ᠤᠯᠤᠰ ᠤᠨ ᠳᠤᠮᠳᠠ ᠤᠷᠲᠤ ᠬᠤᠭᠤᠴᠠᠭᠠᠨ ᠤ ᠲᠡᠮᠦᠷ ᠵᠠᠮ ᠤᠨ ᠲᠣᠣᠷ ᠤᠨ ᠲᠥᠯᠦᠪᠵᠢᠭᠦᠯᠭᠡ ᠶᠢᠨ | ᠭᠤᠣᠯᠳᠠᠯᠭ᠎ᠠ ᠲᠠᠢ ᠢᠨᠵᠧᠨᠧᠷᠢᠩ ᠪᠣᠯᠤᠭᠰᠠᠨ ᠤ ᠬᠤᠪᠢ ᠳᠤ᠂ ᠲᠠᠢ ᠽᠢ ᠴᠧᠩ ᠠᠴᠠ ᠰᠢᠯᠢ ᠶᠢᠨ ᠬᠤᠲᠠ ᠬᠦᠷᠬᠦ | ᠲᠡᠮᠦᠷ ᠵᠠᠮ ᠤᠨ ᠥᠪᠥᠷ ᠮᠣᠩᠭᠤᠯ ᠳᠠᠬᠢ ᠬᠡᠰᠡᠭ ᠤᠨ ᠡᠯ᠎ᠡ ᠲᠦᠷᠦᠯ ᠵᠦᠢᠯ ᠣᠶᠢᠷ᠎ᠠ ᠳᠤ ᠪᠦᠬᠦ ᠲᠠᠯ᠎ᠠ ᠪᠠᠷ | ᠠᠵᠢᠯ ᠢᠶᠠᠨ ᠡᠬᠢᠯᠡᠬᠦᠯᠦᠨ ᠦᠢᠯᠡᠳᠪᠦᠷᠢᠯᠡᠯ ᠢᠶᠠᠨ ᠰᠡᠷᠭᠦᠭᠡᠵᠦ᠂ ᠮᠢᠩᠭ᠎ᠠ ᠭᠠᠷᠤᠢ ᠪᠠᠷᠢᠯᠭ᠎ᠠ ᠶᠢᠨ ᠠᠵᠢᠯᠴᠢᠨ | ᠬᠠᠪᠤᠷ ᠤᠨ ᠤᠯᠠᠷᠢᠯ ᠤᠨ ᠪᠠᠷᠢᠯᠭ᠎ᠠ ᠶᠢᠨ ᠵᠠᠩᠭᠢᠯᠠᠭ᠎ᠠ ᠶᠢᠨ ᠬᠤᠭᠤᠴᠠᠭ᠎ᠠ ᠶᠢ ᠠᠮᠵᠢᠨ᠂ ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠦ ᠪᠤᠢ᠃ | ᠲᠠᠶᠢᠹᠦᠰᠧ ᠬᠤᠰᠢᠭᠤᠨ ᠤ ᠬᠡᠰᠡᠭ ᠲᠠᠬᠢ ᠪᠠᠷᠢᠯᠭ᠎ᠠ ᠶᠢᠨ ᠠᠵᠢᠯ ᠤᠨ ᠲᠤᠬᠠᠢ ᠶᠢᠨ ᠲᠠᠯᠠᠪᠠᠢ ᠳᠤ᠂ | ᠪᠠᠷᠢᠯᠭ᠎ᠠ ᠶᠢᠨ ᠮᠠᠰᠢᠨ ᠮᠧᠬᠠᠨᠢᠭ ᠬᠦ᠋ᠩᠭᠢᠨᠡᠵᠦ᠂ ᠠᠵᠢᠯᠴᠢᠳ ᠶᠠᠭᠠᠷᠠᠯᠲᠠᠢ ᠠᠵᠢᠯᠯᠠᠵᠠᠭᠠᠵᠤ ᠪᠠᠶᠢᠯ᠎ᠠ᠃ ᠳᠤᠮᠳᠠᠳᠤ | ᠤᠯᠤᠰ ᠤᠨ ᠲᠡᠮᠦᠷ ᠵᠠᠮ ᠤᠨ ᠴᠠᠬᠢᠯᠭᠠᠨᠵᠢᠭᠤᠯᠤᠯᠲᠠ ᠶᠢᠨ ᠲᠣᠪᠴᠢᠶ᠎ᠠ ᠶᠢᠨ ᠰᠢᠷᠣᠢ ᠮᠤᠳᠤᠠ ᠤ ᠪᠠᠷᠢᠯᠭ᠎ᠠ ᠶᠢᠨ | ᠲᠥᠷᠥᠯ ᠵᠦᠢᠯ ᠤᠨ ᠬᠡᠯᠲᠡᠰ ᠤᠨ ᠪᠠᠷᠢᠯᠭ᠎ᠠ ᠶᠢᠨ ᠬᠡᠯᠲᠡᠰ ᠤᠨ ᠳᠠᠷᠤᠭ᠎ᠠ ᠵᠢᠶᠠᠩ ᠴᠧᠩ ᠮᠢᠩ | ᠲᠠᠨᠢᠯᠴᠠᠭᠤᠯᠬᠤ ᠳᠠᠭᠠᠨ᠄ ︽ᠤᠳᠤ ᠶᠠᠭ ᠲᠠᠶᠢᠹᠤᠰᠧ ᠬᠤᠰᠢᠭᠤᠨ ᠳᠠᠬᠢ ᠥᠷᠲᠡᠭᠡᠨ ᠤ ᠭᠡᠷ ᠵᠢᠴᠢ ᠥᠷᠲᠡᠭᠡᠨ ᠤ | ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠵᠦ᠂ ᠵᠠᠮ ᠤᠨ ᠰᠠᠭᠤᠷᠢ ᠶᠢᠨ | ᠪᠠᠷᠢᠯᠭ᠎ᠠ ᠶᠢᠨ 90% ᠶᠢ ᠨᠢᠭᠡᠨᠲᠡ ᠪᠡᠶᠡᠯᠡᠭᠦᠯᠦᠨ᠂ ᠵᠢᠱᠢᠯᠲᠡ ᠪᠠᠷ 2025 ᠣᠨ ᠤ ᠡᠴᠦᠰ ᠪᠤᠯᠬᠤ ᠳᠤ | ᠪᠠᠷᠢᠯᠭ᠎ᠠ ᠶᠢ ᠪᠦᠬᠦᠨ ᠢ ᠪᠠᠷᠢᠵᠦ ᠳᠠᠭᠤᠰᠬᠠᠨ᠎ᠠ︾ ᠭᠡᠵᠠᠢ᠃ | ᠤᠳᠤᠬᠠᠨ ᠳᠤ᠂ ᠰᠢᠯᠢ ᠶᠢᠨ ᠬᠤᠲᠠ ᠥᠷᠲᠡᠭᠡᠨ ᠤ ᠪᠠᠷᠢᠯᠭ᠎ᠠ ᠶᠢᠨ ᠠᠵᠢᠯ ᠨᠢᠭᠡᠨᠲᠡ ᠰᠢᠪᠲᠤᠯᠤᠯᠲᠠ ᠶᠢᠨ | ᠱᠠᠲᠤᠨ ᠳᠤ ᠣᠷᠣᠪᠠ᠃ ᠪᠠᠷᠢᠯᠭ᠎ᠠ ᠶᠢᠨ ᠲᠠᠯ᠎ᠠ ᠶᠢᠨ ᠬᠢᠨ ᠬᠦᠴᠦᠨ ᠢᠶᠠᠨ ᠲᠥᠪᠯᠡᠷᠡᠭᠦᠯᠦᠨ ᠥᠷᠲᠡᠭᠡᠨ ᠤ ᠭᠡᠷ ᠢ | ᠨᠠᠷᠢᠯᠢᠭ ᠵᠠᠰᠠᠵᠤ ᠴᠢᠮᠡᠭᠯᠡᠬᠦ᠂ ᠬᠤᠶᠠᠳᠤᠭᠠᠷ ᠥᠷᠲᠡᠭᠡᠨ ᠲᠠᠪᠴᠠᠩ ᠤᠨ ᠴᠠᠬᠢᠯᠭᠠᠨ ᠱᠠᠲᠤ ᠶᠢ ᠤᠭᠰᠠᠷᠠᠬᠤ ᠵᠢᠴᠢ | ᠭᠠᠵᠠᠷ ᠳᠣᠣᠷᠠᠬᠢ ᠨᠡᠪᠲᠡᠷᠡᠬᠦ ᠵᠠᠮ ᠢ ᠵᠠᠰᠠᠵᠤ ᠨᠡᠪᠲᠡᠷᠡᠭᠦᠯᠬᠦ ᠵᠡᠷᠭᠡ ᠠᠵᠢᠯ ᠢ ᠵᠡᠷᠭᠡ ᠪᠠᠷ ᠶᠠᠪᠤᠭᠳᠠᠭᠤᠯᠵᠤ ᠪᠤᠢ᠃ | ᠣᠶᠢᠯᠠᠭᠠᠭᠰᠠᠨ ᠢᠶᠠᠷ᠂ ᠲᠠᠢ ᠽᠢ ᠴᠧᠩ ᠠᠴᠠ ᠰᠢᠯᠢ ᠶᠢᠨ ᠬᠤᠲᠠ ᠬᠦᠷᠬᠦ ᠲᠡᠮᠦᠷ ᠵᠠᠮ ᠪᠣᠯ ᠤᠯᠤᠰ ᠤᠨ | ᠳᠤᠮᠳᠠ ᠣᠷᠳᠣ ᠬᠤᠭᠤᠴᠠᠭᠠᠨ ᠤ ᠲᠡᠮᠦᠷ ᠵᠠᠮ ᠤᠨ ᠲᠣᠣᠷ ᠤᠨ ᠲᠥᠯᠦᠪᠵᠢᠭᠦᠯᠭᠡ ᠶᠢᠨ ᠴᠢᠬᠤᠯᠠ ᠪᠦᠷᠢᠯᠳᠦᠭᠦᠨ | ᠬᠡᠰᠡᠭ ᠪᠤᠯᠤᠨ᠎ᠠ᠂ ᠵᠠᠮ ᠱᠤᠭᠤᠮ ᠤᠨ ᠪᠥᠬᠦ ᠣᠷᠳᠣ ᠨᠢ 392.2 ᠺᠢᠯᠤᠮᠧᠲᠷ ᠪᠠᠶᠢᠵᠤ᠂ ᠡᠭᠦᠨ ᠳᠤ ᠰᠢᠨ᠎ᠡ ᠪᠠᠷ | ᠪᠠᠶᠢᠭᠤᠯᠤᠭᠰᠠᠨ ᠨᠢ 151.4 ᠺᠢᠯᠤᠮᠧᠲᠷ ᠪᠣᠯᠣᠨ᠎ᠠ᠃ ᠲᠠᠶᠢᠹᠦᠰᠧ ᠬᠤᠰᠢᠭᠤᠨ ᠳᠠᠬᠢ ᠰᠢᠨ᠎ᠡ ᠪᠠᠷ | ᠪᠠᠶᠢᠭᠤᠯᠤᠭᠰᠠᠨ ᠵᠠᠮ ᠱᠤᠭᠤᠮ ᠤᠨ ᠪᠦᠬᠦ ᠤᠷᠲᠦ ᠨᠢ 9.916 ᠺᠢᠯᠤᠮᠧᠲᠷ ᠪᠠᠶᠢᠵᠦ᠂ ᠪᠠᠰᠠ 1 ᠲᠡᠷᠭᠡᠨ | ᠥᠷᠲᠡᠭᠡ ᠶᠢ ᠪᠠᠭᠲᠠᠭᠠᠨ᠎ᠠ᠃ | |