠶᠢᠨ ᠦᠢᠯᠡᠴᠢᠯᠡᠭᠡᠨ ᠤ ᠠᠵᠢᠯ ᠢ | ᠢᠳᠡᠪᠬᠢᠲᠡᠢ ᠠᠬᠢᠭᠤᠯᠵᠤ᠂ ᠣᠳᠣᠬᠠᠨ ᠳᠤ ᠣᠯᠠᠨ ᠬᠤᠷᠰᠢᠭᠰᠠᠨ ᠪᠠᠩᠬᠢ ᠲᠠᠢ 2025 ᠣᠨ ᠤ ︽ᠪᠠᠲᠤᠯᠠᠭᠠᠲᠤ | ᠵᠢᠭᠡᠯᠡᠯᠭᠡ︾ ᠪᠡᠯᠡ ᠬᠤᠷᠠᠮᠳᠤᠭᠤᠯᠭ᠎ᠠ ᠶᠢᠨ ᠦᠢᠯᠡᠴᠢᠯᠡᠭᠡᠨ ᠤ ᠠᠵᠢᠯ ᠢ ᠵᠥᠪᠳᠡᠯᠴᠡᠨ ᠠᠬᠢᠭᠤᠯᠵᠤ᠂ ᠣᠷᠳᠣᠰ | ᠪᠠᠩᠬᠢ ᠲᠠᠢ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠨ᠂ ᠡᠨᠡ ᠵᠢᠯ ᠳ᠋ᠦᠩᠰᠢᠭᠤᠷ ᠲᠥᠭᠦᠷᠢᠭ ᠠᠴᠠ ᠳᠡᠭᠡᠭᠰᠢ ︽ | ᠪᠠᠲᠤᠯᠠᠭᠠᠲᠤ ᠵᠢᠭᠡᠯᠡᠯᠭᠡ︾ ᠲᠠᠯᠪᠢᠬᠤ ᠪᠠᠷ ᠭᠦᠴᠦᠯᠡᠵᠦ ᠪᠤᠢ᠃ ᠪᠥᠬᠦ ᠠᠶᠢᠮᠠᠭ ᠲᠤ ᠴᠢᠭᠯᠡᠭᠦᠯᠦᠨ 69 ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ 59.23 ᠳ᠋ᠦᠩᠰᠢᠭᠤᠷ ᠲᠥᠭᠦᠷᠢᠭ ᠤᠨ ᠪᠡᠯᠡ ᠬᠤᠷᠠᠮᠳᠤᠭᠤᠯᠭ᠎ᠠ ᠶᠢᠨ | ᠬᠡᠷᠡᠭᠴᠡᠭᠡ ᠱᠠᠭᠠᠷᠳᠠᠯᠭ᠎ᠠ ᠶᠢ ᠴᠤᠭᠯᠠᠭᠤᠯᠵᠤ᠂ ᠴᠠᠭ ᠲᠤᠬᠠᠢ ᠳᠤᠨᠢ ᠡᠯ᠎ᠡ ᠮᠥᠩᠭᠦᠨ ᠭᠦᠢᠯᠭᠡᠭᠡᠨ ᠤ | ᠪᠠᠶᠢᠭᠤᠯᠤᠮᠵᠢ ᠳᠤ ᠭᠦᠷᠭᠡᠪᠡ᠃ | ᠲᠠᠷᠠᠭ᠎ᠠ ᠠᠯᠬᠤᠮ ᠳᠤ᠂ ᠪᠥᠬᠦ ᠠᠶᠢᠮᠠᠭ ᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠠᠵᠤ | ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ | ᠬᠡᠷᠡᠭᠴᠡᠭᠡ ᠪᠠᠷ ᠤᠳᠤᠷᠢᠳᠤᠮᠵᠢ ᠪᠣᠯᠭᠠᠨ᠂ ᠦᠢᠯᠡᠴᠢᠯᠡᠭᠡᠨ ᠤ ᠠᠷᠭ᠎ᠠ ᠭᠡᠯᠪᠡᠷᠢ ᠶᠢᠨ ᠰᠢᠨ᠎ᠡ ᠶᠢ ᠡᠭᠦᠳᠴᠦ᠂ | ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠪᠥᠬᠦ ᠠᠶᠢᠮᠠᠭ ᠤᠨ ᠠᠵᠤ ᠠᠬᠤᠢ ᠶᠢᠨ ᠨᠡᠮᠡᠭᠳᠡᠯ ᠳᠤ | ᠨᠠᠩ ᠣᠯᠠᠨ ᠬᠥᠳᠡᠯᠭᠡᠬᠦ ᠬᠦᠴᠦᠨ ᠨᠡᠮᠡᠷᠢᠯᠡᠨ᠎ᠡ᠃ | |