ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ | ᠮᠡᠳᠡᠭᠡᠨ ᠤ ᠠᠯᠪᠠᠨ ᠬᠡᠷ ᠤᠨ ᠬᠤᠷᠠᠯᠳᠤᠭᠤᠯᠤᠭᠰᠠᠨ ᠬᠡᠷᠡᠭᠯᠡᠭᠡᠨ ᠤ ᠵᠤᠶᠢᠯ ᠢ ᠰᠢᠯᠢᠳᠡᠭᠵᠢᠭᠦᠯᠦᠨ ᠳᠣᠭᠢᠷᠠᠭᠤᠯᠬᠤ ︽ | ᠬᠠᠭᠤᠴᠢᠨ ᠢᠶᠠᠷ ᠰᠢᠨ᠎ᠡ ᠶᠢ ᠰᠣᠯᠢᠬᠤ︾ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠰᠣᠨᠢᠨ ᠮᠡᠳᠡᠭᠡ ᠨᠡᠶᠢᠲᠡᠯᠡᠬᠦ | ᠬᠤᠷᠠᠯ ᠠᠴᠠ ᠣᠶᠢᠯᠠᠭᠠᠭᠰᠠᠨ ᠢᠶᠠᠷ᠂ ᠨᠠᠰᠤᠲᠠᠶᠢᠴᠤᠳ ᠤᠨ ᠠᠮᠢᠳᠤᠷᠠᠬᠤ ᠣᠷᠴᠢᠨ ᠨᠥᠬᠦᠴᠡᠯ ᠢ ᠤᠯᠠᠮ ᠨᠢᠭᠡ | ᠠᠯᠬᠤᠮ ᠰᠠᠶᠢᠵᠢᠷᠠᠭᠤᠯᠬᠤ ᠶᠢᠨ ᠬᠠᠮᠳᠤ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠬᠡᠷᠡᠭᠯᠡᠭᠡ ᠶᠢ ᠳᠠᠶᠢᠴᠢᠯᠠᠬᠤ | ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠶᠠᠪᠤᠳᠠᠯ ᠤᠨ ᠲᠢᠩᠬᠢᠮ ᠵᠡᠷᠭᠡ 6 ᠰᠠᠯᠠᠭ᠎ᠠ ᠮᠥᠴᠢᠷ ᠬᠠᠮᠲᠤᠷᠠᠨ ︽ | 2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷ ᠤᠨ ᠵᠠᠰᠠᠯ ᠴᠢᠮᠡᠭᠯᠡᠯ ᠲᠣᠭᠤᠭᠠᠨ ᠬᠡᠷ | ᠠᠷᠢᠭᠤᠨ ᠴᠡᠪᠡᠷ ᠤᠨ ᠭᠡᠷᠡᠭᠰᠡᠯ ᠢ ︿ᠰᠢᠨᠡᠳᠭᠡᠨ ᠰᠤᠯᠢᠬᠤ﹀ ᠨᠥᠬᠦᠪᠥᠷᠢ ᠶᠢᠨ ᠬᠡᠷᠡᠭᠵᠢᠭᠦᠯᠬᠦ ᠲᠥᠰᠦᠯ︾ ᠢ | ᠳᠠᠷᠤᠮᠠᠯᠯᠠᠨ ᠲᠠᠷᠬᠠᠭᠠᠪᠠ᠂ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠲᠤ ᠲᠤᠬᠢᠷᠠᠬᠤ ᠭᠡᠷ ᠤᠨ ᠡᠳ᠋ᠯᠡᠯ | ᠬᠡᠷᠡᠭᠰᠡᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢᠨ ᠳᠡᠮᠵᠢᠬᠦ ᠬᠡᠪᠴᠢᠶᠡᠨ ᠳᠤ | ᠣᠷᠣᠭᠤᠯᠵᠤ᠂ ᠨᠥᠬᠦᠪᠥᠷᠢ ᠶᠢᠨ ᠪᠠᠷᠢᠮᠵᠢᠶ᠎ᠠ᠂ ᠬᠡᠪᠴᠢᠶ᠎ᠡ ᠵᠢᠴᠢ ᠠᠷᠭ᠎ᠠ ᠮᠠᠶ᠋ᠢᠭ ᠢ ᠲᠣᠳᠣᠷᠬᠠᠶᠢᠯᠠᠵᠦ᠂ | ᠨᠠᠰᠤᠲᠠᠶᠢᠴᠤᠳ ᠲᠤ ᠦᠨᠡᠨ ᠪᠣᠳᠠᠲᠠᠶ ᠠᠰᠠᠷᠠᠮᠵᠢ ᠬᠦᠷᠲᠡᠭᠡᠬᠦ ᠪᠠᠷ ᠪᠤᠢ᠃ | 2025 ᠣᠨ ᠤ ᠲᠥᠷᠥ ᠶᠢᠨ ᠪᠣᠳᠣᠯᠭ᠎ᠠ ᠶᠢᠨ ᠬᠤᠭᠤᠴᠠᠭᠠᠨ ᠳᠤ᠂ ᠥᠪᠥᠷ ᠮᠣᠩᠭᠤᠯ ᠳᠤ ᠪᠠᠶᠢᠩᠭᠤ | ᠰᠠᠭᠤᠭ᠎ᠠ ᠪᠥᠭᠡᠳ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠲᠤ ᠲᠤᠬᠢᠷᠠᠬᠤ ᠰᠢᠨᠡᠳᠭᠡᠨ ᠰᠤᠯᠢᠬᠤ ᠲᠠᠸᠠᠷ ᠢ | ᠬᠤᠳᠠᠯᠳᠤᠨ ᠠᠪᠬᠤ ᠬᠡᠷᠡᠭᠴᠡᠭᠡ ᠲᠠᠢ ᠪᠦᠬᠦᠯᠢ 60 ᠨᠠᠰᠤ ᠵᠢᠴᠢ ᠲᠡᠭᠦᠨ ᠠᠴᠠ ᠳᠡᠭᠡᠭᠰᠢᠬᠢ ᠨᠠᠰᠤᠲᠠᠶᠢᠴᠤᠳ ᠴᠥᠮ | ᠨᠥᠬᠦᠪᠥᠷᠢ ᠭᠥᠷᠳᠡᠵᠦ ᠪᠣᠯᠤᠨ᠎ᠠ᠃ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠲᠤ ᠲᠤᠬᠢᠷᠠᠬᠤ ᠰᠢᠨᠡᠳᠭᠡᠨ | ᠰᠤᠯᠢᠬᠤ ᠤᠶᠢᠯᠡᠳᠬᠦᠨ ᠢ ᠬᠤᠳᠠᠯᠳᠤᠨ ᠠᠪᠤᠪᠠᠯ ᠪᠣᠳᠠᠲᠠᠶ ᠠᠷᠠᠯᠵᠢᠶᠠᠯᠠᠬᠤ ᠦᠨ᠎ᠡ ᠶᠢᠨ 30 % ᠪᠠᠷ ᠨᠥᠬᠦᠪᠥᠷᠢ | ᠥᠭᠭᠦᠨ᠎ᠡ᠃ ᠥᠪᠥᠷ ᠮᠣᠩᠭᠤᠯ ︽ᠬᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠲᠤ ᠲᠤᠬᠢᠷᠠᠬᠤ ᠰᠢᠨᠡᠳᠭᠡᠨ | ᠰᠤᠯᠢᠬᠤ ᠨᠥᠬᠦᠪᠥᠷᠢ ᠦᠭᠭᠦ ᠤᠶᠢᠯᠡᠳᠬᠦᠨ ᠤ ᠰᠠᠨᠠᠭᠤᠯᠭ᠎ᠠ ᠶᠢᠨ ᠨᠠᠷᠢᠨ ᠬᠠᠭᠤᠳᠠᠰᠤ︾ ᠶᠢ ᠨᠡᠶᠢᠲᠡᠯᠡᠪᠠ᠂ ᠨᠠᠷᠢᠨ | ᠬᠠᠭᠤᠳᠠᠰᠤ ᠳᠤ ᠭᠡᠷ ᠤᠨ ᠭᠠᠵᠠᠷ ᠪᠠ ᠡᠭᠦᠳ᠋ᠨ ᠪᠠᠨ ᠰᠢᠨᠡᠳᠭᠡᠨ ᠵᠠᠰᠠᠬᠤ᠂ ᠤᠨᠲᠠᠬᠤ ᠥᠷᠥᠭᠡ ᠪᠠᠨ ᠰᠢᠨᠡᠳᠭᠡᠨ | ᠵᠠᠰᠠᠬᠤ᠂ ᠵᠢᠱᠢᠶᠡᠯᠡᠪᠡᠯ ᠵᠣᠷᠯᠣᠩ ᠤᠬᠢᠶᠠᠯᠭ᠎ᠠ ᠶᠢᠨ ᠲᠥᠬᠦᠭᠡᠷᠦᠮᠵᠢ ᠪᠠᠨ ᠰᠢᠨᠡᠳᠭᠡᠨ ᠵᠠᠰᠠᠬᠤ᠂ ᠲᠣᠭᠤᠭᠠᠨ ᠬᠡᠷ ᠤᠨ | ᠲᠥᠬᠦᠭᠡᠷᠦᠮᠵᠢ ᠪᠠᠨ ᠰᠢᠨᠡᠳᠭᠡᠨ ᠵᠠᠰᠠᠬᠤ᠂ ᠹᠢᠽᠢᠺ ᠤᠨ ᠣᠷᠴᠢᠨ ᠲᠣᠭᠤᠷᠢᠨ ᠢᠶᠠᠨ ᠰᠢᠨᠡᠳᠭᠡᠨ ᠵᠠᠰᠠᠬᠤ᠂ ᠣᠶᠤᠨᠴᠢ | ᠲᠤᠰᠠᠯᠠᠬᠤ ᠤᠶᠢᠯᠡᠳᠬᠦᠨ ᠵᠡᠷᠭᠡ ᠵᠢᠷᠭᠤᠭᠠᠨ ᠶᠡᠭᠡ ᠲᠥᠷᠥᠯ ᠤᠨ 25 ᠵᠤᠶᠢᠯ ᠤᠨ ᠲᠠᠸᠠᠷ ᠢ ᠬᠠᠮᠤᠷᠴᠠᠶ᠃ | ᠬᠡᠷᠡᠭᠯᠡᠭᠴᠢᠳ ᠨᠢ ᠳᠤᠮᠳᠠᠳᠤ ᠤᠯᠤᠰ ᠤᠨ ᠪᠠᠩᠬᠢ ᠶᠢᠨ ᠬᠤᠯᠪᠣᠭᠠᠨ ᠤ ︽ᠶᠦᠨ ᠱᠠᠨ ᠹᠦ᠋︾ APP ᠪᠠᠷ ᠳᠡᠮᠵᠢᠨ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷ ᠤᠨ ᠵᠠᠰᠠᠯ ᠴᠢᠮᠡᠭᠯᠡᠯ ᠲᠣᠭᠤᠭᠠᠨ ᠬᠡᠷ ᠠᠷᠢᠭᠤᠨ | ᠴᠡᠪᠡᠷ ᠤᠨ ᠭᠡᠷᠡᠭᠰᠡᠯ ᠢ ᠰᠢᠨᠡᠳᠬᠡᠨ ᠰᠤᠯᠢᠬᠤ︾ ᠤᠶᠢᠯᠡᠴᠢᠯᠡᠭᠡᠨ ᠤ ᠲᠠᠪᠴᠠᠩ ᠳᠤ ᠭᠠᠷᠴᠤ᠂ ︽ᠭᠡᠷ ᠲᠡᠭᠡᠨ | ᠰᠠᠭᠤᠵᠤ ᠪᠠᠶᠢᠭ᠎ᠠ ᠨᠠᠰᠤᠲᠠᠶᠢᠴᠤᠳ ᠲᠤ ᠲᠤᠬᠢᠷᠠᠬᠤ ᠰᠢᠨᠡᠳᠭᠡᠨ ᠰᠤᠯᠢᠬᠤ︾ ᠵᠠᠭᠪᠤᠷ ᠲᠤ ᠣᠷᠣᠵᠤ ᠬᠤᠳᠠᠯᠳᠤᠨ | ᠠᠪᠬᠤ ᠪᠠᠷ ᠭᠤᠶᠤᠴᠢᠯᠠᠪᠠᠯ ᠪᠣᠯᠴᠢᠬᠠᠨ᠎ᠠ᠃ |