ᠦᠪᠡᠷᠲᠡᠭᠡᠨ ᠵᠠᠰᠬᠠᠤ ᠤᠷᠤᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠣᠶ ᠰᠢᠭᠤᠢ ᠨᠤᠳᠤᠭ ᠪᠡᠯᠴᠢᠭᠡᠷ ᠢ ᠡᠪᠳᠡᠵᠤ ᠰᠦᠢᠳᠭᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠴᠡᠭᠴᠡᠯᠡᠵᠤ ᠵᠠᠰᠠᠬᠰᠠᠨ ᠠᠵᠢᠯ ᠤᠨ ᠪᠠᠶᠢᠲᠠᠯ ᠢ ᠵᠡᠷᠯᠡᠨ ᠨᠡᠶᠢᠲᠡᠯᠡᠪᠡ
ᠨᠡᠶᠢᠲᠡᠯᠡᠭᠰᠡᠨ ᠴᠠᠭ᠄
2025/4/17
     ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠣᠶ ᠰᠢᠭᠤᠢ ᠨᠤᠳᠤᠭ ᠪᠡᠯᠴᠢᠭᠡᠷ ᠢ ᠡᠪᠳᠡᠵᠤ ᠰᠦᠢᠳᠭᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠴᠡᠭᠴᠡᠯᠡᠵᠤ ᠵᠠᠰᠠᠬᠰᠠᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠪᠥᠬᠦ ᠣᠷᠣᠨ ᠤ ᠰᠢᠭᠦᠬᠦ ᠬᠤᠷᠢᠶ᠎ᠠ ᠶᠢᠨ ᠣᠶ ᠰᠢᠭᠤᠢ ᠨᠤᠳᠤᠭ ᠪᠡᠯᠴᠢᠭᠡᠷ ᠢ ᠡᠪᠳᠡᠵᠤ ᠰᠦᠢᠳᠭᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠴᠡᠭᠴᠡᠯᠡᠵᠤ ᠵᠠᠰᠠᠭᠰᠠᠨ ᠠᠵᠢᠯ ᠤᠨ ᠪᠠᠶᠢᠳᠠᠯ ᠵᠢᠴᠢ ᠣᠶ ᠰᠢᠭᠤᠢ ᠨᠤᠳᠤᠭ ᠪᠡᠯᠴᠢᠭᠡᠷ ᠢ ᠡᠪᠳᠡᠵᠤ ᠰᠦᠢᠳᠭᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠵᠠᠯᠬᠠᠭᠠᠵᠤ ᠰᠶᠢᠳᠬᠡᠭᠰᠡᠨ 5 ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠨᠡᠶᠢᠲᠡᠯᠡᠪᠡ᠃      ᠲᠠᠨᠢᠯᠴᠠᠭᠤᠯᠤᠭᠰᠠᠨ ᠢᠶᠠᠷ᠂ ᠣᠶ ᠰᠢᠭᠤᠢ ᠨᠤᠳᠤᠭ ᠪᠡᠯᠴᠢᠭᠡᠷ ᠢ ᠡᠪᠳᠡᠵᠤ ᠰᠦᠢᠳᠭᠡᠭᠰᠡᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠥᠨᠳᠥᠷ ᠪᠦᠲᠦᠮᠵᠢᠲᠡᠶ ᠠᠵᠢᠯ ᠤᠨ ᠰᠢᠰᠲ᠋ᠧᠮ ᠢ ᠪᠠᠶᠢᠭᠤᠯᠪᠠ᠃ ᠨᠠᠮ ᠤᠨ ᠤᠳᠤᠷᠢᠳᠬᠤ ᠳᠤᠭᠤᠶᠢᠯᠠᠩ ᠲᠤᠰᠬᠠᠢ ᠰᠡᠳᠦᠪ ᠢᠶᠠᠷ ᠲᠤᠰᠬᠠᠢ ᠠᠵᠢᠯᠯᠠᠭ᠎ᠠ ᠶᠢ ᠰᠤᠳᠤᠯᠤᠨ ᠪᠠᠶᠢᠷᠢᠯᠠᠭᠤᠯᠵᠤ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠶᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠴᠢᠨᠠᠭᠰᠢᠳᠠ ᠨᠢᠭᠡᠳᠬᠡᠵᠦ᠂ ᠰᠢᠭᠦᠬᠦ ᠬᠤᠷᠢᠶ᠎ᠠ ᠶᠢᠨ ᠠᠮᠢ ᠠᠬᠤᠢ ᠣᠷᠴᠢᠨ ᠲᠣᠭᠤᠷᠢᠨ ᠢ ᠰᠠᠬᠢᠨ ᠬᠠᠮᠠᠭᠠᠯᠠᠬᠤ ᠶᠠᠪᠤᠴᠠ ᠳᠠᠬᠢ ᠤᠯᠤᠰ ᠲᠦᠷᠦ ᠶᠢᠨ ᠬᠠᠷᠢᠭᠤᠴᠠᠯᠭ᠎ᠠ᠂ ᠬᠠᠤᠯᠢ ᠪᠠᠷ ᠵᠠᠰᠠᠬᠤ ᠬᠠᠷᠢᠭᠤᠴᠠᠯᠭ᠎ᠠ ᠪᠠ ᠰᠢᠭᠦᠨ ᠲᠠᠰᠤᠯᠬᠤ ᠬᠠᠷᠢᠭᠤᠴᠠᠯᠭ᠎ᠠ ᠶᠢ ᠭᠦᠢᠴᠡᠳ ᠲᠠᠨᠢᠪᠠ᠃ ᠬᠡᠷᠡᠭ ᠢ ᠲᠦᠷᠭᠡᠨ ᠲᠠᠩᠰᠠᠯᠠᠬᠤ᠂ ᠰᠢᠭᠦᠬᠦ᠂ ᠭᠦᠢᠴᠡᠳᠬᠡᠬᠦ ᠲᠣᠭᠲᠠᠴᠠ ᠶᠢ ᠪᠠᠶᠢᠭᠤᠯᠵᠤ᠂ ᠬᠡᠷᠡᠭ ᠤᠨ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠤᠢ ᠰᠢᠭᠤᠢ ᠨᠤᠲᠤᠭ ᠪᠡᠯᠴᠢᠭᠡᠷ ᠢ ᠡᠪᠳᠡᠵᠤ ᠰᠦᠢᠤᠨᠬᠡᠭᠰᠡᠨ ᠬᠤᠯᠪᠣᠭᠳᠠᠯ ᠪᠦᠬᠦᠢ ᠬᠡᠷᠡᠭ ᠤᠨ ︽ᠰᠢᠭᠤᠳ ᠨᠡᠪᠲᠡᠷᠡᠭᠦ ᠰᠢᠭᠦᠨ ᠲᠠᠰᠤᠯᠬᠤ ᠵᠠᠮ︾ ᠢ ᠨᠡᠭᠡᠭᠡᠵᠦ᠂ ᠬᠡᠷᠡᠭ ᠢ ᠲᠦᠷᠭᠡᠨ ᠰᠢᠭᠦᠵᠦ ᠲᠦᠷᠭᠡᠨ ᠳᠠᠭᠤᠰᠬᠠᠬᠤ ᠲᠣᠭᠲᠠᠴᠠ ᠶᠢ ᠪᠠᠶᠢᠭᠤᠯᠤᠨ᠂ ᠬᠡᠷᠡᠭ ᠤᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠬᠡᠷᠡᠭ ᠢ ᠬᠦᠯᠢᠶᠡᠨ ᠠᠪᠴᠤ ᠰᠶᠢᠳᠪᠦᠷᠢᠯᠡᠬᠦ᠂ ᠰᠢᠭᠦᠬᠦ᠂ ᠭᠦᠢᠴᠡᠳᠬᠡᠬᠦ ᠵᠡᠷᠭᠡ ᠡᠯ᠎ᠡ ᠭᠤᠭᠴᠤᠭ᠎ᠠ ᠶᠠᠪᠤᠴᠠ ᠶᠢ ᠰᠢᠯᠢᠳᠡᠭᠵᠢᠭᠦᠯᠵᠦ᠂ ᠬᠡᠷᠡᠭ ᠰᠶᠢᠳᠪᠦᠷᠢᠯᠡᠬᠦ ᠦᠶᠡᠯᠡᠯ ᠤᠨ ᠬᠤᠭᠤᠴᠠᠭ᠎ᠠ ᠶᠢ ᠪᠣᠭᠤᠨᠢᠰᠬᠠᠵᠤ᠂ ᠬᠠᠤᠯᠢ ᠪᠠᠷᠢᠬᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠤᠢ ᠰᠢᠭᠤᠢ ᠪᠠ ᠨᠤᠳᠤᠭ ᠪᠡᠯᠴᠢᠭᠡᠷ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠰᠠᠯᠠᠭ᠎ᠠ ᠮᠥᠴᠢᠷ ᠯᠦᠭᠡ ᠶᠢᠨ ᠵᠣᠬᠢᠴᠠᠯᠳᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠳᠣᠲᠣᠭᠠᠳᠤ ᠶᠢ ᠬᠠᠮᠠᠭᠠᠯᠠᠬᠤ᠂ ᠪᠠᠶᠢᠴᠠᠭᠠᠬᠤ ᠪᠠᠶᠢᠭᠤᠯᠭ᠎ᠠ ᠲᠠᠢ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠵᠤ᠂ ᠤᠢ ᠰᠢᠭᠤᠢ ᠨᠤᠳᠤᠭ ᠪᠡᠯᠴᠢᠭᠡᠷ ᠢ ᠡᠪᠳᠠᠵᠤ ᠰᠦᠢᠳᠭᠡᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠤᠷᠢᠭᠯᠠᠨ ᠵᠣᠭᠰᠤᠭᠠᠬᠤ ᠬᠦᠴᠦᠷᠬᠡᠭ ᠶᠡᠭᠡ ᠬᠠᠤᠯᠢ ᠪᠠᠷ ᠵᠠᠰᠠᠬᠤ ᠬᠠᠮᠳᠤᠷᠠᠯ ᠬᠦᠴᠦᠨ ᠢ ᠪᠦᠷᠢᠯᠳᠤᠬᠦᠯᠪᠠ᠃ ᠣᠷᠣᠨ ᠨᠤᠲᠤᠭ ᠤᠨ ᠰᠢᠭᠦᠬᠦ ᠬᠤᠷᠢᠶ᠎ᠠ ᠪᠠ ᠲᠡᠮᠦᠷ ᠵᠠᠮ ᠤᠨ ᠰᠢᠭᠦᠬᠦ ᠬᠤᠷᠢᠶ᠎ᠠ ᠬᠠᠮᠲᠤᠷᠠᠨ ᠣᠷᠴᠢᠨ ᠲᠤᠭᠤᠷᠢᠨ ᠤ ᠵᠠᠰᠠᠯᠲᠠ ᠳᠤ ᠣᠷᠣᠯᠴᠠᠬᠤ ᠬᠠᠮᠵᠢᠯᠴᠠᠭᠠᠨ ᠤ ᠲᠣᠭᠲᠠᠴᠠ ᠶᠢ ᠪᠠᠶᠢᠭᠤᠯᠵᠤ᠂ ᠤᠢ ᠰᠢᠭᠤᠢ ᠨᠤᠳᠤᠭ ᠪᠡᠯᠴᠢᠭᠡᠷ ᠢ ᠡᠪᠳᠡᠵᠤ ᠰᠦᠢᠳᠭᠡᠭᠰᠡᠨ ᠡᠷᠡᠭᠦᠦ ᠶᠢᠨ ᠬᠡᠷᠡᠭ ᠢ ᠲᠣᠭᠤᠷᠢᠨ ᠰᠢᠭᠦᠨ ᠲᠠᠰᠤᠯᠬᠤ᠂ ᠲᠥᠪᠯᠡᠷᠡᠭᠦᠯᠦᠨ ᠲᠢᠩᠬᠢᠮ ᠨᠡᠭᠡᠭᠡᠬᠦ᠂ ᠬᠠᠮᠠᠭᠠᠯᠠᠨ ᠰᠡᠷᠭᠦᠭᠡᠬᠦ ᠵᠡᠷᠭᠡ ᠠᠵᠢᠯ ᠢ ᠰᠠᠶᠢᠲᠤᠷ ᠬᠢᠪᠡ᠃ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠶᠢ ᠲᠤᠪᠤᠶᠢᠯᠭᠠᠵᠤ᠂ ᠶᠡᠷᠦᠩᠬᠡᠶᠢᠯᠡᠨ ᠵᠠᠰᠠᠬᠤ ᠶᠢ ᠠᠬᠢᠭᠤᠯᠵᠦ᠂ ᠬᠡᠷᠡᠭ ᠰᠶᠢᠳᠪᠦᠷᠢᠯᠡᠬᠦ ᠶᠠᠪᠤᠴᠠ ᠳᠤ ᠢᠯᠡᠷᠡᠭᠦᠯᠦᠭᠰᠡᠨ ᠤᠢ ᠰᠢᠭᠤᠢ᠂ ᠨᠤᠲᠤᠭ ᠪᠡᠯᠴᠢᠭᠡᠷ ᠵᠡᠷᠭᠡ ᠨᠡᠶᠢᠭᠡᠮ ᠤᠨ ᠵᠠᠰᠠᠯᠲᠠ ᠪᠠ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠤ ᠬᠤᠯᠪᠣᠭᠳᠠᠭᠰᠠᠨ ᠠᠰᠠᠭᠤᠳᠠᠯ ᠳᠤ ᠴᠢᠭᠯᠡᠭᠦᠯᠦᠨ᠂ ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠪᠠᠶᠢᠭᠤᠯᠭ᠎ᠠ ᠪᠠ ᠨᠢᠭᠡᠴᠢ ᠳᠤ ᠬᠠᠤᠯᠢ ᠴᠠᠭᠠᠵᠠ ᠶᠢᠨ ᠰᠠᠨᠠᠭᠤᠯᠭ᠎ᠠ ᠲᠣᠭᠲᠠᠭᠠᠨ ᠲᠠᠷᠬᠠᠭᠠᠵᠤ᠂ ᠠᠮᠢ ᠠᠬᠤᠢ ᠣᠷᠴᠢᠨ ᠲᠤᠭᠤᠷᠢᠨ ᠤ ᠴᠢᠨᠠᠷ ᠰᠠᠶᠢᠲᠠᠢ ᠬᠠᠮᠠᠭᠠᠯᠠᠯᠲᠠ ᠶᠢ ᠠᠬᠢᠭᠤᠯᠪᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号