ᠬᠤᠲᠠᠯᠠᠪᠠᠶᠠᠷ ᠤᠨ ᠮᠠᠯᠵᠢᠯ ᠤᠨ ᠤᠬᠠᠭᠠᠨ
ᠨᠡᠶᠢᠲᠡᠯᠡᠭᠰᠡᠨ ᠴᠠᠭ᠄
2025/5/20
     ᠬᠤᠲᠠᠯᠠᠪᠠᠶᠠᠷ ᠪᠤᠯ ᠪᠠᠷᠠᠭᠤᠨ ᠦᠵᠦᠮᠦᠴᠢᠨ ᠬᠤᠰᠢᠭᠤᠨ ᠤ ᠭᠤᠷᠤᠬᠠᠨ ᠪᠠᠯᠭᠠᠰᠤᠨ ᠤ ᠲᠤᠯᠭ᠎ᠠ ᠭᠠᠴᠠᠭᠠᠨ ᠤ ᠨᠠᠮ ᠤᠨ ᠡᠭᠦᠷ ᠤᠨ ᠱᠦᠵᠢ᠂ ᠠᠷᠠᠳ ᠤᠨ ᠵᠦᠪᠯᠡᠯ ᠤᠨ ᠡᠷᠬᠢᠯᠡᠭᠴᠢ ᠶᠤᠮ᠃ ᠳᠡᠷᠡ ᠡᠬᠦᠯᠳᠡᠷ ᠤᠨ ᠮᠠᠯ ᠠᠴᠠ ᠦᠨᠳᠦᠷ ᠠᠰᠢᠭ ᠬᠦᠷᠳᠡᠬᠦ ᠵᠠᠮ ᠢ ᠵᠤᠷᠢᠭᠳᠠᠢ ᠰᠦᠪᠡᠭᠴᠢᠯᠡᠵᠦ᠂ ᠮᠠᠯ ᠤᠨ ᠲᠤᠭ᠎ᠠ ᠶᠢ ᠴᠦᠬᠡᠴᠢᠯᠡᠵᠦ᠂ ᠡᠬᠦᠯᠳᠡᠷ ᠢ ᠨᠢ ᠰᠠᠶᠢᠵᠢᠷᠠᠭᠤᠯᠬᠤ ᠪᠠᠷ ᠦᠪᠡᠷ ᠢᠶᠠᠨ ᠬᠡᠬᠡᠯᠳᠦᠬᠦᠯᠬᠡ ᠶᠢᠨ ᠮᠡᠷᠭᠡᠵᠢᠯ ᠰᠤᠷᠴᠠᠢ᠃ 2018 ᠤᠨ ᠳᠤ ᠲᠤᠭᠤᠯᠯᠠᠬᠤ ᠨᠠᠰᠤᠨ ᠤ ᠦᠨᠢᠶᠡᠨ ᠳᠤ ᠪᠠᠨ ᠭᠠᠷ ᠭᠡᠭᠡᠯᠳᠦᠬᠦᠯᠬᠡ ᠬᠢᠵᠦ ᠡᠬᠢᠯᠡᠭᠰᠡᠨ ᠪᠦᠬᠡᠳ ᠠᠦ᠋ᠰᠳ᠋ᠷᠠᠯᠢᠶ᠎ᠠ ᠪᠤᠯᠤᠨ ᠵᠡᠬᠦᠨ ᠦᠵᠦᠮᠦᠴᠢᠨ ᠬᠤᠰᠢᠭᠤᠨ ᠤ ᠤᠯᠠᠭᠠᠢ ᠬᠠᠮᠢᠶᠠᠷᠤᠯᠳᠠ ᠶᠢᠨ ᠤᠷᠤᠨ ᠠᠴᠠ ᠡᠬᠦᠯᠳᠡᠷ ᠰᠠᠶᠢᠨ ᠡᠬᠡ ᠮᠠᠯ ᠤᠷᠤᠭᠤᠯᠵᠤ ᠮᠠᠯᠵᠢᠪᠠ᠃      ᠬᠤᠳᠠᠯᠠᠪᠠᠶᠠᠷ ᠭᠠᠴᠠᠭᠠᠨ ᠳᠤ ᠪᠠᠨ ᠲᠤᠰᠢᠶᠠᠯ ᠡᠬᠦᠷᠬᠡᠯᠡᠭᠰᠡᠨ ᠲᠠᠪᠤᠨ ᠵᠢᠯ ᠳᠤ᠂ ᠲᠦᠷᠦ ᠶᠢᠨ ᠪᠤᠳᠤᠯᠭ᠎ᠠ ᠶᠢ ᠮᠠᠯᠴᠢᠳ ᠲᠤ ᠦᠷᠭᠡᠨ ᠢᠶᠠᠷ ᠤᠬᠠᠭᠤᠯᠤᠨ ᠲᠠᠶᠢᠯᠪᠦᠷᠢᠯᠠᠬᠤ᠂ ᠬᠦᠴᠢᠷᠳᠡᠯᠳᠡᠢ ᠡᠷᠦᠬᠡ ᠳᠤ ᠲᠠᠩᠰᠠ ᠡᠪᠬᠡᠮᠡᠯ ᠪᠠᠶᠢᠭᠤᠯᠵᠤ ᠶᠠᠳᠠᠭᠤ ᠠᠴᠠ ᠠᠩᠬᠢᠵᠢᠷᠠᠭᠤᠯᠬᠤ᠂ ᠮᠠᠯᠵᠢᠬᠤ ᠦᠢᠯᠡᠳᠪᠦᠷᠢᠯᠡᠯ ᠤᠨ ᠡᠵᠡᠩᠨᠡᠯᠳᠡ ᠶᠢᠨ ᠠᠷᠭ᠎ᠠ ᠠᠪᠴᠠᠯ᠂ ᠰᠤᠶᠤᠯ ᠰᠤᠷᠭᠠᠨ ᠬᠦᠮᠦᠵᠢᠯ᠂ ᠬᠠᠤᠯᠢ ᠶᠢᠨ ᠤᠬᠠᠭᠤᠯᠭ᠎ᠠ ᠶᠢ ᠦᠨᠡᠨᠬᠦ ᠰᠠᠶᠢᠨ ᠬᠢᠬᠦ ᠵᠡᠷᠭᠡ ᠡᠯ᠎ᠡ ᠲᠠᠯ᠎ᠠ ᠶᠢᠨ ᠠᠵᠢᠯ ᠳᠤ ᠰᠢᠨ᠎ᠡ ᠬᠤᠪᠢᠷᠠᠯᠳᠠ ᠬᠦᠭᠵᠢᠯᠳᠡ ᠲᠠᠢ ᠪᠤᠯᠭᠠᠪᠠ᠃      ︽ᠨᠤᠳᠤᠭ ᠲᠤ ᠪᠠᠨ ᠵᠤᠬᠢᠴᠠᠭᠤᠯᠤᠨ ᠴᠦᠬᠡᠨ ᠲᠤᠭᠠᠨ ᠤ ᠮᠠᠯ ᠮᠠᠯᠵᠢᠬᠤ ᠨᠢ ᠮᠠᠯ ᠪᠡᠯᠴᠢᠬᠡᠷ ᠤᠨ ᠲᠡᠩᠴᠡᠬᠦᠷᠢ ᠶᠢ ᠪᠠᠳᠤᠯᠠᠬᠤ ᠤᠳᠤ ᠶᠢᠨ ᠲᠦᠷᠦ ᠶᠢᠨ ᠪᠤᠳᠤᠯᠭ᠎ᠠ ᠲᠠᠢ ᠨᠢᠭᠳᠠ ᠤᠶᠠᠯᠳᠤᠵᠤ᠂  ᠭᠠᠩ ᠬᠠᠪᠰᠠᠷᠭᠠᠨ ᠳᠤ ᠨᠤᠳᠤᠭ ᠪᠡᠯᠴᠢᠭᠡᠷ ᠡᠯᠡᠰᠦᠷᠬᠡᠭᠵᠢᠬᠦ ᠠᠴᠠ ᠰᠡᠷᠭᠡᠶᠢᠯᠡᠨ᠂ ᠪᠠᠶᠢᠭᠠᠯᠢ ᠠᠬᠤᠢ ᠪᠠᠨ ᠬᠠᠮᠠᠭᠠᠯᠠᠬᠤ ᠶᠢᠨ ᠰᠠᠭᠤᠷᠢ ᠪᠤᠯᠳᠠᠭ︾ ᠭᠡᠵᠦ ᠳᠡᠷᠡ ᠰᠡᠳᠭᠢᠭᠳᠡᠯ ᠢᠶᠠᠨ ᠬᠤᠪᠢᠶᠠᠯᠴᠠᠨ᠎ᠠ᠃ ᠮᠠᠯ ᠤᠨ ᠭᠠᠷᠭᠠᠯᠳᠠ ᠶᠢᠨ ᠦᠶ᠎ᠡ ᠳᠤ ᠮᠠᠯ ᠤᠨ ᠠᠷᠠᠯᠵᠢᠶᠠᠨ ᠤ ᠵᠠᠬ᠎ᠠ ᠶᠢᠨ ᠦᠨ᠎ᠡ ᠬᠠᠩᠰᠢ ᠶᠢᠨ ᠪᠠᠶᠢᠳᠠᠯ ᠳᠤ ᠴᠠᠭ ᠢᠮᠠᠭᠳᠠ ᠠᠩᠬᠠᠷᠤᠯ ᠲᠠᠯᠪᠢᠵᠤ᠂ ᠬᠡᠰᠡᠭ ᠮᠠᠯᠴᠢᠨ ᠡᠷᠦᠬᠡ ᠪᠠᠨ ᠲᠠᠭᠠᠭᠤᠯᠤᠨ ᠡᠬᠦᠯᠳᠡᠷ ᠤᠨ ᠦᠬᠡᠷ ᠮᠠᠯᠵᠢᠬᠤ ᠪᠠᠷ ᠲᠤᠷᠰᠢᠵᠤ ᠡᠬᠢᠯᠡᠪᠡ᠃      ᠡᠩ ᠲᠡᠷᠢᠭᠦᠨ ᠳᠤ ᠦᠬᠡᠷ ᠢᠶᠠᠨ ᠬᠠᠰᠢᠶᠠᠯᠠᠨ ᠲᠡᠵᠢᠭᠡᠬᠦ ᠪᠠᠷ ᠶᠡᠭᠡ ᠬᠡᠪᠴᠢᠶᠡᠨ ᠤ ᠫᠸᠡᠭ ᠬᠤᠷᠤᠭ᠎ᠠ ᠪᠠᠶᠢᠭᠤᠯᠵᠤ᠂ ᠮᠠᠰᠢᠨ ᠲᠦᠬᠦᠭᠡᠷᠦᠮᠵᠢ ᠪᠦᠷᠢᠳᠦᠬᠦᠯᠦᠨ᠂ ᠦᠪᠡᠷᠰᠡᠳ ᠢᠶᠠᠨ ᠪᠡᠯᠴᠢᠬᠡᠷ ᠤᠨ ᠡᠪᠡᠰᠦ ᠪᠠ ᠲᠡᠵᠢᠭᠡᠯ ᠪᠤᠷᠳᠤᠭ᠎ᠠ ᠶᠢ ᠨᠠᠷᠢᠯᠢᠭ ᠨᠠᠶᠢᠷᠠᠭᠤᠯᠵᠤ ᠲᠡᠵᠢᠬᠡᠭᠰᠡᠨ ᠠᠴᠠ ᠡᠪᠡᠰᠦ ᠪᠤᠷᠳᠤᠭᠠᠨ ᠤ ᠦᠪᠡᠷ ᠤᠨ ᠦᠷᠳᠡᠭ ᠢ ᠪᠠᠭᠤᠷᠠᠭᠤᠯᠵᠤ ᠴᠢᠳᠠᠵᠠᠢ᠃      ︽ᠤᠳᠤ ᠲᠤᠭ᠎ᠠ ᠲᠤᠯᠤᠭᠠᠢ ᠶᠢ ᠬᠦᠬᠡᠬᠡᠴᠡᠯᠳᠦᠬᠦ ᠴᠠᠭ ᠪᠢᠰᠢ᠂ ᠬᠠᠷᠢᠨ ᠦᠬᠡᠷ ᠤᠨ ᠢᠶᠠᠨ ᠡᠬᠦᠯᠳᠡᠷ ᠢ ᠰᠠᠶᠢᠵᠢᠷᠠᠭᠤᠯᠬᠤ ᠠᠵᠢᠯ ᠢ ᠰᠠᠶᠢᠨ ᠬᠢᠬᠦ ᠨᠢ ᠵᠠᠩᠭᠢᠯᠠᠭ᠎ᠠ ᠪᠠᠶᠢᠵᠤ᠂ ᠤᠷᠤᠯᠭ᠎ᠠ ᠪᠠᠨ ᠨᠡᠮᠡᠭᠳᠡᠬᠦᠯᠬᠦ ᠳᠤ ᠠᠰᠢᠭᠳᠠᠢ᠃ ᠮᠠᠨ ᠤ ᠬᠢ ᠤᠤᠯ ᠨᠢ ᠨᠤᠳᠤᠭ ᠦᠬᠡᠷ ᠢᠶᠠᠨ ᠮᠠᠯᠵᠢᠵᠤ ᠪᠠᠶᠢᠵᠠᠢ᠃ ᠨᠤᠳᠤᠭ ᠦᠬᠡᠷ ᠪᠤᠯ ᠡᠪᠦᠯ ᠤᠨ ᠬᠦᠢᠳᠡᠨ ᠳᠤ ᠦᠯᠴᠢᠷ ᠮᠦᠷᠳᠡᠭᠡᠨ ᠦᠩᠭᠡᠷᠡᠦ ᠶᠡᠭᠡ ᠠᠷᠠᠴᠢᠯᠠᠭ᠎ᠠ ᠤᠷᠤᠬᠤ ᠦᠬᠡᠢ ᠰᠠᠶᠢᠨ ᠲᠠᠯ᠎ᠠ ᠲᠠᠢ᠃ ᠤᠯᠠᠨ ᠲᠤᠭ᠎ᠠ ᠪᠠᠷ ᠮᠠᠯᠵᠢᠪᠠᠯ ᠰᠠᠶ᠋ᠢ ᠤᠷᠤᠯᠭ᠎ᠠ ᠨᠢ ᠢᠯᠡᠭᠦᠦ ᠪᠠᠶᠢᠳᠠᠭ᠃ ᠪᠡᠯᠴᠢᠬᠡᠷ ᠤᠨ ᠲᠠᠷᠤᠭᠠᠰᠤ ᠶᠢ ᠬᠦᠩᠭᠡᠯᠡᠬᠦ ᠳᠤ ᠬᠠᠰᠢᠯᠠ ᠤᠷᠤᠨ ᠨᠤᠳᠤᠭ ᠲᠤ ᠪᠠᠨ ᠲᠤᠬᠢᠷᠠᠭᠰᠠᠨ ᠮᠢᠬᠠᠨ ᠤ ᠦᠬᠡᠷ ᠮᠠᠯᠵᠢᠬᠤ ᠨᠢ ᠲᠤᠬᠢᠷᠠᠮᠵᠢᠳᠠᠢ︾ ᠭᠡᠵᠦ ᠲᠡᠷᠡ ᠬᠠᠪᠢ ᠲᠦᠰᠦᠷ ᠤᠨ ᠮᠠᠯᠴᠢᠳ ᠲᠤ ᠪᠠᠨ ᠣᠬᠠᠭᠤᠯᠣᠨ᠎ᠠ᠃ ᠬᠤᠲᠠᠯᠠᠪᠠᠶᠠᠷ ᠤᠨ ᠬᠢ ᠮᠢᠬ᠎ᠠ ᠰᠦ ᠬᠤᠤᠰᠯᠠᠭᠰᠠᠨ 100 ᠭᠠᠷᠤᠢ ᠰᠢᠯᠢᠳᠡᠭ ᠡᠬᠦᠯᠳᠡᠷ ᠤᠨ ᠰᠢᠮᠧᠨ᠋ᠲ᠋ᠡᠷ ᠦᠬᠡᠷ ᠮᠠᠯᠵᠢᠵᠤ᠂ ᠪᠡᠯᠴᠢᠬᠡᠷ ᠬᠠᠳᠤᠯᠠᠩ ᠤᠨ ᠲᠠᠷᠤᠭᠠᠰᠤ ᠶᠢ ᠶᠡᠬᠡᠬᠡᠨ ᠬᠦᠩᠭᠡᠯᠡᠵᠦ ᠴᠢᠳᠠᠭᠰᠠᠨ ᠢᠶᠠᠷ ᠪᠠᠷᠠᠬᠤ ᠦᠬᠡᠢ ᠬᠦᠳᠡᠯᠮᠦᠷᠢ ᠬᠦᠴᠦ᠂ ᠡᠪᠡᠰᠦ ᠪᠤᠷᠳᠤᠭᠠᠨ ᠤ ᠵᠠᠷᠤᠳᠠᠯ ᠢ ᠴᠦ ᠪᠠᠭᠠᠰᠬᠠᠵᠤ᠂ ᠤᠷᠤᠯᠭ᠎ᠠ ᠨᠢ ᠡᠳᠦᠷ ᠢᠷᠡᠬᠦᠶ᠎ᠡ ᠨᠡᠮᠡᠭᠳᠡᠵᠦ ᠢᠷᠡᠵᠡᠢ᠃ ᠤᠶᠢᠷ᠎ᠠ ᠶᠢᠨ ᠬᠤᠶᠠᠷ ᠵᠢᠯ ᠠᠴᠠ ᠡᠳᠡᠨ ᠤ ᠬᠢ ᠦᠬᠡᠷ ᠤᠨ ᠲᠦᠯ ᠢᠶᠠᠨ ᠨᠠᠮᠤᠷ ᠲᠤᠰᠴᠤ᠂ ᠳᠠᠷᠠᠭ᠎ᠠ ᠵᠢᠯ ᠤᠨ ᠬᠠᠪᠤᠷ ᠨᠢ ᠪᠤᠷᠤᠯᠠᠭᠤᠯᠬᠤ ᠪᠤᠯᠵᠤ᠂ ᠨᠢᠳᠤᠨᠤᠨ ᠡᠷ᠎ᠡ ᠦᠬᠢᠨ ᠲᠤᠭᠤᠯ ᠢᠶᠠᠨ ᠲᠡᠭᠰᠢᠳᠭᠡᠭᠡᠳ 1 ᠲᠦᠮᠡ 1500 ᠲᠦᠭᠦᠷᠢᠭ ᠢᠶᠠᠷ ᠬᠤᠳᠠᠯᠳᠤᠵᠠᠢ᠃ ᠪᠡᠶ᠎ᠡ ᠪᠢᠯᠳᠠᠷ ᠲᠤᠮᠤ ᠲᠠᠷᠭᠤ ᠬᠦᠴᠦ ᠰᠠᠶᠢᠳᠠᠢ ᠡᠷ᠎ᠡ ᠲᠤᠭᠤᠯ ᠢᠶᠠᠨ ᠰᠦᠯᠵᠢᠶ᠎ᠡ ᠬᠤᠯᠪᠤᠭ᠎ᠠ ᠶᠢ ᠠᠰᠢᠭᠯᠠᠵᠤ ᠮᠠᠯᠴᠢᠨ ᠠᠶᠢᠯ ᠳᠤ ᠪᠤᠬ᠎ᠠ ᠪᠠᠷ ᠬᠤᠳᠠᠯᠳᠤᠭᠠᠳ᠂ ᠵᠢᠯ ᠳᠤ ᠪᠠᠨ ᠪᠤᠬᠠᠨ ᠲᠤᠭᠤᠯ ᠬᠤᠳᠠᠯᠳᠤᠭᠰᠠᠨ ᠤᠷᠤᠯᠭ᠎ᠠ ᠨᠢ 20 ᠭᠠᠷᠤᠢ ᠲᠦᠮᠡᠨ ᠲᠦᠭᠦᠷᠢᠭ ᠲᠤ ᠬᠦᠷᠳᠡᠭ ᠶᠤᠮ ᠪᠠᠶᠢᠨ᠎ᠠ᠃ ᠳᠡᠷᠡ ᠪᠠᠰᠠ ︽ᠬᠦᠬᠡ ᠲᠠᠷᠠᠰᠦ︾ ᠮᠠᠯᠵᠢᠯ ᠤᠨ ᠲᠠᠯᠠᠪᠠᠢ ᠳᠤ ᠪᠠᠨ ᠦᠬᠡᠷ ᠤᠨ ᠪᠠᠶᠢᠭᠠᠯᠢᠯᠢᠭ ᠬᠠᠳᠠᠭᠠᠭᠰᠠᠨ ᠪᠤᠷᠴᠠ ᠪᠠ ᠴᠠᠭᠠᠨ ᠢᠳᠡᠭᠡᠨ ᠪᠤᠯᠪᠠᠰᠤᠷᠠᠭᠤᠯᠵᠤ ᠬᠤᠳᠠᠯᠳᠤᠭᠠᠳ ᠨᠡᠯᠢᠶᠡᠳ ᠤᠷᠤᠯᠭ᠎ᠠ ᠲᠠᠢ᠃ 2023 ᠤᠨ ᠳᠤ ᠠᠶᠢᠮᠠᠭ ᠤᠨ ᠲᠡᠰ ᠤᠨ ᠮᠢᠬᠠᠨ ᠤ ᠦᠬᠡᠷ ᠤᠨ ᠭᠤᠤᠯᠳᠠᠯᠭᠠᠳᠤ ᠡᠷᠦᠬᠡ ᠪᠠᠷ ᠰᠤᠩᠭᠤᠭᠳᠠᠵᠠᠢ᠃ ᠬᠤᠲᠠᠯᠠᠪᠠᠶᠠᠷ ᠪᠤᠯ ᠮᠡᠷᠭᠡᠵᠢᠯ ᠴᠢᠳᠠᠪᠦᠷᠢ ᠲᠠᠢ ᠮᠠᠯᠴᠢᠨ ᠪᠤᠯᠬᠤ ᠬᠦᠰᠡᠯ ᠪᠤᠳᠤᠯ ᠳᠤ ᠪᠠᠨ ᠤᠷᠮᠠᠰᠢᠵᠤ ᠶᠠᠪᠤᠭ᠎ᠠ ᠬᠦᠮᠦᠨ ᠤ ᠨᠢᠭᠡ ᠶᠤᠮ᠃ ᠲᠡᠷᠡ ᠭᠠᠴᠠᠭᠠᠨ ᠳᠤ ᠪᠠᠨ ᠴᠢᠨᠠᠷ ᠰᠠᠶᠢᠳᠠᠢ ᠮᠠᠯ ᠠᠵᠦ ᠠᠬᠤᠢ ᠶᠢ ᠬᠦᠭᠵᠢᠬᠦᠯᠬᠦ ᠪᠠᠷ ᠴᠢᠷᠮᠠᠶᠢᠵᠦ᠂ ᠤᠯᠠᠨ ᠤ ᠬᠦᠴᠦᠨ ᠢ ᠳᠠᠶᠢᠴᠢᠯᠠᠨ ᠬᠠᠮᠳᠤ ᠪᠠᠷ ᠢᠶᠠᠨ ᠴᠢᠨᠡᠭᠡᠯᠢᠭᠵᠢᠬᠦ ᠶᠢᠨ ᠳᠦᠯᠦᠭᠡ ᠠᠷᠭ᠎ᠠ ᠰᠡᠳᠦᠵᠦ ᠶᠠᠪᠤᠨ᠎ᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号