ᠣᠷᠴᠢᠮ᠂ ᠠᠶᠢᠮᠠᠭ ᠤᠨ ᠵᠠᠬᠢᠷᠭ᠎ᠠ ᠪᠣᠯᠣᠨ ᠦᠨᠳᠦᠰᠦᠲᠡᠨ ᠤ ᠰᠣᠶᠣᠯ ᠤᠨ ᠣᠷᠳᠣᠨ ᠪᠡᠭᠡᠵᠢᠩ ᠳᠤ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠠᠵᠢᠯ ᠤᠨ | ᠬᠠᠮᠲᠤᠷᠠᠯᠴᠠᠭᠠᠨ ᠤ ᠪᠤᠷᠤ ᠲᠦᠯᠦᠪ ᠤᠨ ᠵᠥᠪᠯᠡᠯᠴᠡᠭᠡᠷ ᠲᠤᠭᠳᠠᠪᠠ᠃ | ᠭᠠᠷ ᠤᠨ ᠦᠰᠦᠭ ᠵᠢᠷᠤᠬᠤ ᠶᠣᠰᠣᠯᠠᠯ ᠤᠨ ᠠᠬᠤᠢ ᠲᠠᠯᠠᠪᠠᠢ ᠳᠤ᠂ ᠦᠨᠳᠦᠰᠦᠲᠡᠨ ᠤ ᠰᠣᠶᠣᠯ ᠤᠨ | ᠣᠷᠳᠣᠨ ᠤ ᠡᠷᠬᠢᠯᠡᠭᠴᠢ ᠷᠧᠨ ᠢ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠨᠢᠭᠡᠳᠦᠮᠡᠯ ᠹᠷᠣᠨᠲ ᠤᠨ | ᠬᠡᠯᠲᠡᠰ ᠤᠨ ᠳᠠᠷᠤᠭ᠎ᠠ ᠵᠠᠩ ᠰᠢᠶᠣᠣ ᠵᠢᠶᠦ᠋ᠨ ᠪᠠᠶᠠᠷ ᠤᠨ ᠦᠭᠡ ᠬᠡᠯᠡᠪᠡ᠃ ᠠᠶᠢᠮᠠᠭ ᠤᠨ ᠳᠡᠳ᠋ ᠳᠠᠷᠤᠭ᠎ᠠ ᠰᠦᠨ | ᠵᠧᠨ ᠵᠢᠶᠠᠩ᠂ ᠦᠨᠳᠦᠰᠦᠲᠡᠨ ᠤ ᠰᠣᠶᠣᠯ ᠤᠨ ᠣᠷᠳᠣᠨ ᠤ ᠳᠡᠳ᠋ ᠡᠷᠬᠢᠯᠡᠭᠴᠢ ᠱᠤᠤ ᠪᠢᠨ ᠬᠤᠶᠠᠷ | ᠲᠠᠯ᠎ᠠ ᠶᠢᠨ ᠬᠢᠨ ᠢ ᠲᠥ᠋ᠯᠥᠭᠡᠯᠡᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ᠃ | ᠡᠨᠡ ᠤᠳᠠᠭᠠᠨ ᠤ ᠬᠠᠮᠲᠤᠷᠠᠯᠴᠠᠭᠠᠨ ᠤ ᠵᠥᠪᠯᠡᠯᠴᠡᠭᠡᠷ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠭᠤᠣᠯ ᠰᠡᠳᠦᠪᠲᠦ ᠦᠷ᠎ᠡ ᠪᠦᠲᠦᠭᠡᠯ ᠢ ᠳᠡᠯᠭᠡᠨ ᠦᠵᠡᠭᠦᠯᠬᠦ᠂ | ᠰᠣᠯᠢᠯᠴᠠᠭᠠᠨ ᠤ ᠲᠠᠪᠴᠠᠩ ᠢ ᠪᠠᠶᠢᠭᠤᠯᠬᠤ᠂ ᠲᠤᠰᠬᠠᠢ ᠮᠡᠷᠭᠡᠵᠢᠯ ᠤᠨ ᠳᠡᠮᠵᠢᠯᠭᠡ ᠦᠵᠡᠭᠦᠯᠬᠦ᠂ ᠰᠤᠳᠤᠯᠭᠠᠨ ᠢ | ᠦᠷ᠎ᠡ ᠪᠦᠲᠦᠭᠡᠯ ᠪᠤᠯᠭᠠᠨ ᠬᠤᠪᠢᠷᠠᠭᠤᠯᠬᠤ ᠵᠡᠷᠭᠡ ᠲᠣᠭᠤᠷᠢᠨ ᠳᠤ ᠣᠷᠳᠣᠨ ᠬᠦᠷᠢᠶᠡᠯᠡᠩ ᠤᠨ ᠳᠠᠪᠠᠭᠤᠯᠢᠭ ᠢ | ᠣᠷᠣᠨ ᠨᠤᠲᠤᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ᠂ ᠤᠨᠤᠯ ᠤᠨ ᠰᠤᠳᠤᠯᠭᠠᠨ ᠪᠣᠯᠣᠨ ᠦᠨᠳᠦᠰᠦᠨ | ᠱᠠᠲᠤᠨ ᠤ ᠦᠢᠯᠡᠳᠦᠯᠭᠡ ᠶᠢ ᠨᠢᠭᠡᠳᠬᠡᠬᠦ ᠶᠢ ᠠᠬᠢᠭᠤᠯᠬᠤ ᠪᠠᠷ ᠴᠢᠷᠮᠠᠶᠢᠵᠤ᠂ ᠬᠤᠶᠠᠷ ᠲᠠᠯ᠎ᠠ ᠪᠠᠷ ᠢᠶᠠᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠠᠵᠢᠯ ᠤᠨ ᠲᠠᠯ᠎ᠠ ᠪᠠᠷ ᠭᠦᠨᠵᠡᠭᠡᠢ | ᠬᠠᠮᠲᠤᠷᠠᠯᠴᠠᠭ᠎ᠠ ᠥᠷᠨᠢᠭᠦᠯᠬᠦ ᠶᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ | ᠠᠬᠢᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠤᠯᠤᠨ᠎ᠠ᠃ | |