ᠣᠷᠴᠢᠮ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ | ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠰᠢᠯᠢ ᠶᠢᠨ ᠬᠤᠲᠠ ᠳᠤ ᠶᠡᠷᠦᠩᠬᠡᠢ ᠱᠦᠵᠢ ᠰᠢ ᠶᠢᠨ | ᠫᠢᠩ ᠤᠨ ᠤᠯᠠᠭᠠᠨᠮᠥ᠋ᠴᠢᠷ ᠤᠨ ᠭᠡᠰᠢᠭᠦᠳ ᠲᠤ ᠢᠯᠡᠭᠡᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠤᠯᠠᠭᠠᠨᠮᠥ᠋ᠴᠢᠷ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠶᠢᠨ | ᠪᠠᠶᠢᠳᠠᠯ ᠢ ᠪᠠᠶᠢᠴᠠᠭᠠᠨ ᠰᠤᠳᠤᠯᠵᠠᠢ᠃ | ᠵᠠᠩ ᠪᠠᠢ ᠴᠧᠩ ᠤᠷᠢᠳ ᠬᠤᠵᠢᠳ ᠠᠶᠢᠮᠠᠭ ᠬᠤᠳᠠ ᠬᠤᠶᠠᠷ ᠱᠠᠲᠤᠨ ᠤ ᠤᠯᠠᠭᠠᠨᠮᠥ᠋ᠴᠢᠷ ᠲᠤ ᠬᠦᠷᠴᠦ᠂ | ᠤᠯᠠᠭᠠᠨᠮᠥ᠋ᠴᠢᠷ ᠤᠨ ᠦᠵᠡᠭᠦᠯᠭᠡ ᠶᠢᠨ ᠲᠢᠩᠬᠢᠮ ᠢ ᠲᠣᠭᠤᠷᠢᠨ ᠦᠵᠡᠵᠦ᠂ ᠭᠡᠰᠢᠭᠦᠳ ᠤᠨ ᠪᠣᠯᠪᠠᠰᠤᠷᠠᠯ ᠢ ᠰᠣᠨᠢᠷᠬᠠᠠ | ᠡᠩᠨᠡᠭᠡᠨ ᠤ ᠪᠠᠶᠢᠭᠤᠯᠤᠯᠲᠠ᠂ ᠦᠨᠳᠦᠰᠦᠨ ᠱᠠᠲᠤᠨ ᠤ ᠲᠣᠭᠯᠠᠯᠲᠠ ᠪᠣᠯᠣᠨ ᠤᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ | ᠳᠠᠷᠠᠭ᠎ᠠ ᠳᠤᠨᠢ᠂ ᠵᠠᠩ ᠪᠠᠢ ᠴᠧᠩ ᠶᠠᠷᠢᠯᠴᠠᠬᠤ ᠬᠤᠷᠠᠯ ᠡᠷᠬᠢᠯᠡᠨ ᠬᠤᠷᠠᠯᠳᠤᠭᠤᠯᠪᠠ᠃ ᠲᠡᠷᠡ | ᠴᠢᠬᠤᠯᠠᠴᠢᠯᠠᠬᠤ ᠳᠠᠭᠠᠨ᠂ ᠪᠦᠬᠦ ᠠᠶᠢᠮᠠᠭ ᠤᠨ ᠡᠯ᠎ᠡ ᠱᠠᠲᠤᠨ ᠤ ᠤᠯᠠᠭᠠᠨᠮᠥ᠋ᠴᠢᠷ ᠶᠡᠷᠦᠩᠬᠡᠢ ᠱᠦᠵᠢ ᠰᠢ ᠶᠢᠨ | ᠫᠢᠩ ᠤᠨ ᠤᠯᠠᠭᠠᠨᠮᠥ᠋ᠴᠢᠷ ᠤᠨ ᠭᠡᠰᠢᠭᠦᠳ ᠲᠤ ᠢᠯᠡᠭᠡᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠢ ᠰᠤᠷᠤᠯᠴᠠᠨ ᠲᠤᠭᠤᠰᠢᠯᠠᠭᠤᠯᠵᠦ᠂ ᠨᠠᠮ ᠤᠨ ᠤᠳᠬ᠎ᠠ ᠤᠷᠠᠯᠢᠭ ᠤᠨ ᠠᠵᠢᠯ ᠤᠨ ᠴᠢᠭᠯᠡᠯᠲᠡ ᠶᠢ ᠢᠮᠠᠭᠲᠠ | ᠪᠠᠷᠢᠮᠲᠠᠯᠠᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠦ ᠴᠤᠬᠴᠠᠯᠠᠬᠤ | ᠠᠵᠢᠯ ᠤᠨ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ᠲᠤᠭ ᠢ ᠮᠠᠠᠳᠤᠭᠤᠯᠬᠤ᠂ ᠠᠷᠠᠳ ᠤᠨ ᠰᠡᠳᠬᠢᠯ ᠢ | ᠨᠢᠭᠲᠠᠷᠠᠭᠤᠯᠬᠤ᠂ ᠰᠢᠨ᠎ᠡ ᠬᠥᠮᠥᠨ ᠢ ᠬᠥᠮᠥᠵᠢᠭᠦᠯᠬᠦ᠂ ᠰᠣᠶᠣᠯ ᠢ ᠮᠠᠨᠳᠤᠭᠤᠯᠬᠤ᠂ ᠳᠦᠷᠢ ᠲᠥᠷᠬᠦ ᠶᠢ ᠢᠯᠡᠷᠡᠭᠦᠯᠬᠦ | ᠲᠤᠰᠢᠶᠠᠯ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠬᠤᠶᠠᠷ ᠢ ᠲᠣᠭᠲᠠᠭᠠᠬᠰᠠᠨ ᠢ | ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠠᠷᠠᠳ | ᠲᠦᠮᠡᠨ ᠢᠶᠠᠷ ᠭᠤᠣᠯ ᠪᠣᠯᠭᠠᠬᠤ ᠵᠣᠬᠢᠶᠠᠨ ᠪᠦᠲᠦᠭᠡᠯᠭᠡ ᠶᠢᠨ ᠤᠳᠤᠷᠢᠳᠤᠮᠵᠢ ᠶᠢ ᠦᠢᠯᠡᠳᠦᠯᠭᠡᠵᠢᠭᠦᠯᠬᠦ ᠶᠢ ᠪᠠᠷᠢᠮᠲᠠᠯᠠᠠ | ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠳᠤ ᠪᠦᠬᠦ ᠲᠠᠯ᠎ᠠ ᠪᠠᠷ | ᠣᠷᠣᠯᠴᠠᠵᠤ᠂ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠰᠠᠨᠠᠭᠠᠴᠢᠯᠠᠭ᠎ᠠ ᠠᠴᠠ ᠪᠠᠨ | ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠨᠡᠩ ᠤᠯᠠᠨ ᠢᠯᠭᠠᠨ ᠲᠠᠨᠢᠬᠤ ᠴᠢᠨᠠᠷ᠂ ᠢᠷᠠᠭᠤ ᠠᠯᠳᠠᠷᠰᠢᠯ ᠤᠨ | ᠬᠡᠮᠵᠢᠶ᠎ᠡ᠂ ᠭᠠᠵᠠᠷ ᠣᠷᠣᠨ ᠤ ᠣᠨᠴᠠᠯᠢᠭ ᠢ ᠢᠯᠡᠷᠡᠭᠦᠯᠦᠭᠰᠡᠨ ᠰᠣᠳᠣᠨ ᠪᠦᠲᠦᠭᠡᠯ ᠢ ᠵᠣᠬᠢᠶᠠᠨ ᠪᠦᠲᠦᠭᠡᠵᠦ᠂ | ᠦᠨᠳᠦᠰᠦᠲᠡᠨ ᠨᠦᠭᠦᠳ ᠤᠨ ᠤᠯᠠᠨ ᠲᠦᠮᠡᠨ ᠤ ᠤᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠨᠡᠩ ᠰᠠᠶᠢᠲᠤᠷ | ᠬᠠᠩᠭᠠᠬᠤ ᠬᠡᠷᠡᠭᠲᠡᠢ᠃ ᠡᠩᠨᠡᠭᠡᠨ ᠤ ᠪᠠᠶᠢᠭᠤᠯᠤᠯᠲᠠ ᠪᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠵᠡᠷᠭᠡ ᠠᠵᠢᠯ ᠢ | ᠦᠷᠭᠦᠯᠵᠢᠯᠡᠨ ᠴᠢᠩᠭᠠᠳᠬᠠᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢᠶᠠᠨ ᠤᠯᠠᠮ ᠴᠢᠨᠠᠭᠰᠢᠳᠠ | ᠴᠢᠩᠭᠠᠷᠠᠭᠤᠯᠤᠨ᠂ ᠭᠡᠰᠢᠭᠦᠳ ᠤᠨ ᠴᠢᠳᠠᠪᠤᠷᠢ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠢᠨ᠎ᠡ ᠬᠡᠰᠢᠬᠦᠳ | ᠠᠬᠠᠮᠠᠳ ᠭᠡᠰᠢᠭᠦᠳ ᠤᠨ ᠰᠢᠨ᠎ᠠ ᠪᠠᠷ ᠣᠷᠣᠵᠤ ᠢᠷᠡᠬᠦ ᠪᠠ ᠭᠠᠷᠴᠦ ᠶᠠᠪᠤᠬᠤ ᠲᠣᠭᠲᠠᠴᠠ ᠶᠢ ᠲᠠᠰᠤᠷᠠᠯᠲᠠ ᠦᠭᠡᠢ | ᠲᠡᠭᠦᠯᠳᠡᠷᠵᠢᠭᠦᠯᠦᠨ᠂ ᠢᠮᠠᠭᠲᠠ ᠠᠮᠢᠵᠢᠷᠠᠯ ᠤᠨ ᠬᠦᠴᠦᠨ ᠪᠠ ᠪᠦᠲᠦᠭᠡᠯᠴᠢ ᠴᠢᠨᠠᠷ ᠢᠶᠠᠷ ᠪᠢᠯᠬᠠᠮ᠎ᠠ ᠪᠠᠶᠢᠬᠤ ᠶᠢ | ᠪᠠᠲᠤᠯᠠᠬᠤ ᠬᠡᠷᠡᠭᠲᠡᠢ᠃ ᠡᠯ᠎ᠡ ᠱᠠᠲᠤᠨ ᠤ ᠰᠤᠷᠲᠠᠯ ᠤᠬᠠᠭᠤᠯᠭ᠎ᠠ ᠰᠣᠶᠣᠯ ᠤᠨ ᠰᠠᠯᠠᠭ᠎ᠠ ᠮᠥᠴᠢᠷ ᠤᠳ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠤᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠬᠥᠮᠥᠨ ᠤ ᠬᠦᠴᠦ ᠡᠳ᠋ ᠪᠣᠳᠠᠰ | ᠵᠡᠷᠭᠡ ᠲᠠᠯ᠎ᠠ ᠶᠢᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠦᠨᠡᠨ ᠬᠦ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ᠂ | ᠤᠯᠠᠭᠠᠨᠮᠥ᠋ᠴᠢᠷ ᠤᠨ ᠠᠵᠢᠯ ᠦᠢᠯᠡᠰ ᠤᠨ ᠴᠡᠴᠡᠭᠯᠡᠨ ᠬᠥᠭᠵᠢᠬᠦ ᠳᠤ ᠰᠠᠶᠢᠨ ᠰᠠᠶᠢᠬᠠᠨ ᠨᠥᠬᠦᠴᠡᠯ ᠢ ᠡᠭᠦᠳᠬᠦ | ᠬᠡᠷᠡᠭᠲᠡᠢ ᠭᠡᠵᠠᠢ᠃ | |