ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠡᠮᠨᠡᠯᠭᠡ ᠳᠤ ᠰᠠᠭᠤᠬᠤ ᠤᠷᠢᠳᠴᠢᠯᠠᠨ ᠲᠤᠰᠢᠶᠠᠬᠤ ᠮᠥᠩᠭᠦ ᠶᠢᠨ ᠲᠤᠭ᠎ᠠ ᠬᠡᠮᠵᠢᠶ᠎ᠡ ᠶᠢ ᠪᠠᠭᠤᠷᠠᠭᠤᠯᠤᠨ᠎ᠠ
ᠨᠡᠶᠢᠲᠡᠯᠡᠭᠰᠡᠨ ᠴᠠᠭ᠄
2025/5/30
     ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ 6 ᠰᠠᠯᠠᠭ᠎ᠠ ᠮᠥᠴᠢᠷ ᠬᠠᠮᠲᠤᠷᠠᠨ ︽ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠤᠷᠢᠳᠴᠢᠯᠠᠨ ᠲᠤᠰᠢᠶᠠᠬᠤ ᠮᠥᠩᠭᠦ ᠶᠢᠨ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢ 2025 ᠣᠨ ᠤ 3 ᠰᠠᠷ᠎ᠠ ᠶᠢᠨ 31 ᠤ ᠡᠳᠦᠷ ᠠᠴᠠ ᠡᠬᠢᠯᠡᠨ ᠡᠭᠦᠳᠡᠨ ᠡᠮᠨᠡᠯᠭᠡ ᠶᠢᠨ ᠤᠷᠢᠳᠴᠢᠯᠠᠨ ᠲᠤᠰᠢᠶᠠᠬᠤ ᠮᠥᠩᠭᠦ ᠬᠤᠷᠢᠶᠠᠬᠤ ᠶᠢ ᠪᠥᠬᠦ ᠲᠠᠯ᠎ᠠ ᠪᠠᠷ ᠵᠣᠭᠰᠣᠭᠠᠵᠤ᠂ 2025 ᠣᠨ ᠤ 6 ᠰᠠᠷ᠎ᠠ ᠶᠢᠨ 30 ᠤ ᠡᠳᠦᠷ ᠠᠴᠠ ᠡᠬᠢᠯᠡᠨ ᠡᠮᠨᠡᠯᠭᠡ ᠳᠤ ᠰᠠᠭᠤᠬᠤ ᠤᠷᠢᠳᠴᠢᠯᠠᠨ ᠲᠤᠰᠢᠶᠠᠬᠤ ᠮᠥᠩᠭᠦ ᠶᠢᠨ ᠲᠤᠭ᠎ᠠ ᠬᠡᠮᠵᠢᠶ᠎ᠡ ᠶᠢ ᠪᠠᠭᠤᠷᠠᠭᠤᠯᠬᠤ ᠬᠡᠷᠡᠭᠲᠡᠶ ᠭᠡᠵᠦ ᠱᠠᠭᠠᠷᠳᠠᠪᠠ᠃ ᠮᠡᠳᠡᠭᠳᠡᠯ ᠳᠤ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠨᠢ ᠡᠮᠨᠡᠯᠭᠡ ᠳᠤ ᠰᠠᠭᠤᠭᠰᠠᠨ ᠡᠪᠡᠳᠴᠢᠲᠡᠨ ᠤ ᠠᠳᠠᠯᠢ ᠡᠪᠡᠳᠴᠢᠨ ᠤ ᠲᠥᠷᠥᠯ ᠤᠨ ᠡᠮᠦᠨ᠎ᠡ 3 ᠵᠢᠯ ᠤᠨ ᠪᠣᠳᠠᠲᠠᠶ ᠡᠭᠦᠰᠦᠭᠰᠡᠨ ᠤᠳᠠᠭ᠎ᠠ ᠪᠦᠷᠢ ᠶᠢᠨ ᠡᠮᠨᠡᠯᠭᠡ ᠳᠤ ᠰᠠᠭᠤᠭᠰᠠᠨ ᠳᠤᠮᠳᠠᠴᠢ ᠵᠠᠷᠤᠳᠠᠯ ᠪᠠ ᠬᠤᠪᠢ ᠬᠥᠮᠦᠨ ᠤ ᠥᠪᠡᠰᠦᠪᠡᠨ ᠲᠤᠰᠢᠶᠠᠬᠤ ᠵᠠᠷᠤᠳᠠᠯ ᠢᠶᠠᠷ ᠯᠠᠪᠯᠠᠯᠲᠠ ᠪᠣᠯᠭᠠᠵᠤ᠂ ᠡᠮᠨᠡᠯᠭᠡ ᠳᠤ ᠰᠠᠭᠤᠬᠤ ᠤᠷᠢᠳᠴᠢᠯᠠᠨ ᠲᠤᠰᠢᠶᠠᠬᠤ ᠮᠥᠩᠭᠦ ᠶᠢᠨ ᠲᠤᠭ᠎ᠠ ᠬᠡᠮᠵᠢᠶ᠎ᠡ ᠶᠢ ᠵᠣᠬᠢᠰᠲᠠᠶ ᠲᠣᠭᠲᠠᠭᠠᠵᠤ᠂ ᠡᠮᠴᠢᠯᠡᠭᠡᠨ ᠤ ᠳᠠᠭᠠᠳᠬᠠᠯ ᠤᠨ ᠡᠪᠡᠳᠴᠢᠲᠡᠨ ᠤ ᠡᠮᠨᠡᠯᠭᠡ ᠳᠤ ᠰᠠᠭᠤᠬᠤ ᠤᠷᠢᠳᠴᠢᠯᠠᠨ ᠲᠤᠰᠢᠶᠠᠬᠤ ᠵᠣᠭᠤᠰ ᠤᠨ ᠲᠤᠭ᠎ᠠ ᠶᠢᠨ ᠬᠡᠮᠵᠢᠶ᠎ᠡ ᠶᠢ ᠠᠳᠠᠯᠢ ᠡᠪᠡᠳᠴᠢᠨ ᠤ ᠲᠥᠷᠥᠯ ᠤᠨ ᠠᠳᠠᠯᠢ ᠪᠠᠲᠤᠯᠠᠭ᠎ᠠ ᠶᠢᠨ ᠲᠥᠷᠥᠯ ᠢᠯᠭᠠᠯ ᠤᠨ ᠬᠤᠪᠢ ᠬᠥᠮᠦᠨ ᠤ ᠥᠪᠡᠰᠦᠪᠡᠨ ᠲᠤᠰᠢᠶᠠᠬᠤ ᠳᠤᠮᠳᠠᠴᠢ ᠲᠦᠪᠰᠢᠨ ᠳᠤ ᠬᠦᠷᠲᠡᠯ᠎ᠡ ᠪᠠᠭᠤᠷᠠᠭᠤᠯᠬᠤ ᠬᠡᠷᠡᠭᠲᠡᠶ ᠭᠡᠵᠦ ᠱᠠᠭᠠᠷᠳᠠᠵᠠᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号