ᠰᠢᠯᠢ ᠵᠠᠬᠢᠷᠭ᠎ᠠ ᠠᠯᠪᠠᠨ ᠲᠠᠷᠬᠠᠭᠠᠭᠰᠠᠨ ﹇2025﹈ 13 ᠳ᠋ᠤᠭᠠᠷ ᠲᠤᠭᠠᠲᠤ | | | ︽ᠰᠢᠯᠢ ᠶᠢᠨ ᠭᠤᠤᠯ ᠠᠶᠢᠮᠠᠭ ᠤᠨ ᠮᠢᠬᠠᠨ ᠤ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠦᠭᠵᠢᠯᠲᠡ ᠶᠢ | ᠲᠤᠭᠲᠠᠪᠤᠷᠢᠵᠢᠭᠤᠯᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠨᠦᠭᠦᠳ︾ ᠢ ᠳᠠᠷᠤᠮᠠᠯᠯᠠᠨ ᠲᠠᠷᠬᠠᠭᠠᠬᠤ ᠲᠤᠬᠠᠶ | ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ᠮᠡᠳᠡᠭᠳᠡᠯ | | | ᠡᠯ᠎ᠡ ᠬᠤᠰᠢᠭᠤ ᠰᠢᠶᠠᠨ ᠬᠤᠲᠠ ︵ᠤᠷᠤᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ | ᠵᠥᠪᠯᠡᠯ︶᠂ ᠠᠢᠮᠠᠭ ᠤᠨ ᠬᠤᠯᠪᠣᠭᠳᠠᠯ ᠪᠥᠬᠦᠶ ᠵᠥᠪᠯᠡᠯ᠂ ᠠᠯᠪᠠᠨ ᠬᠡᠷ᠂ ᠲᠤᠪᠴᠢᠶᠠᠨ ᠳᠤ᠄ | ︽ᠰᠢᠯᠢ ᠶᠢᠨ ᠭᠤᠤᠯ ᠠᠶᠢᠮᠠᠭ ᠤᠨ ᠮᠢᠬᠠᠨ ᠤ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ︾ ᠢ ᠨᠢᠭᠡᠨᠲᠡ ᠵᠠᠬᠢᠷᠭ᠎ᠠ | ᠶᠢᠨ 2025 ᠣᠨ ᠤ ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ | ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ | ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | | | | ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ | 2025 ᠣᠨ ᠤ 2 ᠳ᠋ᠤᠭᠠᠷ ᠰᠠᠷ᠎ᠠ ᠶᠢᠨ 28 ᠤ ᠡᠳᠦᠷ | | | | | ᠰᠢᠯᠢ ᠶᠢᠨ ᠭᠤᠤᠯ ᠠᠶᠢᠮᠠᠭ ᠤᠨ ᠮᠢᠬᠠᠨ ᠤ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠲᠤᠭᠲᠠᠪᠤᠷᠢᠵᠢᠭᠤᠯᠬᠤ ᠳᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠨᠦᠭᠦᠳ | | | ᠮᠢᠬᠠᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠤᠯᠠᠮ ᠲᠣᠭᠲᠠᠪᠤᠷᠢᠵᠢᠭᠤᠯᠵᠤ᠂ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠦᠨ᠂ ᠴᠢᠨᠠᠷ ᠰᠠᠶᠢᠲᠠᠶ ᠮᠢᠬᠠᠨ ᠤ ᠦᠬᠡᠷ ᠤᠨ ᠰᠢᠯᠢᠳᠡᠭ | ᠡᠭᠦᠯᠳᠡᠷ ᠢ ᠦᠰᠭᠡᠬᠦ ᠶᠢ ᠲᠦᠷᠭᠡᠳᠬᠡᠵᠦ᠂ ᠬᠠᠰᠢᠶᠠᠯᠠᠨ ᠮᠠᠯᠵᠢᠬᠤ ᠬᠢᠷᠢ ᠲᠦᠪᠰᠢᠨ ᠪᠠ ᠲᠡᠵᠢᠭᠡᠯ ᠡᠪᠡᠰᠦ ᠪᠣᠷᠳᠤᠭ᠎ᠠ | ᠬᠠᠩᠭᠠᠬᠤ ᠴᠢᠳᠠᠪᠤᠷᠢ ᠪᠠᠨ ᠳᠡᠭᠡᠭᠰᠢᠯᠡᠭᠦᠯᠦᠨ᠂ ᠮᠢᠬᠠᠨ ᠤ ᠦᠬᠡᠷ ᠪᠣᠷᠳᠣᠬᠤ᠂ ᠨᠠᠷᠢᠯᠢᠭ ᠡᠳ᠋ᠰᠢᠭᠦᠯᠬᠦ ᠪᠠ | ᠪᠣᠷᠣᠯᠠᠭᠤᠯᠬᠤ ᠶᠢ ᠪᠤᠵᠠᠭᠠᠶᠢᠷᠠᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠮᠠᠯ ᠠᠵᠤ ᠠᠬᠤᠶ ᠶᠢᠨ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠲᠦᠷᠭᠡᠳᠬᠡᠵᠦ᠂ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠶᠢᠨ ᠲᠥᠯᠥᠭᠡ᠂ ᠳᠣᠤᠷᠠᠬᠢ ᠮᠡᠲᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠪᠠ᠃ | ᠨᠢᠭᠡ᠂ ᠮᠢᠬᠠᠨ ᠤ ᠦᠬᠡᠷ ᠤᠨ ᠡᠭᠦᠯᠳᠡᠷ ᠪᠤᠶᠢᠵᠢᠭᠤᠯᠬᠤ ᠪᠠ ᠰᠢᠯᠢᠳᠡᠭ ᠡᠭᠦᠯᠳᠡᠷ ᠢ ᠦᠰᠭᠡᠨ ᠪᠤᠶᠢᠵᠢᠭᠤᠯᠬᠤ | ᠶᠢ ᠳᠡᠮᠵᠢᠨ᠎ᠡ | 1. ᠮᠢᠬᠠᠨ ᠤ ᠦᠬᠡᠷ ᠤᠨ ᠭᠤᠤᠯᠳᠠᠯᠭᠠᠲᠦ ᠰᠦᠷᠦᠭ ᠤᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ | ᠰᠢᠨ᠎ᠡ ᠪᠠᠷ ᠬᠢᠨᠠᠨ ᠲᠣᠭᠲᠠᠭᠠᠭᠠᠳ ᠬᠢᠷᠢ ᠲᠡᠩᠴᠡᠭᠰᠡᠨ ᠠᠶᠢᠮᠠᠭ ᠤᠨ ᠳᠡᠰ ᠤᠨ ᠮᠢᠬᠠᠨ ᠤ ᠦᠬᠡᠷ ᠤᠨ | ᠭᠤᠤᠯᠳᠠᠯᠭᠠᠲᠦ ᠰᠦᠷᠦᠭ ᠲᠤ ᠨᠢᠭᠡ ᠯᠡ ᠤᠳᠠᠭ᠎ᠠ ᠳᠤ 2 ᠲᠦᠮᠡᠨ ᠲᠥᠭᠦᠷᠢᠭ ᠱᠠᠩᠨᠠᠵᠤ᠂ ᠳᠠᠬᠢᠵᠦ ᠬᠢᠨᠠᠨ | ᠲᠣᠭᠲᠠᠭᠠᠭᠰᠠᠨ ᠪᠠᠶᠢᠪᠠᠯ ᠱᠠᠩᠨᠠᠬᠤ ᠦᠭᠡᠢ᠃ ᠰᠢᠨ᠎ᠡ ᠪᠠᠷ ᠬᠢᠨᠠᠨ ᠲᠣᠭᠲᠠᠭᠠᠭᠰᠠᠨ ᠬᠤᠸᠠᠰᠢ ᠦᠬᠡᠷ ᠤᠨ ᠡᠭᠦᠯᠳᠡᠷ | ᠪᠤᠶᠢᠵᠢᠭᠤᠯᠤᠭᠰᠠᠨ ᠰᠦᠷᠦᠭ ᠲᠤ ᠨᠢᠭᠡ ᠯᠡ ᠤᠳᠠᠭ᠎ᠠ ᠳᠤ 3 ᠲᠦᠮᠡᠨ ᠲᠥᠭᠦᠷᠢᠭ ᠱᠠᠩᠨᠠᠨ᠎ᠠ᠃ 2025 | ᠣᠨ ᠠᠴᠠ ᠬᠤᠶᠢᠰᠢ ᠰᠢᠯᠢᠳᠡᠭ ᠡᠭᠦᠯᠳᠡᠷ ᠤᠨ ᠦᠷ᠎ᠡ ᠶᠢᠨ ᠰᠢᠩᠭᠡᠨ ᠠᠪᠬᠤ ᠦᠷ᠎ᠡ ᠶᠢᠨ ᠲᠠᠯᠠᠪᠠᠢ | ᠪᠤᠶᠢᠵᠢᠭᠤᠯᠤᠭᠰᠠᠨ ᠤᠯᠤᠰ ᠪᠠ ᠥᠪᠡᠷᠲᠡᠭᠡᠨ ᠵᠠᠰᠠᠬᠤ ᠣᠷᠣᠨ ᠤ ᠭᠤᠤᠯᠳᠠᠯᠭᠠᠲᠦ ᠡᠭᠦᠯᠳᠡᠷ ᠪᠤᠶᠢᠵᠢᠭᠤᠯᠬᠤ | ᠲᠠᠯᠠᠪᠠᠶ ᠶᠢᠨ ᠪᠤᠬ᠎ᠠ ᠪᠦᠷᠢ ᠳᠤ ᠨᠢᠭᠡ ᠯᠡ ᠤᠳᠠᠭ᠎ᠠ ᠳᠤ 2 ᠲᠦᠮᠡᠨ ᠲᠥᠭᠦᠷᠢᠭ ᠤᠨ ᠨᠥᠬᠦᠪᠦᠷᠢ ᠥᠭᠴᠦ᠂ | ᠥᠪᠡᠷᠲᠡᠭᠡᠨ ᠵᠠᠰᠠᠬᠤ ᠣᠷᠣᠨ ᠤ ᠮᠢᠬᠠᠨ ᠤ ᠦᠬᠡᠷ ᠤᠨ ᠡᠭᠦᠯᠳᠡᠷ ᠪᠤᠶᠢᠵᠢᠭᠤᠯᠬᠤ ᠭᠤᠤᠯᠳᠠᠯᠭᠠᠲᠦ ᠲᠠᠯᠠᠪᠠᠶ ᠶᠢ | ᠰᠢᠨ᠎ᠡ ᠪᠠᠷ ᠬᠢᠨᠠᠨ ᠲᠣᠭᠲᠠᠭᠠᠭᠰᠠᠨ ᠪᠠᠶᠢᠪᠠᠯ ᠨᠢᠭᠡ ᠯᠡ ᠤᠳᠠᠭ᠎ᠠ ᠳᠤ 30 ᠲᠦᠮᠡᠨ ᠲᠥᠭᠦᠷᠢᠭ ᠢᠶᠠᠷ ᠱᠠᠩᠨᠠᠨ᠎ᠠ᠃ | ᠤᠯᠤᠰ ᠤᠨ ᠮᠢᠬᠠᠨ ᠤ ᠦᠬᠡᠷ ᠤᠨ ᠡᠭᠦᠯᠳᠡᠷ ᠪᠤᠶᠢᠵᠢᠭᠤᠯᠬᠤ ᠭᠤᠤᠯᠳᠠᠯᠭᠠᠲᠦ ᠲᠠᠯᠠᠪᠠᠢ ᠪᠠᠷ ᠰᠢᠨ᠎ᠡ ᠪᠠᠷ ᠬᠢᠨᠠᠨ | ᠲᠣᠭᠲᠠᠭᠠᠭᠰᠠᠨ ᠪᠠᠶᠢᠪᠠᠯ ᠨᠢᠭᠡ ᠯᠡ ᠤᠳᠠᠭ᠎ᠠ ᠳᠤ 100 ᠲᠦᠮᠡᠨ ᠲᠥᠭᠦᠷᠢᠭ ᠢᠶᠠᠷ ᠱᠠᠩᠨᠠᠨ᠎ᠠ᠃ ᠰᠢᠨ᠎ᠡ ᠪᠠᠷ ᠬᠢᠨᠠᠨ | ᠲᠣᠭᠲᠠᠭᠠᠭᠰᠠᠨ ᠥᠪᠡᠷᠲᠡᠭᠡᠨ ᠵᠠᠰᠠᠬᠤ ᠣᠷᠣᠨ ᠤ ᠲᠡᠰ ᠤᠨ ᠠᠮᠢᠲᠠᠨ ᠤ ᠬᠢᠵᠢᠭ ᠢ ᠠᠷᠢᠭᠤᠳᠬᠠᠭᠰᠠᠨ ᠦᠷ᠎ᠡ ᠶᠢᠨ | ᠮᠠᠯ ᠤᠨ ᠲᠠᠯᠠᠪᠠᠢ ᠳᠤ ᠨᠢᠭᠡ ᠯᠡ ᠤᠳᠠᠭ᠎ᠠ ᠳᠤ 15 ᠲᠦᠮᠡᠨ ᠲᠥᠭᠦᠷᠢᠭ ᠱᠠᠩᠨᠠᠨ᠎ᠠ᠃ ᠰᠢᠨ᠎ᠡ ᠪᠠᠷ ᠬᠢᠨᠠᠨ | ᠲᠣᠭᠲᠠᠭᠠᠭᠰᠠᠨ ᠤᠯᠤᠰ ᠤᠨ ᠲᠠᠰ ᠤᠨ ᠠᠮᠢᠲᠠᠨ ᠤ ᠬᠢᠵᠢᠭ ᠢ ᠠᠷᠢᠭᠤᠳᠬᠠᠭᠰᠠᠨ ᠦᠷ᠎ᠡ ᠶᠢᠨ ᠮᠠᠯ ᠤᠨ ᠲᠠᠯᠠᠪᠠᠶ ᠳᠤ | ᠨᠢᠭᠡ ᠯᠡ ᠤᠳᠠᠭ᠎ᠠ ᠳᠤ 30 ᠲᠦᠮᠡᠨ ᠲᠥᠭᠦᠷᠢᠭ ᠱᠠᠩᠨᠠᠨ᠎ᠠ᠃ ᠬᠠᠷᠢᠭᠤᠴᠠᠬᠤ ᠪᠠᠶᠢᠭᠤᠯᠭ᠎ᠠ᠄ ᠠᠶᠢᠮᠠᠭ ᠤᠨ | ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ︵ᠤᠷᠤᠨ︶ ᠶᠢᠨ ᠠᠷᠠᠳ ᠤᠨ ᠵᠠᠰᠠᠭ ᠤᠨ ᠣᠷᠳᠣᠨ ︵ | ᠬᠠᠮᠢᠶᠠᠷᠤᠯᠲᠠ ᠶᠢᠨ ᠵᠥᠪᠯᠡᠯ︶᠂ ᠳᠤᠤᠷᠠᠬᠢ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ | ᠬᠠᠷᠢᠭᠤᠴᠠᠬᠤ ᠪᠠᠶᠢᠭᠤᠯᠭ᠎ᠠ ᠳᠤ ᠴᠥᠮ ᠡᠯ᠎ᠡ ᠬᠤᠰᠢᠭᠤ ᠰᠢᠶᠠᠨ ᠬᠤᠲᠠ ︵ᠤᠷᠤᠨ︶ ᠶᠢᠨ ᠠᠷᠠᠳ ᠤᠨ ᠵᠠᠰᠠᠭ ᠤᠨ | ᠣᠷᠳᠣᠨ ︵ᠬᠠᠮᠢᠶᠠᠷᠤᠯᠲᠠ ᠶᠢᠨ ᠵᠥᠪᠯᠡᠯ︶ ᠢ ᠪᠠᠭᠲᠠᠭᠠᠵᠦ᠂ ᠳᠠᠭᠢᠵᠤ ᠲᠤᠰᠠᠭᠠᠷ ᠵᠢᠭᠰᠠᠭᠠᠬᠤ ᠦᠭᠡᠢ᠃ | 2. ᠮᠢᠬᠠᠨ ᠤ ᠦᠬᠡᠷ ᠤᠨ ᠢᠴᠡᠭᠡᠯ ᠦᠷ᠎ᠡ ᠶᠢᠨ ᠬᠡᠭᠡᠯᠲᠦᠭᠦᠯᠭᠡ ᠬᠢᠬᠦ ᠶᠢ ᠳᠡᠮᠵᠢᠨ᠎ᠡ᠃ ᠠᠶᠢᠮᠠᠭ ᠤᠨ | ᠱᠠᠲᠤᠨ ᠤ ᠡᠳ᠋ ᠤᠨ ᠵᠠᠰᠠᠭ ᠠᠴᠠ ᠵᠢᠯ ᠪᠦᠷᠢ ᠲᠤᠰᠬᠠᠶ ᠲᠦᠷᠦᠯ ᠤᠨ ᠪᠡᠯᠡ ᠣᠷᠣᠭᠤᠯᠵᠤ ᠤᠯᠤᠰ ᠲᠤ ᠪᠠᠨ | ᠦᠢᠯᠡᠳᠪᠦᠷᠢᠯᠡᠭᠰᠡᠨ ᠪᠠ ᠭᠠᠳᠠᠭᠠᠳᠤ ᠠᠴᠠ ᠣᠷᠣᠭᠤᠯᠤᠭᠰᠠᠨ ᠢᠴᠡᠭᠡᠯ ᠦᠷ᠎ᠡ᠂ ᠰᠢᠩᠭᠡᠨ ᠠᠽᠣᠲ᠂ ᠰᠢᠩᠭᠡᠨ | ᠠᠽᠣᠲ ᠤᠨ ᠰᠠᠪᠠ᠂ ᠢᠴᠡᠭᠡᠯ ᠦᠷ᠎ᠡ ᠶᠢᠨ ᠪᠠᠭᠠᠵᠢ ᠬᠡᠷᠡᠭᠰᠡᠯ ᠵᠢᠴᠢ ᠠᠶᠢᠮᠠᠭ ᠬᠤᠰᠢᠭᠤ ᠬᠤᠶᠠᠷ ᠱᠠᠲᠤᠨ ᠤ | ᠲᠤᠬᠠᠶᠢᠯᠠᠭᠰᠠᠨ ᠠᠵᠢᠯ ᠤᠨ ᠵᠠᠷᠤᠳᠠᠯ ᠢ ᠬᠤᠳᠠᠯᠳᠤᠨ ᠠᠪᠬᠤ ᠳᠤ ᠬᠡᠷᠡᠭᠯᠡᠨ᠎ᠡ᠃ ᠲᠥᠪ᠂ ᠥᠪᠡᠷᠲᠡᠭᠡᠨ ᠵᠠᠰᠠᠬᠤ | ᠣᠷᠣᠨ ᠪᠣᠯᠤᠨ ᠠᠶᠢᠮᠠᠭ ᠤᠨ ᠱᠠᠲᠤᠨ ᠤ ᠨᠥᠬᠦᠪᠥᠷᠢ ᠪᠡᠯᠡ ᠮᠥᠩᠭᠦ ᠶᠢ ᠨᠢᠭᠡᠳᠦᠯᠲᠡᠶ ᠲᠦᠯᠦᠪᠵᠢᠭᠦᠯᠦᠨ᠂ | ᠭᠠᠳᠠᠭᠠᠳᠤ ᠠᠴᠠ ᠣᠷᠣᠭᠤᠯᠤᠭᠰᠠᠨ ᠢᠴᠡᠭᠡᠯ ᠦᠷ᠎ᠡ ᠶᠢᠨ ᠰᠢᠩᠭᠡᠨ ᠪᠤᠯᠤᠨ ᠬᠤᠸᠠᠰᠢ ᠦᠬᠡᠷ ᠤᠨ ᠢᠴᠡᠭᠡᠯ | ᠦᠷ᠎ᠡ ᠶᠢᠨ ᠰᠢᠩᠭᠡᠨ ᠪᠦᠷᠢ ᠳᠤ 30 ᠲᠥᠭᠦᠷᠢᠭ ᠨᠥᠬᠦᠪᠥᠷᠢᠯᠡᠵᠦ᠂ ᠤᠯᠤᠰ ᠲᠤ ᠪᠠᠨ ᠦᠢᠯᠡᠳᠪᠦᠷᠢᠯᠡᠭᠰᠡᠨ | ᠢᠴᠡᠭᠡᠯ ᠦᠷ᠎ᠡ ᠶᠢᠨ ᠰᠢᠩᠭᠡᠨ ᠪᠦᠷᠢ ᠳᠤ 10 ᠲᠥᠭᠦᠷᠢᠭ ᠨᠥᠬᠦᠪᠥᠷᠢᠯᠡᠨ᠎ᠡ᠃ ︵ᠬᠠᠷᠢᠭᠤᠴᠠᠬᠤ ᠪᠠᠶᠢᠭᠤᠯᠭ᠎ᠠ᠄ | ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ︶ | 3. ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠪᠦᠷᠬᠦᠴᠡ ᠶᠢ ᠥᠷᠭᠡᠳᠬᠡᠬᠦ ᠶᠢ ᠳᠡᠮᠵᠢᠨ᠎ᠡ᠃ ᠮᠠᠯᠵᠢᠬᠤ | ᠣᠷᠣᠨ ᠤ ᠭᠠᠴᠠᠭ᠎ᠠ ᠪᠠᠷ ᠨᠢᠭᠡᠴᠢ ᠪᠣᠯᠭᠠᠨ ᠮᠢᠬᠠᠨ ᠤ ᠦᠬᠡᠷ ᠤᠨ ᠢᠴᠡᠭᠡᠯ ᠦᠷ᠎ᠡ ᠶᠢᠨ ᠬᠡᠭᠡᠯᠲᠦᠭᠦᠯᠭᠡ ᠬᠢᠬᠦ ᠶᠢ | ᠪᠦᠬᠦᠯᠢ ᠴᠣᠭᠴᠠ ᠪᠠᠷ ᠨᠢ ᠠᠬᠢᠭᠤᠯᠬᠤ ᠶᠢ ᠵᠣᠷᠢᠭᠵᠢᠭᠤᠯᠤᠨ᠎ᠠ᠃ ᠡᠮᠦᠨ᠎ᠡ ᠬᠡᠰᠡᠭ ᠤᠨ ᠮᠠᠯᠵᠢᠬᠤ ᠣᠷᠣᠨ ᠤ | ᠢᠴᠡᠭᠡᠯ ᠦᠷ᠎ᠡ ᠪᠠᠷ ᠬᠡᠭᠡᠯᠲᠦᠭᠦᠯᠦᠭᠰᠡᠨ ᠦᠨᠢᠶᠡᠨ ᠤ ᠲᠤᠭ᠎ᠠ ᠶᠢ ᠲᠤᠭᠤᠯᠯᠠᠬᠤ ᠦᠨᠢᠶᠡᠨ ᠤ 65% ᠠᠴᠠ | ᠳᠡᠭᠡᠭᠰᠢ ᠳᠤ ᠬᠦᠷᠦᠭᠦᠯᠵᠦ᠂ ᠬᠤᠶᠢᠲᠤ ᠬᠡᠰᠡᠭ ᠪᠠ ᠪᠠᠷᠠᠭᠤᠨ ᠬᠡᠰᠡᠭ ᠤᠨ ᠭᠠᠵᠠᠷ ᠣᠷᠣᠨ ᠳᠤ 30% ᠠᠴᠠ | ᠳᠡᠭᠡᠭᠰᠢ ᠳᠤ ᠬᠦᠷᠦᠭᠦᠯᠦᠭᠰᠡᠨ ᠪᠥᠭᠡᠳ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠬᠠᠷᠢᠴᠠᠯ ᠢ ᠳᠡᠭᠡᠷ᠎ᠡ | ᠵᠢᠯ ᠤᠨ ᠬᠢ ᠠᠴᠠ 10% ᠠᠴᠠ ᠳᠡᠭᠡᠭᠰᠢ ᠳᠡᠭᠡᠭᠰᠢᠯᠡᠭᠦᠯᠵᠦ᠂ ᠭᠠᠴᠠᠭᠠᠨ ᠤ ᠬᠤᠶᠠᠷ ᠵᠥᠪᠯᠡᠯ ᠨᠢᠭᠡᠳᠦᠯᠲᠡᠶ | ᠵᠣᠬᠢᠶᠠᠨ ᠪᠠᠶᠢᠭᠤᠯᠤᠨ ᠭᠠᠴᠠᠭᠠᠨ ᠠᠴᠠ ᠨᠢᠭᠡ ᠯᠡ ᠤᠳᠠᠭ᠎ᠠ ᠳᠤ 5 ᠲᠦᠮᠡᠨ ᠲᠥᠭᠦᠷᠢᠭ ᠱᠠᠩᠨᠠᠨ᠎ᠠ᠃ ᠬᠤᠰᠢᠭᠤ | ᠰᠢᠶᠠᠨ ᠬᠤᠲᠠ ︵ᠤᠷᠤᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠠᠴᠠ | ᠪᠠᠲᠤᠯᠠᠨ ᠲᠠᠨᠢᠯᠴᠠᠭᠤᠯᠵᠤ ᠢᠯᠡ ᠨᠡᠶᠢᠲᠡᠯᠡᠵᠦ᠂ ᠠᠶᠢᠮᠠᠭ ᠤᠨ ᠱᠠᠲᠤᠨ ᠠᠴᠠ ᠬᠢᠨᠠᠨ ᠬᠠᠷᠭᠤᠭᠤᠯᠵᠤ ᠰᠢᠯᠭᠠᠨ | ᠠᠪᠬᠤ᠂ ᠱᠠᠭᠠᠷᠳᠠᠯᠭ᠎ᠠ ᠳᠤ ᠨᠡᠶᠢᠴᠡᠬᠦ ᠶᠢ ᠨᠢ ᠱᠠᠩᠨᠠᠨ ᠬᠥᠬᠢᠭᠦᠯᠦᠨ᠎ᠡ᠃ ︵ᠬᠠᠷᠢᠭᠤᠴᠠᠬᠤ ᠪᠠᠶᠢᠭᠤᠯᠭ᠎ᠠ᠄ | ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ︶ | 4. ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠥᠷᠨᠢᠭᠦᠯᠬᠦ ᠶᠢ ᠳᠡᠮᠵᠢᠨ᠎ᠡ᠃ | ᠡᠯ᠎ᠡ ᠲᠥᠷᠥᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠨᠤᠭᠤᠳ ᠮᠢᠬᠠᠨ ᠤ ᠦᠬᠡᠷ ᠤᠨ | ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠳᠤ ᠣᠷᠣᠯᠴᠠᠬᠤ ᠶᠢ | ᠵᠣᠷᠢᠭᠵᠢᠭᠤᠯᠵᠤ᠂ ᠮᠠᠯᠵᠢᠬᠤ ᠣᠷᠣᠨ ᠭᠠᠴᠠᠭ᠎ᠠ ᠪᠠᠷ ᠨᠢᠭᠡᠴᠢ ᠪᠣᠯᠭᠠᠨ᠂ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ | ᠲᠤᠭ᠎ᠠ ᠲᠤᠯᠤᠭᠠᠢ ᠶᠢ 500 ᠠᠴᠠ ᠳᠡᠭᠡᠭᠰᠢ ᠬᠦᠷᠦᠭᠦᠯᠬᠦ ᠪᠤᠶᠤ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ | ᠬᠠᠷᠢᠴᠠᠯ ᠢ ᠲᠤᠭᠤᠯᠯᠠᠬᠤ ᠦᠨᠢᠶᠡᠨ ᠤ 30% ᠠᠴᠠ ᠳᠡᠭᠡᠭᠰᠢ ᠳᠤ ᠬᠦᠷᠦᠭᠦᠯᠦᠨ᠎ᠡ᠂ ᠲᠡᠷᠡᠴᠢᠯᠡᠨ ᠬᠡᠭᠡᠯᠲᠦᠭᠰᠡᠨ | ᠨᠣᠷᠮ᠎ᠠ ᠶᠢ 85% ᠠᠴᠠ ᠳᠡᠭᠡᠭᠰᠢ ᠳᠤ ᠬᠦᠷᠦᠭᠦᠯᠵᠦ᠂ ︽ᠮᠠᠯᠴᠢᠨ ᠡᠷᠦᠬᠡ᠂ ᠲᠤᠭᠤᠯ᠂ ᠲᠠᠩᠰᠠ ᠡᠪᠬᠡᠮᠡᠯ︾ | ᠪᠠᠶᠢᠴᠠᠭᠠᠨ ᠦᠵᠡᠬᠦ ᠠᠷᠭ᠎ᠠ ᠠᠪᠴᠠᠯ ᠠᠪᠴᠤ᠂ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠢᠶᠠᠷ | ᠰᠢᠯᠭᠠᠨ ᠨᠤᠲᠠᠯᠠᠭᠤᠯᠤᠭᠰᠠᠨ ᠤ ᠳᠠᠷᠠᠭ᠎ᠠ᠂ ᠨᠥᠬᠦᠴᠡᠯ ᠳᠤ ᠨᠡᠶᠢᠴᠡᠬᠦ ᠨᠡᠶᠢᠭᠡᠮᠴᠢᠯᠡᠭᠰᠡᠨ ᠦᠢᠯᠡᠴᠢᠯᠡᠭᠡᠨ ᠤ ᠭᠤᠤᠯ | ᠴᠣᠭᠴᠠ ᠳᠤ᠂ ᠲᠤᠭᠤᠯ ᠨᠢᠭᠡᠪᠦᠷᠢ ᠳᠤ 100 ᠲᠥᠭᠦᠷᠢᠭ ᠤᠨ ᠨᠥᠬᠦᠪᠥᠷᠢ ᠣᠯᠭᠤᠨ᠎ᠠ᠃ ︵ᠬᠠᠷᠢᠭᠤᠴᠠᠬᠤ | ᠪᠠᠶᠢᠭᠤᠯᠭ᠎ᠠ᠄ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶ | 5. ᠮᠢᠬᠠᠨ ᠤ ᠦᠬᠡᠷ ᠤᠨ ᠬᠦᠪᠦᠷᠡᠯ ᠰᠢᠯᠵᠢᠭᠦᠯᠬᠦ ᠳᠤ ᠨᠥᠬᠦᠪᠥᠷᠢ ᠣᠯᠭᠤᠨ᠎ᠠ᠃ ᠮᠢᠬᠠᠨ ᠤ ᠦᠬᠡᠷ | ᠲᠡᠵᠢᠭᠡᠨ ᠦᠷᠡᠵᠢᠭᠦᠯᠬᠦ ᠲᠠᠯᠠᠪᠠᠢ ᠶᠢᠨ ︵ᠡᠷᠦᠬᠡ᠂ ᠬᠤᠷᠰᠢᠶᠠᠵᠢᠯ︶ ᠬᠤᠸᠠᠰᠢ ᠦᠬᠡᠷ ᠵᠡᠷᠭᠡ ᠰᠢᠯᠢᠳᠡᠭ | ᠡᠭᠦᠯᠳᠡᠷ ᠤᠨ ᠮᠢᠬᠠᠨ ᠤ ᠦᠬᠡᠷ ᠤᠨ ᠬᠥᠪᠦᠷᠡᠯ ᠰᠢᠯᠵᠢᠭᠦᠯᠬᠦ ᠶᠢ ᠵᠣᠷᠢᠭᠵᠢᠭᠤᠯᠤᠨ᠎ᠠ᠃ ᠲᠠᠷᠢᠶᠠᠯᠠᠩ ᠮᠠᠯ ᠠᠵᠤ | ᠠᠬᠤᠶ ᠶᠢᠨ ᠰᠠᠯᠠᠭ᠎ᠠ ᠮᠥᠴᠢᠷ ᠤᠨ ᠰᠢᠯᠭᠠᠨ ᠨᠤᠲᠠᠯᠠᠬᠤ ᠪᠠᠷ ᠳᠡᠮᠵᠢᠨ᠂ ᠬᠡᠭᠡᠯᠲᠦᠭᠰᠡᠨ ᠨᠣᠷᠮ᠎ᠠ ᠶᠢ 40% ᠠᠴᠠ | ᠳᠡᠭᠡᠭᠰᠢ ᠳᠤ ᠬᠦᠷᠦᠭᠦᠯᠵᠦ᠂ ︽ᠲᠡᠵᠢᠭᠡᠨ ᠦᠷᠡᠵᠢᠭᠦᠯᠬᠦ ᠲᠠᠯᠠᠪᠠᠶ᠂ ᠲᠤᠭᠤᠯ᠂ ᠲᠠᠩᠰᠠ ᠡᠪᠬᠡᠮᠡᠯ︾ ᠪᠠᠶᠢᠴᠠᠭᠠᠨ | ᠦᠵᠡᠬᠦ ᠪᠠᠷ ᠳᠠᠮᠵᠢᠭᠤᠯᠤᠨ᠂ ᠮᠢᠬᠠᠨ ᠤ ᠦᠬᠡᠷ ᠲᠡᠵᠢᠭᠡᠨ ᠦᠷᠡᠵᠢᠭᠦᠯᠬᠦ ᠲᠠᠯᠠᠪᠠᠶ ︵ᠡᠷᠦᠬᠡ᠂ ᠬᠤᠷᠰᠢᠶᠠᠵᠢᠯ︶ ᠶᠢᠨ | ᠬᠦᠪᠦᠷᠡᠯ ᠰᠢᠯᠵᠢᠭᠦᠯᠦᠭᠰᠡᠨ ᠲᠤᠭᠤᠯ ᠳᠤ ᠨᠢᠭᠡ ᠯᠡ ᠤᠳᠠᠭ᠎ᠠ ᠳᠤ 2000 ᠲᠥᠭᠦᠷᠢᠭ ᠤᠨ ᠨᠥᠬᠦᠪᠥᠷᠢ | ᠥᠭᠭᠦᠨ᠎ᠡ᠃ ᠨᠥᠬᠦᠪᠥᠷᠢ ᠬᠦᠷᠲᠡᠭᠰᠡᠨ ᠦᠬᠢᠨ ᠲᠤᠭᠤᠯ ᠢ 4 ᠵᠢᠯ ᠤᠨ ᠳᠣᠲᠣᠷ᠎ᠠ ᠬᠤᠳᠠᠯᠳᠤᠵᠤ ᠪᠣᠯᠬᠤ ᠥᠭᠡᠢ᠂ | ᠦᠨᠡᠨᠬᠦ ᠬᠤᠳᠠᠯᠳᠤᠬᠤ ᠪᠤᠶᠤ ᠰᠢᠢᠳᠪᠦᠷᠢᠯᠡᠬᠦ ᠴᠢᠬᠤᠯᠠ ᠲᠠᠢ ᠪᠣᠯ ᠡᠷᠬᠡᠪᠰᠢ ᠬᠤᠰᠢᠭᠤ ᠰᠢᠶᠠᠨ ᠬᠤᠲᠠ ︵ᠤᠷᠤᠨ︶ | ᠶᠢᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠶᠢᠨ ᠬᠠᠮᠲᠤ᠂ ᠲᠠᠷᠢᠶᠠᠯᠠᠩ ᠮᠠᠯ | ᠠᠵᠤ ᠠᠬᠤᠶ ᠶᠢᠨ ᠰᠠᠯᠠᠭ᠎ᠠ ᠮᠥᠴᠢᠷ ᠨᠢ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠲᠤᠷᠠᠨ ᠵᠣᠬᠢᠬᠤ | ᠨᠥᠬᠦᠪᠥᠷᠢ ᠶᠢᠨ ᠪᠠᠯᠠ ᠮᠥᠩᠭᠦ ᠶᠢ ᠬᠤᠷᠢᠶᠠᠨ ᠠᠪᠤᠨ᠎ᠠ᠃ ︵ᠬᠠᠷᠢᠭᠤᠴᠠᠬᠤ ᠪᠠᠶᠢᠭᠤᠯᠭ᠎ᠠ᠄ ᠠᠶᠢᠮᠠᠭ ᠤᠨ ᠲᠠᠷᠢᠶᠠᠯᠠᠩ | ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶ | 6. ᠰᠢᠯᠢᠳᠡᠭ ᠡᠭᠦᠯᠳᠡᠷ ᠤᠨ ᠪᠤᠬ᠎ᠠ ᠪᠠ ᠦᠨᠢᠶ᠎ᠡ ᠤᠷᠤᠭᠤᠯᠬᠤ ᠳᠤ ᠨᠥᠬᠦᠪᠥᠷᠢ ᠥᠭᠭᠦᠨ᠎ᠡ᠃ ᠪᠠᠶᠢᠭᠠᠯᠢᠯᠢᠭ | ᠬᠡᠭᠡᠯᠳᠦᠭᠦᠯᠭᠡ ᠶᠢᠨ ᠮᠢᠬᠠᠨ ᠤ ᠦᠬᠡᠷ ᠲᠡᠵᠢᠭᠡᠨ ᠦᠷᠡᠵᠢᠭᠦᠯᠬᠦ ᠡᠷᠦᠬᠡ ᠨᠢ ᠠᠶᠢᠮᠠᠭ ᠤᠨ ᠳᠣᠲᠣᠷᠠᠬᠢ ᠦᠷ᠎ᠡ ᠶᠢᠨ | ᠮᠠᠯ ᠤᠨ ᠲᠠᠯᠠᠪᠠᠶ᠂ ᠭᠤᠤᠯᠳᠠᠯᠭᠠᠲᠦ ᠰᠦᠷᠦᠭ ︵ᠡᠭᠦᠯᠳᠡᠷ ᠪᠤᠶᠢᠵᠢᠭᠤᠯᠬᠤ ᠰᠦᠷᠦᠭ︶ ᠠᠴᠠ ᠤᠳᠤᠮ ᠤᠨ ᠲᠠᠩᠰᠠ | ᠡᠪᠬᠡᠮᠡᠯ ᠲᠠᠢ 6 -18 ᠰᠠᠷ᠎ᠠ ᠪᠤᠯᠤᠭᠰᠠᠨ ᠬᠤᠸᠠᠰᠢ ᠦᠬᠡᠷ ᠵᠡᠷᠭᠡ ᠰᠢᠯᠢᠳᠡᠭ ᠡᠭᠦᠯᠳᠡᠷ ᠤᠨ ᠪᠤᠬ᠎ᠠ ᠬᠤᠳᠠᠯᠳᠤᠨ | ᠠᠪᠤᠪᠠᠯ᠂ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠢᠶᠠᠷ ᠬᠢᠨᠠᠨ ᠲᠣᠭᠲᠠᠭᠠᠯᠭᠠᠵᠤ ᠳᠠᠩᠰᠠᠯᠠᠭᠤᠯᠤᠭᠰᠠᠨ | ᠤ ᠳᠠᠷᠠᠭ᠎ᠠ᠂ ᠲᠤᠯᠤᠭᠠᠢ ᠪᠦᠷᠢ ᠳᠤ ᠨᠢᠭᠡ ᠯᠡ ᠤᠳᠠᠭ᠎ᠠ ᠳᠤ 4000 ᠲᠥᠭᠦᠷᠢᠭ ᠤᠨ ᠨᠥᠬᠦᠪᠥᠷᠢ ᠥᠭᠭᠦᠨ᠎ᠡ︔ | ᠮᠢᠬᠠᠨ ᠤ ᠦᠬᠡᠷ ᠲᠡᠵᠢᠭᠡᠨ ᠦᠷᠡᠵᠢᠭᠦᠯᠬᠦ ᠡᠷᠦᠬᠡ ᠠᠶᠢᠮᠠᠭ ᠤᠨ ᠳᠣᠲᠣᠷᠠᠬᠢ ᠦᠷ᠎ᠡ ᠶᠢᠨ ᠮᠠᠯ ᠤᠨ ᠲᠠᠯᠠᠪᠠᠶ᠂ | ᠭᠤᠤᠯᠳᠠᠯᠭᠠᠲᠦ ᠰᠦᠷᠦᠭ ︵ᠡᠭᠦᠯᠳᠡᠷ ᠪᠤᠶᠢᠵᠢᠭᠤᠯᠬᠤ ᠰᠦᠷᠦᠭ︶ ᠠᠴᠠ 6 - 24 ᠰᠠᠷ᠎ᠠ ᠪᠤᠯᠤᠭᠰᠠᠨ ᠬᠤᠸᠠᠰᠢ | ᠦᠬᠡᠷ ᠵᠡᠷᠭᠡ ᠰᠢᠯᠢᠳᠡᠭ ᠡᠭᠦᠯᠳᠡᠷ ᠤᠨ ᠡᠬᠡ ᠮᠠᠯ ᠬᠤᠳᠠᠯᠳᠤᠨ ᠠᠪᠤᠪᠠᠯ᠂ ᠲᠠᠷᠢᠶᠠᠯᠠᠩ ᠮᠠᠯ ᠠᠵᠤ ᠠᠬᠤᠶ ᠶᠢᠨ | ᠰᠠᠯᠠᠭ᠎ᠠ ᠮᠥᠴᠢᠷ ᠢᠶᠠᠷ ᠬᠢᠨᠠᠨ ᠲᠣᠭᠲᠠᠭᠠᠯᠭᠠᠵᠤ ᠳᠠᠩᠰᠠᠯᠠᠭᠤᠯᠤᠭᠰᠠᠨ ᠤ ᠳᠠᠷᠠᠭ᠎ᠠ᠂ ᠲᠤᠯᠤᠭᠠᠢ ᠪᠦᠷᠢ ᠳᠤ ᠨᠢᠭᠡ ᠯᠡ | ᠤᠳᠠᠭ᠎ᠠ ᠳᠤ 2000 ᠲᠥᠭᠦᠷᠢᠭ ᠤᠨ ᠨᠥᠬᠦᠪᠥᠷᠢ ᠥᠭᠭᠦᠨ᠎ᠡ᠃ ︵ᠬᠠᠷᠢᠭᠤᠴᠠᠬᠤ ᠪᠠᠶᠢᠭᠤᠯᠭ᠎ᠠ᠄ ᠠᠶᠢᠮᠠᠭ ᠤᠨ | ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ︶ | ᠬᠤᠶᠠᠷ᠂ ᠲᠡᠵᠢᠭᠡᠯ ᠡᠪᠡᠰᠦ ᠪᠣᠷᠳᠤᠭ᠎ᠠ ᠦᠢᠯᠡᠳᠪᠦᠷᠢᠯᠡᠵᠦ ᠡᠳ᠋ᠰᠢᠭᠦᠯᠬᠦ ᠪᠠ ᠨᠡᠭᠡᠭᠡᠨ ᠬᠥᠭᠵᠢᠭᠦᠯᠬᠦ ᠶᠢ | ᠳᠡᠮᠵᠢᠨ᠎ᠡ | 7. ᠲᠡᠵᠢᠭᠡᠯ ᠡᠪᠡᠰᠦ ᠪᠣᠷᠳᠤᠭ᠎ᠠ ᠳᠠᠷᠢᠬᠤ ᠬᠡᠪᠴᠢᠶᠡᠵᠢᠭᠰᠡᠨ ᠭᠤᠤᠯ ᠴᠣᠭᠴᠠ ᠳᠤ ᠨᠥᠬᠦᠪᠥᠷᠢ ᠣᠯᠭᠤᠨ᠎ᠠ᠃ | ᠲᠥᠪ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠱᠠᠲᠤᠨ ᠤ ᠨᠥᠬᠦᠪᠥᠷᠢ ᠶᠢᠨ ᠪᠠᠯᠠ ᠮᠥᠩᠭᠦ ᠶᠢ ᠨᠢᠭᠡᠳᠦᠯᠲᠡᠶ | ᠲᠦᠯᠦᠪᠵᠢᠭᠦᠯᠦᠨ ᠡᠮᠬᠢᠯᠡᠨ ᠨᠢᠭᠡᠳᠬᠡᠵᠦ᠂ ᠨᠥᠬᠦᠪᠥᠷᠢ ᠶᠢᠨ ᠪᠠᠷᠢᠮᠵᠢᠶ᠎ᠠ ᠪᠠᠨ ᠳᠡᠭᠡᠭᠰᠢᠯᠡᠭᠦᠯᠦᠨ᠂ 300 ᠮᠥ ᠠᠴᠠ | ᠳᠡᠭᠡᠭᠰᠢ ᠲᠦᠪᠯᠡᠷᠡᠭᠦᠯᠦᠨ ᠶᠡᠭᠡ ᠬᠡᠰᠡᠭ ᠢᠶᠠᠷ ᠬᠡᠪᠴᠢᠶᠡᠵᠢᠭᠦᠯᠦᠨ ᠳᠠᠷᠢᠬᠤ᠂ ᠲᠡᠵᠢᠭᠡᠨ ᠦᠷᠡᠵᠢᠭᠦᠯᠬᠦ ᠭᠤᠤᠯ | ᠴᠣᠭᠴᠠ ᠲᠠᠢ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠲᠣᠭᠲᠠᠬᠤ ᠶᠢᠨ ᠬᠠᠮᠲᠤ ᠪᠤᠷᠤᠯᠠᠭᠤᠯᠤᠨ | ᠬᠤᠳᠠᠯᠳᠤᠬᠤ ᠶᠢ ᠪᠡᠶᠡᠯᠡᠭᠦᠯᠦᠭᠰᠡᠨ ᠲᠡᠵᠢᠭᠡᠯ ᠡᠪᠡᠰᠦ ᠪᠤᠷᠳᠤᠭᠠᠨ ᠤ ᠠᠵᠤ ᠠᠬᠤᠶᠢᠯᠠᠯ᠂ ᠲᠠᠷᠢᠮᠠᠯ ᠤᠨ ᠡᠷᠦᠬᠡ ᠳᠤ | ᠨᠥᠬᠦᠪᠥᠷᠢ ᠥᠭᠭᠦᠨ᠎ᠡ᠂ ᠡᠭᠦᠨ ᠳᠤ᠄ ᠨᠤᠭᠤᠭᠠᠨ ᠳᠠᠷᠤᠰᠢ ᠶᠢᠨ ᠮᠥ ᠪᠦᠷᠢ ᠳᠤ 50 ᠲᠥᠭᠦᠷᠢᠭ ᠠᠴᠠ ᠥᠨᠳᠥᠷ | ᠪᠠᠶᠢᠯᠭᠠᠬᠤ ᠥᠬᠡᠶ ᠪᠠᠷᠢᠮᠵᠢᠶ᠎ᠠ ᠪᠠᠷ ᠨᠥᠬᠦᠪᠥᠷᠢ ᠥᠭᠭᠦᠨ᠎ᠡ︔ ᠪᠤᠷᠳᠤᠭᠠᠨ ᠳᠤ ᠬᠡᠷᠡᠭᠯᠡᠬᠦ ᠨᠣᠬᠠᠶ ᠶᠢᠨ ᠬᠤᠰᠢᠭᠤ ᠶᠢᠨ | ᠮᠥ ᠪᠦᠷᠢ ᠳᠤ 100 ᠲᠥᠭᠦᠷᠢᠭ ᠠᠴᠠ ᠥᠨᠳᠥᠷ ᠪᠠᠶᠢᠯᠭᠠᠬᠤ ᠥᠬᠡᠶ ᠪᠠᠷᠢᠮᠵᠢᠶ᠎ᠠ ᠪᠠᠷ ᠨᠥᠬᠦᠪᠥᠷᠢ ᠥᠭᠭᠦᠨ᠎ᠡ᠃ ︽ | ᠥᠪᠡᠷ ᠢᠶᠠᠨ ᠲᠠᠷᠢᠵᠤ ᠥᠪᠡᠷ ᠢᠶᠠᠨ ᠬᠡᠷᠡᠭᠯᠡᠬᠦ︾ ᠳᠤ ᠨᠥᠬᠦᠪᠥᠷᠢ ᠥᠭᠬᠦ ᠦᠭᠡᠶ᠃ ︵ᠬᠠᠷᠢᠭᠤᠴᠠᠬᠤ ᠪᠠᠶᠢᠭᠤᠯᠭ᠎ᠠ᠄ | ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ︶ | 8. ᠲᠡᠵᠢᠭᠡᠯ ᠡᠪᠡᠰᠦ ᠪᠣᠷᠳᠣᠭᠠᠨ ᠤ ᠪᠠᠴᠢᠮ ᠪᠠᠶᠢᠳᠠᠯ ᠢ ᠠᠷᠭᠠᠴᠠᠬᠤ ᠲᠥᠪᠯᠡᠷᠡᠭᠦᠯᠦᠨ ᠨᠥᠭᠡᠴᠡᠯᠡᠬᠦ ᠳᠤ | ᠨᠥᠬᠦᠪᠥᠷᠢ ᠣᠯᠭᠤᠨ᠎ᠠ᠃ ᠲᠤᠰ ᠵᠢᠯ ᠤᠨ 11 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠤᠰ ᠲᠤᠰ 3000 | ᠲᠣᠨ ᠠᠴᠠ ᠳᠡᠭᠡᠭᠰᠢ᠂ 1000 ᠲᠣᠨ ᠠᠴᠠ ᠳᠡᠭᠡᠭᠰᠢ᠂ 500 ᠲᠣᠨ ᠠᠴᠠ ᠳᠡᠭᠡᠭᠰᠢ ᠨᠦᠭᠡᠴᠡᠯᠡᠭᠰᠡᠨ ᠬᠤᠰᠢᠭᠤ᠂ | ᠰᠤᠮᠤ᠂ ᠭᠠᠴᠠᠭ᠎ᠠ ᠭᠤᠷᠪᠠᠨ ᠱᠠᠲᠤᠨ ᠤ ᠲᠡᠵᠢᠭᠡᠯ ᠡᠪᠡᠰᠦ ᠪᠣᠷᠳᠣᠭᠠᠨ ᠤ ᠪᠠᠴᠢᠮ ᠪᠠᠶᠢᠳᠠᠯ ᠢ ᠠᠷᠭᠠᠴᠠᠨ | ᠲᠥᠪᠯᠡᠷᠡᠭᠦᠯᠦᠨ ᠨᠦᠭᠡᠴᠡᠯᠡᠭᠰᠡᠨ ᠡᠵᠡᠩᠨᠡᠯᠲᠡ ᠶᠢᠨ ᠭᠤᠣᠯ ᠴᠣᠭᠴᠠ ᠪᠠ 1 ᠲᠦᠮᠡᠨ ᠲᠣᠨ ᠠᠴᠠ ᠳᠡᠭᠡᠭᠰᠢ | ᠨᠦᠭᠡᠴᠡᠯᠡᠬᠦ ᠶᠢᠨ ᠬᠠᠮᠲᠤ᠂ ᠵᠠᠰᠠᠭ ᠤᠨ ᠣᠷᠳᠣᠨ ᠠᠴᠠ ᠨᠥᠭᠡᠴᠡᠯᠡᠬᠦ ᠡᠭᠦᠷᠭᠡ ᠡᠭᠦᠷᠭᠡᠯᠡᠭᠦᠯᠦᠭᠰᠡᠨ ᠠᠵᠤ | ᠠᠬᠤᠶᠢᠯᠠᠯ ᠳᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ | ᠦᠵᠡᠭᠦᠯᠦᠨ᠎ᠡ᠃ ᠲᠥᠪ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠱᠠᠲᠤᠨ ᠤ ᠬᠠᠮᠢᠶ᠎ᠠ ᠪᠥᠬᠦᠶ ᠪᠠᠯᠠ | ᠮᠥᠩᠭᠦ ᠶᠢ ᠨᠢᠭᠡᠳᠦᠯᠲᠡᠶ ᠲᠦᠯᠦᠪᠵᠢᠭᠦᠯᠦᠨ ᠨᠢᠭᠡᠳᠬᠡᠵᠦ᠂ ᠲᠣᠨ ᠪᠦᠷᠢ ᠳᠤ 50 ᠲᠥᠭᠦᠷᠢᠭ ᠠᠴᠠ ᠳᠣᠤᠷ᠎ᠠ | ᠪᠠᠶᠢᠯᠭᠠᠬᠤ ᠥᠬᠡᠶ ᠪᠠᠷ ᠬᠥᠮᠥᠷᠭᠡᠯᠡᠨ ᠬᠠᠳᠠᠭᠠᠯᠠᠬᠤ ᠨᠥᠬᠦᠪᠥᠷᠢ ᠣᠯᠭᠤᠨ᠎ᠠ᠃ ᠬᠠᠩᠭᠠᠨ ᠪᠣᠷᠣᠯᠠᠭᠤᠯᠬᠤ ᠰᠠᠯᠠᠭ᠎ᠠ | ᠮᠥᠴᠢᠷ ᠨᠢ ᠪᠠᠴᠢᠮ ᠪᠠᠶᠢᠳᠠᠯ ᠢ ᠠᠷᠭᠠᠴᠠᠬᠤ ᠲᠡᠵᠢᠭᠡᠯ ᠡᠪᠡᠰᠦ ᠪᠣᠷᠳᠤᠭ᠎ᠠ ᠨᠥᠭᠡᠴᠡᠯᠡᠬᠦ ᠵᠢᠴᠢ ᠨᠥᠬᠦᠪᠥᠷᠢ ᠪᠡᠯᠡ | ᠮᠥᠩᠭᠦ ᠶᠢ ᠬᠢᠨᠠᠨ ᠬᠠᠷᠭᠤᠭᠤᠯᠬᠤ᠂ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ︵ᠬᠠᠷᠢᠭᠤᠴᠠᠬᠤ ᠪᠠᠶᠢᠭᠤᠯᠭ᠎ᠠ᠄ | ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ︶ | ᠭᠤᠷᠪᠠ᠂ ᠬᠠᠰᠢᠶᠠᠯᠠᠨ ᠲᠡᠵᠢᠭᠡᠬᠦ ᠶᠢ ᠳᠡᠮᠵᠢᠨ᠎ᠡ | 9. ᠮᠠᠯ ᠠᠵᠤ ᠠᠬᠤᠶ ᠶᠢᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠨᠥᠬᠦᠪᠥᠷᠢ | ᠥᠭᠭᠦᠨ᠎ᠡ᠃ ᠬᠠᠰᠢᠶᠠᠯᠠᠨ ᠳᠡᠵᠢᠭᠡᠬᠦ ᠳᠤ ᠲᠤᠬᠢᠷᠠᠬᠤ ᠭᠠᠵᠠᠷ ᠤᠷᠤᠨ ᠤ ᠮᠢᠬᠠᠨ ᠤ ᠦᠬᠡᠷ ᠢ ᠬᠠᠰᠢᠶᠠᠯᠠᠨ ᠲᠡᠵᠢᠭᠡᠬᠦ | ᠡᠷᠦᠬᠡ ︵ᠲᠠᠯᠠᠪᠠᠶ᠂ ᠬᠤᠷᠰᠢᠶᠠᠵᠢᠯ︶᠂ ᠬᠥᠮᠦᠨ ᠮᠠᠯ ᠢ ᠰᠠᠯᠭᠠᠨ ᠲᠡᠵᠢᠭᠡᠬᠦ ᠤᠷᠤᠨ ᠲᠤᠭᠤᠷᠢᠭ ᠢ | ᠭᠤᠤᠯᠳᠠᠯᠭ᠎ᠠ ᠲᠠᠢ ᠳᠡᠮᠵᠢᠵᠦ᠂ ᠰᠠᠭᠤᠷᠢ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ | ᠪᠥᠬᠦ ᠠᠶᠢᠮᠠᠭ ᠲᠤ ᠲᠤᠬᠢᠷᠠᠭᠤᠯᠤᠭᠰᠠᠨ ᠣᠨ ᠤ ᠲᠡᠳᠬᠦᠨ ᠳᠡᠮᠵᠢᠬᠦ ᠪᠠᠯᠠ ᠮᠦᠩᠭᠦᠨ ᠤ ᠲᠤᠭ᠎ᠠ ᠬᠡᠮᠵᠢᠶᠡᠨ ᠤ | ᠳᠣᠲᠣᠷ᠎ᠠ᠂ ︽ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠵᠦ᠂ ᠤᠷᠢᠳᠠᠪᠠᠷ ᠪᠠᠶᠢᠭᠤᠯᠵᠤ ᠤᠷᠢᠳᠠᠪᠠᠷ | ᠣᠯᠭᠤᠬᠤ︾ ᠠᠷᠭ᠎ᠠ ᠮᠠᠶ᠋ᠢᠭ ᠶᠣᠰᠣᠭᠠᠷ᠂ ᠰᠢᠨ᠎ᠡ ᠪᠠᠷ ᠪᠠᠶᠢᠭᠤᠯᠤᠭᠰᠠᠨ 300 ᠲᠡᠭᠰᠢ ᠳᠥᠷᠪᠡᠯᠵᠢᠨ ᠮᠧᠲᠷ ᠠᠴᠠ | ᠳᠡᠭᠡᠭᠰᠢᠬᠢ ᠮᠠᠯ ᠤᠨ ᠫᠧᠩ ᠰᠠᠷᠠᠪᠴᠢ ᠳᠤ ᠲᠡᠭᠰᠢ ᠳᠥᠷᠪᠡᠯᠵᠢᠨ ᠮᠧᠲᠷ ᠪᠦᠷᠢ ᠳᠤ 300 ᠲᠥᠭᠦᠷᠢᠭ ᠠᠴᠠ | ᠳᠠᠪᠠᠭᠤᠯᠬᠤ ᠥᠬᠡᠶ ᠪᠠᠷᠢᠮᠵᠢᠶ᠎ᠠ ᠪᠠᠷ ᠨᠥᠬᠦᠪᠥᠷᠢ ᠥᠭᠴᠦ᠂ ᠰᠢᠨ᠎ᠡ ᠪᠠᠷ ᠪᠠᠶᠢᠭᠤᠯᠤᠭᠰᠠᠨ ᠮᠠᠯ ᠤᠨ ᠫᠧᠩ | ᠰᠠᠷᠠᠪᠴᠢ ᠶᠢ ᠮᠠᠯᠵᠢᠬᠤ ᠡᠷᠦᠬᠡ ᠶᠢᠨ ᠠᠮᠢᠳᠤᠷᠠᠯ ᠤᠨ ᠲᠤᠭᠤᠷᠢᠭ ᠠᠴᠠ ᠰᠠᠯᠭᠠᠨ᠎ᠠ᠃ ᠰᠢᠨ᠎ᠡ ᠪᠠᠷ | ᠪᠠᠶᠢᠭᠤᠯᠤᠭᠰᠠᠨ 100 ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠡᠪᠡᠰᠦ ᠬᠠᠳᠠᠭᠠᠯᠠᠬᠤ ᠫᠧᠩ ᠰᠠᠷᠠᠪᠴᠢ ᠳᠤ | ᠲᠡᠭᠰᠢ ᠳᠥᠷᠪᠡᠯᠵᠢᠨ ᠮᠧᠲᠷ ᠪᠦᠷᠢ ᠳᠤ 100 ᠲᠥᠭᠦᠷᠢᠭ ᠠᠴᠠ ᠳᠠᠪᠠᠭᠤᠯᠬᠤ ᠥᠬᠡᠶ ᠪᠠᠷᠢᠮᠵᠢᠶ᠎ᠠ ᠪᠠᠷ ᠨᠥᠬᠦᠪᠥᠷᠢ | ᠤᠯᠭᠤᠨ᠎ᠠ︔ ᠰᠢᠨ᠎ᠡ ᠪᠠᠷ ᠪᠠᠶᠢᠭᠤᠯᠤᠭᠰᠠᠨ 150 ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢᠬᠢ ᠨᠤᠭᠤᠭᠠᠨ | ᠳᠠᠷᠤᠰᠢ ᠶᠢᠨ ᠵᠣᠭᠤᠷᠢ ᠳᠤ ᠪᠣᠰᠤᠭ᠎ᠠ ᠳᠥᠷᠪᠡᠯᠵᠢᠨ ᠮᠧᠲᠷ ᠪᠦᠷᠢ ᠳᠤ 60 ᠲᠥᠭᠦᠷᠢᠭ ᠠᠴᠠ ᠳᠠᠪᠠᠭᠤᠯᠵᠦ ᠪᠣᠯᠬᠤ | ᠦᠭᠡᠶ ᠪᠠᠷᠢᠮᠵᠢᠶ᠎ᠠ ᠪᠠᠷ ᠨᠥᠬᠦᠪᠥᠷᠢ ᠣᠯᠭᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠵᠣᠯᠭᠠᠭᠤᠯᠬᠤ ᠪᠡᠯᠡ ᠮᠥᠩᠭᠦ ᠵᠢᠴᠢ ᠤᠯᠤᠰ᠂ ᠥᠪᠡᠷᠲᠡᠭᠡᠨ ᠵᠠᠰᠠᠬᠤ ᠣᠷᠣᠨ ᠤ ᠲᠦᠷᠦᠯ ᠵᠦᠢᠯ ᠤᠨ ᠪᠡᠯᠡ | ᠮᠥᠩᠭᠦ ᠶᠢ ᠨᠢᠭᠡᠨᠲᠡ ᠬᠦᠷᠲᠡᠭᠰᠡᠨ ᠡᠲᠡᠭᠡᠳ ᠲᠤ ᠲᠤᠰ ᠲᠦᠷᠦᠯ ᠤᠨ ᠨᠥᠬᠦᠪᠥᠷᠢ ᠶᠢᠨ ᠲᠦᠷᠦ ᠶᠢᠨ ᠪᠤᠳᠤᠯᠭ᠎ᠠ ᠶᠢ | ᠳᠠᠪᠬᠤᠷᠳᠠᠭᠤᠯᠤᠨ ᠬᠦᠷᠲᠡᠭᠡᠬᠦ ᠦᠭᠡᠢ᠃ ︵ᠬᠠᠷᠢᠭᠤᠴᠠᠬᠤ ᠪᠠᠶᠢᠭᠤᠯᠭ᠎ᠠ᠄ ᠠᠶᠢᠮᠠᠭ ᠤᠨ ᠲᠠᠷᠢᠶᠠᠯᠠᠩ ᠮᠠᠯ ᠠᠵᠤ | ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶ | 10. ᠡᠪᠡᠰᠦ ᠬᠤᠷᠢᠶᠠᠵᠤ ᠨᠦᠭᠡᠴᠡᠯᠡᠬᠦ ᠳᠤ ᠨᠥᠬᠦᠪᠥᠷᠢ ᠣᠯᠭᠤᠨ᠎ᠠ᠃ ᠨᠤᠲᠤᠭ ᠪᠡᠯᠴᠢᠭᠡᠷ ᠤᠨ ᠳᠠᠭᠠᠭᠠᠴᠠ | ᠠᠴᠠ ᠬᠡᠲᠦᠷᠡᠭᠦᠯᠦᠨ ᠮᠠᠯᠵᠢᠬᠤ ᠶᠢ ᠬᠡᠷᠡᠭᠵᠢᠭᠦᠯᠵᠦ ᠪᠠᠶᠢᠭ᠎ᠠ ᠭᠠᠵᠠᠷ ᠤᠷᠤᠨ ᠤ ᠮᠢᠬᠠᠨ ᠤ ᠦᠬᠡᠷ ᠢ ᠬᠠᠭᠠᠰ | ᠬᠠᠰᠢᠶᠠᠯᠠᠨ ᠲᠡᠵᠢᠭᠡᠬᠦ ᠡᠷᠦᠬᠡ ︵ᠲᠠᠯᠠᠪᠠᠶ᠂ ᠬᠤᠷᠰᠢᠶᠠᠵᠢᠯ︶᠂ ᠲᠡᠵᠢᠭᠡᠨ ᠦᠷᠡᠵᠢᠭᠦᠯᠬᠦ ᠤᠷᠤᠨ ᠲᠣᠭᠤᠷᠢᠭ ᠵᠢᠴᠢ | ᠠᠶᠢᠮᠠᠭ ᠤᠨ ᠳᠣᠲᠣᠭᠠᠳᠤ ᠳᠤ ᠪᠤᠷᠤᠯᠠᠭᠤᠯᠵᠦ ᠪᠦᠬᠦᠢ ᠲᠤᠰᠬᠠᠶᠢᠵᠢᠭᠰᠠᠨ ᠲᠡᠵᠢᠭᠡᠯ ᠡᠪᠡᠰᠦ ᠬᠤᠷᠢᠶᠠᠨ ᠨᠦᠭᠡᠴᠡᠯᠡᠬᠦ | ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠵᠡᠷᠭᠡ ᠭᠤᠤᠯ ᠴᠣᠭᠴᠠ ᠶᠢ ᠭᠤᠤᠯᠳᠠᠯᠭ᠎ᠠ ᠲᠠᠢ ᠳᠡᠮᠵᠢᠵᠦ᠂ | ᠠᠶᠢᠮᠠᠭ ᠤᠨ ᠲᠤᠳᠤᠭᠠᠲᠤᠬᠢ ᠨᠤᠭᠤᠭᠠᠨ ᠳᠠᠷᠤᠰᠢ᠂ ᠴᠠᠷᠭᠠᠰᠤ᠂ ᠲᠡᠵᠢᠭᠡᠯ ᠳᠤ ᠬᠡᠷᠡᠭᠯᠡᠬᠦ ᠨᠣᠬᠠᠶ ᠶᠢᠨ ᠬᠤᠰᠢᠭᠤ | ᠵᠡᠷᠭᠡ ᠴᠢᠨᠠᠷ ᠰᠠᠶᠢᠲᠠᠶ ᠲᠡᠵᠢᠭᠡᠯ ᠡᠪᠡᠰᠦ ᠵᠢᠴᠢ ᠮᠢᠬᠠᠨ ᠤ ᠦᠬᠡᠷ ᠲᠡᠵᠢᠭᠡᠨ ᠦᠷᠡᠵᠢᠭᠦᠯᠬᠦ ᠲᠠᠯᠠᠪᠠᠶ ︵ᠡᠷᠦᠬᠡ︶ | ᠶᠢᠨ ᠰᠠᠨᠠᠭᠠᠨ ᠳᠤ ᠨᠡᠶᠢᠴᠡᠭᠰᠡᠨ ᠤᠨᠴᠠᠯᠢᠭᠳᠤ ᠲᠡᠵᠢᠭᠡᠯ ᠡᠪᠡᠰᠦ ᠪᠣᠷᠳᠤᠭ᠎ᠠ ᠳᠤ ᠨᠥᠬᠦᠪᠥᠷᠢ ᠣᠯᠭᠤᠨ᠎ᠠ᠃ ᠲᠥᠪ᠂ | ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠤᠨ ᠱᠠᠲᠤᠨ ᠤ ᠨᠥᠬᠦᠪᠥᠷᠢ ᠪᠠᠯᠠ ᠮᠥᠩᠭᠦ ᠶᠢ ᠨᠢᠭᠡᠳᠦᠯᠲᠠᠢ | ᠲᠦᠯᠦᠪᠵᠢᠭᠦᠯᠦᠨ ᠨᠢᠭᠡᠳᠭᠡᠵᠦ᠂ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠂ ᠲᠡᠵᠢᠭᠡᠯ ᠡᠪᠡᠰᠦ ᠪᠣᠷᠳᠤᠭ᠎ᠠ | ᠨᠥᠭᠡᠴᠡᠯᠡᠬᠦ ᠳᠤ ᠲᠣᠨ ᠪᠦᠷᠢ ᠳᠤ 100 ᠲᠥᠭᠦᠷᠢᠭ ᠠᠴᠠ ᠥᠨᠳᠥᠷ ᠪᠠᠶᠢᠯᠭᠠᠬᠤ ᠥᠬᠡᠶ ᠪᠠᠷ ᠨᠥᠬᠦᠪᠥᠷᠢ | ᠣᠯᠭᠤᠨ᠎ᠠ᠃ ︵ᠬᠠᠷᠢᠭᠤᠴᠠᠬᠤ ᠪᠠᠶᠢᠭᠤᠯᠭ᠎ᠠ᠄ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ | ᠮᠠᠯᠵᠢᠬᠤ ᠤᠷᠤᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶ | ᠳᠥᠷᠪᠡ᠂ ᠪᠣᠷᠳᠣᠨ ᠲᠠᠷᠭᠤᠯᠠᠭᠤᠯᠬᠤ ᠪᠠ ᠨᠠᠷᠢᠯᠢᠭ ᠡᠳ᠋ᠰᠢᠭᠦᠯᠬᠦ ᠶᠢ ᠳᠡᠮᠵᠢᠨ᠎ᠡ | 11. ᠠᠶᠢᠮᠠᠭ ᠤᠨ ᠲᠤᠳᠤᠭᠠᠲᠤᠬᠢ ᠮᠢᠬᠠᠨ ᠤ ᠦᠬᠡᠷ ᠢ ︽ᠡᠷᠦᠬᠡ ᠳᠤ ᠲᠡᠵᠢᠭᠡᠨ ᠦᠷᠡᠵᠢᠭᠦᠯᠵᠦ ᠠᠵᠤ | ᠠᠬᠤᠶᠢᠯᠠᠯ ᠳᠤ ᠪᠤᠷᠳᠤᠨ ᠲᠠᠷᠭᠤᠯᠠᠭᠤᠯᠬᠤ︾ ᠶᠢ ᠳᠡᠮᠵᠢᠨ᠎ᠡ᠃ ︽ᠡᠷᠦᠬᠡ ᠳᠤ ᠳᠡᠵᠢᠭᠡᠨ ᠦᠷᠡᠵᠢᠭᠦᠯᠵᠦ ᠠᠵᠤ | ᠠᠬᠤᠶᠢᠯᠠᠯ ᠳᠤ ᠪᠤᠷᠳᠤᠨ ᠲᠠᠷᠭᠤᠯᠠᠭᠤᠯᠬᠤ︾ ᠬᠠᠮᠲᠤᠷᠠᠨ ᠠᠵᠢᠯᠯᠠᠬᠤ ᠵᠠᠭᠪᠤᠷ ᠢ ᠵᠣᠷᠢᠭᠵᠢᠭᠤᠯᠵᠤ᠂ ᠲᠡᠵᠢᠭᠡᠨ | ᠦᠷᠡᠵᠢᠭᠦᠯᠬᠦ ᠡᠷᠦᠬᠡ ᠶᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠲᠤᠭᠤᠯ ᠢ ᠨᠢ ᠪᠤᠶᠢᠵᠢᠭᠤᠯᠬᠤ ᠶᠢᠨ | ᠬᠠᠮᠲᠤ ᠠᠶᠢᠮᠠᠭ ᠤᠨ ᠳᠣᠲᠣᠭᠠᠳᠤ ᠶᠢᠨ ᠪᠤᠷᠳᠤᠨ ᠲᠠᠷᠭᠤᠯᠠᠭᠤᠯᠬᠤ ᠲᠠᠯᠠᠪᠠᠶ ᠳᠤ ᠬᠤᠳᠠᠯᠳᠤᠭᠤᠯᠵᠦ ᠪᠤᠷᠳᠤᠨ | ᠲᠠᠷᠭᠤᠯᠠᠭᠤᠯᠬᠤ ᠲᠠᠯᠠᠪᠠᠶ ᠠᠴᠠ ᠲᠤᠭᠤᠯ ᠢ ᠬᠤᠳᠠᠯᠳᠤᠨ ᠠᠪᠴᠦ ᠪᠤᠷᠳᠤᠨ ᠲᠠᠷᠭᠤᠯᠠᠭᠤᠯᠤᠨ᠎ᠠ᠃ ᠲᠡᠵᠢᠭᠡᠨ | ᠦᠷᠡᠵᠢᠭᠦᠯᠬᠦ ᠡᠷᠦᠬᠡ ᠨᠢ ᠪᠣᠷᠳᠣᠵᠤ ᠲᠠᠷᠭᠤᠯᠠᠭᠤᠯᠬᠤ ᠲᠠᠯᠠᠪᠠᠶ ᠨᠢ ︵ᠪᠣᠷᠳᠣᠵᠤ ᠲᠠᠷᠭᠤᠯᠠᠭᠤᠯᠬᠤ ᠬᠡᠪᠴᠢᠶ᠎ᠡ | 100 ᠲᠤᠯᠤᠭᠠᠢ ᠠᠴᠠ ᠳᠡᠭᠡᠭᠰᠢ︶ ᠪᠠᠷᠢᠮᠵᠢᠶᠠᠨ ᠳᠤ ᠬᠦᠷᠦᠭᠰᠡᠨ ᠲᠤᠭᠤᠯ ᠢᠶᠠᠨ ᠬᠤᠳᠠᠯᠳᠤᠪᠠᠯ ᠲᠣᠯᠣᠭᠠᠢ | ᠪᠦᠷᠢ ᠳᠤ 500 ᠲᠥᠭᠦᠷᠢᠭ ᠢᠶᠠᠷ ᠱᠠᠩᠨᠠᠨ᠎ᠠ᠃ ︵ᠬᠠᠷᠢᠭᠤᠴᠠᠬᠤ ᠪᠠᠶᠢᠭᠤᠯᠭ᠎ᠠ᠄ ᠠᠶᠢᠮᠠᠭ ᠤᠨ ᠲᠠᠷᠢᠶᠠᠯᠠᠩ ᠮᠠᠯ | ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶ | 12. ᠮᠢᠬᠠᠨ ᠤ ᠦᠬᠡᠷ ᠪᠤᠷᠳᠤᠨ ᠲᠠᠷᠭᠤᠯᠠᠭᠤᠯᠬᠤ ᠳᠤ ᠨᠥᠬᠦᠪᠥᠷᠢ ᠣᠯᠭᠤᠨ᠎ᠠ᠃ ᠵᠤᠬᠢᠬᠤ ᠬᠡᠪᠴᠢᠶᠡᠨ ᠳᠤ | ᠮᠢᠬᠠᠨ ᠤ ᠦᠬᠡᠷ ᠪᠣᠷᠳᠣᠵᠤ ᠲᠠᠷᠭᠤᠯᠠᠭᠤᠯᠬᠤ ᠶᠢ ᠵᠣᠷᠢᠭᠵᠢᠭᠤᠯᠤᠨ᠂ ᠠᠶᠢᠮᠠᠭ ᠤᠨ ᠲᠤᠳᠤᠭᠠᠳᠤᠬᠢ ᠪᠤᠷᠳᠤᠨ | ᠲᠠᠷᠭᠤᠯᠠᠭᠤᠯᠬᠤ ᠠᠵᠤ ᠠᠬᠤᠶᠢᠯᠠᠯ ᠤᠨ ᠨᠡᠷᠡᠰ ᠤᠨ ᠲᠠᠩᠰᠠ ᠡᠪᠬᠡᠮᠡᠯ ᠪᠠ ᠤᠷᠮᠠᠰᠢᠭᠤᠯᠬᠤ ᠲᠣᠭᠲᠠᠴᠠ ᠶᠢ | ᠪᠠᠶᠢᠭᠤᠯᠤᠨ᠎ᠠ᠃ ᠠᠶᠢᠮᠠᠭ ᠤᠨ ᠲᠤᠳᠤᠭᠠᠳᠤᠬᠢ ᠮᠢᠬᠠᠨ ᠤ ᠦᠬᠡᠷ ᠪᠤᠷᠳᠤᠨ ᠲᠠᠷᠭᠤᠯᠠᠭᠤᠯᠬᠤ ᠲᠠᠯᠠᠪᠠᠶ ᠨᠢ ᠪᠤᠷᠳᠤᠨ | ᠲᠠᠷᠭᠤᠯᠠᠭᠤᠯᠤᠭᠰᠠᠨ ᠦᠬᠡᠷ ᠢᠶᠠᠨ ᠠᠶᠢᠮᠠᠭ ᠤᠨ ᠲᠤᠳᠤᠭᠠᠳᠤᠬᠢ ᠡᠳ᠋ᠰᠢᠭᠦᠯᠬᠦ ᠠᠵᠤ ᠠᠬᠤᠶᠢᠯᠠᠯ ᠳᠤ ᠬᠤᠳᠠᠯᠳᠤᠪᠠᠯ | ᠨᠥᠬᠦᠪᠥᠷᠢ ᠣᠯᠭᠤᠨ᠎ᠠ᠃ ᠠᠶᠢᠮᠠᠭ ᠤᠨ ᠲᠤᠳᠤᠭᠠᠳᠤᠬᠢ ᠡᠳ᠋ᠰᠢᠭᠦᠯᠬᠦ ᠠᠵᠤ ᠠᠬᠤᠶᠢᠯᠠᠯ ᠳᠤ ᠬᠤᠳᠠᠯᠳᠤᠵᠦ ᠨᠢᠲᠤᠯᠵᠤ | ᠡᠳ᠋ᠰᠢᠭᠦᠯᠪᠡᠯ 100-199 ᠲᠤᠯᠤᠭᠠᠢ ᠳᠤ ᠨᠢᠭᠡ ᠯᠡ ᠤᠳᠠᠭ᠎ᠠ ᠳᠤ ᠦᠬᠡᠷ ᠪᠦᠷᠢ ᠳᠤ 1000 ᠲᠦᠭᠦᠷᠢᠭ | ᠱᠠᠩᠨᠠᠵᠤ᠂ 200-399 ᠲᠤᠯᠤᠭᠠᠢ ᠳᠤ ᠦᠬᠡᠷ ᠪᠦᠷᠢ ᠳᠤ 1100 ᠲᠦᠭᠦᠷᠢᠭ ᠱᠠᠩᠨᠠᠵᠤ᠂ | 400-599 ᠲᠣᠯᠣᠭᠠᠢ ᠦᠬᠡᠷ ᠪᠦᠷᠢ ᠳᠤ 1200 ᠲᠥᠭᠦᠷᠢᠭ ᠤᠨ ᠱᠠᠩᠨᠠᠵᠦ᠂ 600-799 ᠲᠣᠯᠣᠭᠠᠢ | ᠦᠬᠡᠷ ᠪᠦᠷᠢ ᠳᠤ 1300 ᠲᠦᠭᠦᠷᠢᠭ ᠱᠠᠩᠨᠠᠵᠦ᠂ 800-999 ᠲᠣᠯᠣᠭᠠᠢ ᠦᠬᠡᠷ ᠪᠦᠷᠢ ᠳᠤ 1400 | ᠲᠦᠭᠦᠷᠢᠭ ᠱᠠᠩᠨᠠᠵᠦ᠂ 1000 ᠲᠣᠯᠣᠭᠠᠶ ᠠᠴᠠ ᠳᠡᠭᠡᠭᠰᠢ ᠦᠬᠡᠷ ᠪᠦᠷᠢ ᠳᠤ 1500 ᠲᠥᠭᠦᠷᠢᠭ ᠱᠠᠩᠨᠠᠵᠤ᠂ | ᠱᠠᠩᠨᠠᠬᠤ ᠵᠤᠭᠤᠰᠤᠨ ᠲᠤᠭ᠎ᠠ ᠶᠢ ᠬᠠᠮᠤᠭ ᠤᠨ ᠥᠨᠳᠥᠷ ᠲᠡᠭᠡᠨ 500 ᠲᠦᠮᠡᠨ ᠲᠥᠭᠦᠷᠢᠭ ᠠᠴᠠ ᠳᠠᠪᠠᠭᠤᠯᠬᠤ | ᠥᠬᠡᠶ᠃ ︵ᠬᠠᠷᠢᠭᠤᠴᠠᠬᠤ ᠪᠠᠶᠢᠭᠤᠯᠭ᠎ᠠ᠄ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ | ᠮᠠᠯᠵᠢᠬᠤ ᠤᠷᠤᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶ | 13. ᠨᠢᠲᠤᠯᠵᠤ ᠨᠠᠷᠢᠯᠢᠭ ᠡᠳ᠋ᠰᠢᠭᠦᠯᠬᠦ ᠳᠤ ᠨᠥᠬᠦᠪᠥᠷᠢ ᠣᠯᠭᠤᠨ᠎ᠠ᠃ ᠠᠶᠢᠮᠠᠭ ᠤᠨ ᠲᠤᠳᠤᠭᠠᠳᠦ ᠳᠤ | ᠪᠣᠷᠳᠣᠵᠤ ᠲᠠᠷᠭᠤᠯᠠᠭᠤᠯᠤᠭᠰᠠᠨ ᠦᠬᠡᠷ ᠢ ᠵᠢᠯ ᠳᠤ 2000 ᠲᠣᠯᠣᠭᠠᠶ ᠠᠴᠠ ᠳᠡᠭᠡᠭᠰᠢᠬᠢ ᠨᠢᠲᠤᠯᠵᠤ | ᠡᠳ᠋ᠰᠢᠭᠦᠯᠦᠭᠰᠡᠨ ᠠᠵᠤ ᠠᠬᠤᠶᠢᠯᠠᠯ ᠳᠤ ᠨᠢᠭᠡ ᠯᠡ ᠤᠳᠠᠭ᠎ᠠ ᠳᠤ 100 ᠲᠦᠮᠡᠨ ᠲᠥᠭᠦᠷᠢᠭ ᠤᠨ ᠱᠠᠩᠨᠠᠯ | ᠣᠯᠭᠤᠵᠤ᠂ 100 ᠦᠬᠡᠷ ᠨᠡᠮᠡᠭᠳᠡᠭᠦᠯᠬᠦ ᠪᠦᠷᠢ ᠳᠤ ᠢᠯᠡᠭᠦᠦ 5 ᠲᠦᠮᠡᠨ ᠲᠥᠭᠦᠷᠢᠭ ᠱᠠᠩᠨᠠᠵᠦ᠂ ᠱᠠᠩᠨᠠᠬᠤ | ᠲᠤᠭ᠎ᠠ ᠶᠢ ᠬᠠᠮᠤᠭ ᠤᠨ ᠥᠨᠳᠥᠷ ᠲᠡᠭᠡᠨ 500 ᠲᠦᠮᠡᠨ ᠲᠥᠭᠦᠷᠢᠭ ᠠᠴᠠ ᠳᠠᠪᠠᠭᠤᠯᠬᠤ ᠥᠬᠡᠶ᠃ ᠬᠤᠰᠢᠭᠤ | ᠰᠢᠶᠠᠨ ᠬᠤᠲᠠ ︵ᠤᠷᠤᠨ︶᠂ ᠰᠤᠮᠤ ᠰᠢᠶᠠᠩ ᠪᠠᠯᠭᠠᠰᠤ ᠵᠣᠬᠢᠶᠠᠨ ᠪᠠᠶᠢᠭᠤᠯᠤᠯᠲᠠ ᠪᠠᠨ ᠴᠢᠩᠭᠠᠳᠬᠠᠵᠤ᠂ | ᠨᠢᠲᠤᠯᠵᠤ ᠡᠳ᠋ᠰᠢᠭᠦᠯᠬᠦ ᠠᠵᠤ ᠠᠬᠤᠶᠢᠯᠠᠯ ᠬᠢᠭᠡᠳ ᠲᠡᠵᠢᠭᠡᠨ ᠦᠷᠡᠵᠢᠭᠦᠯᠬᠦ ᠡᠷᠦᠬᠡ ᠶᠢ ᠬᠥᠲᠥᠯᠦᠨ ᠵᠢᠯᠣᠭᠤᠳᠴᠤ | ᠪᠠᠶᠢᠭᠠᠳ ᠠᠰᠢᠭ ᠲᠤᠰᠠ ᠶᠢᠨ ᠬᠤᠯᠪᠤᠭᠠᠲᠦ ᠲᠣᠭᠲᠠᠴᠠ ᠶᠢ ᠪᠠᠶᠢᠭᠤᠯᠵᠤ᠂ ᠵᠠᠬᠢᠶᠠᠯᠠᠭ᠎ᠠ ᠪᠠᠷ ᠬᠤᠳᠠᠯᠳᠤᠨ ᠠᠪᠴᠤ᠂ | ᠲᠡᠵᠢᠭᠡᠨ ᠦᠷᠡᠵᠢᠭᠦᠯᠬᠦ ᠠᠴᠠ ᠠᠪᠤᠭᠠᠳ ᠡᠳ᠋ᠰᠢᠭᠦᠯᠬᠦ ᠬᠦᠷᠲᠡᠯᠡᠬᠢ ᠵᠠᠪᠰᠠᠷ ᠤᠨ ᠭᠤᠭᠴᠤᠭ᠎ᠠ ᠶᠢ ᠪᠠᠭᠠᠰᠬᠠᠵᠦ᠂ | ᠲᠡᠵᠢᠭᠡᠨ ᠦᠷᠡᠵᠢᠭᠦᠯᠬᠦ ᠦᠷ᠎ᠡ ᠠᠰᠢᠭ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ︵ᠬᠠᠷᠢᠭᠤᠴᠠᠬᠤ | ᠪᠠᠶᠢᠭᠤᠯᠭ᠎ᠠ᠄ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶ | 14. ᠮᠢᠬᠠᠨ ᠤ ᠦᠬᠡᠷ ᠤᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢᠨ | ᠪᠠᠶᠢᠭᠤᠯᠤᠯᠲᠠ ᠶᠢ ᠴᠢᠩᠭᠠᠳᠬᠠᠨ᠎ᠠ᠃ ᠠᠶᠢᠮᠠᠭ ᠤᠨ ᠲᠤᠲᠤᠭᠠᠳᠦ ᠳᠤ ᠪᠤᠷᠳᠤᠨ ᠲᠠᠷᠭᠤᠯᠠᠭᠤᠯᠤᠭᠰᠠᠨ ᠦᠬᠡᠷ ᠢ | ᠨᠢᠳᠤᠯᠠᠵᠦ ᠡᠳ᠋ᠰᠢᠭᠦᠯᠦᠭᠰᠡᠨ ᠮᠦᠷᠲᠡᠭᠡᠨ C ᠳᠡᠰ ᠤᠨ ᠪᠤᠷᠤᠯᠠᠭᠤᠯᠤᠨ ᠬᠤᠳᠠᠯᠳᠤᠬᠤ ᠶᠢ ᠪᠡᠶᠡᠯᠡᠭᠦᠯᠦᠭᠰᠡᠨ ᠠᠵᠤ | ᠠᠬᠤᠶᠢᠯᠠᠯ ᠳᠤ ᠰᠢᠯᠢ ᠶᠢᠨ ᠭᠤᠤᠯ ᠬᠤᠨᠢᠨ ᠤ ᠡᠷᠬᠡ ᠣᠯᠭᠤᠭᠰᠠᠨ ᠠᠵᠤ ᠠᠬᠤᠶᠢᠯᠠᠯ ᠯᠤᠭ᠎ᠠ ᠠᠳᠠᠯᠢ ᠨᠥᠬᠦᠴᠡᠯ | ᠢᠶᠠᠷ ᠬᠦᠢᠲᠡᠨ ᠬᠡᠯᠬᠢᠶᠡᠲᠦ ᠲᠡᠭᠡᠭᠡᠪᠦᠷᠢ ᠪᠠ ᠤᠷᠢᠳᠠᠴᠢ ᠬᠥᠮᠥᠷᠭᠡ ᠶᠢ ᠤᠷᠢᠳᠠᠪᠠᠷ ᠬᠡᠷᠡᠭᠯᠡᠭᠦᠯᠦᠨ᠎ᠡ᠃ ᠠᠵᠤ | ᠠᠬᠤᠶᠢᠯᠠᠯ ᠤᠨ ᠲᠣᠮᠣ ᠬᠡᠯᠪᠡᠷᠢ ᠶᠢᠨ ᠮᠢᠬᠠᠨ ᠤ ᠦᠬᠡᠷ ᠤᠨ ᠠᠵᠤ ᠦᠢᠯᠡᠰ ᠤᠨ ᠬᠥᠯᠳᠡᠭᠡᠵᠦ ᠬᠠᠳᠠᠭᠠᠯᠠᠬᠤ᠂ ᠰᠢᠨ᠎ᠡ | ᠰᠤᠷᠭᠤᠭ ᠢᠶᠠᠷ ᠬᠠᠳᠠᠭᠠᠯᠠᠬᠤ ᠲᠦᠬᠦᠭᠡᠷᠦᠮᠵᠢ ᠪᠠᠶᠢᠭᠤᠯᠬᠤ ᠶᠢ ᠵᠣᠷᠢᠭᠵᠢᠭᠤᠯᠵᠤ᠂ ᠤᠯᠤᠰ ᠤᠨ ᠬᠤᠲᠠ | ᠬᠥᠳᠡᠭᠡ ᠶᠢᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠪᠡᠯᠡᠳᠬᠡᠮᠵᠢ ᠶᠢᠨ ᠲᠥᠷᠥᠯ ᠵᠦᠢᠯ ᠤᠨ ᠲᠠᠯ᠎ᠠ ᠪᠠᠷ | ᠳᠡᠮᠵᠢᠯᠭᠡ ᠦᠵᠡᠭᠦᠯᠦᠨ᠎ᠡ᠃ ︵ᠬᠠᠷᠢᠭᠤᠴᠠᠬᠤ ᠪᠠᠶᠢᠭᠤᠯᠭ᠎ᠠ᠄ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ᠂ ᠲᠥᠷᠥᠯ ᠳᠡᠮᠳᠡᠭ ᠤᠨ ᠪᠠᠶᠢᠭᠤᠯᠤᠯᠲᠠ ᠶᠢ ᠠᠬᠢᠭᠤᠯᠬᠤ ᠲᠥᠪ᠂ ᠲᠠᠷᠢᠶᠠᠯᠠᠩ ᠮᠠᠯ ᠠᠵᠤ ᠠᠬᠤᠶ ᠪᠠ | ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ︶ | ᠲᠠᠪᠤ᠂ ᠮᠦᠡᠭᠬᠦᠨ ᠬᠦᠢᠯᠬᠡᠬᠡᠡ ᠤ ᠳᠡᠮᠵᠢᠯᠭᠡ ᠪᠠ ᠦᠢᠯᠡᠴᠢᠯᠡᠭᠡᠨ ᠢ ᠴᠢᠩᠭᠠᠷᠡᠭᠤᠯᠥᠨ᠎ᠠ | 15. ᠲᠡᠵᠢᠭᠡᠯ ᠡᠪᠡᠰᠦ ᠪᠣᠷᠳᠤᠭ᠎ᠠ ᠪᠤᠯᠪᠠᠰᠤᠷᠠᠭᠤᠯᠬᠤ ᠪᠠ ᠨᠡᠭᠡᠭᠡᠨ ᠠᠰᠢᠭᠯᠠᠬᠤ ᠳᠤ ᠬᠦᠦ ᠮᠦᠩᠭᠦ ᠶᠢᠨ | ᠨᠥᠬᠦᠪᠥᠷᠢ ᠣᠯᠭᠤᠨ᠎ᠠ᠃ ᠠᠶᠢᠮᠠᠭ ᠤᠨ ᠲᠤᠳᠤᠭᠠᠳᠤᠬᠢ ᠲᠡᠵᠢᠭᠡᠯ ᠡᠪᠡᠰᠦ ᠪᠣᠷᠳᠣᠭᠠᠨ ᠤ ᠠᠵᠤ ᠠᠬᠤᠶᠢᠯᠠᠯ ᠤᠨ | ᠪᠤᠯᠪᠠᠰᠤᠷᠠᠭᠤᠯᠬᠤ᠂ ᠬᠤᠷᠢᠶᠠᠨ ᠬᠠᠳᠠᠭᠠᠯᠠᠬᠤ᠂ ᠳᠣᠭᠢᠷᠠᠭᠤᠯᠤᠨ ᠬᠦᠷᠭᠡᠬᠦ ᠪᠠ ᠠᠷᠠᠯᠵᠢᠶᠠᠯᠠᠬᠤ ᠶᠢ ᠨᠢᠭᠡ | ᠴᠤᠭᠴᠠᠵᠢᠭᠤᠯᠤᠨ ᠡᠵᠡᠩᠨᠡᠬᠦ ᠶᠢ ᠳᠡᠮᠵᠢᠵᠦ᠂ ᠲᠡᠵᠢᠭᠡᠯ ᠡᠪᠡᠰᠦ ᠪᠣᠷᠳᠣᠭᠠᠨ ᠤ ᠠᠵᠤ ᠠᠬᠤᠶᠢᠯᠠᠯ ᠢ ᠬᠥᠲᠥᠯᠦᠨ | ᠵᠢᠯᠣᠭᠤᠳᠴᠤ ᠪᠠᠶᠢᠭᠠᠳ ᠬᠤᠯᠢᠮᠠᠭ ᠲᠡᠵᠢᠭᠡᠯ ᠡᠪᠡᠰᠦ ᠪᠣᠷᠳᠤᠭ᠎ᠠ ᠶᠢ ᠰᠤᠳᠤᠯᠤᠨ ᠦᠢᠯᠡᠳᠪᠦᠷᠢᠯᠡᠬᠦ ᠶᠢ | ᠥᠷᠨᠢᠭᠦᠯᠵᠦ᠂ ᠣᠷᠣᠨ ᠪᠦᠰᠡ ᠶᠢᠨ ᠴᠢᠨᠠᠷᠲᠠᠶ ᠲᠡᠵᠢᠭᠡᠯ ᠡᠪᠡᠰᠦ ᠪᠣᠷᠳᠤᠭ᠎ᠠ ᠬᠠᠩᠭᠠᠬᠤ ᠦᠢᠯᠡᠳᠪᠦᠷᠢᠯᠡᠯ ᠤᠨ | ᠴᠢᠳᠠᠪᠤᠷᠢ ᠶᠢ ᠳᠡᠭᠡᠭᠰᠢᠯᠡᠭᠦᠯᠦᠨ᠎ᠡ᠃ ᠵᠢᠯ ᠳᠤ ᠦᠢᠯᠡᠳᠪᠦᠷᠢᠯᠡᠵᠦ ᠪᠣᠷᠣᠯᠠᠭᠤᠯᠤᠭᠰᠠᠨ ᠬᠡᠮᠵᠢᠶ᠎ᠡ ᠨᠢ 5000 | ᠲᠣᠨ ᠠᠴᠠ ᠳᠡᠭᠡᠭᠰᠢ ᠪᠥᠭᠡᠳ ᠵᠠᠬ᠎ᠠ ᠳᠡᠯᠭᠡᠭᠦᠷ ᠤᠨ ᠦᠨ᠎ᠡ ᠠᠴᠠ ᠳᠤᠤᠷ᠎ᠠ ᠦᠶ᠎ᠡ ᠪᠠᠷ ᠠᠶᠢᠮᠠᠭ ᠤᠨ | ᠲᠤᠳᠤᠭᠠᠳᠤᠬᠢ ᠲᠡᠵᠢᠭᠡᠨ ᠦᠷᠡᠵᠢᠭᠦᠯᠬᠦ ᠡᠷᠦᠬᠡ ᠳᠤ ᠬᠤᠳᠠᠯᠳᠤᠨ ᠥᠭᠭᠦᠭᠰᠡᠨ ᠲᠡᠵᠢᠭᠡᠯ ᠡᠪᠡᠰᠦ ᠪᠣᠷᠳᠣᠭᠠᠨ ᠤ | ᠠᠵᠤ ᠠᠬᠤᠶᠢᠯᠠᠯ ᠤᠨ ᠬᠡᠷᠡᠭᠰᠡᠬᠦ ᠡᠷᠭᠢᠯᠲᠡᠲᠦ ᠪᠡᠯᠡ ᠮᠥᠩᠭᠦ ᠳᠤ ᠵᠢᠭᠡᠯᠡᠯᠭᠡ ᠶᠢᠨ ᠬᠦᠦ ᠮᠦᠩᠭᠦᠨ ᠤ ᠳᠡᠮᠵᠢᠯᠭᠡ | ᠦᠵᠡᠭᠦᠯᠵᠦ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠨᠡᠶᠢᠲᠡᠯᠡᠭᠰᠡᠨ ᠠᠳᠠᠯᠢ ᠬᠤᠭᠤᠴᠠᠭᠠᠨ ᠤ ᠠᠳᠠᠯᠢ | ᠲᠠᠰ ᠤᠨ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠮᠦᠩᠭᠦᠨ ᠤ | ᠨᠣᠷᠮ᠎ᠠ ︵LPR︶ ᠶᠢᠨ ᠬᠠᠷᠢᠴᠠᠯ ᠢ 70% ᠠᠴᠠ ᠬᠡᠲᠤᠷᠡᠭᠦᠯᠵᠦ ᠪᠣᠯᠬᠤ ᠦᠭᠡᠶ ᠮᠥᠷᠲᠡᠭᠡᠨ 2% ᠠᠴᠠ | ᠬᠡᠲᠤᠷᠡᠭᠦᠯᠬᠦ ᠦᠭᠡᠶ ᠪᠠᠷ ᠬᠦᠦ ᠮᠥᠩᠭᠦ ᠶᠢ ᠤᠷᠤᠯᠠᠨ ᠦᠭᠭᠦᠨ᠎ᠡ᠃ ︵ᠬᠠᠷᠢᠭᠤᠴᠠᠬᠤ ᠪᠠᠶᠢᠭᠤᠯᠭ᠎ᠠ᠄ ᠠᠶᠢᠮᠠᠭ ᠤᠨ | ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ︶ | 16. ᠮᠢᠬᠠᠨ ᠤ ᠦᠬᠡᠷ ᠲᠡᠵᠢᠭᠡᠨ ᠦᠷᠡᠵᠢᠭᠦᠯᠵᠦ᠂ ᠪᠤᠷᠳᠤᠨ ᠲᠠᠷᠭᠤᠯᠠᠭᠤᠯᠬᠤ ᠳᠤ ᠬᠦᠦ ᠮᠦᠩᠭᠦᠨ ᠤ | ᠳᠡᠮᠵᠢᠯᠭᠡ ᠤᠯᠭᠤᠨ᠎ᠠ᠃ 50 ᠲᠤᠯᠤᠭᠠᠢ ᠠᠴᠠ ᠳᠡᠭᠡᠭᠰᠢ ᠬᠠᠰᠢᠶᠠᠯᠠᠨ ᠮᠠᠯᠵᠢᠵᠦ ᠪᠠᠶᠢᠭ᠎ᠠ ᠮᠢᠬᠠᠨ ᠤ ᠦᠬᠡᠷ | ᠲᠡᠵᠢᠭᠡᠨ ᠦᠷᠡᠵᠢᠭᠦᠯᠬᠦ ᠲᠠᠯᠠᠪᠠᠢ ︵ᠡᠷᠦᠬᠡ᠂ ᠬᠤᠷᠰᠢᠶᠠᠵᠢᠯ︶ ᠵᠢᠴᠢ 100 ᠲᠤᠯᠤᠭᠠᠢ ᠠᠴᠠ ᠳᠡᠭᠡᠭᠰᠢ ᠪᠤᠷᠳᠤᠨ | ᠳᠠᠷᠭᠤᠯᠠᠭᠤᠯᠬᠤ ᠲᠠᠯᠠᠪᠠᠶ ︵ᠡᠷᠦᠬᠡ︶ ᠶᠢᠨ 2025 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ | ᠬᠤᠶᠢᠰᠢᠬᠢ ᠭᠤᠶᠤᠴᠢᠯᠠᠭᠰᠠᠨ ᠨᠢᠭᠡ ᠵᠢᠯ ᠤᠨ ᠬᠤᠭᠤᠴᠠᠭ᠎ᠠ ᠵᠢᠴᠢ ᠨᠢᠭᠡ ᠵᠢᠯ ᠤᠨ ᠬᠤᠭᠤᠴᠠᠭ᠎ᠠ ᠠᠴᠠ ᠳᠡᠭᠡᠭᠰᠢᠬᠢ | ᠦᠢᠯᠡᠳᠪᠦᠷᠢᠯᠡᠯ ᠡᠵᠡᠩᠨᠡᠯᠲᠡ ᠶᠢᠨ ᠵᠢᠭᠡᠯᠡᠯᠭᠡ ᠳᠤ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠨᠡᠶᠢᠲᠡᠯᠡᠭᠰᠡᠨ | ᠠᠳᠠᠯᠢ ᠬᠤᠭᠤᠴᠠᠭᠠᠨ ᠤ ᠠᠳᠠᠯᠢ ᠱᠠᠲᠤᠨ ᠤ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠬᠦᠤ ᠮᠦᠩᠭᠦᠨ | ᠤ ᠨᠣᠷᠮ᠎ᠠ ︵L P R︶ ᠶᠢᠨ ᠬᠠᠷᠢᠴᠠᠯ ᠢ 