3 ᠰᠠᠷ᠎ᠠ ᠶᠢᠨ 24 ᠤ ᠡᠳᠦᠷ ᠠᠴᠠ 25 ᠤ ᠡᠳᠦᠷ ᠪᠣᠯᠲᠠᠯ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ | ᠱᠦᠵᠢ᠂ ᠠᠶᠢᠮᠠᠭ ᠤᠨ ᠳᠠᠷᠤᠭ᠎ᠠ ᠭᠦᠸᠧ ᠢᠦᠢ ᠹᠧᠩ ᠤᠷᠢᠳ ᠬᠤᠵᠢᠳ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠨᠧᠷᠭᠢ ᠶᠢᠨ | ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠳᠤ | ᠬᠦᠷᠴᠦ᠂ ᠠᠵᠢᠯ ᠤᠨ ᠳᠡᠮᠵᠢᠯᠭᠡ ᠤᠯᠬᠤ᠂ ᠬᠤᠯᠪᠣᠭᠳᠠᠯ ᠪᠦᠬᠦᠢ ᠤᠴᠢᠷ ᠶᠠᠪᠤᠳᠠᠯ ᠤᠨ | ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠲᠤᠬᠠᠢ ᠰᠠᠨᠠᠯ ᠢᠶᠠᠨ ᠰᠣᠯᠢᠯᠴᠠᠪᠠ᠃ | ᠭᠦᠸᠧ ᠢᠦᠢ ᠹᠧᠩ ᠠᠴᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠢᠩᠬᠢᠮ ᠲᠣᠪᠴᠢᠶ᠎ᠠ ᠶᠢᠨ | ᠤᠷᠳᠤ ᠬᠤᠭᠤᠴᠠᠭᠠᠨ ᠤ ᠲᠤᠷᠰᠢ ᠰᠢᠯᠢ ᠶᠢᠨ ᠭᠤᠣᠯ ᠠᠶᠢᠮᠠᠭ ᠲᠤ ᠬᠦᠴᠦᠲᠡᠢ ᠳᠡᠮᠵᠢᠯᠭᠡ ᠪᠠ ᠴᠢᠩ ᠰᠡᠳᠬᠢᠯ ᠤᠨ | ᠬᠠᠪᠰᠤᠷᠤᠯᠭ᠎ᠠ ᠦᠵᠡᠭᠦᠯᠦᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ | ᠬᠡᠯᠡᠬᠦ ᠳᠡᠭᠡᠨ᠂ ᠣᠳᠣᠬᠠᠨ ᠳᠤ ᠰᠢᠯᠢ ᠶᠢᠨ ᠭᠤᠣᠯ ᠠᠶᠢᠮᠠᠭ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ | ︽ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠭᠦ᠂ ᠮᠣᠩᠭᠤᠯ ᠮᠣᠷᠢᠨ ᠤ | ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠤᠷᠤᠬᠤ︾ ᠲᠣᠭᠤᠷᠢᠨ ᠳᠤ | ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ ︽ᠵᠢᠷᠭᠤᠭᠠᠨ ᠢᠨᠵᠧᠨᠧᠷᠢᠩ︾ ᠢ | ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠦᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠡᠭᠦᠰ ᠠᠮᠵᠢᠯᠲᠠ ᠲᠠᠢ ᠰᠡᠭᠦᠯ ᠬᠤᠷᠢᠶᠠᠬᠤ ᠶᠢ ᠴᠢᠷᠮᠠᠶᠢᠨ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ | ᠤᠨ ᠰᠠᠶᠢᠨ ᠰᠠᠶᠢᠬᠠᠨ ᠡᠬᠢᠯᠡᠯᠲᠡ ᠳᠤ ᠪᠠᠲᠤ ᠰᠠᠭᠤᠷᠢ ᠲᠠᠯᠪᠢᠵᠤ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠦᠬᠦᠢ ᠲᠢᠩᠬᠢᠮ ᠲᠣᠪᠴᠢᠶ᠎ᠠ ᠰᠢᠯᠢ ᠶᠢᠨ ᠭᠤᠣᠯ ᠠᠶᠢᠮᠠᠭ ᠢ ᠥᠩᠭᠡᠷᠡᠭᠰᠡᠨ ᠲᠠᠢ ᠪᠠᠨ ᠠᠳᠠᠯᠢ ᠪᠠᠷ | ᠬᠠᠯᠠᠮᠵᠢᠯᠠᠨ ᠠᠩᠬᠠᠷᠴᠤ᠂ ᠰᠢᠨ᠎ᠡ ᠡᠨᠧᠷᠭᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠴᠠᠬᠢᠯᠭᠠᠨ ᠢ | ᠭᠠᠳᠠᠭᠰᠢ ᠬᠦᠷᠭᠡᠬᠦ ᠨᠡᠪᠳᠡᠷᠡᠯ ᠵᠠᠮ ᠤᠨ ᠪᠦᠲᠦᠭᠡᠨ ᠪᠠᠶᠢᠭᠤᠯᠤᠯᠲᠠ᠂ ᠪᠣᠬᠢᠷᠲᠤᠯ ᠦᠭᠡᠢ ᠣᠶᠤᠨᠲᠤ ᠪᠣᠳᠣᠯᠭ᠎ᠠ ᠶᠢᠨ | ᠠᠵᠤ ᠦᠢᠯᠡᠰ ᠤᠨ ᠬᠥᠭᠵᠢᠯᠲᠡ᠂ ᠨᠡᠭᠦᠷᠡᠰᠦᠨ ᠤ ᠴᠢᠨᠠᠷ ᠰᠠᠶᠢᠲᠠᠢ ᠦᠢᠯᠡᠳᠪᠦᠷᠢᠯᠡᠯ ᠤᠨ ᠴᠢᠳᠠᠪᠤᠷᠢ ᠶᠢ | ᠪᠠᠳᠠᠷᠠᠭᠤᠯᠬᠤ ᠶᠢ ᠠᠬᠢᠭᠤᠯᠬᠤ ᠵᠡᠷᠭᠡ ᠲᠠᠯ᠎ᠠ ᠪᠠᠷ ᠨᠡᠩ ᠤᠯᠠᠨ ᠳᠡᠮᠵᠢᠯᠭᠡ ᠪᠠ ᠵᠢᠯᠣᠭᠤᠳᠤᠯᠭ᠎ᠠ ᠦᠵᠡᠭᠦᠯᠵᠦ᠂ ᠨᠡᠩ | ᠤᠯᠠᠨ ᠲᠦᠷᠦᠯ ᠵᠦᠢᠯ ᠢ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ︽ᠠᠷᠪᠠᠨ ᠲᠠᠪᠤᠳᠤᠭᠠᠷ ᠲᠠᠪᠤᠨ ᠵᠢᠯ︾ | ᠤᠨ ᠲᠥᠯᠦᠪᠵᠢᠭᠦᠯᠭᠡ ᠵᠡᠷᠭᠡ ᠶᠡᠭᠡ ᠬᠡᠪᠴᠢᠶᠡᠨ ᠳᠤ ᠣᠷᠣᠭᠤᠯᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ᠃ | ᠰᠢᠯᠢ ᠶᠢᠨ ᠭᠤᠣᠯ ᠠᠶᠢᠮᠠᠭ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠰᠠᠨᠠᠭᠠᠴᠢᠯᠠᠭ᠎ᠠ ᠠᠴᠠ ᠪᠠᠨ | ᠠᠵᠢᠯᠯᠠᠵᠤ᠂ ᠡᠯ᠎ᠡ ᠵᠦᠢᠯ ᠤᠨ ᠠᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠯᠠᠪᠳᠠᠭᠤᠨ ᠪᠠᠲᠤᠲᠠᠢ | ᠠᠬᠢᠭᠤᠯᠤᠨ᠎ᠠ ᠭᠡᠵᠠᠢ᠃ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠢᠩᠬᠢᠮ ᠲᠣᠪᠴᠢᠶ᠎ᠠ ᠶᠢᠨ ᠬᠠᠷᠢᠭᠤᠴᠠᠯᠭᠠᠲᠠᠨ ᠠᠴᠠ | ᠰᠢᠯᠢ ᠶᠢᠨ ᠭᠤᠣᠯ ᠠᠶᠢᠮᠠᠭ ᠤᠨ ᠣᠶᠢᠷ᠎ᠠ ᠶᠢᠨ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ | ᠪᠦᠲᠦᠭᠡᠯ ᠢ ᠭᠦᠢᠴᠡᠳ ᠨᠤᠲᠠᠯᠠᠵᠤ᠂ ᠰᠢᠯᠢ ᠶᠢᠨ ᠭᠤᠣᠯ ᠠᠶᠢᠮᠠᠭ ᠤᠨ ᠳᠤᠷᠠᠳᠤᠭᠰᠠᠨ ᠠᠰᠠᠭᠤᠳᠠᠯ ᠳᠤ ᠢᠳᠡᠪᠬᠢᠲᠡᠢ | ᠬᠠᠷᠢᠭᠤᠯᠲᠠ ᠥᠭᠴᠦ᠂ ᠰᠢᠯᠢ ᠶᠢᠨ ᠭᠤᠣᠯ ᠠᠶᠢᠮᠠᠭ ᠢ ᠢᠳᠡᠪᠬᠢᠲᠡᠢ ᠪᠠᠷ ᠵᠣᠬᠢᠴᠠᠭᠤᠯᠤᠨ ᠬᠠᠪᠰᠤᠷᠴᠤ ᠪᠠᠶᠢᠭᠠᠳ | ᠭᠤᠣᠯᠳᠠᠯᠭ᠎ᠠ ᠲᠠᠢ ᠳᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢᠨ ᠬᠠᠮᠲᠤ ᠭᠤᠣᠯᠳᠠᠯᠭ᠎ᠠ ᠲᠠᠢ | ᠠᠵᠢᠯ ᠤᠨ ᠲᠠᠯ᠎ᠠ ᠪᠠᠷ ᠨᠡᠩ ᠤᠯᠠᠨ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠ ᠠᠵᠢᠯ ᠤᠨ ᠳᠡᠮᠵᠢᠯᠭᠡ | ᠦᠵᠡᠭᠦᠯᠵᠦ᠂ ᠰᠢᠯᠢ ᠶᠢᠨ ᠭᠤᠣᠯ ᠠᠶᠢᠮᠠᠭ ᠤᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ | ᠠᠵᠤ ᠦᠢᠯᠡᠰ ᠤᠨ ᠳᠡᠰ ᠳᠠᠪᠬᠤᠷᠭ᠎ᠠ ᠶᠢ ᠳᠡᠭᠡᠭᠰᠢᠯᠡᠭᠦᠯᠬᠦ᠂ ᠠᠵᠤ ᠦᠢᠯᠡᠰ ᠤᠨ ᠰᠦᠷᠦᠭᠵᠢᠯ ᠢ ᠪᠦᠷᠢᠯᠳᠦᠭᠦᠯᠬᠦ | ᠲᠠᠯ᠎ᠠ ᠪᠠᠷ ᠰᠢᠨ᠎ᠡ ᠠᠯᠬᠤᠮ ᠢ ᠠᠯᠬᠤᠬᠤ᠂ ᠰᠢᠨ᠎ᠡ ᠰᠢᠪᠲᠤᠯᠤᠯᠲᠠ ᠲᠠᠢ ᠪᠣᠯᠬᠤ ᠳᠤ ᠬᠦᠴᠦᠨ ᠨᠡᠮᠡᠷᠢᠯᠡᠨ᠎ᠡ ᠭᠡᠵᠦ | ᠢᠯᠡᠷᠬᠡᠶᠢᠯᠡᠵᠠᠭᠡᠵᠡᠢ᠃ | |