ᠥᠷᠭᠡᠨ ᠠᠭᠤᠳᠠᠮ ᠰᠥᠨᠢᠳ ᠤᠨ ᠲᠠᠯ᠎ᠠ ᠨᠤᠲᠤᠭ ᠲᠤ ᠡᠶᠢᠮᠦ ᠨᠢᠭᠡᠨ ᠡᠩᠨᠡᠭᠡ ᠪᠠᠶᠢᠳᠠᠭ᠂ ᠲᠠᠳᠠ ᠪᠣᠯ | ᠬᠦᠭᠡ ᠲᠡᠭᠷᠢ ᠪᠠᠷ ᠬᠥᠰᠢᠭᠡ ᠪᠠᠨ ᠪᠣᠯᠭᠠᠵᠤ᠂ ᠬᠦᠷᠦᠰᠦᠳᠦ ᠲᠡᠯᠡᠭᠡᠢ ᠪᠠᠷ ᠲᠠᠶᠢᠰᠠ ᠪᠠᠨ ᠪᠣᠯᠭᠠᠵᠤ᠂ 60 ᠭᠠᠷᠤᠢ | ᠵᠢᠯ ᠤᠨ ᠲᠤᠷᠰᠢ ᠢᠮᠠᠭᠲᠠ ᠦᠨᠳᠦᠰᠦᠨ ᠱᠠᠲᠤᠨ ᠳᠤ ᠦᠨᠳᠦᠰᠦᠯᠡᠨ᠂ ᠤᠳᠬ᠎ᠠ ᠤᠷᠠᠯᠢᠭ ᠤᠨ ᠬᠦᠴᠦᠨ ᠢᠶᠠᠷ | ᠮᠠᠯᠴᠢᠳ ᠤᠨ ᠰᠡᠳᠬᠢᠯ ᠵᠢᠷᠦᠬᠡ ᠶᠢ ᠳᠤᠯᠠᠭᠠᠴᠠᠭᠤᠯᠤᠭᠰᠠᠭᠠᠷ ᠁ ᠲᠡᠳᠡ ᠪᠣᠯ ᠲᠠᠯ᠎ᠠ ᠨᠤᠲᠤᠭ ᠤᠨ ︽ | ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠪᠢᠯᠡ᠃ ᠡᠨᠡ ᠭᠦ ᠡᠩᠨᠡᠭᠡᠨ ᠤ ᠨᠢᠭᠡ | ᠪᠦᠷᠢᠯᠳᠦᠭᠦᠨ ᠪᠤᠯᠤᠬᠰᠠᠨ ᠵᠠᠨ᠎ᠠ ᠪᠤᠯ ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠤᠨ ᠲᠤᠬᠯᠠᠭᠴᠢ | ᠮᠦᠷᠳᠡᠭᠡᠨ ᠤᠯᠠᠭᠠᠨᠮᠥ᠋ᠴᠢᠷ ᠤᠨ ᠲᠠᠷᠤᠭ᠎ᠠ ᠶᠢᠨ ᠲᠤᠰᠢᠶᠠᠯ ᠢ ᠬᠠᠷᠢᠭᠤᠴᠠᠵᠦ᠂ ᠤᠷᠴᠢᠮᠬᠠᠨ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠢ ᠬᠥᠬᠢᠭᠦᠯᠦᠨ | ᠰᠠᠶᠢᠰᠢᠶᠠᠬᠤ ᠶᠡᠭᠡ ᠬᠤᠷᠠᠯ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ | ᠠᠵᠢᠯᠲᠠᠨ ᠤ ᠢᠷᠠᠭᠤ ᠠᠯᠳᠠᠷ ᠢ ᠭᠦᠷᠳᠡᠵᠡᠢ᠃ | ᠵᠠᠨ᠎ᠠ ᠳᠤ ᠠᠪᠴᠤ ᠬᠡᠯᠡᠪᠡᠯ᠂ ᠤᠯᠠᠭᠠᠨᠮᠥ᠋ᠴᠢᠷ ᠤᠨ ᠵᠣᠷᠢᠭ ᠰᠠᠨᠠᠭ᠎ᠠ ᠪᠣᠯ ᠢᠮᠠᠭᠲᠠ ᠣᠯᠠᠨ ᠲᠦᠮᠡᠨ ᠲᠠᠢ | ᠬᠠᠮᠲᠤ ᠪᠠᠶᠢᠬᠤ ᠶᠠᠪᠤᠳᠠᠯ ᠪᠣᠯᠣᠨ᠎ᠠ᠃ ᠤᠯᠠᠭᠠᠨᠮᠥ᠋ᠴᠢᠷ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠭᠰᠠᠨ ᠠᠴᠠ | ᠨᠠᠭᠠᠰᠢ᠂ ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ ᠢ ᠪᠠᠷᠢᠮᠲᠠᠯᠠᠵᠤ᠂ ᠭᠡᠰᠢᠭᠦᠳ ᠢᠶᠠᠨ ᠳᠠᠭᠠᠭᠤᠯᠤᠨ ᠭᠦᠳᠡᠭᠡ | ᠨᠤᠳᠤᠭ᠂ ᠦᠢᠯᠡᠳᠪᠦᠷᠢ ᠠᠭᠤᠷᠬᠠᠢ᠂ ᠰᠤᠷᠭᠠᠭᠤᠯᠢ ᠨᠡᠶᠢᠭᠡᠮ ᠲᠣᠭᠤᠷᠢᠭ ᠲᠤ ᠭᠦᠨᠵᠡᠭᠡᠶᠢᠷᠡᠵᠦ᠂ ᠵᠢᠯ ᠪᠦᠷᠢ 100 | ᠭᠠᠷᠤᠢ ᠲᠠᠯᠠᠪᠠᠢ ᠲᠣᠭᠯᠠᠯᠲᠠ ᠭᠠᠷᠭᠠᠪᠠ᠃ ᠲᠡᠳᠡᠨ ᠤ ᠲᠣᠭᠯᠠᠯᠲᠠ ᠨᠢ ᠤᠯᠠᠨ ᠶᠠᠩᠵᠤ ᠪᠠᠶᠢᠵᠦ᠂ ᠠᠭᠤᠯᠭ᠎ᠠ ᠨᠢ | ᠠᠮᠢᠳᠤᠷᠠᠯ ᠳᠤ ᠣᠢᠢᠷᠠᠳᠴᠤ᠂ ᠴᠠᠭ ᠦᠶ᠎ᠡ ᠶᠢᠨ ᠠᠭᠤᠷ ᠠᠮᠢᠰᠬᠤᠯ ᠢᠶᠠᠷ ᠪᠢᠯᠬᠠᠨ᠂ ᠲᠣᠭᠯᠠᠯᠲᠠ ᠪᠣᠯᠭᠠᠨ ᠳᠤ ᠭᠦᠨ | ᠵᠤᠵᠠᠭᠠᠨ ᠬᠠᠶᠢᠷ᠎ᠠ ᠰᠡᠳᠬᠢᠯᠭᠡ ᠶᠢ ᠰᠢᠩᠭᠡᠭᠡᠵᠦ᠂ ᠮᠠᠯᠴᠢᠳ ᠲᠤ ᠪᠠᠶᠠᠷ ᠪᠠᠶᠠᠰᠤᠯ ᠪᠣᠯᠣᠨ ᠪᠣᠯᠪᠠᠰᠤᠨ ᠢ ᠬᠦᠷᠭᠡᠨ᠂ | ᠨᠠᠮ ᠤᠨ ᠲᠠᠭᠤᠨ ᠪᠣᠯᠣᠨ ᠬᠠᠶᠢᠷ᠎ᠠ ᠬᠠᠯᠠᠮᠵᠢ ᠶᠢ ᠳᠠᠮᠵᠢᠭᠤᠯᠪᠠ᠃ | ᠵᠠᠨ᠎ᠠ ᠶᠢᠨ ᠳᠠᠭᠠᠭᠤᠯᠭ᠎ᠠ ᠪᠠᠷ ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠨᠢ ᠤᠳᠬ᠎ᠠ ᠤᠷᠠᠯᠢᠭ ᠤᠨ | ᠡᠩᠨᠡᠭᠡ ᠠᠴᠠ ᠪᠠᠨ ᠭᠠᠳᠠᠨ᠎ᠠ ᠨᠠᠩ ᠴᠤ ᠦᠨᠳᠦᠰᠦᠲᠡᠨ ᠤ ᠪᠦᠯᠬᠦᠮᠳᠡᠯ ᠤᠨ ᠬᠥᠭᠦᠷᠭᠡ ᠬᠤᠯᠪᠤᠭᠠᠰᠦ ᠪᠤᠯᠵᠠᠢ᠃ | ᠲᠡᠷᠡ ᠤᠯᠠᠭᠠᠨᠮᠥ᠋ᠴᠢᠷ ᠲᠤ ᠪᠠᠨ ︽ᠦᠨᠳᠦᠰᠦᠲᠡᠨ ᠤ ᠪᠦᠯᠬᠦᠮᠳᠡᠯ ᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠠᠯᠪᠠᠨ | ᠭᠡᠷ︾᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠪᠦᠯᠢ︾ ᠪᠣᠯᠪᠠᠰᠤᠷᠠᠯ ᠤᠨ ᠲᠢᠩᠬᠢᠮ ᠤᠨ ᠤᠷᠳᠤ ᠬᠤᠩᠭᠢᠯ | ᠭᠠᠷᠭᠠᠵᠤ᠂ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠤᠨ 60 ᠭᠠᠷᠤᠢ ᠵᠢᠯ ᠤᠨ | ᠲᠤᠷᠰᠢᠬᠢ ᠦᠰᠦᠨ ᠪᠤᠶᠢᠵᠢᠯᠲᠠ ᠪᠣᠯᠣᠨ ᠲᠠᠪᠰᠢᠯᠳᠠ ᠶᠢ ᠭᠦᠨᠵᠡᠭᠡᠢ ᠳ᠋ᠦᠩᠨᠡᠵᠦ᠂ ᠤᠯᠠᠭᠠᠨᠮᠥ᠋ᠴᠢᠷ ᠤᠨ | ᠦᠵᠡᠭᠦᠯᠭᠡ ᠶᠢᠨ ᠲᠢᠩᠬᠢᠮ ᠢ ᠬᠢᠯᠢ ᠬᠢᠵᠠᠭᠠᠷ ᠣᠷᠣᠨ ᠤ ᠤᠳᠬ᠎ᠠ ᠤᠷᠠᠯᠢᠭ ᠤᠨ ᠬᠥᠭᠵᠢᠯᠲᠡ ᠪᠣᠯᠣᠨ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠤᠬᠠᠭᠤᠯᠬᠤ ᠴᠢᠬᠤᠯᠠ ᠵᠢᠭᠰᠠᠭᠠᠯ ᠤᠨ ᠭᠠᠵᠠᠷ ᠪᠣᠯᠭᠠᠪᠠ᠃ ᠰᠥᠨᠢᠳ | ᠪᠠᠷᠠᠭᠤᠨ ᠬᠤᠰᠢᠭᠤᠨ ᠤ ᠤᠯᠠᠭᠠᠨᠮᠥ᠋ᠴᠢᠷ ᠨᠢ ︽ᠪᠦᠬᠦ ᠤᠯᠤᠰ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠲᠤᠷᠰᠢᠯᠲᠠ ᠶᠢᠨ ᠬᠤᠰᠢᠭᠤ ᠰᠢᠶᠠᠨ︾ ᠢᠶᠠᠷ ᠠᠴᠢᠶᠠᠯᠠᠪᠤᠷᠢ ᠪᠤᠯᠭᠠᠵᠦ᠂ ᠤᠯᠠᠭᠠᠨᠮᠥ᠋ᠴᠢᠷ + ︽ | ᠤᠯᠠᠭᠠᠨ ᠪᠣᠭᠴᠣ︾ ᠤᠯᠠᠮᠵᠢᠯᠠᠬᠤ ᠬᠠᠪᠰᠤᠷᠬᠤ ᠳᠠᠭᠠᠭᠤᠯᠬᠤ ᠣᠨᠴᠠᠯᠢᠭᠲᠤ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠤᠯᠠᠭᠠᠨᠮᠥ᠋ᠴᠢᠷ + ᠰᠢᠨ᠎ᠡ ᠴᠠᠭ ᠦᠶ᠎ᠡ ᠶᠢᠨ ᠤᠨᠤᠯ ᠤᠨ ᠤᠬᠠᠭᠤᠯᠭ᠎ᠠ ᠲᠠᠶᠢᠯᠦᠮᠵᠢ᠂ ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ᠂ ᠬᠠᠤᠯᠢ ᠴᠠᠭᠠᠵᠠ᠂ ᠠᠷᠠᠳ ᠤᠨ ᠵᠠᠩ ᠦᠢᠯᠡ ᠶᠢᠨ ᠰᠣᠶᠣᠯ ᠵᠡᠷᠭᠡ ᠠᠭᠤᠯᠭ᠎ᠠ ᠲᠠᠢ | ︽1+12︾ ᠲᠤᠰᠬᠠᠢ ᠮᠡᠷᠭᠡᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠪᠠᠶᠢᠭᠤᠯᠪᠠ᠃ ᠪᠥᠬᠦ | ᠬᠤᠰᠢᠭᠤᠨ ᠤ 7 ᠰᠤᠮᠤ ᠪᠠᠯᠭᠠᠰᠤ᠂ 63 ᠭᠠᠴᠠᠭ᠎ᠠ ᠲᠣᠰᠬᠤᠨ᠂ 14 ᠨᠡᠶᠢᠭᠡᠮ ᠲᠣᠭᠤᠷᠢᠭ ᠤᠨ ᠭᠤᠷᠪᠠᠳᠤᠭᠠᠷ | ᠳᠡᠰ ᠤᠨ ᠵᠢᠭᠰᠠᠭᠠᠯ ᠤᠨ ᠭᠠᠵᠠᠷ ᠤᠨ ᠡᠬᠢ ᠪᠠᠶᠠᠯᠢᠭ ᠢ ᠠᠰᠢᠭᠯᠠᠨ᠂ ᠠᠵᠢᠯ ᠤᠨ ᠴᠢᠯᠦᠭᠡᠨ ᠤ ᠤᠯᠠᠭᠠᠨᠮᠥ᠋ᠴᠢᠷ ᠪᠠ | ᠠᠷᠠᠳ ᠤᠨ ᠤᠳᠬ᠎ᠠ ᠤᠷᠠᠯᠢᠭ ᠤᠨ ᠪᠦᠯᠬᠦᠮ ᠲᠠᠢ ᠬᠤᠯᠪᠤᠭᠠᠯᠠᠨ ᠬᠥᠳᠡᠯᠦᠯᠴᠡᠵᠦ᠂ ︽ᠪᠠᠶᠠᠷ ᠪᠠᠶᠠᠰᠤᠯ | ᠪᠣᠯᠪᠠᠰᠤᠨ ᠢ ᠬᠦᠷᠭᠡᠬᠦ︾᠂ ︽ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠬᠤ + ᠦᠨᠳᠦᠰᠦᠲᠡᠨ ᠤ ᠪᠦᠯᠬᠦᠮᠳᠡᠯ︾ | ᠵᠡᠷᠭᠡ ᠠᠵᠢᠯᠯᠠᠭ᠎ᠠ ᠶᠢ ᠭᠠᠵᠠᠷ ᠪᠣᠯᠭᠠᠨ ᠳᠤ ᠶᠠᠪᠤᠭᠳᠠᠭᠤᠯᠪᠡ᠃ | ᠲᠣᠭᠯᠠᠯᠲᠠ ᠪᠠᠨ ᠠᠮᠢᠵᠢᠷᠠᠯ ᠤᠨ ᠬᠦᠴᠦᠨ ᠲᠠᠢ ᠪᠠᠶᠢᠯᠭᠠᠬᠤ ᠶᠢᠨ ᠲᠥᠯᠥᠭᠡ᠂ ᠵᠠᠨ᠎ᠠ ᠤᠳᠬ᠎ᠠ ᠤᠷᠠᠯᠢᠭ ᠤᠨ | ᠵᠣᠬᠢᠶᠠᠨ ᠪᠦᠲᠦᠭᠡᠯᠭᠡ ᠶᠢ ᠮᠠᠰᠢ ᠴᠢᠬᠤᠯᠠᠴᠢᠯᠠᠳᠠᠭ᠂ ᠲᠡᠭᠦᠨ ᠤ ᠵᠣᠬᠢᠶᠠᠨ ᠪᠦᠲᠦᠭᠡᠭᠰᠡᠨ ᠬᠤᠶᠠᠷ ᠢ ᠬᠦᠷᠢᠶᠡᠯᠡᠬᠦ ᠪᠠᠷ | ᠭᠤᠣᠯ ᠰᠡᠳᠦᠪ ᠪᠣᠯᠭᠠᠭᠰᠠᠨ ᠮᠣᠩᠭᠤᠯ ᠵᠦᠴᠦᠭᠡ ︽ᠵᠢᠷᠦᠬᠡ ᠶᠢᠨ ᠬᠠᠶᠢᠷ᠎ᠠ︾᠂ ᠭᠤᠣᠯ ᠰᠡᠳᠦᠪᠲᠦ ᠦᠳᠡᠰᠢᠯᠡᠭᠡ | ︽ᠬᠥᠩᠭᠡᠨ ᠮᠣᠷᠢᠲᠤ ᠴᠡᠷᠢᠭ ᠠᠳᠡ ᠠᠴᠠ ᠮᠣᠷᠳᠠᠨᠠᠮ︾᠂ ᠦᠨᠳᠦᠰᠦᠲᠡᠨ ᠤ ᠪᠦᠯᠬᠦᠮᠳᠡᠯ ᠤᠨ ᠭᠤᠣᠯ ᠰᠡᠳᠦᠪᠲᠦ | ᠪᠥᠵᠢᠭ ︽ᠳᠤᠮᠳᠠᠳᠤ ᠶᠢᠨ ᠦᠨᠳᠦᠰᠦᠳᠡᠨ ᠨᠢᠭᠡ ᠭᠡᠷ ᠪᠦᠯᠢ︾᠂ ︽ᠬᠠᠶᠢᠷ᠎ᠠ ᠳᠠᠭᠤᠨ ᠦᠭᠡᠢ︾᠂ ︽ᠤᠯᠠᠭᠠᠨ | ᠪᠣᠭᠴᠣ ᠶᠢᠨ ᠳᠠᠭᠤᠤ︾᠂ ︽ᠨᠤᠲᠤᠭ ᠤᠰᠤ ᠪᠠᠨ ᠮᠠᠭᠲᠠᠨ ᠳᠠᠭᠤᠯᠠᠶ᠎ᠠ︾᠂ ᠬᠤᠯᠪᠤᠭ᠎ᠠ ︽ᠢᠲᠡᠭᠡᠯ ᠪᠢᠰᠢᠷᠡᠯ ᠤᠨ | ᠮᠠᠭᠲᠠᠭᠠᠯ ᠳᠠᠭᠤᠤ︾᠂ ᠬᠥᠭᠵᠢᠮ ᠤᠨ ᠪᠦᠲᠦᠭᠡᠯ ︽ᠪᠠᠶᠠᠷ ᠤᠨ ᠴᠢᠮᠡᠭᠡ ᠲᠠᠯ᠎ᠠ ᠨᠤᠲᠤᠭ ᠲᠤ ᠤᠯᠠᠮᠵᠢᠯᠠᠬᠳᠠᠨ | ᠢᠷᠡᠯ᠎ᠠ︾᠂ ︽ᠨᠡᠭᠦᠳᠡᠯ︾ ᠵᠡᠷᠭᠡ ᠤᠯᠠᠨ ᠪᠦᠲᠦᠭᠡᠯ ᠨᠢ ᠮᠠᠯᠴᠢᠨ ᠲᠠᠷᠢᠶᠠᠴᠢᠨ ᠤ ᠪᠠᠭ᠋ᠠᠷᠬᠠᠯ ᠢ ᠲᠠᠲᠠᠵᠠᠢ᠃ | 2017 ᠣᠨ ᠳᠤ᠂ ᠲᠡᠭᠦᠨ ᠤ ᠵᠣᠬᠢᠶᠠᠨ ᠪᠦᠲᠦᠭᠡᠭᠰᠡᠨ ᠦᠨᠳᠦᠰᠦᠲᠡᠨ ᠤ ᠬᠥᠭᠵᠢᠮ ᠤᠨ ᠪᠦᠲᠦᠭᠡᠯ ︽ᠳᠥᠷᠪᠡᠨ | ᠬᠠᠶᠢᠷᠬᠠᠨ ᠤ ᠨᠤᠲᠤᠭ︾ ᠨᠢ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠬᠠᠮᠲᠤᠷᠠᠭᠰᠠᠨ | ᠲᠣᠭᠯᠠᠯᠲᠠ ᠶᠢᠨ ᠵᠣᠬᠢᠶᠠᠨ ᠪᠦᠲᠦᠭᠡᠯᠭᠡ ᠶᠢᠨ ᠬᠤᠶᠠᠳᠤᠭᠠᠷ ᠳᠡᠰ ᠤᠨ ᠱᠠᠩᠨᠠᠯ ᠢ ᠭᠥᠷᠳᠡᠵᠦ᠂ 2020 ᠣᠨ ᠳᠤ | ᠵᠣᠬᠢᠶᠠᠨ ᠪᠦᠲᠦᠭᠡᠭᠰᠡᠨ ᠮᠣᠩᠭᠤᠯ ᠵᠦᠴᠦᠭᠡ ︽ᠵᠢᠷᠦᠬᠡ ᠶᠢᠨ ᠬᠠᠶᠢᠷ᠎ᠠ︾ ᠶᠢᠨ ᠲᠠᠭᠤᠤ ᠬᠥᠭᠵᠢᠮ ᠨᠢ ᠬᠠᠲᠤᠨ | ᠭᠤᠣᠯ ᠳᠠᠭᠠᠤ ᠣᠷᠣᠨ ᠤ ᠣᠷᠣᠨ ᠨᠤᠲᠤᠭ ᠤᠨ ᠰᠢ ᠵᠦᠴᠦᠭᠡ ᠶᠢᠨ ᠲᠠᠭᠤᠤ ᠬᠥᠭᠵᠢᠮ ᠤᠨ ᠱᠠᠩᠨᠠᠯ ᠢ ᠭᠥᠷᠳᠡᠵᠦ᠂ | 2024 ᠣᠨ ᠳᠤ ᠵᠣᠬᠢᠶᠠᠨ ᠪᠦᠲᠦᠭᠡᠭᠰᠡᠨ ᠠᠷᠠᠳ ᠤᠨ ᠬᠥᠭᠵᠢᠮ ᠤᠨ ᠪᠦᠲᠦᠭᠡᠯ ︽ᠪᠠᠶᠠᠷ ᠤᠨ ᠴᠢᠮᠡᠭᠡ ᠲᠠᠯ᠎ᠠ | ᠨᠤᠲᠤᠭ ᠲᠤ ᠤᠯᠠᠮᠵᠢᠯᠠᠬᠳᠠᠨ ᠢᠷᠡᠯ᠎ᠠ︾ ᠨᠢ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠥᠭᠵᠢᠮ ᠤᠨ ᠤᠷᠤᠯᠳᠤᠭᠠᠨ ᠤ ᠵᠣᠬᠢᠶᠠᠨ ᠪᠦᠲᠦᠭᠡᠯᠭᠡ ᠶᠢᠨ ᠱᠠᠩᠨᠠᠯ ᠢ ᠭᠥᠷᠳᠡᠪᠡ᠃ | ︽ᠬᠤᠶᠢᠰᠢᠳᠠ᠂ ᠤᠯᠠᠭᠠᠨᠮᠥ᠋ᠴᠢᠷ ᠤᠨ ᠭᠡᠰᠢᠭᠦᠳ ᠢᠶᠠᠨ ᠳᠠᠭᠠᠭᠤᠯᠤᠨ ᠤᠯᠠᠭᠠᠨᠮᠥ᠋ᠴᠢᠷ ᠤᠨ ᠰᠢᠯᠢᠳᠡᠭ | ᠤᠯᠠᠮᠵᠢᠯᠠᠯ ᠢ ᠨᠡᠩ ᠰᠠᠶᠢᠳᠦᠷ ᠪᠠᠳᠠᠷᠠᠭᠤᠯᠵᠤ᠂ ᠨᠡᠩ ᠤᠯᠠᠨ ᠰᠢᠯᠢᠳᠡᠭ ᠪᠦᠲᠦᠭᠡᠯ ᠢ ᠴᠢᠷᠮᠠᠶᠢᠨ ᠵᠣᠬᠢᠶᠠᠨ | ᠪᠦᠲᠦᠭᠡᠵᠦ᠂ ᠥᠨᠢ ᠡᠭᠦᠷᠢᠳᠡ ᠲᠠᠯ᠎ᠠ ᠨᠤᠲᠤᠭ ᠤᠨ ︿ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ | ᠴᠡᠷᠢᠭ﹀ ᠪᠣᠯᠵᠤ᠂ ᠡᠬᠡ ᠤᠯᠤᠰ ᠤᠨ ᠤᠮᠠᠷᠠᠲᠤ ᠭᠢᠯᠢ ᠶᠢᠨ ᠰᠣᠶᠣᠯ ᠤᠨ ᠴᠡᠴᠡᠭᠯᠡᠯ ᠬᠥᠭᠵᠢᠯ ᠳᠤ ᠬᠦᠴᠦᠨ | ᠴᠢᠳᠠᠯ ᠢᠶᠠᠨ ᠡᠷᠭᠦᠨ᠎ᠡ︾ ᠭᠡᠵᠦ ᠵᠠᠨ᠎ᠠ ᠶᠠᠷᠢᠵᠦ ᠪᠠᠶᠢᠯ᠎ᠠ᠃ | |