70% ᠠᠴᠠ ᠬᠡᠲᠦᠷᠡᠭᠦᠯᠬᠦ ᠦᠭᠡᠢ ᠮᠥᠷᠲᠡᠭᠡᠨ 2% ᠠᠴᠠ | ᠬᠡᠲᠦᠷᠡᠭᠦᠯᠬᠦ ᠥᠬᠡᠶ ᠪᠠᠷ ᠬᠦᠤ ᠮᠥᠩᠭᠦ ᠶᠢ ᠤᠷᠤᠯᠠᠨ ᠦᠭᠭᠦᠨ᠎ᠡ᠃ ᠳᠠᠩ ᠭᠠᠭᠴᠠ ᠲᠡᠵᠢᠭᠡᠨ ᠦᠷᠡᠵᠢᠭᠦᠯᠬᠦ ᠭᠤᠤᠯ | ᠴᠣᠭᠴᠠ ᠶᠢᠨ ᠣᠨ ᠤ ᠬᠦᠦ ᠮᠦᠩᠭᠦ ᠶᠢ ᠤᠷᠤᠯᠠᠨ ᠲᠦᠯᠦᠬᠦ ᠪᠡᠯᠡ ᠮᠥᠩᠭᠦ ᠶᠢ 100 ᠲᠦᠮᠡᠨ ᠲᠥᠭᠦᠷᠢᠭ ᠠᠴᠠ | ᠬᠡᠲᠦᠷᠡᠭᠦᠯᠬᠦ ᠦᠭᠡᠶ᠃ ︵ᠬᠠᠷᠢᠭᠤᠴᠠᠬᠤ ᠪᠠᠶᠢᠭᠤᠯᠭ᠎ᠠ᠄ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ | ᠲᠤᠰᠬᠤᠨ ᠮᠠᠯᠵᠢᠬᠤ ᠤᠷᠤᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶ | 17. ︽ᠵᠠᠰᠠᠭ ᠤᠨ ᠤᠷᠳᠤᠨ ᠤ ᠴᠢᠨᠠᠷᠲᠠᠢ ᠪᠠᠲᠤᠯᠠᠭᠠᠲᠦ ᠵᠢᠭᠡᠯᠡᠯᠭᠡ︾ ᠶᠢ ᠬᠥᠲᠥᠯᠦᠨ ᠵᠢᠯᠤᠭᠤᠳᠴᠦ | ᠪᠠᠯᠠ ᠮᠦᠩᠭᠦᠨ ᠤ ᠳᠡᠮᠵᠢᠯᠭᠡ ᠶᠢᠨ ᠬᠡᠪᠴᠢᠶ᠎ᠡ ᠶᠢ ᠥᠷᠭᠡᠳᠬᠡᠨ᠎ᠡ᠃ ᠣᠲᠣ ᠶᠢᠨ ᠪᠠᠶᠢᠭ᠎ᠠ ︽ᠵᠠᠰᠠᠭ ᠤᠨ ᠤᠷᠳᠤᠨ | ᠤ ᠴᠢᠨᠠᠷᠲᠠᠢ ᠪᠠᠲᠤᠯᠠᠭᠠᠲᠦ ᠵᠢᠭᠡᠯᠡᠯᠭᠡ︾ ᠶᠢ ᠠᠰᠢᠭᠯᠠᠨ ᠪᠠᠯᠠ ᠮᠦᠩᠭᠦᠨ ᠤ ᠬᠤᠷᠠᠮᠳᠤᠯ ᠢ ᠬᠥᠲᠥᠯᠦᠨ | ᠵᠢᠯᠣᠭᠤᠳᠴᠤ᠂ ︽ᠵᠠᠰᠠᠭ ᠤᠨ ᠤᠷᠳᠤᠨ ᠤ ᠴᠢᠨᠠᠷᠲᠠᠢ ᠪᠠᠲᠤᠯᠠᠭᠠᠲᠦ ᠵᠢᠭᠡᠯᠡᠯᠭᠡ︾ ᠶᠢ ᠳᠡᠮᠵᠢᠬᠦ ᠬᠡᠪᠴᠢᠶ᠎ᠡ ᠶᠢ | ᠤᠯᠠᠮ ᠥᠷᠭᠡᠳᠬᠡᠨ᠎ᠡ᠃ ᠠᠶᠢᠮᠠᠭ ᠤᠨ ᠲᠤᠳᠤᠭᠠᠳᠤᠬᠢ ᠮᠢᠬᠠᠨ ᠤ ᠦᠬᠡᠷ ᠲᠡᠵᠢᠭᠡᠨ ᠦᠷᠡᠵᠢᠭᠦᠯᠬᠦ ︵ᠪᠣᠷᠳᠣᠬᠤ︶ | ᠡᠷᠦᠬᠡ᠂ ᠠᠵᠤ ᠠᠬᠤᠶᠢᠯᠠᠯ ᠯᠤᠭ᠎ᠠ ᠬᠤᠳᠠᠯᠳᠤᠨ ᠠᠪᠬᠤ ᠭᠡᠷ᠎ᠡ ᠲᠤᠭᠲᠠᠵᠦ᠂ ᠠᠰᠢᠭ ᠲᠤᠰᠠ ᠶᠢᠨ ᠨᠢᠭᠲᠠ | ᠬᠤᠯᠪᠣᠭ᠎ᠠ ᠶᠢ ᠪᠠᠶᠢᠭᠤᠯᠤᠨ᠂ ᠮᠠᠯ ᠤᠨ ᠭᠠᠷᠭᠠᠯᠲᠠ ᠶᠢᠨ ᠤᠯᠠᠷᠢᠯ ᠤᠨ ᠵᠠᠬ᠎ᠠ ᠳᠡᠯᠭᠡᠭᠦᠷ ᠤᠨ ᠬᠤᠳᠠᠯᠳᠤᠨ ᠠᠪᠬᠤ | ᠦᠨ᠎ᠡ ᠠᠴᠠ ᠺᠢᠯᠣᠭ᠍ᠷᠠᠮ ᠪᠦᠷᠢ ᠳᠤ 2 ᠲᠦᠭᠦᠷᠢᠭ ᠠᠴᠠ ᠳᠡᠭᠡᠭᠰᠢ ᠬᠤᠳᠠᠯᠳᠤᠨ ᠠᠪᠬᠤ ᠪᠠᠷ ᠪᠣᠯᠵᠣᠨ | ᠲᠣᠭᠲᠠᠭᠰᠠᠨ ᠤ ᠬᠠᠮᠲᠤ᠂ ᠡᠳ᠋ᠰᠢᠭᠦᠯᠦᠭᠰᠡᠨ ᠶᠡᠷᠦᠩᠬᠡᠶ ᠬᠡᠮᠵᠢᠶ᠎ᠡ ᠨᠢ 2000 ᠲᠣᠯᠣᠭᠠᠶ ᠠᠴᠠ ᠳᠡᠭᠡᠭᠰᠢ ᠳᠤ | ᠬᠦᠷᠦᠭᠰᠡᠨ ᠮᠢᠬᠠᠨ ᠤ ᠦᠬᠡᠷ ᠨᠢᠲᠤᠯᠵᠤ ᠡᠳ᠋ᠰᠢᠭᠦᠯᠬᠦ ᠠᠵᠤ ᠠᠬᠤᠶᠢᠯᠠᠯ ᠪᠦᠬᠦᠨ ᠢ ᠪᠠᠲᠤᠯᠠᠭ᠎ᠠ ᠪᠠ ᠪᠠᠷᠢᠴᠠᠭ᠎ᠠ | ᠬᠢᠯᠭᠡᠬᠦ ᠦᠭᠡᠢ ᠪᠠᠷ ᠨᠡᠮᠡᠭᠳᠡᠯ ᠵᠢᠭᠡᠯᠡᠯᠭᠡ ᠬᠦᠷᠲᠡᠭᠡᠨ᠎ᠡ᠃ ᠵᠢᠭᠡᠯᠡᠯᠭᠡ ᠶᠢᠨ ᠲᠤᠭ᠎ᠠ ᠶᠢ 5000 ᠲᠦᠮᠡᠨ | ᠲᠥᠭᠦᠷᠢᠭ ᠠᠴᠠ ᠬᠡᠲᠦᠷᠡᠭᠦᠯᠬᠦ ᠦᠭᠡᠶ᠃ ᠡᠭᠦᠨ ᠤ ᠬᠠᠮᠲᠤ ︽ᠵᠠᠰᠠᠭ ᠤᠨ ᠤᠷᠳᠤᠨ ᠤ ᠴᠢᠨᠠᠷᠲᠠᠢ ᠪᠠᠲᠤᠯᠠᠭᠠᠲᠦ | ᠵᠢᠭᠡᠯᠡᠯᠭᠡ︾ ᠶᠢᠨ ᠬᠦᠦ ᠮᠦᠩᠭᠦᠨ ᠤ ᠲᠥᠷᠥ ᠶᠢᠨ ᠪᠣᠳᠣᠯᠭ᠎ᠠ ᠬᠦᠷᠲᠡᠭᠡᠨ᠎ᠡ᠃ ︵ᠬᠠᠷᠢᠭᠤᠴᠠᠬᠤ ᠪᠠᠶᠢᠭᠤᠯᠭ᠎ᠠ᠄ | ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ︶ | ᠳᠡᠭᠡᠷ᠎ᠡ ᠳᠤᠷᠠᠳᠤᠭᠰᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠴᠠᠭ ᠨᠢ | 2025-2027 ᠤᠨ ᠪᠣᠯᠤᠨ᠎ᠠ᠃ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ | ᠮᠠᠯᠵᠢᠬᠤ ᠤᠷᠤᠨ ᠤ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠦᠷᠦᠭᠦᠯᠡᠵᠦ᠂ ᠪᠣᠳᠠᠲᠠᠶ ᠬᠡᠷᠡᠭᠵᠢᠭᠦᠯᠬᠦ | ᠨᠠᠷᠢᠨ ᠳᠦᠷᠢᠮ ᠢ ᠲᠣᠭᠲᠠᠭᠠᠨ ᠨᠡᠶᠢᠲᠡᠯᠡᠨ᠎ᠡ᠃ ᠤᠤᠯ ᠤᠨ ︽ᠰᠢᠯᠢ ᠶᠢᠨ ᠭᠤᠤᠯ ᠠᠶᠢᠮᠠᠭ ᠤᠨ ᠴᠢᠨᠠᠷ ᠰᠠᠶᠢᠲᠠᠶ | ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠬᠥᠭᠵᠢᠯᠲᠡ ᠶᠢ ᠲᠡᠳᠬᠦᠬᠦ ᠠᠷᠭ᠎ᠠ ︵ᠲᠤᠷᠰᠢᠨ ᠬᠡᠷᠡᠭᠵᠢᠭᠦᠯᠬᠦ︶︾ | ︵ᠰᠢᠯᠢ ᠵᠠᠬᠢᠷᠭ᠎ᠠ ᠠᠯᠪᠠᠨ ᠲᠠᠷᠬᠠᠭᠠᠭᠰᠠᠨ ﹇2024﹈ 14 ᠳ᠋ᠦ᠋ᠭᠡᠷ ᠲᠣᠭᠠᠲᠤ︶᠂ ︽ᠰᠢᠯᠢ ᠶᠢᠨ ᠭᠤᠤᠯ | ᠠᠶᠢᠮᠠᠭ ᠤᠨ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠵᠢᠴᠢ ᠬᠠᠭᠠᠰ ᠮᠠᠯᠵᠢᠬᠤ ᠬᠠᠭᠠᠰ ᠲᠠᠷᠢᠶᠠᠯᠠᠬᠤ | ᠣᠷᠣᠨ ᠳᠤ ᠮᠢᠬᠠᠨ ᠤ ᠦᠬᠡᠷ ᠢ ᠬᠡᠪᠴᠢᠶᠡᠵᠢᠭᠦᠯᠦᠨ ᠬᠠᠰᠢᠶᠠᠯᠠᠨ ᠮᠠᠯᠵᠢᠬᠤ ᠶᠢ ᠠᠬᠢᠭᠤᠯᠬᠤ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ︵ᠲᠦᠷ ᠬᠡᠷᠡᠭᠵᠢᠭᠦᠯᠬᠦ︶︾ ︵ᠰᠢᠯᠢ ᠵᠠᠬᠢᠷᠭ᠎ᠠ ᠠᠯᠪᠠᠨ ᠲᠠᠷᠬᠠᠭᠠᠭᠰᠠᠨ ﹇2024﹈ | 16 ᠳ᠋ᠤᠭᠠᠷ ᠲᠣᠭᠠᠲᠤ︶᠂ ︽ᠰᠢᠯᠢ ᠶᠢᠨ ᠭᠤᠤᠯ ᠠᠶᠢᠮᠠᠭ ᠤᠨ ᠮᠢᠬᠠᠨ ᠤ ᠦᠬᠡᠷ ᠢ ᠨᠠᠷᠢᠯᠢᠭ ᠡᠳ᠋ᠰᠢᠭᠦᠯᠬᠦ ᠠᠵᠤ | ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ︵ᠰᠢᠯᠢ ᠠᠯᠪᠠᠨ | ᠲᠠᠷᠬᠠᠭᠠᠭᠰᠠᠨ ﹇2024﹈ 13 ᠳ᠋ᠤᠭᠠᠷ ᠲᠣᠭᠠᠲᠤ︶ ᠶᠢ ᠵᠡᠷᠭᠡ ᠳᠤᠨᠢ ᠬᠦᠴᠦᠨ ᠥᠬᠡᠶ ᠪᠤᠯᠭᠠᠨ᠎ᠠ᠃ | | | ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ᠨᠠᠷᠢᠨ ᠪᠢᠴᠢᠭᠡᠴᠢ ᠶᠢᠨ ᠬᠤᠶᠠᠳᠣᠭᠠᠷ ᠰᠠᠯᠠᠭ᠎ᠠ | 2025 ᠣᠨ ᠤ 2 ᠳ᠋ᠣᠭᠠᠷ ᠰᠠᠷ᠎ᠠ ᠶᠢᠨ 29 ᠤ ᠡᠳᠦᠷ ᠳᠠᠷᠤᠮᠠᠯᠯᠠᠨ ᠲᠠᠷᠬᠠᠭᠠᠪᠠ |