ᠵᠢᠷᠦᠬᠡ ᠴᠢᠰᠤᠨ ᠰᠤᠳᠠᠯ ᠢ ᠬᠠᠮᠠᠭᠠᠯᠠᠬᠤ ᠡᠨᠡ ᠶᠠᠪᠤᠳᠠᠯ ᠳᠡᠭᠡᠷ᠎ᠡ ᠢᠳᠡᠭᠡᠨ ᠤᠮᠳᠠᠭᠠᠨ ᠪᠣᠯ ᠴᠢᠬᠤᠯᠠ ᠨᠢᠭᠡ | ᠭᠤᠭᠴᠤᠭ᠎ᠠ ᠪᠣᠯᠤᠨ᠎ᠠ᠂ ᠡᠭᠦᠨ ᠳᠤ ︽ᠳᠠᠪᠤᠰᠤ ᠪᠠᠭ᠎ᠠ ᠢᠳᠡᠵᠦ︾᠂ ᠪᠠᠭ᠎ᠠ ᠰᠠᠭ᠎ᠠ ︽ᠺᠠᠯᠢ︾ ᠨᠦᠬᠦᠬᠦ | ᠴᠢᠬᠤᠯᠠᠳᠠᠢ᠃ ᠺᠠᠯᠢ ᠨᠢ ᠥᠭᠡᠬᠦ ᠬᠠᠳᠠᠭᠠᠯᠠᠬᠳᠠᠨ ᠦᠯᠡᠳᠡᠬᠦ ᠶᠢ ᠪᠠᠭᠠᠰᠬᠠᠨ᠎ᠡ᠃ ᠺᠠᠯᠢ ᠶᠢᠨ ᠡᠯᠧᠮᠧᠨᠲ ᠨᠢ ᠥᠭᠡᠬᠦ | ᠴᠢᠰᠤᠨ ᠰᠤᠳᠠᠯ ᠤᠨ ᠲᠤᠳᠤᠷ ᠬᠠᠨ᠎ᠠ ᠳᠤ ᠨᠠᠭᠠᠯᠳᠤᠬᠤ᠂ ᠴᠢᠰᠤᠨ ᠰᠤᠳᠠᠯ ᠢ ᠬᠡᠮᠳᠦᠭᠡᠵᠦ ᠬᠠᠳᠠᠭᠤᠷᠠᠭᠤᠯᠬᠤ ᠶᠢ | ᠰᠡᠷᠭᠡᠶᠢᠯᠡᠬᠦ ᠳᠤ ᠲᠤᠰᠠᠯᠠᠨ᠎ᠠ᠃ ᠺᠠᠯᠢ ᠨᠢ ᠵᠢᠷᠦᠬᠡᠨ ᠯᠤᠭᠰᠢᠯᠲᠠ ᠶᠢ ᠲᠣᠬᠢᠷᠠᠭᠤᠯᠤᠨ᠎ᠠ᠃ ᠵᠢᠷᠦᠬᠡᠨ ᠤ ᠬᠡᠪ ᠤᠨ | ᠯᠣᠭᠰᠢᠯᠲᠠ ᠪᠠ ᠪᠤᠯᠴᠢᠩ ᠨᠢ ᠬᠡᠪ ᠤᠨ ᠠᠪᠴᠢᠯᠲᠠ ᠳᠤ ᠪᠦᠷ ᠺᠠᠯᠢ᠂ ᠨᠠᠲᠷᠢ ᠵᠡᠷᠭᠡ ᠢᠶᠤᠨ ᠤ ᠬᠠᠮᠵᠢᠯᠴᠠᠬᠤ | ᠦᠢᠯᠡᠳᠦᠯ ᠳᠤ ᠲᠦᠰᠢᠭᠯᠡᠵᠦ ᠪᠠᠶᠢᠳᠠᠭ᠃ ᠡᠭᠦᠨ ᠠᠴᠠ ᠭᠠᠳᠠᠨ᠎ᠠ᠂ ᠺᠠᠯᠢ ᠨᠢ ᠪᠠᠰᠠ ᠪᠡᠶ᠎ᠡ ᠶᠢᠨ ᠲᠤᠳᠤᠷᠠᠬᠢ ᠠᠷᠤᠭ | ᠶᠠᠰᠤ ᠪᠣᠯᠤᠨ ᠪᠤᠯᠴᠢᠩ ᠤᠨ ᠬᠥᠳᠡᠯᠭᠡᠭᠡᠨ ᠬᠢᠬᠦ᠂ ᠵᠢᠷᠦᠬᠡᠨ ᠤ ᠪᠤᠯᠴᠢᠩ ᠤᠨ ᠬᠡᠪ ᠤᠨ ᠪᠤᠰᠤ ᠪᠠᠶᠢᠳᠠᠯ ᠢ ᠰᠡᠷᠭᠡᠶᠢᠯᠡᠬᠦ | ᠡᠭᠦᠷᠭᠡ ᠡᠭᠦᠷᠭᠡᠯᠡᠵᠦ ᠪᠠᠶᠢᠳᠠᠭ᠃ | ᠲᠤᠣᠷᠠᠬᠢ ᠬᠡᠳᠦᠨ ᠲᠦᠷᠦᠯ ᠤᠨ ᠬᠦᠮᠦᠨ ᠺᠠᠯᠢ ᠨᠥᠬᠦᠪᠥᠷᠢᠯᠡᠬᠦ ᠶᠢ ᠤᠨᠴᠠᠭᠠᠢ ᠠᠩᠬᠠᠷᠬᠤ ᠬᠡᠷᠡᠭᠲᠡᠢ᠃ | 1. ᠴᠢᠰᠤᠨ ᠳᠠᠷᠤᠯᠲᠠ ᠪᠠᠷᠢᠮᠵᠢᠶ᠎ᠠ ᠬᠡᠲᠦᠷᠡᠭᠰᠡᠨ ᠬᠦᠮᠦᠨ | 2. ᠢᠳᠡᠪᠠᠯ ᠠᠮᠠᠷᠬᠠᠨ ᠲᠠᠷᠭᠤᠯᠠᠳᠠᠭ ᠬᠦᠮᠦᠨ | 3. ᠠᠮᠠᠷᠬᠠᠨ ᠰᠠᠭᠤᠯᠭᠠᠳᠠᠭ ᠬᠦᠮᠦᠨ | 4. ᠬᠦᠯᠦᠰᠦ ᠠᠷᠪᠢᠨ ᠭᠠᠷᠳᠠᠭ ᠬᠦᠮᠦᠨ | 5. ᠤᠳᠠᠭᠠᠨ ᠴᠢᠨᠠᠷᠲᠠᠢ ᠬᠡᠰᠡᠭ ᠡᠪᠡᠳᠴᠢᠲᠡᠨ | ᠰᠢᠮ᠎ᠡ ᠲᠡᠵᠢᠭᠡᠯ ᠤᠨ ᠲᠤᠰᠬᠠᠶ ᠮᠡᠷᠭᠡᠵᠢᠯᠲᠡᠨ ᠠᠴᠠ ᠢᠳᠡᠭᠡᠨ ᠤᠮᠳᠠᠭᠠᠨ ᠢᠶᠠᠷ ᠺᠠᠯᠢ ᠨᠦᠬᠦᠬᠦ ᠠᠷᠭ᠎ᠠ ᠶᠢ | ᠲᠠᠨᠢᠯᠴᠠᠭᠤᠯᠪᠠ᠄ | · ᠡᠳᠦᠷ ᠪᠦᠷᠢ ᠨᠢᠭᠡ ᠵᠢᠩ ᠢᠳᠡᠰᠢᠨ ᠨᠣᠭᠤᠭ᠎ᠠ᠂ ᠬᠠᠭᠠᠰ ᠵᠢᠩ ᠵᠢᠮᠢᠰ ᠢᠳᠡᠵᠦ᠂ ᠠᠯᠢ ᠴᠢᠳᠠᠬᠤ ᠪᠠᠷ | ᠨᠢᠭᠡ ᠬᠤᠶᠠᠷ ᠵᠦᠢᠯ ᠤᠨ ᠺᠠᠯᠢ ᠶᠡᠬᠡᠳᠡᠢ ᠢᠳᠡᠰᠢᠨ ᠨᠣᠭᠤᠭ᠎ᠠ ᠢᠳᠡᠵᠦ᠂ ᠺᠠᠯᠢ ᠶᠢᠨ ᠰᠢᠮ᠎ᠡ ᠲᠡᠵᠢᠭᠡᠯ ᠤᠨ ᠡᠳ᠋ ᠤᠨ | ᠨᠢᠭᠲᠠᠴᠠ ᠪᠠᠷ ᠨᠡᠯᠢᠶᠡᠳ ᠥᠨᠳᠥᠷ ᠵᠢᠮᠢᠰ ᠦᠷᠭᠦᠯᠵᠢ ᠢᠳᠡᠬᠦ ᠬᠡᠷᠡᠭᠳᠡᠢ᠃ | ·ᠡᠳᠦᠷ ᠪᠦᠷᠢ ᠠᠳᠠᠭ ᠲᠠᠭᠠᠨ 300 ᠭᠷᠠᠮ ᠴᠡᠪᠡᠷ ᠰᠦ ᠪᠤᠶᠤ ᠡᠭᠡᠳᠡᠭᠰᠡᠨ ᠰᠦ ᠤᠣᠭᠤᠬᠤ ᠭᠡᠷᠡᠭᠳᠡᠢ︔ | ·ᠭᠤᠤᠯ ᠢᠳᠡᠭᠡᠨ ᠳᠡᠭᠡᠨ 1/3~1/2 ᠬᠤᠪᠢ ᠶᠢᠨ ᠪᠤᠷᠴᠠᠭ ᠤᠨ ᠵᠦᠢᠯ ᠪᠠ ᠪᠦᠬᠦ ᠠᠮᠤ ᠶᠢᠨ ᠵᠤᠶᠢᠯᠡᠰ | ᠢ ᠢᠳᠡᠵᠦ᠂ ᠡᠳᠦᠷ ᠪᠦᠷᠢ 50 ~ 150 ᠭᠷᠠᠮ ᠢᠳᠡᠬᠦ ᠭᠡᠷᠡᠭᠳᠡᠢ︔ | · ᠡᠳᠦᠷ ᠪᠦᠷᠢ 50 ~100 ᠭᠷᠡᠮ ᠲᠦᠮᠦᠰᠦᠨ ᠤ ᠲᠦᠷᠦᠯ ᠢᠳᠡᠬᠦ ᠭᠡᠷᠡᠭᠳᠡᠢ︔ | · ᠵᠦᠢᠯ ᠪᠦᠷᠢ ᠶᠢᠨ ᠮᠢᠬ᠎ᠠ ᠶᠢ ᠡᠭᠡᠯᠵᠢᠯᠡᠨ ᠢᠳᠡᠵᠦ᠂ ᠡᠳᠦᠷ ᠪᠦᠷᠢ 70 ~150 ᠭᠷᠠᠮ ᠢᠳᠡᠵᠦ᠂ | ᠡᠳᠦᠷ ᠪᠦᠷᠢ ᠨᠢᠭᠡ ᠲᠠᠬᠢᠶᠠᠨ ᠥᠨᠳᠡᠭᠡ ᠢᠳᠡᠬᠦ ᠬᠡᠷᠡᠭᠳᠡᠢ᠃ | ·ᠴᠢᠰᠤᠨ ᠳᠠᠷᠤᠯᠲᠠ ᠥᠨᠳᠥᠷ ᠡᠪᠡᠳᠴᠢᠲᠡᠨ ᠢᠳᠡᠰᠢᠨ ᠨᠣᠭᠤᠭ᠎ᠠ᠂ ᠵᠢᠮᠢᠰ ᠵᠢᠴᠢ ᠬᠤᠯᠢᠮᠠᠭ ᠠᠮᠤ | ᠵᠤᠬᠢᠬᠤ ᠬᠡᠮᠵᠢᠶ᠎ᠡ ᠪᠠᠷ ᠢᠳᠡᠵᠦ᠂ ᠡᠩ ᠤᠨ ᠳᠠᠪᠤᠰᠤ ᠢᠳᠡᠵᠦ ᠪᠠᠶᠢᠬᠰᠠᠨ ᠢᠶᠠᠨ ᠨᠠᠲᠷᠢ ᠪᠠᠭ᠎ᠠ ᠺᠠᠯᠢ ᠶᠡᠭᠡ ᠳᠠᠪᠤᠰᠤ | ᠢᠳᠡᠬᠦ ᠪᠣᠯᠭᠠᠨ ᠬᠤᠪᠢᠷᠠᠭᠤᠯᠵᠤ ᠪᠣᠯᠤᠨ᠎ᠠ᠃ | |