ᠬᠥᠪᠡᠭᠡᠲᠦ ᠰᠢᠷ᠎ᠠ ᠬᠤᠰᠢᠭᠤ ᠪᠦᠭᠦ ᠠᠶᠢᠮᠠᠭ ᠤᠨ ᠠᠩᠬᠠᠳᠠᠬᠴᠢ ︽ᠪᠤᠬᠢᠷᠳᠦᠯ ᠦᠭᠡᠢ ᠴᠠᠬᠢᠯᠭᠠᠨ ᠢᠶᠠᠷ ᠡᠯᠡᠰᠦ ᠶᠢ ᠵᠠᠰᠠᠬᠤ︾ ᠰᠢᠨ᠎ᠠ ᠵᠠᠬᠪᠤᠷ ᠢ ᠡᠭᠦᠳᠪᠡ
ᠨᠡᠶᠢᠲᠡᠯᠡᠭᠰᠡᠨ ᠴᠠᠭ᠄
2025/5/30
     ᠣᠶᠢᠷ᠎ᠠ ᠳᠤ᠂ ᠰᠢᠯᠢ ᠶᠢᠨ ᠭᠤᠣᠯ ᠤᠨ ᠵᠢᠩ ᠨᠧᠩ ᡁᠢ ᠬᠤᠢ ᠶᠢᠨ ᠡᠯᠡᠰᠦᠷᠭᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠨ 2024 ᠣᠨ ᠤ ᠬᠥᠪᠡᠭᠡᠲᠦ ᠰᠢᠷ᠎ᠠ ᠬᠤᠰᠢᠭᠤᠨ ᠤ 10 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠦᠷᠦᠯ ᠵᠦᠢᠯ ᠤᠨ ᠴᠠᠬᠢᠯᠭᠠᠨ ᠢ ᠨᠢᠭᠡ ᠯᠠ ᠤᠳᠠᠭ᠎ᠠ ᠳᠤ ᠠᠮᠵᠢᠯᠲᠠ ᠲᠠᠢ ᠬᠦᠷᠭᠡᠵᠦ᠂ ᠠᠩᠬᠠᠳᠠᠭᠴᠢ ᠰᠠᠯᠬᠢᠨ ᠭᠦᠴᠦᠨ ᠤ ᠮᠠᠰᠢᠨ ᠢ ᠲᠣᠣᠷ ᠲᠤ ᠨᠡᠶᠢᠯᠡᠭᠦᠯᠬᠦ ᠶᠢ ᠪᠡᠶᠡᠯᠡᠭᠦᠯᠵᠡᠢ᠂ ᠡᠨᠡ ᠨᠢ ᠪᠥᠬᠦ ᠠᠶᠢᠮᠠᠭ ᠤᠨ ᠠᠩᠬᠠᠳᠠᠭᠴᠢ ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠬᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠨ ᠲᠣᠣᠷ ᠲᠤ ᠨᠡᠶᠢᠯᠡᠭᠦᠯᠬᠦ ᠲᠥᠷᠥᠯ ᠵᠦᠢᠯ ᠪᠣᠯᠤᠭᠰᠠᠨ ᠢᠶᠠᠷ ᠪᠠᠷᠠᠬᠤ ᠦᠭᠡᠢ ᠨᠠᠩ ᠴᠤ ᠪᠥᠬᠦ ᠠᠶᠢᠮᠠᠭ ᠤᠨ ︽ᠪᠤᠬᠢᠷᠳᠦᠯ ᠦᠭᠡᠢ ᠴᠠᠬᠢᠯᠭᠠᠨ ᠢ ᠨᠡᠭᠡᠭᠡᠨ ᠬᠥᠭᠵᠢᠭᠦᠯᠬᠦ ᠪᠠ ᠠᠮᠢ ᠠᠬᠤᠢ ᠶᠢ ᠵᠠᠰᠠᠨ ᠰᠡᠷᠭᠦᠭᠡᠬᠦ︾ ᠶᠢ ᠵᠡᠷᠭᠡᠪᠡᠷ ᠬᠥᠭᠵᠢᠭᠦᠯᠬᠦ  ᠶᠢ  ᠬᠠᠶᠢᠨ  ᠰᠦᠪᠡᠭᠴᠢᠯᠡᠬᠦ  ᠳᠤ  ᠥᠯᠢᠭᠡᠷ  ᠬᠡᠪ  ᠬᠠᠨᠭ᠍ᠭᠠᠪᠠ᠃      ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠨᠢ ︽ᠰᠢᠨ᠎ᠡ ᠡᠨᠧᠷᠭᠢ + ᠠᠮᠢ ᠠᠬᠤᠢ ᠶᠢᠨ ᠵᠠᠰᠠᠯᠲᠠ︾ ᠶᠢᠨ ᠵᠠᠭᠪᠤᠷ ᠢᠶᠠᠷ ᠭᠤᠣᠯ ᠪᠣᠯᠭᠠᠵᠤ᠂ ︽ᠰᠠᠯᠭᠢ ᠭᠡᠷᠡᠯ ᠢ ᠨᠢᠭᠡ ᠴᠣᠭᠴᠠᠵᠢᠭᠤᠯᠬᠤ + ᠨᠦᠭᠡᠴᠡ ᠡᠨᠧᠷᠭᠢ︾ ᠵᠡᠷᠭᠡ ᠰᠢᠨ᠎ᠡ ᠶᠢ ᠡᠭᠦᠳᠬᠦ ᠠᠷᠭ᠎ᠠ ᠵᠠᠮ ᠢᠶᠠᠷ ᠰᠠᠯᠬᠢᠨ ᠭᠦᠴᠦᠨ ᠤ ᠴᠠᠬᠢᠯᠭᠠᠨ ᠬᠡᠷᠡᠯᠴᠢ ᠴᠡᠨᠡᠭ ᠢ ᠨᠡᠭᠡᠭᠡᠨ ᠬᠥᠭᠵᠢᠭᠦᠯᠬᠦ ᠪᠠ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠶᠢ ᠣᠷᠭᠠᠨᠢᠭ ᠢᠶᠠᠷ ᠤᠶᠠᠯᠳᠤᠭᠤᠯᠬᠤ ᠶᠢ ᠪᠡᠶᠡᠯᠡᠭᠦᠯᠪᠡ᠃ ᠠᠰᠢᠭᠯᠠᠯᠲᠠ ᠳᠤ ᠣᠷᠣᠭᠰᠠᠨ ᠤ ᠳᠠᠷᠠᠭ᠎ᠠ᠂ ᠵᠢᠱᠢᠯᠲᠡ ᠪᠠᠷ ᠵᠢᠯ ᠤᠨ ᠲᠣᠣᠷ ᠲᠤ ᠨᠡᠶᠢᠯᠡᠭᠦᠯᠭᠦ ᠴᠠᠬᠢᠯᠭᠠᠨ ᠤ ᠬᠡᠮᠵᠢᠶ᠎ᠡ 3.4 ᠳ᠋ᠦᠩᠰᠢᠭᠤᠷ ᠺᠢᠯᠣᠸᠠᠲ ᠴᠠᠭ ᠬᠦᠷᠴᠦ᠂ 6.77 ᠲᠦᠮᠡᠨ ᠲᠣᠨ ᠪᠠᠷᠢᠮᠵᠢᠶᠠᠲᠤ ᠨᠡᠭᠦᠷᠡᠰᠦ ᠶᠢ ᠠᠷᠪᠢᠯᠠᠨ᠂ 12.18 ᠲᠦᠮᠡᠨ ᠲᠣᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠶᠢᠨ ᠬᠠᠮᠲᠤ 3.6 ᠲᠦᠮᠡᠨ ᠮᠦ ᠡᠯᠡᠰᠦᠷᠬᠡᠭᠵᠢᠭᠰᠡᠨ ᠭᠠᠵᠠᠷ ᠰᠢᠷᠣᠢ ᠶᠢ ᠵᠠᠰᠠᠬᠤ ᠪᠤᠯᠤᠨ᠎ᠠ᠃ ᠡᠨᠡ ᠨᠢ ᠮᠠᠨ ᠤ ᠠᠶᠢᠮᠠᠭ ᠤᠨ ︽ᠰᠠᠯᠭᠢ ᠭᠡᠷᠡᠯ ᠢᠶᠠᠷ ᠡᠯᠡᠰᠦ ᠶᠢ ᠵᠠᠰᠠᠬᠤ︾ ᠵᠠᠭᠪᠤᠷ ᠢᠶᠠᠷ ᠠᠮᠢ ᠠᠬᠤᠢ ᠮᠠᠭᠤᠳᠠᠭᠰᠠᠨ ᠭᠠᠵᠠᠷ ᠣᠷᠣᠨ ᠤ ᠪᠣᠬᠢᠷᠲᠤᠯ ᠦᠭᠡᠢ ᠪᠠᠷ ᠬᠥᠭᠵᠢᠨ ᠮᠠᠨᠳᠤᠵᠤ ᠬᠠᠮᠲᠤᠪᠠᠷ ᠠᠰᠢᠭ ᠬᠦᠷᠳᠡᠬᠦ ᠵᠠᠮ ᠢ ᠨᠡᠭᠡᠭᠡᠵᠡᠢ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号