ᠣᠷᠴᠢᠮ ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠣᠯᠠᠨ | ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠤᠯᠤᠨ ᠢᠯᠵᠢᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ | ᠵᠠᠰᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠠᠶᠢᠮᠠᠭ ᠤᠨ ᠳᠠᠷᠤᠭ᠎ᠠ᠂ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠭᠦᠸᠧ ᠢᠦᠢ ᠹᠧᠩ | ᠬᠤᠷᠠᠯ ᠢ ᠡᠷᠭᠢᠯᠡᠪᠡ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠣᠶᠢᠷ᠎ᠠ ᠶᠢᠨ ᠬᠤᠭᠤᠴᠠᠭᠠᠨ ᠤ | ᠤᠯᠤᠰ ᠤᠨ ᠳᠣᠲᠣᠭᠠᠳᠤ ᠶᠢᠨ ᠠᠮᠤᠷ ᠲᠦᠪᠰᠢᠨ ᠤ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠠᠭᠤᠷᠬᠠᠢ᠂ | ᠠᠶᠤᠯ ᠲᠠᠢ ᠬᠢᠮᠢ ᠶᠢᠨ ᠪᠤᠳᠠᠰ᠂ ᠭᠠᠯ ᠰᠡᠷᠭᠡᠶᠢᠯᠡᠵᠦ ᠤᠨᠲᠠᠷᠠᠭᠠᠬᠤ᠂ ᠵᠠᠮ ᠬᠠᠷᠢᠯᠴᠠᠭ᠎ᠠ᠂ ᠤᠢ ᠰᠢᠭᠤᠢ ᠨᠤᠲᠤᠭ | ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ | ᠵᠢᠭᠤᠯᠴᠢᠯᠠᠯ ᠤᠨ ᠦᠵᠡᠮᠵᠢ ᠶᠢᠨ ᠣᠷᠣᠨ᠂ ᠤᠯᠠᠨ ᠨᠡᠶᠢᠲᠡ ᠶᠢᠨ ᠲᠠᠯᠠᠪᠤᠷ᠂ ᠰᠠᠭᠤᠭᠠᠯᠢ ᠠᠷᠠᠳ ᠤᠨ ᠲᠣᠭᠤᠷᠢᠭ | ᠵᠢᠴᠢ ︽ ᠶᠢᠰᠦᠨ ᠵᠢᠵᠢᠭ︾ ᠲᠠᠯᠠᠪᠤᠷ ᠭᠠᠵᠠᠷ ᠵᠡᠷᠭᠡ ᠬᠥᠮᠥᠨ ᠤᠯᠠᠨ ᠴᠤᠭᠯᠠᠷᠠᠭᠰᠠᠨ ᠲᠠᠯᠠᠪᠤᠷ ᠢ ᠴᠢᠩᠭ᠎ᠠ | ᠠᠩᠬᠠᠷᠴᠤ᠂ ᠠᠶᠦᠯ ᠤᠨ ᠲᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ | ᠭᠦᠨᠵᠡᠭᠡᠢ ᠥᠷᠨᠢᠭᠦᠯᠵᠦ᠂ ᠡᠯ᠎ᠡ ᠲᠦᠷᠦᠯ ᠤᠨ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠤᠯᠠᠨ | ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠭᠡᠷᠡᠭᠳᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠤᠯᠠᠨ ᠲᠦᠮᠡᠨ ᠤ ᠳᠡᠷᠭᠡᠳᠡᠬᠢ ᠲᠥᠪ | ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠭᠰᠠᠨ ᠳ᠋ᠦᠩᠨᠡᠯᠲᠡ ᠵᠢᠴᠢ | ᠲᠠᠬᠢᠨ ᠬᠤᠶᠠᠷ ᠵᠢᠯ ᠠᠳᠬᠤᠬᠤ ᠪᠠᠶᠢᠷᠢᠯᠠᠭᠤᠯᠤᠯᠳᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠵᠠᠬᠢᠷᠭ᠎ᠠ ᠶᠢᠨ ᠰᠢᠰᠲ᠋ᠧᠮ ᠤᠨ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠠᠬᠢᠭᠤᠯᠤᠭᠰᠠᠨ | ᠪᠠᠶᠢᠳᠠᠯ ᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠪᠠ᠃ ᠶᠡᠷᠦᠩᠬᠡᠢ ᠱᠦᠵᠢ | ᠰᠢ ᠶᠢᠨ ᠫᠢᠩ ᠤᠨ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ | ᠴᠡᠭᠴᠡᠯᠡᠨ ᠵᠠᠰᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠬᠡᠪ ᠤᠨ ᠵᠤᠷᠰᠢᠯ ᠠᠴᠠ | ᠳᠠᠪᠠᠭᠰᠠᠨ ᠠᠵᠢᠯ ᠤᠨ ᠠᠷᠭ᠎ᠠ ᠬᠡᠮᠵᠢᠶ᠎ᠡ ᠪᠠᠷ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠭᠦᠨᠵᠡᠭᠡᠶᠢᠷᠡᠬᠦ ᠶᠢ | ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠣᠷᠣᠰᠢᠭᠤᠯᠭ᠎ᠠ᠂ ᠡᠮ ᠡᠮᠨᠡᠯᠭᠡ ᠶᠢᠨ ᠳᠠᠭᠠᠳᠬᠠᠯ᠂ ᠨᠠᠰᠤᠵᠢᠯ ᠤᠨ | ᠠᠰᠠᠷᠠᠮᠵᠢ᠂ ᠰᠤᠷᠭᠠᠨ ᠬᠥᠮᠦᠵᠢᠯ᠂ ᠠᠵᠢᠯ ᠣᠯᠭᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠣᠯᠣᠨ ᠲᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ | ᠪᠣᠭᠤᠮᠲᠠ ᠰᠢᠪᠲᠤᠯᠵᠤ᠂ ᠬᠠᠮᠵᠢᠯᠴᠠᠨ ᠬᠠᠮᠲᠤ ᠪᠠᠷ ᠵᠠᠰᠠᠵᠤ᠂ ᠰᠢᠰᠲ᠋ᠧᠮ ᠲᠠᠢ ᠵᠠᠰᠠᠵᠤ᠂ ᠦᠨᠡᠨ ᠪᠣᠳᠠᠲᠠᠢ ᠦᠷ᠎ᠡ | ᠪᠦᠲᠦᠮᠵᠢ ᠭᠠᠷᠭᠠᠬᠤ ᠬᠡᠷᠡᠭᠲᠡᠢ᠃ ᠲᠥᠪᠯᠡᠷᠡᠭᠦᠯᠦᠨ ᠴᠡᠭᠴᠡᠯᠡᠨ ᠵᠠᠰᠠᠬᠤ ᠪᠠᠷ ᠠᠵᠠ ᠲᠣᠬᠢᠶᠠᠯ ᠪᠣᠯᠭᠠᠵᠤ᠂ ᠤᠶᠤᠨ | ᠴᠢᠳᠠᠯ ᠢᠶᠠᠨ ᠲᠥᠪᠯᠡᠷᠡᠭᠦᠯᠦᠨ ᠤᠯᠠᠨ ᠲᠦᠮᠡᠨ ᠤ ᠪᠠᠴᠢᠮ ᠬᠦᠴᠢᠷᠳᠡᠯ ᠲᠤᠯᠭᠠᠮ ᠱᠠᠭᠠᠷᠳᠠᠯᠭ᠎ᠠ ᠶᠢ ᠰᠶᠢᠳᠪᠦᠷᠢᠯᠡᠵᠦ᠂ | ᠥᠷᠭᠡᠨ ᠤᠯᠠᠨ ᠲᠦᠮᠡᠨ ᠳᠤ ᠪᠣᠳᠠᠲᠠᠢ ᠠᠰᠢᠭ ᠬᠦᠷᠲᠡᠭᠡᠬᠦ ᠬᠡᠷᠡᠭᠲᠡᠢ ᠭᠡᠵᠦ ᠴᠢᠬᠤᠯᠠᠴᠢᠯᠠᠪᠠ᠃ |